ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠳᠠᠲᠤ ᠪᠠᠢ᠌ᠳᠠᠯ᠎ᠢ ᠣᠢ᠌ᠯᠠᠭ᠋ᠠᠨ ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠵᠦ ᠰᠤᠷᠤᠯᠴᠠᠯᠭ᠎ᠠ᠎ᠪᠠᠷ ᠠᠵᠢᠯ᠎ᠢ ᠠᠬᠢᠭᠤᠯᠤᠨ ᠪᠣᠳᠠᠲᠤ ᠪᠦᠲᠦᠮᠵᠢ ᠭᠠᠷᠭ᠋ᠠᠵᠤ ᠪᠠᠢ᠌ᠨ᠎ᠠ
ᠨᠡᠶ᠋ᠢᠲᠡᠯᠡᠭᠰᠡᠨ ᠴᠠᠭ᠄ 2023-05-10

      5 ᠰᠠᠷ᠎ᠠ ᠵᠢᠨ 5 ᠎ᠤ ᠡᠳᠦᠷ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《  ᠤᠯᠤᠰ ᠵᠶ᠋ᠠᠨ ᠬᠦᠴᠦᠷᠬᠡᠭᠵᠢᠭᠦᠯᠬᠦ ᠦᠢ᠍ᠯᠡᠰ᠎ᠢ ᠬᠠᠮᠲᠤ᠎ᠪᠠᠷ ᠪᠦᠲᠦᠭᠡᠨ ᠪᠠᠢ᠌ᠭᠤᠯᠵᠤ ᠤᠯᠤᠰ ᠵᠶ᠋ᠠᠨ ᠬᠦᠴᠦᠷᠬᠡᠭᠵᠢᠭᠦᠯᠬᠦ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠶ᠎ᠡ 》 ᠭᠡᠬᠦ ᠵᠠᠯᠠᠭᠤᠴᠤᠳ᠎ᠤᠨ ᠤᠷᠠᠨ ᠤᠩᠰᠢᠯᠭ᠎ᠠ ᠵᠢᠨ ᠬᠤᠷᠠᠯ ᠡᠷᠭᠢᠯᠡᠪᠡ ᠃  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠂  ᠵᠠᠯᠠᠭᠤ ᠺᠠᠳ᠋ᠷᠴᠤᠳ ᠨᠠᠷᠢᠨ ᠬᠢᠨᠠᠮᠠᠭ᠋ᠠᠢ ᠰᠡᠳᠦᠪ ᠰᠣᠩᠭᠣᠵᠤ ᠂  ᠡᠬᠡ ᠨᠣᠣᠷᠠᠭ ᠵᠢᠡᠨ ᠥᠪᠡᠷᠲᠡᠭᠡᠨ ᠪᠢᠴᠢᠵᠦ ᠂  ᠨᠠᠷᠢᠨ ᠨᠢᠮᠪᠠᠢ ᠨᠠᠢ᠌ᠷᠠᠭᠤᠯᠤᠨ ᠵᠢᠭᠰᠠᠭ᠋ᠠᠵᠤ ᠂  ᠢᠳᠡ ᠬᠦᠴᠦᠲᠡᠢ ᠲᠠᠭᠤᠨ᠎ᠨᠤᠭᠤᠳ᠎ᠨᠢ ᠤᠳᠤ ᠦᠶ᠎ᠡ ᠵᠢᠨ ᠵᠠᠯᠠᠭᠤᠴᠤᠳ᠎ᠤᠨ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠬᠤ ᠂  ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠬᠤ ᠢᠲᠡᠭᠡᠯ ᠵᠣᠷᠢᠭ᠎ᠢ ᠢᠯᠡᠷᠡᠭᠦᠯᠪᠡ ᠃

       ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠵᠤ ᠂  ᠰᠤᠷᠤᠯᠴᠠᠯᠭ᠎ᠠ᠎ᠪᠠᠷ ᠤᠶᠤᠨ ᠤᠬᠠᠭ᠋ᠠᠨ ᠵᠶ᠋ᠠᠨ ᠨᠡᠮᠡᠭᠳᠡᠭᠦᠯᠵᠦ ᠂  ᠰᠤᠷᠤᠯᠴᠠᠯᠭ᠎ᠠ᠎ᠪᠠᠷ ᠰᠤᠷᠲᠠᠯ ᠵᠶ᠋ᠠᠨ ᠲᠥᠪ ᠪᠣᠯᠭ᠋ᠠᠵᠤ ᠂  ᠰᠤᠷᠤᠯᠴᠠᠯᠭ᠎ᠠ᠎ᠪᠠᠷ ᠠᠵᠢᠯ ᠵᠶ᠋ᠠᠨ ᠠᠬᠢᠭᠤᠯᠤᠨ᠎ᠠ ᠃  ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠦᠳᠲᠡᠷ ᠲᠦᠷᠭᠡᠨ ᠬᠥᠳᠡᠯᠦᠯᠴᠡᠵᠦ ᠂  ᠬᠦᠴᠦᠲᠡᠢ ᠪᠠᠢ᠌ᠷᠢᠯᠠᠭᠤᠯᠤᠯᠲᠠ ᠬᠢᠵᠦ ᠂  ᠦᠨᠡᠨ ᠬᠦ᠌ ᠰᠤᠷᠤᠯᠴᠠᠬᠤ ᠲᠠᠯ᠎ᠠ᠎ᠪᠠᠷ ᠤᠷᠢᠳ ᠵᠶ᠋ᠠᠷ ᠬᠢᠵᠦ ᠂  ᠦᠨᠡᠨ ᠬᠦ᠌ ᠢᠲᠡᠭᠡᠬᠦ ᠲᠠᠯ᠎ᠠ᠎ᠪᠠᠷ ᠨᠠᠩ ᠭᠦᠨᠵᠡᠭᠡᠢ ᠬᠢᠵᠦ ᠂  ᠦᠨᠡᠨ ᠬᠦ᠌ ᠬᠡᠷᠡᠭᠯᠡᠬᠦ ᠲᠠᠯ᠎ᠠ᠎ᠪᠠᠷ ᠤᠯᠠᠮ ᠳᠡᠭᠡᠭᠰᠢᠯᠡᠬᠦ ᠵᠢ ᠪᠠᠷᠢᠮᠲᠠᠯᠠᠪᠠ ᠃  ᠲᠢᠩᠬᠢᠮ᠎ᠤᠨ ᠲᠠᠰ᠎ᠤᠨ ᠺᠠᠳ᠋ᠷ᠎ᠤᠨ 《  ᠬᠡᠪ ᠳᠠᠭᠤᠷᠢᠶᠠᠯ ᠦᠵᠡᠭᠦᠯᠭᠦ 》᠎ᠠᠴᠠ ᠨᠠᠮ᠎ᠤᠨ ᠡᠭᠦᠷ᠎ᠤᠨ ᠱᠦᠵᠢ ᠲᠥᠷᠥᠭᠳᠡᠯ ᠵᠶ᠋ᠡᠨ ᠶᠠᠷᠢᠬᠤ ᠂  ᠵᠠᠯᠠᠭᠤ ᠨᠠᠮ᠎ᠤᠨ ᠭᠡᠰᠢᠭᠦᠨ ᠺᠠᠳ᠋ᠷ᠎ᠤᠨ 《  ᠪᠢᠴᠢᠯ ᠤᠬᠠᠭᠤᠯᠤᠨ ᠲᠠᠢ᠌ᠯᠪᠤᠷᠢᠯᠠᠬᠤ 》 ᠂  ᠭᠣᠣᠯ ᠰᠡᠳᠦᠪᠲᠦ ᠬᠥᠮᠦᠵᠢᠯ᠎ᠤᠨ ᠨᠣᠮ᠎ᠤᠨ ᠱᠣᠰᠢᠭ᠎ᠠ ᠵᠣᠬᠢᠶᠠᠬᠤ ᠂  ᠰᠦᠯᠵᠢᠶᠡᠨ ᠳᠡᠭᠡᠷ᠎ᠡ ᠳᠡᠯᠭᠡᠨ ᠦᠵᠡᠭᠦᠯᠭᠦ ᠭᠦᠷᠲᠡᠯ᠎ᠡ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠭᠦᠨ ᠵᠤᠵᠠᠭ᠋ᠠᠨ ᠠᠭᠤᠷ ᠠᠮᠢᠰᠬᠤᠯ᠎ᠢ ᠪᠤᠶ ᠪᠣᠯᠭ᠋ᠠᠵᠤ ᠂  ᠨᠠᠮ᠎ᠤᠨ ᠣᠨᠣᠯ᠎ᠤᠨ ᠰᠢᠨ᠎ᠡ ᠵᠢ ᠡᠭᠦᠳᠬᠦ ᠳᠤᠮᠳᠠ᠎ᠠᠴᠠ ᠴᠢᠭᠯᠡᠯ ᠂  ᠬᠠᠷᠢᠭᠤᠯᠲᠠ ᠂  ᠠᠷᠭ᠎ᠠ ᠬᠡᠮᠵᠢᠶ᠎ᠡ ᠡᠷᠢᠯᠬᠢᠯᠡᠪᠡ ᠃

       ᠨᠠᠮ᠎ᠤᠨ ᠭᠡᠰᠢᠭᠦᠨ ᠺᠠᠳ᠋ᠷ ᠵᠠᠷᠯᠢᠭ᠎ᠢ ᠰᠣᠨᠣᠰᠤᠮᠠᠭᠴᠠ ᠬᠥᠳᠡᠯᠦᠯᠴᠡᠵᠦ ᠂ 《  ᠬᠠᠳᠠᠭ᠋ᠠᠰᠤ ᠬᠠᠳᠠᠬᠤ 》 ᠵᠣᠷᠢᠭ ᠰᠠᠨᠠᠭ᠎ᠠ᠎ᠪᠠᠷ ᠲᠣᠭᠲᠠᠭᠰᠠᠨ ᠨᠣᠮ᠎ᠨᠤᠭᠤᠳ᠎ᠢ ᠰᠤᠳᠤᠯᠤᠨ ᠤᠩᠰᠢᠵᠤ ᠂  ᠨᠢᠭᠡ ᠨᠢᠭᠡ ᠵᠣᠬᠢᠶᠠᠯ ᠵᠢᠡᠷ ᠤᠩᠰᠢᠵᠤ ᠂  ᠬᠡᠰᠡᠭ ᠪᠠᠳᠠᠭ ᠳᠠᠷᠠᠭ᠋ᠠᠯᠠᠨ ᠣᠢ᠌ᠯᠠᠭ᠋ᠠᠵᠤ ᠂  ᠤᠨᠤᠯ ᠰᠤᠷᠤᠯᠴᠠᠬᠤ ᠂  ᠦᠵᠡᠯ ᠰᠠᠨᠠᠭ᠎ᠠ ᠰᠤᠷᠤᠯᠴᠠᠬᠤ ᠰᠢᠨ᠎ᠡ ᠥᠷᠨᠢᠯᠲᠡ ᠵᠢ ᠦᠳᠲᠡᠷ ᠲᠦᠷᠭᠡᠨ ᠪᠤᠢ ᠪᠤᠯᠭ᠋ᠠᠪᠠ ;  ᠨᠠᠮ᠎ᠤᠨ ᠤᠳᠤᠷᠢᠳᠬᠤ ᠳᠤᠭᠤᠢ᠌ᠯᠠᠩ᠎ᠤᠨ 《  ᠨᠢᠭᠡᠳᠦᠭᠡᠷ ᠵᠥᠪᠯᠡᠬᠦ ᠰᠡᠳᠦᠪ 》 ᠂  ᠨᠠᠮ᠎ᠤᠨ ᠡᠭᠦᠷ᠎ᠤᠨ 《  ᠨᠢᠭᠡᠳᠦᠭᠡᠷ ᠠᠭᠤᠯᠭ᠎ᠠ 》 ᠂  ᠨᠠᠮ᠎ᠤᠨ ᠭᠡᠰᠢᠭᠦᠨ᠎ᠤ 《  ᠨᠢᠭᠡᠳᠦᠭᠡᠷ ᠡᠭᠦᠷᠭᠡ 》 ᠵᠢᠨ ᠰᠤᠷᠤᠯᠴᠠᠯᠭ᠎ᠠ ᠵᠢᠨ ᠳᠦᠷᠢᠮ᠎ᠢ ᠰᠠᠢ᠌ᠲᠤᠷ ᠪᠠᠷᠢᠮᠲᠠᠯᠠᠵᠤ ᠂  ᠪᠠᠢ᠌ᠩᠭᠤᠵᠢᠭᠰᠠᠨ ᠰᠤᠷᠤᠯᠴᠠᠯᠭ᠎ᠠ ᠵᠢᠨ ᠲᠣᠭᠲᠠᠴᠠ ᠵᠢ ᠪᠦᠷᠢᠨᠰᠢᠭᠦᠯᠦᠨ ᠂  ᠬᠣᠯᠪᠣᠭᠳᠠᠯ ᠪᠦᠬᠦᠢ ᠬᠤᠷᠠᠯ ᠂  ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠲᠡᠷᠡ ᠳᠠᠷᠤᠢ᠎ᠳᠤᠨᠢ ᠤᠯᠠᠮᠵᠢᠯᠠᠨ ᠰᠤᠷᠤᠯᠴᠠᠵᠤ ᠂  ᠲᠡᠷᠡ ᠳᠠᠷᠤᠢ᠎ᠳᠤᠨᠢ ᠵᠠᠳᠠᠯᠤᠨ ᠰᠤᠳᠤᠯᠵᠤ ᠂  ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ ᠂  ᠰᠤᠷᠤᠯᠴᠠᠬᠤ ᠰᠡᠳᠬᠢᠬᠦ ᠦᠢ᠍ᠯᠡᠳᠦᠯᠭᠡᠵᠢᠭᠦᠯᠬᠦ ᠣᠢ᠌ᠯᠠᠭ᠋ᠠᠬᠤ 《  ᠶᠡᠬᠡ ᠣᠷᠴᠢᠯ 》᠎ᠢ ᠪᠤᠶ ᠪᠣᠯᠭ᠋ᠠᠪᠠ ᠃  ᠣᠳᠣᠬᠠᠨ ᠪᠤᠯᠲᠠᠯ᠎ᠠ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠭᠣᠣᠯ ᠰᠡᠳᠦᠪᠲᠦ ᠬᠥᠮᠦᠵᠢᠯ᠎ᠤᠨ ᠲᠣᠭᠣᠷᠢᠨ᠎ᠳᠤ ᠂  ᠨᠢᠭᠡᠨᠲᠡ ᠭᠣᠣᠯ ᠰᠡᠳᠦᠪᠲᠦ ᠨᠠᠮ᠎ᠤᠨ ᠡᠳᠦᠷ ᠂  ᠬᠠᠮᠲᠤ ᠵᠢᠨ ᠰᠤᠷᠤᠯᠴᠠᠯᠭ᠎ᠠ ᠵᠡᠷᠭᠡ ᠠᠵᠢᠯᠯᠠᠭ᠎ᠠ ᠵᠢ 100 ᠭᠠᠷᠤᠢ ᠤᠳᠠᠭ᠎ᠠ ᠥᠷᠨᠢᠭᠦᠯᠪᠡ ᠃

       ᠪᠠᠢ᠌ᠴᠠᠭ᠋ᠠᠨ ᠰᠤᠳᠤᠯᠤᠯᠲᠠ ᠵᠢ ᠶᠡᠬᠡ᠎ᠪᠠᠷ ᠥᠷᠨᠢᠭᠦᠯᠬᠦ ᠪᠣᠯ ᠡᠨᠡ ᠤᠳᠠᠭ᠎ᠠ ᠵᠢᠨ ᠭᠣᠣᠯ ᠰᠡᠳᠦᠪᠲᠦ ᠬᠥᠮᠦᠵᠢᠯ᠎ᠤᠨ ᠴᠢᠬᠤᠯᠠ ᠭᠣᠭᠴᠣᠭ᠎ᠠ ᠪᠣᠯᠣᠨ᠎ᠠ ᠃  ᠭᠣᠣᠯ ᠰᠡᠳᠦᠪᠲᠦ ᠬᠥᠮᠦᠵᠢᠯ᠎ᠢ 《  ᠴᠠᠭ᠋ᠠᠰᠤᠨ ᠳᠡᠭᠡᠷ᠎ᠡ ᠰᠤᠷᠤᠯᠴᠠᠬᠤ 》 ᠎ᠪᠠᠷ ᠪᠠᠷᠠᠬᠤ ᠦᠭᠡᠢ ᠂  ᠨᠡᠩ ᠴᠤ᠌《ᠠᠵᠢᠯ ᠳᠡᠭᠡᠷ᠎ᠡ ᠢᠯᠡᠷᠡᠭᠦᠯᠬᠦ 》  ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ 《  ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠢ  ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ ᠂ 《  ᠪᠠᠢ᠌ᠴᠠᠭ᠋ᠠᠨ ᠰᠤᠳᠤᠯᠤᠯᠲᠠ ᠵᠢ ᠶᠡᠬᠡ᠎ᠪᠠᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ 》᠎ᠢ  ᠳᠠᠷᠤᠮᠠᠯᠯᠠᠨ ᠲᠠᠷᠬᠠᠭ᠋ᠠᠵᠤ ᠂  ᠤᠳᠤᠷᠢᠳᠬᠤ ᠪᠠᠭ᠎ᠤᠨ ᠪᠦᠷᠢᠯᠳᠦᠭᠦᠨ ᠨᠠᠷ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠂  ᠵᠢᠱ᠌ᠢᠶ᠎ᠡ ᠦᠵᠡᠭᠦᠯᠦᠨ ᠳᠠᠢ᠌ᠴᠢᠯᠠᠬᠤ ᠵᠢ ᠪᠠᠷᠢᠮᠲᠠᠯᠠᠵᠤ ᠂  ᠠᠰᠠᠭᠤᠳᠠᠯ᠎ᠤᠨ ᠨᠠᠷᠢᠨ ᠲᠠᠩᠰᠠ ᠵᠢ ᠳᠠᠷᠤᠢ ᠲᠦᠷᠭᠡᠨ ᠡᠮᠬᠢᠯᠡᠨ ᠳᠢᠭᠯᠡᠵᠦ ᠂  ᠬᠠᠮᠢᠶ᠎ᠠ ᠪᠦᠬᠦᠢ ᠪᠠᠢ᠌ᠳᠠᠯ᠎ᠢ ᠲᠣᠬᠢᠷᠠᠭᠤᠯᠤᠨ ᠣᠢ᠌ᠯᠠᠭ᠋ᠠᠵᠤ ᠂  ᠪᠠᠢ᠌ᠴᠠᠭ᠋ᠠᠨ ᠰᠤᠳᠤᠯᠬᠤ ᠲᠥᠯᠥᠪᠯᠡᠭᠡ ᠵᠢ ᠲᠦᠷᠦᠭᠦᠯᠡᠨ ᠲᠣᠭᠲᠠᠭ᠋ᠠᠵᠤ ᠂ 15 ᠵᠦᠢ᠍ᠯ᠎ᠤᠨ ᠭᠣᠣᠯᠳᠠᠯᠭ᠎ᠠ᠎ᠲᠠᠢ ᠪᠠᠢ᠌ᠴᠠᠭ᠋ᠠᠨ ᠰᠤᠳᠤᠯᠬᠤ ᠰᠡᠳᠦᠪ᠎ᠢ ᠲᠦᠷᠦᠭᠦᠯᠡᠨ ᠲᠣᠭᠲᠠᠭ᠋ᠠᠪᠠ ᠃  ᠪᠠᠭ᠎ᠤᠨ ᠪᠦᠷᠢᠯᠳᠦᠭᠦᠨ ᠨᠢᠭᠡ ᠪᠦᠷᠢ ᠨᠠᠭ᠋ᠠᠲᠤ ᠵᠠᠬ᠎ᠠ᠎ᠳᠠᠭᠠᠨ ᠨᠢᠭᠡ ᠰᠡᠳᠦᠪ ᠳᠠᠭ᠋ᠠᠭᠤᠯᠤᠨ ᠪᠠᠢ᠌ᠴᠠᠭ᠋ᠠᠨ ᠰᠤᠳᠤᠯᠤᠯᠲᠠ ᠬᠢᠵᠦ ᠂  ᠲᠦᠷᠦᠭᠦᠯᠡᠨ 《  ᠮᠡᠳᠡᠭᠳᠡᠯ ᠪᠠᠭᠤᠯᠭ᠋ᠠᠬᠤ ᠦᠭᠡᠢ ᠂  ᠤᠷᠢᠳᠴᠢᠯᠠᠨ ᠰᠠᠨᠠᠭᠤᠯᠬᠤ ᠦᠭᠡᠢ ᠂  ᠬᠠᠷᠢᠭᠤ ᠮᠡᠳᠡᠭᠦᠯᠦᠯᠲᠡ ᠵᠢ ᠰᠣᠨᠣᠰᠬᠤ ᠦᠭᠡᠢ ᠂  ᠪᠠᠷ᠎ᠠ ᠪᠣᠯᠵᠤ ᠵᠣᠴᠢᠯᠠᠬᠤ ᠬᠡᠷᠡᠭ ᠦᠭᠡᠢ ᠂  ᠰᠢᠭᠤᠳ ᠦᠨᠳᠦᠰᠦᠨ ᠱᠠᠲᠤᠨ᠎ᠳᠤ ᠬᠦᠷᠴᠦ ᠂  ᠰᠢᠭᠤᠳ ᠲᠤᠬᠠᠢ ᠵᠢᠨ ᠲᠠᠯᠠᠪᠠᠢ᠎ᠳᠤ ᠣᠴᠢᠬᠤ 》 ᠠᠷᠭ᠎ᠠ ᠬᠡᠯᠪᠡᠷᠢ᠎ᠪᠠᠷ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠪᠣᠳᠠᠲᠤ ᠪᠠᠢ᠌ᠳᠠᠯ᠎ᠢ ᠪᠡᠶᠡᠴᠢᠯᠡᠨ ᠪᠠᠢ᠌ᠴᠠᠭ᠋ᠠᠵᠤ ᠂ ᠵᠢᠱ᠌ᠢᠶᠡᠴᠢᠯᠡᠨ ᠵᠠᠳᠠᠯᠤᠨ ᠰᠢᠨᠵᠢᠵᠦ ᠂  ᠨᠢᠭᠡ ᠪᠦᠯᠦᠭ ᠬᠥᠭᠵᠢᠯᠲᠡ ᠵᠢᠨ ᠬᠡᠷᠡᠭᠴᠡᠭᠡ ᠂  ᠥᠭᠡᠷᠡᠴᠢᠯᠡᠯᠲᠡ ᠵᠢᠨ ᠪᠠᠴᠢᠮ ᠬᠡᠷᠡᠭᠴᠡᠭᠡ ᠂  ᠦᠨᠳᠦᠰᠦᠨ ᠱᠠᠲᠤᠨ᠎ᠤ ᠬᠦᠰᠡᠯ ᠂  ᠠᠷᠠᠳ᠎ᠤᠨ ᠰᠡᠳᠬᠢᠯ᠎ᠤᠨ ᠬᠠᠨᠳᠤᠰᠢ ᠵᠢ ᠬᠦᠴᠦᠯᠡᠨ ᠰᠢᠢ᠍ᠳᠪᠦᠷᠢᠯᠡᠪᠡ ᠃

       ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠᠢ᠌ᠴᠠᠭ᠋ᠠᠨ   ᠰᠤᠳᠤᠯᠤᠯᠲᠠ ᠬᠢᠬᠦ᠎ᠪᠠᠷ  ᠡᠬᠢᠯᠡᠯᠲᠡ ᠪᠣᠯᠭ᠋ᠠᠨ ᠂  ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠵᠠᠮ ᠨᠡᠭᠡᠭᠡᠵᠦ ᠂  ᠪᠣᠳᠠᠲᠤ ᠪᠠᠢ᠌ᠳᠠᠯ᠎ᠢ ᠲᠣᠳᠣᠷᠬᠠᠢ ᠣᠢ᠌ᠯᠠᠭ᠋ᠠᠨ ᠂  ᠲᠤᠷᠰᠢᠯᠭ᠎ᠠ᠎ᠪᠠᠨ ᠳ᠋ᠦᠩᠨᠡᠵᠦ ᠂  ᠠᠰᠠᠭᠤᠳᠠᠯ᠎ᠢ ᠰᠤᠳᠤᠯᠤᠨ ᠂  ᠪᠡᠷᠬᠡ ᠰᠡᠳᠦᠪ᠎ᠢ ᠰᠢᠢ᠍ᠳᠪᠦᠷᠢᠯᠡᠵᠦ ᠂  ᠨᠠᠮ᠎ᠤᠨ ᠭᠡᠰᠢᠭᠦᠨ ᠺᠠᠳ᠋ᠷᠴᠤᠳ᠎ᠢ 《  ᠳᠣᠷᠣᠭᠰᠢ ᠪᠠᠭᠤᠵᠤ ᠳᠡᠢ᠌ᠯᠭᠦ ᠦᠭᠡᠢ 》 ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂  ᠠᠵᠢᠯ᠎ᠤᠨ ᠬᠣᠭᠣᠰᠤᠨ ᠬᠤᠭᠤᠴᠠᠭ᠎ᠠ ᠪᠠ ᠵᠠᠪᠰᠠᠷ᠎ᠢ ᠠᠰᠢᠭᠯᠠᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠬᠦ ᠭᠡᠷᠡᠭᠲᠡᠶ ; 《  ᠴᠠᠭ᠋ᠠᠰᠤᠨ ᠳᠡᠭᠡᠷ᠎ᠡ ᠴᠡᠷᠢᠭ ᠬᠡᠷᠡᠭᠯᠡᠬᠦ 》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂  ᠠᠯᠬᠤᠮ ᠵᠶ᠋ᠠᠨ ᠡᠬᠢᠯᠡᠭᠦᠯᠦᠨ ᠦᠷᠭᠦᠯᠵᠢᠯᠡᠨ ᠤᠷᠤᠭᠰᠢᠯᠠᠬᠤ ᠭᠡᠷᠡᠭᠲᠡᠢ ; 《  ᠪᠠᠢ᠌ᠴᠠᠭ᠋ᠠᠨ ᠰᠤᠳᠤᠯᠤᠯᠲᠠ ᠣᠯᠠᠨ ᠂  ᠦᠷ᠎ᠡ ᠪᠦᠲᠦᠭᠡᠯ ᠴᠥᠭᠡᠨ 》 ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂  ᠨᠢᠭᠡ ᠪᠦᠯᠦᠭ ᠴᠢᠨᠠᠷ ᠰᠠᠢ᠌ᠲᠠᠢ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠪᠤᠢ ᠪᠣᠯᠭ᠋ᠠᠵᠤ ᠂  ᠨᠢᠭᠡ ᠪᠦᠯᠦᠭ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ ᠃

       ᠵᠠᠷᠢᠮ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠢ ᠣᠷᠣᠨ ᠪᠦᠰᠡ ᠠᠯᠤᠰᠯᠠᠨ ᠨᠡᠢ᠌ᠳᠡᠮ ᠭᠦᠢ᠍ᠴᠡᠳᠬᠡᠵᠦ ᠳᠡᠢ᠌ᠯᠭᠦ ᠦᠭᠡᠢ ᠪᠠᠢ᠌ᠳᠠᠯ᠎ᠳᠤ ᠴᠢᠭᠯᠡᠭᠦᠯᠦᠨ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠠᠢ᠌ᠴᠠᠭ᠋ᠠᠨ ᠰᠤᠳᠤᠯᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠥᠷᠨᠢᠭᠦᠯᠵᠦ ᠂ 150 ᠥᠨᠳᠥᠷ ᠳᠠᠪᠲᠠᠮᠵᠢᠲᠤ ᠵᠦᠢ᠍ᠯ᠎ᠢ ᠰᠦᠯᠵᠢᠶᠡᠨ᠎ᠤ ᠭᠠᠳᠠᠭᠤᠷ 《  ᠪᠦᠭᠦ ᠣᠷᠣᠨ᠎ᠳᠤ ᠨᠡᠢ᠌ᠳᠡᠮ ᠭᠦᠢ᠍ᠴᠡᠳᠬᠡᠬᠦ 》 ᠵᠢ ᠪᠡᠶᠡᠯᠡᠭᠦᠯᠬᠦ ᠴᠡᠭᠴᠡᠯᠡᠨ ᠰᠠᠢ᠌ᠵᠢᠷᠠᠭᠤᠯᠬᠤ ᠬᠠᠷᠠᠯᠲᠠ ᠵᠢ ᠲᠣᠳᠣᠷᠬᠠᠢ᠌ᠯᠠᠭᠰᠠᠨ᠎ᠤ ᠬᠠᠮᠲᠤ ᠂  ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠲᠣᠬᠢᠷᠠᠭᠤᠯᠤᠨ ᠨᠠᠢ᠌ᠳᠠᠪᠤᠷᠢᠵᠢᠭᠤᠯᠪᠠ ᠂  ᠡᠭᠦᠨ᠎ᠳᠤ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠤ ᠭᠠᠳᠠᠭᠤᠷ 〈ᠪᠦᠭᠦ ᠣᠷᠣᠨ᠎ᠳᠤ ᠨᠡᠢ᠌ᠳᠡᠮ ᠭᠦᠢ᠍ᠴᠡᠳᠬᠡᠬᠦ 〉  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠤᠨ ᠨᠠᠷᠢᠨ ᠲᠠᠩᠰᠠ (ᠰᠠᠨᠠᠯ ᠬᠤᠷᠢᠶᠠᠬᠤ ᠨᠣᠣᠷᠠᠭ )》 ᠵᠢ  ᠡᠮᠬᠢᠯᠡᠨ ᠳᠢᠭᠯᠡᠭᠦ ᠵᠢᠨ ᠬᠠᠮᠲᠤ ᠨᠠᠢ᠌ᠷᠠᠭᠤᠯᠤᠨ ᠵᠣᠬᠢᠶᠠᠬᠤ ᠵᠢ ᠪᠠᠬᠲᠠᠭ᠋ᠠᠪᠠ ;  ᠥᠪᠡᠷᠲᠡᠭᠡᠨ ᠵᠠᠰᠠᠬᠤ ᠣᠷᠣᠨ᠎ᠤ 《  ᠶᠡᠷᠦᠩᠬᠡᠢ᠌ᠯᠡᠭᠰᠡᠨ ᠨᠢᠭᠡ ᠴᠣᠩᠬᠣᠪᠴᠢ 》 ᠵᠢᠨ ᠭᠥᠯᠢᠶᠡᠨ ᠠᠪᠴᠤ ᠰᠢᠢ᠍ᠳᠪᠦᠷᠢᠯᠡᠬᠦ ᠰᠢᠰᠲ᠋ᠧᠮ᠎ᠳᠤ ᠲᠦᠰᠢᠭᠯᠡᠨ ᠂ 《  ᠪᠦᠭᠦ ᠣᠷᠣᠨ᠎ᠳᠤ ᠨᠡᠢ᠌ᠳᠡᠮ ᠭᠦᠢ᠍ᠴᠡᠳᠬᠡᠬᠦ 》 ᠴᠢᠳᠠᠮᠵᠢ ᠵᠢᠨ ᠬᠡᠰᠡᠭ᠎ᠢ ᠨᠡᠮᠡᠭᠳᠡᠭᠦᠯᠵᠦ ᠂  ᠪᠦᠭᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠣᠨᠳᠣᠣ ᠭᠠᠵᠠᠷ᠎ᠲᠤ ᠣᠷᠣᠯᠠᠨ ᠮᠠᠲ᠋ᠧᠷᠢᠶᠠᠯ ᠬᠤᠷᠢᠶᠠᠬᠤ ᠂  ᠰᠦᠯᠵᠢᠶᠡᠨ ᠳᠡᠭᠡᠷ᠎ᠡ ᠬᠠᠨᠳᠤᠯᠭ᠎ᠠ᠎ᠲᠠᠢ᠎ᠪᠠᠷ ᠭᠦᠢ᠍ᠯᠭᠡᠭᠡᠯᠡᠬᠦ ᠵᠢ ᠪᠡᠶᠡᠯᠡᠭᠦᠯᠪᠡ ; 《  ᠪᠦᠭᠦ ᠣᠷᠣᠨ᠎ᠳᠤ ᠨᠡᠢ᠌ᠳᠡᠮ ᠭᠦᠢ᠍ᠴᠡᠳᠬᠡᠬᠦ 》 ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ ᠂ 《  ᠪᠦᠭᠦ ᠣᠷᠣᠨ᠎ᠳᠤ ᠨᠡᠢ᠌ᠳᠡᠮ ᠭᠦᠢ᠍ᠴᠡᠳᠬᠡᠬᠦ 》 ᠵᠦᠢ᠍ᠯ᠎ᠤᠨ ᠨᠠᠷᠢᠨ ᠳᠠᠨᠭ᠌ᠰᠠ ᠵᠡᠷᠭᠡ ᠵᠢ ᠨᠡᠢ᠌ᠲᠡᠯᠡᠪᠡ ᠃

       ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠂  ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠲᠠᠢ ᠤᠶᠠᠯᠳᠤᠭᠤᠯᠤᠨ ᠂  ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠲᠤ ᠬᠣᠲᠠ ᠪᠠ ᠣᠷᠳᠣᠰ ᠬᠣᠲᠠ᠎ᠳᠤ ᠬᠦᠷᠴᠦ ᠂ 5 ᠬᠣᠰᠢᠭᠤ (  ᠰᠢᠶᠠᠨ ᠂  ᠲᠣᠭᠣᠷᠢᠭ ) ᠵᠢᠨ 27 ᠠᠵᠤ ᠠᠬᠤᠢ᠌ᠯᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ ᠂ 9 ᠲᠤᠰᠬᠠᠢ ᠮᠡᠷᠭᠡᠵᠢᠯᠲᠡᠨ᠎ᠢ ᠰᠤᠷᠪᠤᠯᠵᠢᠯᠠᠨ ᠶᠠᠷᠢᠯᠴᠠᠵᠤ ᠂  ᠨᠡᠢ᠌ᠲᠡ 104 ᠬᠥᠮᠥᠨ᠎ᠲᠠᠢ ᠶᠠᠷᠢᠯᠴᠠᠵᠤ ᠂  ᠦᠨᠳᠦᠰᠦᠨ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ 12 ᠪᠣᠳᠠᠲᠠᠢ ᠬᠦᠴᠢᠷᠳᠡᠯ ᠪᠠ ᠠᠰᠠᠭᠤᠳᠠᠯ᠎ᠤᠨ ᠲᠤᠬᠠᠢ ᠳᠣᠲᠣᠨᠣ ᠴᠢᠬᠡᠴᠢ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠢ᠌ᠭᠤᠯᠬᠤ ᠂  ᠭᠠᠳᠠᠭ᠋ᠠᠳᠤ ᠪᠡᠯᠡ ᠵᠢ ᠶᠡᠬᠡ᠎ᠪᠠᠷ ᠣᠷᠣᠭᠤᠯᠤᠨ ᠠᠪᠴᠢᠷᠠᠬᠤ ᠪᠠ ᠠᠰᠢᠭᠯᠠᠬᠤ ᠂  ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ 10 ᠵᠦᠢ᠍ᠯ᠎ᠤᠨ ᠠᠷᠭ᠋ᠠᠴᠠᠭ᠋ᠠᠬᠤ ᠪᠣᠳᠣᠯᠭ᠎ᠠ ᠠᠷᠭ᠎ᠠ ᠬᠡᠮᠵᠢᠶ᠎ᠡ ᠵᠢ ᠵᠠᠳᠠᠯᠤᠨ ᠳᠤᠷᠠᠳᠪᠠ ᠃

       ᠲᠠᠷᠠᠭ᠋ᠠᠴᠢ ᠵᠢᠨ ᠠᠯᠬᠤᠮ᠎ᠳᠤ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠤᠯᠤᠰ ᠲᠥᠷᠥ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ ᠂  ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠦᠨ ᠂  ᠠᠵᠢᠯᠯᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠵᠤ ᠂ 《  ᠬᠣᠶᠠᠷ ᠶᠡᠬᠡ ᠶᠠᠪᠤᠳᠠᠯ 》᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠲᠥᠪᠯᠡᠷᠡᠭᠦᠯᠵᠦ ᠂  ᠰᠠᠢ᠌ᠨ ᠬᠡᠷᠡᠭᠵᠢᠭᠦᠯᠦᠭᠴᠢ ᠂  ᠰᠠᠢ᠌ᠨ ᠠᠵᠢᠯᠯᠠᠭᠴᠢ ᠂  ᠪᠣᠳᠠᠲᠠᠢ ᠠᠵᠢᠯᠯᠠᠭᠴᠢ ᠪᠣᠯᠣᠨ᠎ᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠠᠭ᠋ᠠᠷᠠᠮᠠᠭ᠎ᠤᠨ ᠬᠤᠭᠤᠴᠠᠭ᠋ᠠᠨ᠎ᠳᠤ 2399 ᠢᠵᠢ ᠲᠠᠸᠠᠷ᠎ᠤᠨ ᠭᠡᠷ ᠪᠠᠢ᠌ᠰᠢᠩ᠎ᠤᠨ ᠠᠷᠠᠯᠵᠢᠶ᠎ᠠ ᠳᠣᠬᠢᠷᠠᠵᠦ ᠶᠡᠷᠦᠩᠬᠡᠢ ᠵᠣᠭᠣᠰ᠎ᠤᠨ ᠲᠣᠭ᠎ᠠ᠎ᠨᠢ 22.6 ᠳ᠋ᠦᠩᠰᠢᠭᠤᠷ ᠲᠥᠭᠥᠷᠢᠭ᠎ᠲᠤ ᠬᠦᠷᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠣᠯᠠᠨ ᠲᠦᠮᠡᠨ᠎ᠤ ᠬᠠᠯᠠᠮᠵᠢᠯᠠᠵᠤ ᠪᠠᠢ᠌ᠭ᠎ᠠ ᠠᠰᠠᠭᠤᠳᠠᠯ᠎ᠳᠤ ᠲᠥᠪᠯᠡᠷᠡᠭᠦᠯᠵᠦ 《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ 》 ᠪᠠᠢ᠌ᠭ᠎ᠠ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠪᠤᠢ
ᠲᠥᠪ᠎ᠤᠨ ᠡᠳ᠋᠎ᠤᠨ ᠵᠠᠰᠠᠭ᠎ᠠᠴᠠ 2023 ᠣᠨ᠎ᠳᠤ 1560 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠳᠡᠮᠵᠢᠵᠦ ᠪᠣᠢ
ᠲᠥᠪ᠎ᠤᠨ ᠡᠳ᠋᠎ᠤᠨ ᠵᠠᠰᠠᠭ᠎ᠠᠴᠠ ᠥᠪᠥᠷ ᠮᠣᠩᠭᠣᠯ᠎ᠤᠨ 2023 ᠣᠨ᠎ᠤ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠵᠢᠨ ᠪᠠᠯᠠ ᠮᠥᠩᠭᠥ ᠵᠢ ᠨᠡᠶ᠋ᠢᠲᠡ 55.07 ᠳ᠋ᠦᠩᠰᠢᠭᠤᠷ ᠲᠥᠭᠥᠷᠢᠭ ᠪᠠᠭᠤᠯᠭ᠋ᠠᠪᠠ
ᠯᠢᠦ ᠬᠤᠸᠠᠨ ᠰᠢᠨ᠄ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠶᠳᠪᠦᠷᠢᠯᠡᠬᠦ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ᠎ᠲᠤ ᠭᠠᠷᠭ᠋ᠠᠬᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ 《ᠲᠠᠪᠤᠨ ᠠᠩᠬᠠᠷᠤᠯ᠎ᠤᠨ ᠲᠥᠪ》᠎ᠢ ᠠᠬᠢᠭᠤᠯᠤᠨ᠎ᠠ
 
            