ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠲᠥᠪ᠎ᠤᠨ ᠡᠳ᠋᠎ᠤᠨ ᠵᠠᠰᠠᠭ᠎ᠠᠴᠠ 2023 ᠣᠨ᠎ᠳᠤ 1560 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠳᠡᠮᠵᠢᠵᠦ ᠪᠣᠢ
ᠨᠡᠶ᠋ᠢᠲᠡᠯᠡᠭᠰᠡᠨ ᠴᠠᠭ᠄ 2023-05-10

       ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠬᠤ ᠵᠢᠨ  ᠲᠤᠰᠠᠳᠠ ᠂  ᠲᠥᠪ᠎ᠤᠨ ᠡᠳ᠋᠎ᠤᠨ ᠵᠠᠰᠠᠭ᠎ᠠᠴᠠ ᠬᠤᠳᠠ ᠬᠥᠳᠡᠭᠡ ᠵᠢ  ᠨᠢᠭᠡᠳᠦᠯᠲᠡᠢ  ᠪᠣᠯᠭ᠋ᠠᠬᠤ ᠂  ᠬᠥᠳᠡᠭᠡ ᠲᠣᠰᠬᠣᠨ ᠵᠶ᠋ᠠᠷ  ᠭᠣᠣᠯ ᠪᠣᠯᠭ᠋ᠠᠬᠤ  ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ ᠪᠠᠢ᠌ᠨ᠎ᠠ ᠃ 2023 ᠣᠨ᠎ᠳᠤ 1560 ᠳ᠋ᠦᠩᠰᠢᠭᠤᠷ ᠲᠥᠭᠥᠷᠢᠭ ᠲᠣᠬᠢᠷᠠᠭᠤᠯᠵᠤ ᠂   ᠳᠡᠭᠡᠷ᠎ᠡ  ᠵᠢᠯ᠎ᠤᠨ᠎ᠬᠢ᠎ᠠᠴᠠ 115 ᠳ᠋ᠦᠩᠰᠢᠭᠤᠷ ᠲᠥᠭᠥᠷᠢᠭ ᠨᠡᠮᠡᠭᠳᠡᠭᠦᠯᠦᠨ ᠂  ᠣᠷᠣᠨ ᠨᠤᠲᠤᠭ᠎ᠤᠨ 《  ᠬᠣᠶᠠᠷ᠎ᠢ ᠬᠡᠯᠲᠦᠷᠢᠭᠦᠯᠵᠦ ᠨᠢᠭᠡ ᠵᠢ  ᠨᠥᠬᠥᠪᠦᠷᠢᠯᠡᠬᠦ》 ᠵᠡᠷᠭᠡ ᠲᠦᠷᠦ ᠵᠢᠨ ᠪᠣᠳᠣᠯᠭ᠎ᠠ ᠵᠢᠨ  ᠨᠠᠢ᠌ᠳᠠᠪᠤᠷᠢᠵᠢᠭᠤᠯᠤᠯᠲᠠ ᠵᠢ ᠲᠡᠮᠵᠢᠵᠤ ᠂  ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ  ᠱᠠᠲᠤᠨ᠎ᠤ  ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ ᠃  ᠨᠢᠭᠡ᠎ᠳᠤ ᠂ 2023 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ  ᠱᠠᠲᠤᠨ᠎ᠤ   ᠰᠤᠷᠭ᠋ᠠᠭᠤᠯᠢ ᠵᠢᠨ ᠰᠣᠷᠣᠭᠴᠢ ᠳᠤᠮᠳᠠᠴᠢ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠰᠠᠭᠤᠷᠢ ᠲᠣᠭ᠎ᠠ ᠵᠢ ᠳᠡᠭᠡᠭᠰᠢᠯᠡᠭᠦᠯᠵᠦ ᠂  ᠪᠠᠭ᠎ᠠ ᠰᠤᠷᠭ᠋ᠠᠭᠤᠯᠢ ᠎ᠳᠤ  ᠵᠢᠯ ᠪᠦᠷᠢ ᠵᠢᠨ  ᠰᠣᠷᠣᠭᠴᠢ ᠳᠤᠮᠳᠠᠴᠢ 650 ᠲᠥᠭᠥᠷᠢᠭ ᠪᠠᠢ᠌ᠭᠰᠠᠨ᠎ᠠᠴᠠ 720 ᠲᠥᠭᠥᠷᠢᠭ ᠪᠣᠯᠭ᠋ᠠᠨ ᠳᠡᠭᠡᠭᠰᠢᠯᠡᠭᠦᠯᠵᠦ ᠂  ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ  ᠵᠢᠯ ᠪᠦᠷᠢ ᠵᠢᠨ  ᠰᠣᠷᠣᠭᠴᠢ ᠳᠤᠮᠳᠠᠴᠢ 850 ᠲᠥᠭᠥᠷᠢᠭ ᠪᠠᠢ᠌ᠭᠰᠠᠨ᠎ᠢ 940 ᠲᠥᠭᠥᠷᠢᠭ ᠪᠣᠯᠭ᠋ᠠᠨ ᠳᠡᠭᠡᠭᠰᠢᠯᠡᠭᠦᠯᠵᠦ ᠂  ᠰᠤᠷᠭ᠋ᠠᠭᠤᠯᠢ ᠵᠢᠨ 《ᠬᠣᠶᠠᠷ᠎ᠢ  ᠬᠦᠩᠭᠡᠷᠡᠭᠦᠯᠬᠦ 》 ᠲᠥᠷᠥ ᠵᠢᠨ ᠪᠣᠳᠣᠯᠭ᠎ᠠ ᠵᠢᠨ  ᠨᠠᠢ᠌ᠳᠠᠪᠤᠷᠢᠵᠢᠭᠤᠯᠤᠯᠲᠠ ᠵᠢ ᠳᠡᠮᠵᠢᠨ ᠂  ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ ᠪᠣᠢ ᠃  ᠬᠣᠶᠠᠷ᠎ᠲᠤ ᠂  ᠪᠠᠢ᠌ᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠵᠢᠨ  ᠪᠠᠢ᠌ᠷᠢ᠎ᠳᠤ ᠰᠠᠭᠤᠬᠤ ᠰᠣᠷᠣᠭᠴᠢ ᠵᠢᠨ ᠲᠣᠭ᠎ᠠ᠎ᠪᠠᠷ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠵᠢᠨ  ᠪᠠᠷᠢᠮᠵᠢᠶ᠎ᠠ ᠵᠢ ᠨᠡᠮᠡᠭᠳᠡᠭᠦᠯᠦᠨ ᠂  ᠵᠢᠯ ᠪᠦᠷᠢ ᠵᠢᠨ  ᠰᠣᠷᠣᠭᠴᠢ ᠳᠤᠮᠳᠠᠴᠢ 200 ᠲᠥᠭᠥᠷᠢᠭ ᠪᠠᠢ᠌ᠭᠰᠠᠨ᠎ᠢ 300 ᠲᠥᠭᠥᠷᠢᠭ ᠪᠣᠯᠭ᠋ᠠᠨ ᠳᠡᠭᠡᠭᠰᠢᠯᠡᠭᠦᠯᠵᠦ ᠂  ᠪᠠᠢ᠌ᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠵᠤ ᠪᠠᠢ᠌ᠨ᠎ᠠ ᠃  ᠭᠤᠷᠪᠠ᠎ᠳᠤ ᠂  ᠤᠮᠠᠷᠠᠲᠤ ᠣᠷᠣᠨ᠎ᠤ ᠰᠤᠷᠭ᠋ᠠᠭᠤᠯᠢ ᠵᠢᠨ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠵᠠᠷᠤᠯᠭ᠎ᠠ ᠵᠢᠨ ᠳᠠᠷᠤᠯᠲᠠ ᠵᠢ ᠬᠥᠩᠭᠡᠷᠡᠭᠦᠯᠬᠦ ᠵᠢᠨ ᠲᠤᠰᠠᠳᠠ ᠂  ᠬᠣᠯᠪᠣᠭᠳᠠᠯ ᠪᠦᠬᠦᠢ ᠮᠤᠵᠢ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ  ᠱᠠᠲᠤᠨ᠎ᠤ  ᠰᠤᠷᠭ᠋ᠠᠭᠤᠯᠢ ᠵᠢᠨ ᠰᠣᠷᠣᠭᠴᠢ ᠳᠤᠮᠳᠠᠴᠢ ᠳᠤᠯᠠᠭ᠋ᠠᠯᠠᠭ᠎ᠠ ᠵᠢᠨ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ ᠵᠢ  ᠳᠡᠭᠡᠭᠰᠢᠯᠡᠭᠦᠯᠪᠡ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠥᠪ᠎ᠤᠨ ᠡᠳ᠋᠎ᠤᠨ ᠵᠠᠰᠠᠭ᠎ᠠᠴᠠ ᠥᠪᠥᠷ ᠮᠣᠩᠭᠣᠯ᠎ᠤᠨ 2023 ᠣᠨ᠎ᠤ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠵᠢᠨ ᠪᠠᠯᠠ ᠮᠥᠩᠭᠥ ᠵᠢ ᠨᠡᠶ᠋ᠢᠲᠡ 55.07 ᠳ᠋ᠦᠩᠰᠢᠭᠤᠷ ᠲᠥᠭᠥᠷᠢᠭ ᠪᠠᠭᠤᠯᠭ᠋ᠠᠪᠠ
ᠯᠢᠦ ᠬᠤᠸᠠᠨ ᠰᠢᠨ᠄ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠶᠳᠪᠦᠷᠢᠯᠡᠬᠦ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ᠎ᠲᠤ ᠭᠠᠷᠭ᠋ᠠᠬᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ 《ᠲᠠᠪᠤᠨ ᠠᠩᠬᠠᠷᠤᠯ᠎ᠤᠨ ᠲᠥᠪ》᠎ᠢ ᠠᠬᠢᠭᠤᠯᠤᠨ᠎ᠠ
ᠥᠪᠥᠷ ᠮᠣᠩᠭᠣᠯ 45 ᠳ᠋ᠦᠩᠰᠢᠭᠤᠷ ᠲᠥᠭᠥᠷᠢᠭ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠪᠠ
ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ᠎ᠤᠨ ᠬᠦᠷᠢᠶᠡᠨ᠎ᠳᠠᠬᠢ 《ᠪᠣᠭᠣᠮᠢ》 ᠬᠦᠴᠢᠷ ᠠᠰᠠᠭᠤᠳᠠᠯ᠎ᠢ ᠰᠢᠢ᠍ᠳᠪᠦᠷᠢᠯᠡᠪᠡ
607.7 ᠳ᠋ᠦᠩᠰᠢᠭᠤᠷ!
 
            