ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ᠎ᠤᠨ ᠬᠦᠷᠢᠶᠡᠨ᠎ᠳᠠᠬᠢ 《ᠪᠣᠭᠣᠮᠢ》 ᠬᠦᠴᠢᠷ ᠠᠰᠠᠭᠤᠳᠠᠯ᠎ᠢ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2023-05-16

      ᠣᠢ᠌ᠷ᠎ᠠ᠎ᠳᠤ᠂ ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠡᠭᠦᠷᠭᠡᠯᠡᠭᠰᠡᠨ 《ᠳᠥᠷᠪᠡᠳᠦᠭᠡᠷ ᠦᠶ᠎ᠡ ᠵᠢᠨ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ — ᠨᠠᠲᠷᠢ ᠵᠢᠨ ᠬᠥᠷᠥᠭᠡᠯᠲᠡ ᠵᠢᠨ ᠵᠢᠱ᠌ᠢᠶ᠎ᠡ ᠦᠵᠡᠭᠦᠯᠬᠦ ᠲᠦᠷᠭᠡᠨ ᠵᠤᠤᠬ᠎ᠠ᠎ᠳᠤ ᠬᠡᠷᠡᠭᠯᠡᠬᠦ TP316H ᠬᠠᠯᠠᠭᠤᠨ᠎ᠳᠤ ᠲᠡᠰᠪᠦᠷᠢᠲᠡᠢ ᠬᠡᠲᠦ ᠴᠡᠪᠡᠷ ᠵᠢᠪᠡᠷᠡᠬᠦ ᠦᠭᠡᠢ ᠪᠣᠯᠣᠳ ᠬᠣᠭᠣᠯᠠᠢ ᠵᠢ ᠰᠤᠳᠤᠯᠤᠨ ᠨᠡᠭᠡᠭᠡᠬᠦ》 ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠢᠯᠭ᠋ᠠᠵᠤ ᠬᠣᠷᠢᠶᠠᠨ ᠠᠪᠬᠤ ᠵᠢ ᠤᠷᠤᠭᠰᠢᠲᠠᠢ ᠥᠩᠭᠡᠷᠡᠭᠡᠭᠰᠡᠨ ᠪᠥᠭᠡᠳ 300 ᠲᠦᠮᠡᠨ ᠲᠥᠭᠥᠷᠢᠭ᠎ᠤᠨ ᠲᠤᠰᠠᠯᠠᠮᠵᠢ ᠵᠢᠨ ᠵᠠᠷᠤᠳᠠᠯ ᠣᠯᠣᠭᠰᠠᠨ ᠪᠠᠢ᠌ᠨ᠎ᠠ᠃

      ᠲᠤᠰ ᠲᠦᠷᠦᠯ ᠵᠦᠢ᠍ᠯ᠎ᠨᠢ ᠤᠯᠤᠰ᠎ᠤᠨ ᠳᠣᠲᠣᠭ᠋ᠠᠳᠤ ᠵᠢᠨ ᠳᠥᠷᠪᠡᠳᠦᠭᠡᠷ ᠦᠶ᠎ᠡ ᠵᠢᠨ ᠴᠥᠮ᠎ᠡ ᠵᠢᠨ ᠴᠠᠬᠢᠯᠭ᠋ᠠᠨ᠎ᠤ ᠨᠠᠲᠷᠢ ᠵᠢᠨ ᠬᠥᠷᠥᠭᠡᠯᠲᠡ ᠵᠢᠨ ᠲᠦᠷᠭᠡᠨ ᠵᠤᠤᠬ᠎ᠠ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠬᠡᠷᠡᠭᠯᠡᠬᠦ ᠬᠡᠳᠦ ᠴᠡᠪᠡᠷ ᠨᠠᠷᠢᠨ ᠲᠠᠯᠠᠰᠲᠤ ᠥᠨᠳᠥᠷ ᠳᠤᠯᠠᠭ᠋ᠠᠨ᠎ᠳᠤ ᠲᠡᠰᠪᠦᠷᠢᠲᠡᠢ ᠲᠣᠮᠣ ᠠᠮᠠᠰᠠᠷᠲᠤ ᠵᠢᠪᠡᠷᠡᠬᠦ ᠦᠭᠡᠢ ᠪᠣᠯᠣᠳ ᠬᠣᠭᠣᠯᠠᠢ᠎ᠪᠠᠷ ᠪᠠᠷᠠᠭ᠎ᠠ ᠬᠠᠩᠭ᠋ᠠᠬᠤ 《ᠪᠣᠭᠣᠮᠢ》 ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠡᠨᠡ᠎ᠨᠢ ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠭᠰᠡᠨ᠎ᠢ ᠬᠠᠷᠠᠭᠤᠯᠵᠤ ᠪᠠᠢ᠌ᠨ᠎ᠠ᠃

      ᠣᠢ᠌ᠷ᠎ᠠ ᠵᠢᠨ ᠵᠢᠯ᠎ᠠᠴᠠ ᠨᠠᠭ᠋ᠠᠰᠢ᠂ ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠣᠨᠴᠠ ᠪᠣᠯᠣᠳ ᠬᠠᠪᠲᠠᠰᠤ ᠵᠢᠨ ᠬᠡᠰᠡᠭ᠎ᠨᠢ ᠥᠪᠡᠷᠲᠡᠭᠡᠨ ᠵᠠᠰᠠᠬᠤ ᠣᠷᠣᠨ᠎ᠤ ᠲᠡᠰ᠂ ᠴᠡᠷᠢᠭ᠎ᠤᠨ ᠵᠡᠪᠰᠡᠭ᠎ᠤᠨ ᠪᠦᠯᠦᠭᠯᠡᠯ᠎ᠤᠨ ᠲᠡᠰ᠂ ᠤᠯᠤᠰ᠎ᠤᠨ ᠲᠡᠰ᠎ᠤᠨ ᠰᠤᠳᠤᠯᠭ᠋ᠠᠨ᠎ᠤ ᠰᠡᠳᠦᠪ᠎ᠤᠨ ᠲᠠᠯ᠎ᠠ᠎ᠪᠠᠷ ᠴᠥᠮ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠤ᠂ ᠣᠳᠣᠬᠠᠨ᠎ᠳᠤ ᠦᠷ᠎ᠡ ᠪᠦᠲᠦᠭᠡᠯ᠎ᠢ ᠭᠤᠶᠤᠴᠢᠯᠠᠨ ᠮᠡᠳᠡᠭᠦᠯᠦᠭᠰᠡᠨ ᠰᠤᠳᠤᠯᠭ᠋ᠠᠨ ᠬᠢᠵᠦ ᠪᠠᠢ᠌ᠭ᠎ᠠ ᠲᠦᠷᠦᠯ ᠵᠦᠢ᠍ᠯ ᠨᠡᠢ᠍ᠢ᠍ᠳᠡ 10 ᠪᠤᠢ᠃ ᠡᠭᠦᠨ᠎ᠳᠤ᠂ 300 ᠲᠦᠮᠡᠨ ᠲᠥᠭᠥᠷᠢᠭ᠎ᠠᠴᠠ ᠳᠡᠭᠡᠭᠰᠢᠬᠢ ᠲᠤᠰᠠᠯᠠᠮᠵᠢ ᠵᠢᠨ ᠵᠠᠷᠤᠳᠠᠯ ᠣᠯᠣᠭᠰᠠᠨ ᠲᠥᠷᠥᠯ ᠵᠦᠢ᠍ᠯ ᠨᠡᠶ᠋ᠢᠲᠡ 7 ᠪᠠᠢ᠌ᠵᠤ᠂ ᠶᠡᠷᠦᠩᠬᠡᠢ ᠵᠠᠷᠤᠳᠠᠯ᠎ᠨᠢ 4738 ᠲᠦᠮᠡᠨ ᠲᠥᠭᠥᠷᠢᠭ᠎ᠲᠤ ᠬᠦᠷᠴᠡᠢ᠃

      ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ ᠣᠨᠴᠠ ᠲᠦᠷᠦᠯ᠎ᠤᠨ ᠪᠣᠯᠣᠳ ᠵᠶ᠋ᠠᠨ 《ᠳᠡᠭᠡᠳᠦ᠂ ᠨᠠᠷᠢᠯᠢᠭ᠂ ᠣᠨᠴᠠᠭ᠋ᠠᠢ᠂ ᠰᠢᠯᠢᠳᠡᠭ》 ᠬᠥᠭᠵᠢᠯᠲᠡ ᠵᠢᠨ ᠴᠢᠭᠯᠡᠯ ᠵᠶ᠋ᠡᠷ᠂ ᠮᠡᠷᠭᠡᠵᠢᠯ ᠵᠶ᠋ᠡᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠣᠨᠴᠠ ᠲᠦᠷᠦᠯ᠎ᠤᠨ ᠮᠠᠲ᠋ᠧᠷᠢᠶᠠᠯ᠎ᠤᠨ ᠭᠣᠣᠯᠯᠠᠭᠴᠢ ᠮᠡᠷᠭᠡᠵᠢᠯ᠎ᠤᠨ ᠰᠠᠭᠤᠷᠢ᠎ᠪᠠᠨ ᠤᠯᠠᠮ ᠨᠢᠭᠡ ᠠᠯᠬᠤᠮ ᠪᠠᠲᠤᠳᠬᠠᠪᠠ᠃ ᠳᠡᠯᠡᠬᠡᠢ ᠵᠢᠨ ᠲᠡᠷᠢᠭᠦᠨ᠎ᠤ ᠬᠢᠷᠢ ᠲᠦᠪᠰᠢᠨ᠎ᠲᠠᠢ ᠬᠠᠷᠢᠴᠠᠭᠤᠯᠵᠤ᠂ ᠳᠡᠭᠡᠳᠦ ᠲᠠᠰ᠎ᠤᠨ ᠵᠤᠵᠠᠭ᠋ᠠᠨ ᠬᠠᠨᠠᠲᠤ ᠵᠠᠭ᠋ᠠᠳᠠᠰᠤ ᠦᠭᠡᠢ ᠪᠣᠯᠣᠳ ᠬᠣᠭᠣᠯᠠᠢ ᠵᠢᠨ ᠳᠠᠭ᠋ᠠᠭᠤᠯᠤᠭᠴᠢ᠂ ᠣᠨᠴᠠ ᠲᠥᠷᠥᠯ᠎ᠤᠨ ᠮᠠᠲ᠋ᠧᠷᠢᠶᠠᠯ ᠦᠢ᠍ᠯᠡᠳᠬᠦ ᠰᠢᠨ᠎ᠡ ᠡᠭᠦᠳᠦᠨ ᠠᠬᠢᠭᠤᠯᠤᠭᠴᠢ ᠪᠠ ᠳᠡᠭᠡᠳᠦ ᠲᠠᠰ᠎ᠤᠨ ᠵᠠᠭᠪᠤᠷ᠎ᠤᠨ ᠪᠣᠯᠣᠳ ᠬᠠᠩᠭ᠋ᠠᠭᠴᠢ ᠵᠢ ᠪᠥᠬᠥ ᠲᠠᠯ᠎ᠠ᠎ᠪᠠᠷ ᠪᠣᠶ ᠪᠣᠯᠭ᠋ᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
607.7 ᠳ᠋ᠦᠩᠰᠢᠭᠤᠷ!
ᠣᠶᠣᠨ ᠰᠠᠨᠠᠭ᠋ᠠᠨ᠎ᠤ ᠬᠦᠴᠦᠨ ᠴᠢᠳᠠᠯ᠎ᠢ ᠰᠢᠩᠭᠡᠭᠡᠨ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠨ᠎ᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠬᠣᠶᠠᠷ ᠲᠣᠮᠣ ᠶᠠᠪᠤᠳᠠᠯ》᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ
ᠮᠠᠨ᠎ᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠵᠤ ᠦᠷ᠎ᠡ ᠪᠦᠲᠦᠮᠵᠢ ᠣᠯᠬᠤ ᠵᠢ ᠢᠳᠡᠪᠬᠢᠲᠡᠢ᠎ᠪᠠᠷ ᠠᠬᠢᠭᠤᠯᠵᠤ ᠪᠣᠢ
7 ᠲᠦᠷᠦᠯ ᠵᠦᠢ᠍ᠯ᠎ᠳᠤ ᠭᠡᠷ᠎ᠡ ᠲᠣᠭᠲᠠᠵᠤ ᠶᠡᠷᠦᠩᠬᠡᠢ ᠪᠡᠯᠡ ᠣᠷᠤᠭᠤᠯᠤᠯᠲᠠ᠎ᠨᠢ 21 ᠳ᠋ᠦᠩᠰᠢᠭᠤᠷ ᠲᠥᠭᠥᠷᠢᠭ᠎ᠲᠤ ᠬᠥᠷᠪᠡ 30 ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠠᠬᠤᠢ᠌ᠯᠠᠯ ᠲᠥᠪ ᠬᠣᠲᠠ᠎ᠯᠤᠭ᠎ᠠ ᠬᠠᠮᠲᠤ᠎ᠪᠠᠷ ᠬᠥᠭᠵᠢᠯᠲᠡ ᠵᠢ ᠰᠦᠪᠡᠭᠴᠢᠯᠡᠵᠦ ᠪᠣᠢ
 
            