ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ 《ᠶᠡᠬᠡ᠎ᠪᠠᠷ ᠵᠢᠭᠰᠠᠭ᠋ᠠᠨ ᠪᠠᠢ᠌ᠴᠠᠭ᠋ᠠᠬᠤ᠂ ᠶᠡᠬᠡ᠎ᠪᠠᠷ ᠴᠡᠪᠡᠷᠯᠡᠬᠦ᠂ ᠶᠡᠬᠡ᠎ᠪᠠᠷ ᠴᠡᠭᠴᠡᠯᠡᠨ ᠵᠠᠰᠠᠬᠤ》 ᠲᠤᠰᠬᠠᠢ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-04-07

      ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠨᠡᠨᠬᠦ ᠠᠬᠢᠭᠤᠯᠵᠤ᠂ ᠬᠥᠳᠡᠭᠡ ᠲᠣᠰᠬᠣᠨ᠎ᠤ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠨᠥᠬᠥᠴᠡᠯ᠎ᠤᠨ ᠲᠢᠩᠬᠢᠮ ᠮᠡᠳᠡᠭᠳᠡᠯ ᠪᠠᠭᠤᠯᠭ᠋ᠠᠵᠤ᠂ ᠪᠥᠬᠥ ᠣᠷᠣᠨ᠎ᠤ ᠬᠡᠪᠴᠢᠶᠡᠨ᠎ᠳᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠤᠨ 《ᠶᠡᠬᠡ᠎ᠪᠠᠷ ᠵᠢᠭᠰᠠᠭ᠋ᠠᠨ ᠪᠠᠢ᠌ᠴᠠᠭ᠋ᠠᠬᠤ᠂ ᠶᠡᠬᠡ᠎ᠪᠠᠷ ᠢᠯᠭ᠋ᠠᠷᠠᠭᠤᠯᠬᠤ᠂ ᠶᠡᠬᠡ᠎ᠪᠠᠷ ᠴᠡᠭᠴᠡᠯᠡᠨ ᠵᠠᠰᠠᠬᠤ》 ᠲᠤᠰᠬᠠᠢ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠪᠡ᠃

      ᠨᠢᠭᠡ᠎ᠳᠤ ᠮᠠᠯᠵᠢᠬᠤ ᠲᠠᠷᠢᠶᠠᠯᠠᠬᠤ ᠣᠷᠣᠨ᠎ᠤ ᠲᠥᠪᠯᠡᠷᠡᠩᠭᠦᠢ ᠮᠠᠶᠢᠭ᠎ᠤᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠥᠷᠨᠢᠭᠦᠯᠦᠨ᠎ᠡ᠃ ᠡᠯ᠎ᠡ ᠠᠢ᠌ᠮᠠᠭ ᠬᠣᠲᠠ᠎ᠨᠤᠭᠤᠳ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠠᠵᠢᠯᠯᠠᠭ᠋ᠠᠨ᠎ᠤ ᠪᠠᠢ᠌ᠳᠠᠯ᠎ᠤᠨ ᠡᠬᠡ ᠲᠠᠩᠰᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ (ᠰᠢᠢ᠍ᠳᠪᠦᠷᠢᠯᠡᠬᠦ ᠬᠡᠪᠴᠢᠶ᠎ᠡ ᠵᠢ 20 ᠲᠣᠨ ᠎ᠠᠴᠠ ᠳᠡᠭᠡᠭᠰᠢ ᠪᠠᠢ᠌ᠯᠭ᠋ᠠᠬᠤ ᠦᠭᠡᠢ) ᠵᠢᠨ ᠪᠥᠬᠥ ᠰᠢᠰᠲ᠋ᠧᠮ᠎ᠤᠨ ᠪᠠᠢ᠌ᠳᠠᠯ᠎ᠢ ᠪᠥᠬᠥ ᠲᠠᠯ᠎ᠠ᠎ᠪᠠᠷ ᠬᠢᠨᠠᠨ ᠬᠠᠷᠭᠤᠭᠤᠯᠵᠤ᠂ ᠭᠣᠭᠣᠵᠢᠭᠰᠠᠨ᠎ᠢ ᠪᠠᠢ᠌ᠴᠠᠭ᠋ᠠᠵᠤ ᠳᠤᠲᠠᠭᠤ ᠵᠢ ᠨᠥᠬᠥᠪᠦᠷᠢᠯᠡᠵᠦ᠂ ᠬᠠᠷᠭᠤᠭᠤᠯᠤᠨ ᠬᠠᠷᠭᠤᠭᠤᠯᠵᠤ ᠪᠦᠬᠦᠨ᠎ᠢ ᠬᠢᠨᠠᠨ ᠵᠥᠪᠰᠢᠶᠡᠷᠡᠵᠦ᠂ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠠᠵᠢᠯᠯᠠᠭ᠋ᠠᠨ᠎ᠢ ᠵᠢᠭᠰᠠᠭ᠋ᠠᠨ ᠪᠠᠢ᠌ᠴᠠᠭ᠋ᠠᠬᠤ ᠵᠢ ᠪᠠᠢ᠌ᠩᠭᠤᠵᠢᠭᠤᠯᠬᠤ ᠵᠢ ᠪᠡᠶᠡᠯᠡᠭᠦᠯᠬᠦ ᠬᠡᠷᠡᠭᠲᠡᠢ᠃ ᠴᠠᠭ ᠬᠤᠭᠤᠴᠠᠭ᠎ᠠ ᠶᠣᠰᠣᠭ᠋ᠠᠷ ᠪᠡᠶᠡᠯᠡᠭᠦᠯᠦᠭᠡᠳᠦᠢ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠥᠷᠥᠯ ᠵᠦᠢ᠍ᠯ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ 2016 ᠣᠨ ᠎ᠠᠴᠠ ᠨᠠᠰᠢ᠂ ᠲᠥᠪ ᠵᠢᠴᠢ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠲᠤᠰᠬᠠᠢ ᠪᠡᠯᠡ ᠮᠥᠩᠭᠥ᠎ᠪᠠᠷ ᠳᠡᠮᠵᠢᠭᠰᠡᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠪᠠᠢ᠌ᠭᠤᠯᠤᠭ᠋ᠠᠳᠤᠢ᠂ ᠰᠢᠯᠭ᠋ᠠᠨ ᠠᠪᠤᠭ᠋ᠠᠳᠤᠢ᠂ ᠠᠵᠢᠯᠯᠠᠭᠤᠯᠤᠭ᠋ᠠᠳᠤᠢ ᠵᠡᠷᠭᠡ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠴᠢ ᠵᠠᠰᠠᠬᠤ ᠲᠥᠷᠥᠯ ᠵᠦᠢ᠍ᠯ᠎ᠢ ᠴᠡᠭᠴᠡᠯᠡᠨ ᠰᠠᠢ᠌ᠵᠢᠷᠠᠭᠤᠯᠬᠤ ᠵᠢ ᠪᠥᠬᠥ ᠲᠠᠯ᠎ᠠ᠎ᠪᠠᠷ ᠥᠷᠨᠢᠭᠦᠯᠵᠦ᠂ ᠪᠡᠯᠡᠳᠬᠡᠮᠵᠢ ᠵᠢᠨ ᠬᠡᠪ᠎ᠤᠨ ᠠᠵᠢᠯᠯᠠᠭ᠋ᠠᠨ᠎ᠢ ᠦᠨᠡᠨᠬᠦ ᠪᠠᠲᠤᠯᠠᠨ᠎ᠠ᠃ ᠡᠭᠦᠨ᠎ᠤ ᠬᠠᠮᠲᠤ᠂ ᠲᠣᠰᠬᠣᠨ᠎ᠢ ᠨᠡᠭᠦᠯᠭᠡᠬᠦ ᠪᠤᠶᠤ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠮᠠᠶᠢᠭ᠎ᠢ ᠬᠡᠷᠡᠭᠯᠡᠭᠰᠡᠨ᠎ᠠᠴᠠ ᠪᠣᠯᠵᠤ ᠤᠰᠤ ᠣᠷᠣᠭᠤᠯᠬᠤ᠎ᠳᠠᠭᠠᠨ ᠪᠡᠯᠡᠳᠬᠡᠮᠵᠢ ᠵᠢᠨ ᠬᠡᠪ᠎ᠤᠨ ᠠᠵᠢᠯᠯᠠᠭ᠋ᠠᠨ᠎ᠢ ᠳᠡᠮᠵᠢᠵᠦ ᠳᠡᠶ᠋ᠢᠯᠬᠦ ᠦᠭᠡᠢ ᠪᠣᠯᠤᠭᠰᠠᠨ ᠵᠡᠷᠭᠡ ᠪᠤᠰᠤᠳ ᠪᠠᠢ᠌ᠳᠠᠯ᠎ᠲᠠᠢ ᠪᠠᠢ᠌ᠪᠠᠯ᠂ ᠪᠠᠢ᠌ᠳᠠᠯ᠎ᠤᠨ ᠲᠣᠳᠣᠷᠬᠠᠢ᠌ᠯᠠᠯᠲᠠ ᠵᠢ ᠴᠠᠭ ᠲᠤᠬᠠᠢ᠎ᠳᠤᠨᠢ ᠱᠠᠲᠤ ᠳᠠᠷᠠᠭ᠋ᠠᠯᠠᠨ ᠮᠡᠳᠡᠭᠦᠯᠦᠨ ᠬᠦᠷᠭᠡᠵᠦ᠂ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠠᠷᠭ᠎ᠠ ᠮᠠᠶᠢᠭ᠎ᠢ ᠲᠣᠬᠢᠷᠠᠭᠤᠯᠤᠨ ᠰᠢᠯᠢᠳᠡᠭᠵᠢᠭᠦᠯᠦᠨ᠎ᠡ᠃

      ᠬᠣᠶᠠᠷ᠎ᠲᠤ ᠮᠠᠯᠵᠢᠬᠤ ᠲᠠᠷᠢᠶᠠᠯᠠᠬᠤ ᠣᠷᠣᠨ᠎ᠤ ᠪᠣᠬᠢᠷ ᠦᠮᠡᠬᠡᠢ ᠤᠰᠤᠨ ᠴᠣᠭᠴᠠ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠥᠷᠨᠢᠭᠦᠯᠦᠨ᠎ᠡ᠃ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ᠂ ᠲᠥᠪ ᠲᠣᠰᠬᠣᠨ ᠵᠢᠴᠢ ᠡᠯ᠎ᠡ ᠵᠠᠰᠠᠭ ᠵᠠᠬᠢᠷᠭ᠋ᠠᠨ᠎ᠤ ᠲᠣᠰᠬᠣᠨ᠎ᠤ ᠰᠠᠭᠤᠭ᠋ᠠᠯᠢ ᠠᠷᠠᠳ᠎ᠤᠨ ᠭᠣᠣᠯ ᠲᠥᠪᠯᠡᠷᠡᠭᠰᠡᠨ ᠣᠷᠣᠨ᠎ᠤ ᠡᠷᠬᠢᠨ ᠲᠣᠭᠣᠷᠢᠨ ᠵᠶ᠋ᠠᠷ ᠭᠣᠣᠯᠳᠠᠯᠭ᠎ᠠ ᠪᠣᠯᠭ᠋ᠠᠵᠤ᠂ ᠬᠥᠳᠡᠭᠡ ᠲᠣᠰᠬᠣᠨ᠎ᠤ ᠪᠣᠬᠢᠷ ᠦᠮᠡᠬᠡᠢ ᠤᠰᠤᠨ ᠴᠣᠭᠴᠠ ᠵᠢ ᠵᠢᠭᠰᠠᠭ᠋ᠠᠨ ᠪᠠᠢ᠌ᠴᠠᠭ᠋ᠠᠬᠤ ᠵᠢ ᠦᠷᠭᠦᠯᠵᠢᠯᠡᠨ ᠥᠷᠨᠢᠭᠦᠯᠵᠦ᠂ 《ᠵᠢᠭᠰᠠᠭ᠋ᠠᠨ ᠪᠠᠢ᠌ᠴᠠᠭ᠋ᠠᠬᠤ᠎ᠳᠤ ᠨᠢᠭᠡ ᠵᠢ ᠢᠯᠡᠷᠡᠭᠦᠯᠪᠡᠯ ᠨᠢᠭᠡ ᠵᠢ ᠳᠠᠷᠤᠢ᠌ᠬᠠᠨ ᠴᠡᠭᠴᠡᠯᠡᠨ ᠰᠠᠢ᠌ᠵᠢᠷᠠᠭᠤᠯᠬᠤ》 ᠵᠢ ᠪᠡᠶᠡᠯᠡᠭᠦᠯᠦᠨ᠎ᠡ᠃ ᠡᠭᠦᠨ᠎ᠤ ᠬᠠᠮᠲᠤ᠂ ᠮᠠᠯᠵᠢᠬᠤ ᠲᠠᠷᠢᠶᠠᠯᠠᠬᠤ ᠣᠷᠣᠨ᠎ᠤ ᠬᠠᠷ᠎ᠠ ᠦᠮᠡᠬᠡᠢ ᠤᠰᠤᠨ ᠴᠣᠭᠴᠠ ᠵᠢ ᠴᠡᠭᠴᠡᠯᠡᠨ ᠵᠠᠰᠠᠭᠰᠠᠨ᠎ᠤ ᠳᠠᠷᠠᠭ᠋ᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠴᠡᠭᠴᠡᠯᠡᠨ ᠵᠠᠰᠠᠬᠤ ᠤᠰᠤᠨ ᠴᠣᠭᠴᠠ ᠵᠢᠨ ᠬᠠᠷ᠎ᠠ ᠮᠥᠷᠲᠡᠭᠡᠨ ᠦᠮᠡᠬᠡᠢ᠌ᠷᠡᠬᠦ᠎ᠠᠴᠠ ᠡᠷᠡᠰ ᠵᠠᠢ᠌ᠯᠠᠰᠬᠢᠬᠦ ᠬᠡᠷᠡᠭᠲᠡᠢ᠃

      ᠭᠤᠷᠪᠠ᠎ᠳᠤ ᠠᠢ᠌ᠯ ᠲᠣᠰᠬᠣᠨ ᠵᠢᠴᠢ ᠡᠷᠬᠢᠨ ᠲᠣᠭᠣᠷᠢᠨ᠎ᠤ ᠭᠣᠣᠯ ᠴᠥᠭᠥᠷᠥᠮ ᠭᠣᠸ᠋ ᠰᠤᠪᠠᠭ᠎ᠤᠨ ᠬᠠᠶᠠᠭᠳᠠᠮᠠᠯ ᠪᠣᠳᠠᠰ ᠪᠠ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠶᠠᠭᠳᠠᠮᠠᠯ ᠪᠣᠳᠠᠰ᠎ᠢ ᠴᠡᠪᠡᠷᠯᠡᠬᠦ ᠠᠵᠢᠯ᠎ᠢ ᠥᠷᠨᠢᠭᠦᠯᠦᠨ᠎ᠡ᠃ ᠬᠣᠰᠢᠭᠤ ᠰᠢᠶᠠᠨ᠎ᠢ ᠵᠣᠬᠢᠶᠠᠨ ᠪᠠᠢ᠌ᠭᠤᠯᠤᠨ ᠨᠢᠭᠡ ᠰᠠᠷ᠎ᠠ ᠵᠢᠨ ᠬᠤᠭᠤᠴᠠᠭ᠎ᠠ᠎ᠲᠠᠢ ᠶᠡᠬᠡᠪᠡᠷ ᠢᠯᠭ᠋ᠠᠷᠠᠭᠤᠯᠬᠤ ᠠᠵᠢᠯ᠎ᠢ ᠥᠷᠨᠢᠭᠦᠯᠦᠨ᠎ᠡ᠂ ᠲᠤᠬᠠᠢ᠌ᠯᠠᠪᠠᠯ ᠬᠥᠳᠡᠭᠡ ᠲᠣᠰᠬᠣᠨ᠎ᠤ ᠠᠮᠢᠳᠤᠷᠠᠯ᠎ᠤᠨ ᠬᠣᠭ ᠨᠣᠪᠰᠢ ᠵᠢ ᠪᠥᠬᠥ ᠲᠠᠯ᠎ᠠ᠎ᠪᠠᠷ ᠴᠡᠪᠡᠷᠯᠡᠵᠦ᠂ ᠬᠥᠮᠥᠨ ᠠᠮᠠ ᠨᠢᠭᠲᠠᠷᠠᠨ ᠴᠤᠭᠯᠠᠷᠠᠭᠰᠠᠨ ᠣᠷᠣᠨ ᠪᠦᠰᠡ᠂ ᠵᠠᠮ ᠬᠠᠷᠢᠯᠴᠠᠭ᠋ᠠᠨ᠎ᠤ ᠴᠢᠬᠤᠯᠠ ᠵᠠᠮ᠎ᠤᠨ ᠬᠣᠶᠠᠷ ᠬᠠᠵᠠᠭᠤ᠂ ᠲᠣᠰᠬᠣᠨ᠎ᠤ ᠳᠣᠲᠣᠷᠠᠬᠢ ᠨᠦᠬᠡᠨ ᠵᠠᠮ᠂ ᠭᠡᠷ᠎ᠤᠨ ᠠᠷᠤ ᠲᠠᠯ᠎ᠠ ᠵᠢᠨ ᠥᠯᠥ ᠣᠨᠣᠭᠳᠠᠬᠤ ᠪᠤᠯᠤᠩ ᠵᠶ᠋ᠠᠷ ᠭᠣᠣᠯᠳᠠᠯᠭ᠎ᠠ ᠪᠣᠯᠭ᠋ᠠᠨ᠂ ᠭᠦᠨᠵᠡᠭᠡᠢ ᠢᠯᠭ᠋ᠠᠷᠠᠭᠤᠯᠵᠤ ᠴᠡᠭᠴᠡᠯᠡᠨ ᠵᠠᠰᠠᠵᠤ᠂ ᠴᠡᠭᠴᠡᠯᠡᠨ ᠵᠠᠰᠠᠬᠤ ᠣᠷᠣᠨ ᠪᠦᠰᠡ ᠵᠢᠨ ᠲᠦᠯᠡᠭᠡ ᠡᠪᠡᠰᠦ ᠡᠯᠳᠡᠪ ᠪᠣᠳᠠᠰ᠂ ᠠᠮᠢᠳᠤᠷᠠᠯ᠎ᠤᠨ ᠬᠣᠭ ᠨᠣᠪᠰᠢ᠂ ᠪᠠᠷᠢᠯᠭ᠎ᠠ ᠵᠢᠨ ᠬᠣᠭ ᠨᠣᠪᠰᠢ ᠵᠡᠷᠭᠡ ᠦᠭᠡᠢ ᠪᠠᠢ᠌ᠬᠤ ᠵᠢ ᠦᠨᠡᠨᠬᠦ ᠪᠠᠲᠤᠯᠠᠨ᠎ᠠ; ᠲᠣᠰᠬᠣᠨ᠎ᠤ ᠳᠣᠲᠣᠷᠠᠬᠢ ᠭᠤᠤ ᠰᠤᠪᠠᠭ᠎ᠢ ᠪᠦᠬᠦ ᠲᠠᠯ᠎ᠠ᠎ᠪᠠᠷ ᠴᠡᠪᠡᠷᠯᠡᠵᠦ᠂ ᠬᠥᠳᠡᠭᠡ ᠲᠣᠰᠬᠣᠨ᠎ᠤ ᠭᠣᠣᠯ ᠮᠥᠷᠡᠨ᠂ ᠰᠤᠪᠠᠭ᠂ ᠤᠰᠤ ᠵᠠᠯᠠᠬᠤ ᠰᠤᠪᠠᠭ ᠵᠡᠷᠭᠡ᠎ᠪᠠᠷ ᠭᠣᠣᠯᠳᠠᠯᠭ᠎ᠠ ᠪᠣᠯᠭ᠋ᠠᠨ᠂ ᠨᠢᠭᠡ ᠨᠢᠭᠡ᠎ᠪᠠᠷ ᠪᠠᠢ᠌ᠴᠠᠭ᠋ᠠᠨ ᠴᠡᠪᠡᠷᠯᠡᠵᠦ᠂ ᠤᠰᠤᠨ᠎ᠤ ᠭᠠᠳᠠᠷᠭᠤ ᠵᠢᠨ ᠬᠥᠪᠥᠮᠡᠯ ᠬᠣᠭ ᠨᠣᠪᠰᠢ᠂ ᠢᠷᠤᠭ᠋ᠠᠷ᠎ᠤᠨ ᠬᠡᠰᠡᠭ᠎ᠤᠨ ᠯᠠᠭ ᠰᠢᠪᠡᠷ ᠪᠣᠯᠣᠨ ᠡᠷᠭᠢ ᠵᠢᠨ ᠬᠥᠪᠡᠭᠡᠨ᠎ᠤ ᠡᠯᠳᠡᠪ ᠪᠣᠳᠠᠰ᠎ᠢ ᠨᠢᠭᠡ ᠨᠢᠭᠡ᠎ᠪᠠᠷ ᠴᠡᠪᠡᠷᠯᠡᠵᠦ᠂ ᠭᠣᠣᠯ᠎ᠤᠨ ᠵᠠᠮ᠂ ᠭᠤᠤ ᠰᠤᠪᠠᠭ᠂ ᠨᠠᠭᠤᠷ ᠴᠥᠭᠥᠷᠥᠮ᠎ᠤᠨ ᠰᠠᠭ᠋ᠠᠳ ᠦᠭᠡᠢ ᠴᠡᠪᠡᠷ ᠴᠡᠮᠴᠡᠭᠡᠷ ᠪᠠᠢ᠌ᠬᠤ᠂ ᠤᠰᠤᠨ ᠴᠣᠭᠴᠠ ᠲᠤᠩᠭ᠋ᠠᠯᠠᠭ᠂ ᠲᠤᠨᠤᠮᠠᠯ ᠦᠭᠡᠢ᠂ ᠣᠪᠣᠭ᠋ᠠᠷᠠᠯ ᠦᠭᠡᠢ ᠪᠤᠵᠠᠷ ᠡᠪᠡᠰᠦ ᠡᠯᠳᠡᠪ ᠪᠣᠳᠠᠰ ᠪᠠᠢ᠌ᠬᠤ᠂ ᠴᠠᠭ᠋ᠠᠨ ᠪᠣᠬᠢᠷᠳᠤᠯ ᠦᠭᠡᠢ᠂ ᠬᠣᠭ ᠨᠣᠪᠰᠢ ᠦᠭᠡᠢ᠂ ᠲᠣᠰᠬᠣᠨ᠎ᠤ ᠳᠣᠲᠣᠷᠠᠬᠢ ᠪᠣᠬᠢᠷ ᠤᠰᠤ ᠦᠭᠡᠢ ᠳᠤᠷ᠎ᠠ᠎ᠪᠠᠷ ᠵᠶ᠋ᠠᠨ ᠭᠠᠳᠠᠭᠰᠢᠯᠠᠭᠤᠯᠬᠤ ᠦᠵᠡᠭᠳᠡᠯ᠎ᠢ ᠦᠨᠡᠨ ᠬᠦ᠌ ᠪᠠᠲᠤᠯᠠᠬᠤ ᠬᠡᠷᠡᠭᠲᠡᠢ; ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠶᠠᠭᠳᠠᠮᠠᠯ ᠪᠣᠳᠠᠰ᠎ᠢ ᠪᠦᠬᠦ ᠲᠠᠯ᠎ᠠ᠎ᠪᠠᠷ ᠴᠡᠪᠡᠷᠯᠡᠵᠦ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠢᠳᠡᠰᠢᠨ ᠨᠣᠭᠣᠭ᠎ᠠ ᠲᠠᠷᠢᠬᠤ ᠰᠠᠭᠤᠷᠢᠨ ᠭᠠᠵᠠᠷ᠂ ᠲᠠᠷᠢᠶᠠᠨ ᠭᠠᠵᠠᠷ᠎ᠤᠨ ᠵᠠᠮ᠎ᠤᠨ ᠬᠠᠵᠠᠭᠤ ᠵᠡᠷᠭᠡ᠎ᠪᠠᠷ ᠭᠣᠣᠯᠳᠠᠯᠭ᠎ᠠ ᠪᠣᠯᠭ᠋ᠠᠨ᠂ ᠲᠠᠷᠢᠶᠠᠨ ᠡᠮ ᠬᠢᠮᠢ ᠵᠢᠨ ᠪᠣᠷᠳᠣᠭᠤᠷ᠎ᠤᠨ ᠪᠣᠭᠣᠳᠠᠯ ᠪᠠᠭᠯᠠᠭ᠎ᠠ᠂ ᠬᠠᠶᠠᠭᠳᠠᠮᠠᠯ ᠬᠠᠭᠤᠴᠢᠨ ᠲᠠᠷᠢᠶᠠᠯᠠᠩ᠎ᠤᠨ ᠵᠤᠯᠤᠮ᠎ᠠ᠂ ᠲᠠᠷᠢᠮᠠᠯ᠎ᠤᠨ ᠡᠰᠢ ᠰᠦᠷᠡᠯ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠳᠤᠯ᠂ ᠡᠪᠡᠳᠴᠢᠨ ᠵᠶ᠋ᠡᠷ ᠦᠬᠦᠭᠰᠡᠨ ᠮᠠᠯ ᠵᠢᠭᠦᠷᠲᠡᠨ᠎ᠤ ᠦᠬᠦᠳᠡᠯ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠶᠠᠭᠳᠠᠮᠠᠯ ᠪᠣᠳᠠᠰ᠎ᠢ ᠴᠡᠪᠡᠷᠯᠡᠵᠦ᠂ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠡᠷᠡᠰ ᠬᠣᠷᠢᠭᠯᠠᠨ᠎ᠠ᠃ ᠡᠭᠦᠨ᠎ᠤ ᠬᠠᠮᠲᠤ᠂ ᠴᠡᠭᠴᠡᠯᠡᠨ ᠵᠠᠰᠠᠬᠤ ᠠᠵᠢᠯ᠎ᠢ ᠪᠠᠢ᠌ᠩᠭᠤᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠭᠣᠣᠯ ᠴᠥᠭᠥᠷᠥᠮ ᠭᠣᠸ᠋ ᠰᠤᠪᠠᠭ᠂ ᠤᠰᠤᠨ᠎ᠤ ᠡᠬᠢ ᠰᠤᠷᠪᠤᠯᠵᠢ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢᠨ ᠴᠡᠪᠡᠷ ᠲᠡᠭᠰᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

      ᠳᠥᠷᠪᠡ᠎ᠳᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠲᠣᠭᠲᠠᠮᠠᠯ ᠪᠤᠰᠤ ᠬᠤᠭᠤᠴᠠᠭ᠎ᠠ ᠎ᠲᠠᠢ ᠎ᠪᠠᠷ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠬᠢᠨᠠᠨ ᠵᠢᠯᠤᠭᠣᠳᠴᠤ ᠪᠠᠢ᠌ᠴᠠᠭ᠋ᠠᠬᠤ ᠡᠭᠦᠨ᠎ᠤ ᠬᠠᠮᠲᠤ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠠᠵᠢᠯᠯᠠᠭ᠋ᠠᠨ᠎ᠤ ᠪᠠᠢ᠌ᠳᠠᠯ ᠪᠣᠯᠣᠨ ᠪᠣᠬᠢᠷ ᠦᠮᠡᠬᠡᠢ ᠤᠰᠤᠨ ᠴᠣᠭᠴᠠ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠪᠠᠢ᠌ᠳᠠᠯ᠎ᠢ ᠠᠢ᠌ᠮᠠᠭ ᠬᠣᠲᠠ᠂ ᠬᠣᠰᠢᠭᠤ ᠰᠢᠶᠠᠨ᠎ᠤ ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠂ ᠠᠢ᠌ᠮᠠᠭ ᠬᠣᠲᠠ ᠵᠢᠨ ᠨᠠᠮ ᠵᠠᠰᠠᠭ᠎ᠤᠨ ᠤᠳᠤᠷᠢᠳᠬᠤ ᠪᠠᠭ᠎ᠤᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠢ᠌ᠴᠠᠭ᠋ᠠᠬᠤ ᠵᠡᠷᠭᠡ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠤᠴᠢᠷ ᠰᠢᠯᠲᠠᠭ᠋ᠠᠨ ᠦᠭᠡᠢ᠎ᠪᠠᠷ ᠬᠡᠪ᠎ᠤᠨ ᠪᠤᠰᠤ᠎ᠪᠠᠷ ᠠᠵᠢᠯᠯᠠᠭᠤᠯᠬᠤ᠂ ᠪᠣᠬᠢᠷ ᠤᠰᠤ ᠵᠢ ᠰᠢᠭᠤᠳ ᠭᠠᠳᠠᠭᠰᠢᠯᠠᠭᠤᠯᠬᠤ᠂ ᠪᠣᠬᠢᠷ ᠦᠮᠡᠬᠡᠢ ᠤᠰᠤᠨ ᠴᠣᠭᠴᠠ ᠵᠢ ᠴᠠᠭ ᠲᠤᠬᠠᠢ᠎ᠳᠤᠨᠢ ᠴᠡᠭᠴᠡᠯᠡᠨ ᠵᠠᠰᠠᠭᠰᠠᠨ ᠦᠭᠡᠢ ᠵᠡᠷᠭᠡ ᠪᠣᠬᠢᠷᠳᠤᠯ᠎ᠤᠨ ᠠᠰᠠᠭᠤᠳᠠᠯ ᠣᠷᠣᠰᠢᠵᠤ ᠪᠠᠢ᠌ᠭ᠎ᠠ ᠭᠠᠵᠠᠷ ᠣᠷᠣᠨ ᠎ᠠᠴᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ 《ᠪᠥᠬᠥ ᠣᠷᠣᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
ᠮᠠᠨ᠎ᠤ ᠣᠷᠣᠨ᠎ᠤ ᠡᠨᠡ ᠬᠠᠪᠤᠷ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠭᠤᠷᠮᠠᠭ᠎ᠲᠤ ᠴᠣᠬᠢᠯᠲᠠ ᠥᠭᠬᠦ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠵᠠᠢ
《ᠰᠢ ᠵᠢᠨ ᠫᠢᠩ᠎ᠤᠨ 〈ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ〉᠎ᠤ ᠠᠵᠢᠯ ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠬᠤ ᠤᠩᠰᠢᠬᠤ ᠪᠢᠴᠢᠭ》 ᠎ᠢ ᠬᠡᠪᠯᠡᠨ ᠲᠠᠷᠬᠠᠭ᠋ᠠᠪᠠ
100 ᠳ᠋ᠦᠩᠰᠢᠭᠤᠷ ᠲᠥᠭᠥᠷᠢᠭ! ᠲᠥᠪ᠎ᠤᠨ ᠡᠳ᠋᠎ᠤᠨ ᠵᠠᠰᠠᠭ᠎ᠠᠴᠠ ᠪᠣᠳᠠᠲᠠᠢ ᠠᠮᠤ ᠪᠤᠳᠠᠭ᠎ᠠ ᠳᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠤᠳᠠᠭ᠎ᠠ ᠵᠢᠨ ᠴᠢᠨᠠᠷᠲᠠᠢ ᠨᠥᠬᠥᠪᠦᠷᠢ ᠣᠯᠭᠣᠵᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠢ ᠳᠡᠮᠵᠢᠨ᠎ᠡ
《ᠨᠤᠲᠤᠭ᠎ᠤᠨ ᠣᠨᠴᠠ ᠭᠠᠷᠤᠯᠲᠠ》 ᠵᠢᠨ ᠲᠣᠭᠣᠷᠢᠨ᠎ᠳᠤ ᠬᠦᠴᠦᠯᠡᠶ᠎ᠡ! ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠡᠳᠡᠭᠡᠷ ᠵᠦᠢ᠍ᠯ᠎ᠢ ᠴᠢᠩᠭ᠋ᠠᠳᠬᠠᠵᠠᠢ
 
            