ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ 45 ᠳ᠋ᠦᠩᠰᠢᠭᠤᠷ ᠲᠥᠭᠥᠷᠢᠭ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2023-05-15

       ᠣᠢ᠌ᠷ᠎ᠠ᠎ᠳᠤ ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ  ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠬᠡᠯᠪᠡᠷᠢ᠎ᠪᠠᠷ 2023 ᠣᠨ᠎ᠤ 45 ᠳ᠋ᠦᠩᠰᠢᠭᠤᠷ ᠲᠥᠭᠥᠷᠢᠭ ᠎ᠤᠨ  ᠤᠷᠢᠳᠴᠢᠯᠠᠨ  ᠲᠠᠷᠠᠭ᠋ᠠᠬᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠠᠮᠵᠢᠯᠲᠠ᠎ᠲᠠᠢ᠎ᠪᠠᠷ ᠲᠠᠷᠬᠠᠭ᠋ᠠᠪᠠ ᠃

       ᠡᠭᠦᠨ᠎ᠳᠤ ᠂ 10 ᠵᠢᠯ᠎ᠤᠨ ᠬᠤᠭᠤᠴᠠᠭ᠎ᠠ᠎ᠲᠠᠢ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ 9.78 ᠳ᠋ᠦᠩᠰᠢᠭᠤᠷ ᠲᠥᠭᠥᠷᠢᠭ ᠲᠠᠷᠬᠠᠭ᠋ᠠᠵᠤ ᠂  ᠲᠠᠷᠬᠠᠭ᠋ᠠᠯᠲᠠ ᠵᠢᠨ ᠬᠦᠦ  ᠮᠦᠩᠬᠦ ᠵᠢᠨ ᠨᠣᠷᠮ᠎ᠠ᠎ᠨᠢ 2.98% ᠪᠣᠯᠣᠨ᠎ᠠ; 15 ᠵᠢᠯ᠎ᠤᠨ ᠬᠤᠭᠤᠴᠠᠭ᠎ᠠ᠎ᠲᠠᠢ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ 17.7020 ᠳ᠋ᠦᠩᠰᠢᠭᠤᠷ ᠲᠥᠭᠥᠷᠢᠭ ᠲᠠᠷᠬᠠᠭ᠋ᠠᠵᠤ ᠂  ᠲᠠᠷᠬᠠᠭ᠋ᠠᠯᠲᠠ ᠵᠢᠨ ᠬᠦᠦ ᠮᠦᠩᠬᠦ ᠵᠢᠨ  ᠨᠣᠷᠮ᠎ᠠ᠎ᠨᠢ 3.12% ᠪᠣᠯᠣᠨ᠎ᠠ; 20 ᠵᠢᠯ᠎ᠤᠨ ᠬᠤᠭᠤᠴᠠᠭ᠎ᠠ᠎ᠲᠠᠢ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ 17.5180 ᠳ᠋ᠦᠩᠰᠢᠭᠤᠷ ᠲᠥᠭᠥᠷᠢᠭ ᠲᠠᠷᠬᠠᠭ᠋ᠠᠵᠤ ᠂  ᠲᠠᠷᠬᠠᠭ᠋ᠠᠯᠲᠠ ᠵᠢᠨ ᠬᠦᠦ ᠮᠦᠩᠬᠦ ᠵᠢᠨ  ᠨᠣᠷᠮ᠎ᠠ᠎ᠨᠢ 3.2% ᠪᠣᠯᠣᠨ᠎ᠠ ᠃  ᠳᠠᠭ᠋ᠠᠭ᠋ᠠᠨ ᠪᠣᠷᠣᠯᠠᠭᠤᠯᠤᠭᠰᠠᠨ ᠪᠠᠢ᠌ᠳᠠᠯ᠎ᠠᠴᠠ ᠦᠵᠡᠪᠡᠯ ᠂  ᠪᠠᠩᠬᠢ᠎ᠠᠴᠠ  ᠳᠠᠭ᠋ᠠᠭ᠋ᠠᠨ ᠪᠣᠷᠣᠯᠠᠭᠤᠯᠤᠭᠰᠠᠨ ᠵᠢᠭᠡᠯᠡᠯᠭᠡ ᠵᠢᠨ ᠲᠡᠮᠳᠡᠭᠲᠦ 44.1 ᠳ᠋ᠦᠩᠰᠢᠭᠤᠷ ᠲᠥᠭᠥᠷᠢᠭ᠎ᠲᠤ ᠬᠦᠷᠴᠦ ᠂ 98 %  ᠵᠢ ᠡᠵᠡᠯᠡᠵᠦ ᠪᠠᠢ᠌ᠨ᠎ᠠ ; ᠲᠡᠮᠳᠡᠭᠲᠦ ᠵᠢᠨ ᠬᠤᠳᠠᠯᠳᠤᠭ᠋ᠠᠴᠢᠨ 0.9 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠵᠢᠨ ᠲᠡᠮᠳᠡᠭᠲᠦ ᠵᠢ ᠳᠠᠭ᠋ᠠᠭ᠋ᠠᠨ ᠪᠣᠷᠣᠯᠠᠭᠤᠯᠵᠤ ᠂ 2%᠎ᠢ ᠡᠵᠡᠯᠡᠵᠡᠢ ᠃

       ᠲᠣᠰ ᠪᠦᠯᠦᠭ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ ᠪᠦᠬᠦᠨ᠎ᠢ ᠶᠡᠷᠦᠩᠬᠡᠢ ᠱᠦᠵᠢ  ᠰᠢ ᠵᠢᠨ  ᠫᠢᠩ᠎ᠤᠨ  ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ᠎ᠳᠤ ᠬᠡᠷᠡᠭᠯᠡᠵᠦ ᠂  ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠡᠯᠡ ᠮᠥᠩᠭᠥ ᠵᠢᠨ ᠳᠡᠮᠵᠢᠯᠭᠡ ᠬᠠᠩᠭ᠋ᠠᠨ᠎ᠠ ᠃  ᠬᠦᠷᠢᠶ᠎ᠡ ᠴᠠᠷᠠᠭ᠎ᠠ   ᠬᠤᠪᠢᠶᠠᠨ  ᠦᠵᠡᠪᠡᠯ ᠂  ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠪᠡᠯᠡ ᠮᠥᠩᠭᠥ 16.25 ᠳ᠋ᠦᠩᠰᠢᠭᠤᠷ ᠲᠥᠭᠥᠷᠢᠭ᠎ᠲᠤ ᠬᠦᠷᠴᠦ ᠂ 36% ᠵᠢ  ᠡᠵᠡᠯᠡᠨ᠎ᠡ ; ᠮᠠᠯ᠎ᠤᠨ ᠠᠰᠢᠭ ᠰᠢᠮ᠎ᠡ  ᠲᠠᠷᠢᠶᠠᠯᠠᠩ᠎ᠤᠨ  ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠪᠡᠯᠡ ᠮᠥᠩᠭᠥ 5.2 ᠳ᠋ᠦᠩᠰᠢᠭᠤᠷ ᠲᠥᠭᠥᠷᠢᠭ᠎ᠲᠤ ᠬᠦᠷᠴᠦ ᠂ 11.6% ᠵᠢ ᠡᠵᠡᠯᠡᠨ᠎ᠡ ;  ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠪᠡᠯᠡ ᠮᠥᠩᠭᠥ 2.2 ᠳ᠋ᠦᠩᠰᠢᠭᠤᠷ ᠲᠥᠭᠥᠷᠢᠭ᠎ᠲᠤ ᠬᠦᠷᠴᠦ ᠂ 4.9% ᠵᠢ ᠡᠵᠡᠯᠡᠨ᠎ᠡ ;  ᠤᠮᠠᠷᠠᠰᠢ ᠨᠡᠭᠡᠭᠡᠯᠲᠡ ᠬᠢᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠪᠡᠯᠡ ᠮᠥᠩᠭᠥ 1.2 ᠳ᠋ᠦᠩᠰᠢᠭᠤᠷ ᠲᠥᠭᠥᠷᠢᠭ᠎ᠲᠤ ᠬᠦᠷᠴᠦ ᠂ 2.7% ᠵᠢ ᠡᠵᠡᠯᠡᠨ᠎ᠡ ᠃  ᠡᠭᠦᠨ᠎ᠤ  ᠬᠠᠮᠲᠤ ᠂  ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢᠨ ᠳᠣᠲᠣᠷ᠎ᠠ ᠂  ᠲᠠᠪᠤᠨ ᠶᠡᠬᠡ ᠡᠭᠦᠷᠭᠡ ᠵᠢᠨ  ᠨᠠᠢ᠌ᠳᠠᠪᠤᠷᠢᠵᠢᠭᠤᠯᠤᠯᠲᠠ ᠵᠢ ᠪᠠᠲᠤᠯᠠᠬᠤ ᠵᠠᠰᠠᠭ᠎ᠤᠨ ᠣᠷᠳᠣᠨ᠎ᠤ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ  ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ 15.37 ᠳ᠋ᠦᠩᠰᠢᠭᠤᠷ ᠲᠥᠭᠥᠷᠢᠭ ᠪᠠᠢ᠌ᠵᠤ ᠂ 34.2%᠎ᠢ ᠡᠵᠡᠯᠡᠨ᠎ᠡ ;  ᠲᠡᠮᠦᠷ ᠵᠠᠮ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ 4.5 ᠳ᠋ᠦᠩᠰᠢᠭᠤᠷ ᠲᠥᠭᠥᠷᠢᠭ  ᠪᠠᠢ᠌ᠵᠤ ᠂ 10% ᠵᠢ ᠡᠵᠡᠯᠡᠨ᠎ᠡ;  ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ 0.28 ᠳ᠋ᠦᠩᠰᠢᠭᠤᠷ ᠲᠥᠭᠥᠷᠢᠭ  ᠪᠠᠢ᠌ᠵᠤ ᠂ 0.6% ᠵᠢ ᠡᠵᠡᠯᠡᠨ᠎ᠡ ᠃

       ᠣᠢ᠌ᠯᠠᠭ᠋ᠠᠭᠰᠠᠨ ᠵᠶ᠋ᠠᠷ ᠂  ᠠᠮᠵᠢᠯᠲᠠ᠎ᠲᠠᠢ᠎ᠪᠠᠷ ᠲᠠᠷᠬᠠᠭ᠋ᠠᠭᠰᠠᠨ ᠲᠣᠰ ᠪᠦᠯᠦᠭ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ  ᠪᠥᠬᠥᠨ᠎ᠢ ᠨᠢᠭᠡᠨᠲᠡ  ᠲᠥᠷᠥᠯ ᠵᠦᠢ᠍ᠯ᠎ᠤᠨ ᠬᠠᠷᠢᠶ᠎ᠠ ᠬᠣᠰᠢᠭᠤ ᠰᠢᠶᠠᠨ (ᠲᠣᠭᠣᠷᠢᠭ)᠎ᠳᠤ ᠰᠢᠯᠵᠢᠭᠦᠯᠦᠨ ᠥᠭᠭᠦᠭᠰᠡᠨ ᠪᠠᠢ᠌ᠨ᠎ᠠ ᠃  ᠥᠪᠡᠷᠲᠡᠭᠡᠨ ᠵᠠᠰᠠᠬᠤ ᠣᠷᠣᠨ ᠎ᠠᠴᠠ  ᠱᠠᠭ᠋ᠠᠷᠳᠠᠬᠤ᠎ᠳᠤ᠎ᠪᠠᠨ ᠂  ᠬᠣᠰᠢᠭᠤ ᠰᠢᠶᠠᠨ (ᠲᠣᠭᠣᠷᠢᠭ) ᠵᠢᠴᠢ ᠲᠥᠷᠥᠯ ᠵᠦᠢ᠍ᠯ᠎ᠤᠨ ᠬᠠᠷᠢᠶ᠎ᠠ  ᠨᠢᠭᠡᠴᠢ᠎ᠨᠦᠭᠦᠳ ᠪᠣᠳᠠᠲᠠᠢ  ᠠᠵᠢᠯ᠎ᠤᠨ ᠬᠡᠮᠵᠢᠶ᠎ᠡ ᠵᠢ ᠲᠦᠷᠭᠡᠬᠡᠨ ᠪᠣᠶ ᠪᠣᠯᠭ᠋ᠠᠵᠤ ᠂  ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢᠨ ᠪᠡᠯᠡ ᠣᠷᠤᠭᠤᠯᠤᠯᠲᠠ ᠵᠢ ᠲᠣᠭᠲᠠᠪᠤᠷᠢᠵᠢᠭᠤᠯᠬᠤ ᠂  ᠬᠥᠭᠵᠢᠯᠲᠡ ᠵᠢ ᠠᠬᠢᠭᠤᠯᠬᠤ ᠢᠳᠡᠪᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ  ᠭᠡᠵᠡᠢ ᠃

 

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ᠎ᠤᠨ ᠬᠦᠷᠢᠶᠡᠨ᠎ᠳᠠᠬᠢ 《ᠪᠣᠭᠣᠮᠢ》 ᠬᠦᠴᠢᠷ ᠠᠰᠠᠭᠤᠳᠠᠯ᠎ᠢ ᠰᠢᠢ᠍ᠳᠪᠦᠷᠢᠯᠡᠪᠡ
607.7 ᠳ᠋ᠦᠩᠰᠢᠭᠤᠷ!
ᠣᠶᠣᠨ ᠰᠠᠨᠠᠭ᠋ᠠᠨ᠎ᠤ ᠬᠦᠴᠦᠨ ᠴᠢᠳᠠᠯ᠎ᠢ ᠰᠢᠩᠭᠡᠭᠡᠨ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠨ᠎ᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠬᠣᠶᠠᠷ ᠲᠣᠮᠣ ᠶᠠᠪᠤᠳᠠᠯ》᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ
ᠮᠠᠨ᠎ᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠵᠤ ᠦᠷ᠎ᠡ ᠪᠦᠲᠦᠮᠵᠢ ᠣᠯᠬᠤ ᠵᠢ ᠢᠳᠡᠪᠬᠢᠲᠡᠢ᠎ᠪᠠᠷ ᠠᠬᠢᠭᠤᠯᠵᠤ ᠪᠣᠢ
 
            