ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠂ ᠥᠪᠥᠷ ᠮᠣᠩᠭᠣᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠠᠭ᠋ᠠᠷᠠᠮᠠᠭ᠎ᠤᠨ ᠬᠤᠭᠤᠴᠠᠭ᠋ᠠᠨ᠎ᠳᠤ᠂ ᠪᠥᠬᠥ ᠣᠷᠣᠨ᠎ᠤ 2399 ᠢᠵᠢ ᠲᠠᠸᠠᠷ᠎ᠤᠨ ᠭᠡᠷ ᠪᠠᠢ᠌ᠰᠢᠩ ᠠᠷᠠᠯᠵᠢᠶ᠎ᠠ ᠲᠣᠬᠢᠷᠠᠵᠤ᠂ ᠠᠷᠠᠯᠵᠢᠶᠠᠯᠠᠭᠰᠠᠨ ᠲᠠᠯᠠᠪᠠᠶ᠎ᠨᠢ 37 ᠲᠦᠮᠡᠨ ᠺᠦᠸᠠᠳ᠋ ᠮᠧᠲᠷ᠂ ᠨᠡᠶ᠋ᠢᠲᠡ ᠵᠣᠭᠣᠰ᠎ᠤᠨ ᠲᠣᠭ᠎ᠠ᠎ᠨᠢ 22.6 ᠳ᠋ᠦᠩᠰᠢᠭᠤᠷ ᠲᠥᠭᠥᠷᠢᠭ᠎ᠲᠤ ᠬᠦᠷᠴᠦ᠂ 15000 ᠢᠵᠢ ᠲᠠᠸᠠᠷ᠎ᠤᠨ ᠭᠡᠷ ᠪᠠᠢ᠌ᠰᠢᠩ᠎ᠢ ᠳᠠᠩᠰᠠᠯᠠᠭᠤᠯᠤᠭᠰᠠᠨ ᠪᠥᠭᠡᠳ ᠶᠠᠭ᠋ᠠᠷᠠᠮᠠᠭ᠎ᠲᠤ ᠣᠷᠣᠯᠴᠠᠭᠰᠠᠨ ᠪᠥᠬᠥ ᠣᠷᠣᠨ᠎ᠤ ᠬᠥᠮᠥᠨ᠎ᠤ ᠲᠣᠭ᠎ᠠ 85 ᠲᠦᠮᠡᠨ ᠬᠥᠮᠥᠨ ᠤᠳᠠᠭ᠎ᠠ ᠵᠢ ᠳᠠᠪᠠᠵᠠᠢ᠃
ᠣᠷᠣᠨ ᠰᠠᠭᠤᠴᠠ ᠵᠢᠨ ᠬᠡᠷᠡᠭᠯᠡᠭᠡᠨ᠎ᠤ ᠢᠲᠡᠭᠡᠯ᠎ᠢ ᠴᠢᠨᠠᠭᠰᠢᠳᠠ ᠤᠯᠠᠮ ᠬᠥᠪᠴᠢᠯᠡᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠵᠶ᠋ᠠᠷ ᠭᠥᠭᠵᠢᠬᠦ ᠵᠢ ᠠᠬᠢᠭᠤᠯᠤᠨ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠡᠷᠡᠭᠦᠯ ᠬᠦᠭᠵᠢᠯᠲᠡ ᠵᠢ ᠠᠬᠢᠭᠤᠯᠵᠤ᠂ ᠠᠰᠠᠷ ᠲᠤᠰᠢᠶᠠᠬᠤ ᠵᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠣᠭᠲᠠᠭᠤᠨ᠎ᠢ ᠪᠠᠲᠤᠯᠠᠬᠤ ᠠᠵᠢᠯ᠎ᠢ ᠰᠠᠢ᠌ᠲᠤᠷ ᠬᠢᠬᠦ ᠵᠢᠨ ᠲᠤᠰᠠᠳᠠ᠂ 4 ᠳ᠋ᠦ᠍ᠭᠡᠷ ᠰᠠᠷ᠎ᠠ ᠵᠢᠨ 28᠎ᠤ ᠡᠳᠦᠷ᠂ ᠥᠪᠥᠷ ᠮᠣᠩᠭᠣᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠠᠭ᠋ᠠᠷᠠᠮᠠᠭᠢ ᠥᠪᠥᠷ ᠮᠣᠩᠭᠣᠯ᠎ᠤᠨ 12 ᠠᠢ᠌ᠮᠠᠭ ᠬᠣᠲᠠ᠎ᠳᠤ ᠵᠡᠷᠭᠡ᠎ᠪᠠᠷ ᠡᠬᠢᠯᠡᠭᠦᠯᠵᠦ᠂ 5 ᠡᠳᠦᠷ ᠲᠥᠪᠯᠡᠷᠡᠭᠦᠯᠦᠨ ᠶᠠᠪᠤᠭᠳᠠᠭᠤᠯᠤᠨ᠎ᠠ᠃ ᠡᠭᠦᠨ᠎ᠳᠤ᠂ ᠤᠯᠠᠭ᠋ᠠᠨᠴᠠᠪ ᠬᠣᠲᠠ 5 ᠳ᠋ᠤᠭ᠋ᠠᠷ ᠰᠠᠷ᠎ᠠ ᠵᠢᠨ 7᠎ᠤ ᠡᠳᠦᠷ ᠬᠦᠷᠲᠡᠯ᠎ᠡ ᠤᠷᠲᠤᠳᠬᠠᠨ ᠶᠠᠪᠤᠭᠳᠠᠭᠤᠯᠵᠤ᠂ ᠪᠤᠭᠤᠲᠤ ᠬᠣᠲᠠ 5 ᠳ᠋ᠤᠭ᠋ᠠᠷ ᠰᠠᠷ᠎ᠠ ᠵᠢᠨ 28᠎ᠤ ᠡᠳᠦᠷ ᠬᠦᠷᠲᠡᠯ᠎ᠡ᠂ ᠬᠥᠯᠥᠨ ᠪᠣᠶ᠋ᠢᠷ ᠬᠣᠲᠠ 5 ᠳ᠋ᠤᠭ᠋ᠠᠷ ᠰᠠᠷ᠎ᠠ ᠵᠢᠨ ᠰᠡᠭᠦᠯᠴᠢ ᠬᠦᠷᠲᠡᠯ᠎ᠡ ᠤᠷᠲᠤᠳᠬᠠᠨ ᠶᠠᠪᠤᠭᠳᠠᠭᠤᠯᠤᠨ᠎ᠠ᠃
ᠲᠠᠨᠢᠯᠴᠠᠭᠤᠯᠤᠭᠰᠠᠨ ᠵᠶ᠋ᠠᠷ᠂ ᠲᠤᠰ ᠤᠳᠠᠭ᠋ᠠᠨ᠎ᠤ ᠶᠠᠭ᠋ᠠᠷᠠᠮᠠᠭ᠎ᠨᠢ ᠭᠡᠷ ᠪᠠᠢ᠌ᠰᠢᠩ ᠭᠠᠵᠠᠷ ᠬᠥᠷᠥᠩᠭᠡ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠳᠡᠯᠭᠡᠨ ᠪᠣᠷᠣᠯᠠᠭᠤᠯᠭ᠎ᠠ ᠬᠢᠵᠦ᠂ ᠣᠷᠣᠨ ᠰᠠᠭᠤᠴᠠ ᠵᠢᠨ ᠵᠠᠢ᠌ᠯᠠᠰᠢ ᠦᠭᠡᠢ ᠴᠢᠨᠠᠷᠲᠠᠢ ᠬᠡᠷᠡᠭᠴᠡᠭᠡ ᠪᠠ ᠰᠠᠢ᠌ᠵᠢᠷᠠᠭᠤᠯᠬᠤ ᠴᠢᠨᠠᠷᠲᠠᠢ ᠬᠡᠷᠡᠭᠴᠡᠭᠡ ᠵᠢ ᠳᠡᠮᠵᠢᠬᠦ᠎ᠪᠠᠷ ᠡᠭᠦᠰᠦᠯᠲᠡ ᠪᠣᠯᠭ᠋ᠠᠨ᠂ ᠠᠷᠠᠳ ᠣᠯᠠᠨ᠎ᠢ ᠨᠠᠩ ᠰᠠᠢ᠌ᠨ ᠭᠡᠷ ᠪᠠᠢ᠌ᠰᠢᠩ᠎ᠳᠤ ᠰᠠᠭᠤᠯᠭ᠋ᠠᠬᠤ᠎ᠪᠠᠷ ᠬᠠᠷᠠᠯᠲᠠ ᠪᠣᠯᠭ᠋ᠠᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠪᠡᠯᠡ ᠣᠷᠤᠭᠤᠯᠤᠯᠲᠠ ᠵᠢ ᠥᠷᠭᠡᠳᠬᠡᠬᠦ᠂ ᠪᠦᠲᠦᠴᠡ ᠵᠢ ᠲᠣᠬᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ᠂ ᠳᠠᠮᠤᠨ ᠭᠡᠷ ᠪᠠᠢ᠌ᠰᠢᠩ᠎ᠤᠨ ᠠᠷᠠᠯᠵᠢᠶ᠎ᠠ᠂ ᠣᠷᠣᠨ ᠰᠠᠭᠤᠴᠠ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠭᠡᠷ ᠳᠣᠲᠣᠷᠠᠬᠢ ᠵᠠᠰᠠᠯ ᠴᠢᠮᠡᠭᠯᠡᠯ᠂ ᠠᠳᠠᠯ ᠠᠬᠤᠢ ᠵᠢᠨ ᠬᠠᠮᠢᠶᠠᠷᠤᠯᠲᠠ᠂ ᠪᠣᠬᠢᠷᠲᠤᠯ ᠦᠭᠡᠢ ᠪᠠᠷᠢᠯᠭ᠎ᠠ ᠬᠢᠭᠡᠳ ᠪᠠᠷᠢᠯᠭ᠎ᠠ ᠵᠢᠨ ᠮᠠᠲ᠋ᠧᠷᠢᠶᠠᠯ ᠵᠡᠷᠭᠡ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ ᠴᠢᠳᠠᠮᠵᠢ ᠣᠯᠭᠤᠭᠰᠠᠨ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢ ᠪᠠᠭ᠋ᠠᠰᠬᠠᠭᠰᠠᠨ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ ᠦᠷ᠎ᠡ ᠪᠦᠲᠦᠭᠡᠯ᠎ᠢ ᠭᠦᠢ᠍ᠴᠡᠳ ᠳᠡᠯᠭᠡᠨ ᠦᠵᠡᠭᠦᠯᠪᠡ᠃
ᠶᠠᠭ᠋ᠠᠷᠠᠮᠠᠭ᠎ᠤᠨ ᠬᠤᠭᠤᠴᠠᠭ᠋ᠠᠨ᠎ᠳᠤ᠂ ᠡᠯ᠎ᠡ ᠠᠢ᠌ᠮᠠᠭ ᠬᠤᠳᠠ ᠬᠡᠷᠡᠭᠯᠡᠭᠡ ᠵᠢ ᠪᠦᠬᠦ ᠬᠦᠴᠦᠨ ᠵᠶ᠋ᠠᠷ ᠵᠶ᠋ᠠᠨ ᠳᠠᠢ᠌ᠴᠢᠯᠠᠭᠰᠠᠨ ᠪᠠᠢ᠌ᠨ᠎ᠠ᠃ ᠪᠤᠭᠤᠲᠤ ᠬᠣᠲᠠ ᠭᠡᠷ ᠪᠠᠢ᠌ᠰᠢᠩ ᠬᠤᠳᠠᠯᠳᠤᠨ ᠠᠪᠬᠤ ᠬᠠᠷᠠᠭ᠋ᠠᠯᠵᠠᠯ᠎ᠤᠨ ᠲᠡᠮᠳᠡᠭᠲᠦ ᠲᠠᠷᠬᠠᠭ᠋ᠠᠬᠤ᠂ 100% ᠵᠢᠨ ᠭᠡᠷᠡᠲᠦ ᠭᠠᠢ᠌ᠯᠢ ᠵᠢᠨ ᠨᠥᠬᠥᠪᠦᠷᠢ ᠥᠭᠬᠦ ᠵᠡᠷᠭᠡ ᠬᠠᠮᠢᠶ᠎ᠠ ᠪᠦᠬᠦᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠡᠢ᠌ᠲᠡᠯᠡᠪᠡ᠃ ᠡᠭᠦᠨ᠎ᠤ ᠬᠠᠮᠲᠤ᠂ ᠰᠦᠯᠵᠢᠶᠡᠨ᠎ᠠᠴᠠ ᠭᠠᠳᠠᠭᠤᠷᠬᠢ + ᠰᠦᠯᠵᠢᠶᠡᠨ ᠳᠡᠭᠡᠷᠡᠬᠢ ᠬᠣᠶᠠᠷ ᠵᠦᠢ᠍ᠯ᠎ᠤᠨ ᠠᠷᠭ᠎ᠠ ᠵᠢ ᠬᠡᠷᠡᠭᠵᠢᠭᠦᠯᠦᠭᠰᠡᠨ᠎ᠠᠴᠠ ᠬᠣᠲᠠ ᠵᠢᠨ ᠠᠷᠠᠳ ᠰᠦᠯᠵᠢᠶᠡᠨ ᠳᠡᠭᠡᠷ᠎ᠡ᠎ᠠᠴᠠ ᠭᠡᠷ ᠪᠠᠢ᠌ᠰᠢᠩ ᠦᠵᠡᠬᠦ ᠪᠠ ᠰᠣᠩᠭᠣᠵᠤ ᠪᠣᠯᠣᠨ᠎ᠠ; ᠬᠥᠬᠡᠬᠣᠲᠠ 《ᠨᠢᠭᠡ ᠯᠡ ᠥᠷᠲᠡᠭᠡᠴᠢᠯᠡᠭᠰᠡᠨ ᠮᠠᠶᠢᠭ》 ᠵᠶ᠋ᠠᠷ ᠭᠡᠷ ᠪᠠᠢ᠌ᠰᠢᠩ ᠬᠤᠳᠠᠯᠳᠤᠨ ᠠᠪᠬᠤ ᠦᠢ᠍ᠯᠡᠴᠢᠯᠡᠭᠡ ᠬᠠᠩᠭ᠋ᠠᠵᠤ᠂ ᠭᠣᠣᠯ ᠬᠤᠷᠠᠯ᠎ᠤᠨ ᠲᠠᠯᠠᠪᠤᠷ᠎ᠲᠤ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠥᠭᠬᠦ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠲᠣᠬᠢᠷᠠᠭᠤᠯᠵᠤ᠂ ᠭᠡᠷ ᠪᠠᠢ᠌ᠰᠢᠩ᠎ᠤᠨ ᠨᠠᠷᠠᠲᠤ ᠠᠵᠤ ᠠᠬᠤᠢ᠌ᠯᠠᠯ᠎ᠤᠳ᠎ᠢ ᠴᠤᠭᠯᠠᠭᠤᠯᠤᠭᠰᠠᠨ ᠮᠥᠷᠲᠡᠭᠡᠨ ᠭᠡᠷ ᠪᠠᠢ᠌ᠰᠢᠩ᠎ᠤᠨ ᠡᠯ᠎ᠡ ᠲᠣᠮᠣ ᠠᠵᠤ ᠠᠬᠤᠢ᠌ᠯᠠᠯ ᠴᠥᠮ ᠠᠳᠠᠯᠢ ᠪᠤᠰᠤ ᠬᠡᠮᠵᠢᠶᠡᠨ᠎ᠤ ᠬᠠᠷᠠᠭ᠋ᠠᠯᠵᠠᠯ ᠦᠵᠡᠭᠦᠯᠵᠦ᠂ ᠬᠣᠲᠠ ᠵᠢᠨ ᠠᠷᠠᠳ᠎ᠤᠨ ᠭᠡᠷ ᠪᠠᠢ᠌ᠰᠢᠩ ᠦᠵᠡᠬᠦ᠂ ᠰᠣᠩᠭᠣᠬᠤ ᠪᠠ ᠬᠤᠳᠠᠯᠳᠤᠨ ᠠᠪᠬᠤ᠎ᠳᠤᠨᠢ ᠲᠥᠬᠥᠮ ᠦᠵᠡᠭᠦᠯᠦᠭᠰᠡᠨ ᠪᠠ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃
ᠲᠣᠰ ᠤᠳᠠᠭ᠋ᠠᠨ᠎ᠤ ᠶᠠᠭ᠋ᠠᠷᠠᠮᠠᠭ᠎ᠨᠢ ᠣᠷᠣᠨ ᠰᠠᠭᠤᠴᠠ ᠵᠢᠨ ᠬᠡᠷᠡᠭᠯᠡᠭᠡᠨ᠎ᠤ ᠢᠲᠡᠭᠡᠯ᠎ᠢ ᠬᠥᠪᠴᠢᠯᠡᠨ᠂ ᠪᠥᠬᠥ ᠣᠷᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠵᠶ᠋ᠠᠷ ᠭᠦᠭᠵᠢᠬᠦ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠭᠠᠷᠭ᠋ᠠᠵᠠᠢ᠃