ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
607.7 ᠳ᠋ᠦᠩᠰᠢᠭᠤᠷ!
ᠨᠡᠶ᠋ᠢᠲᠡᠯᠡᠭᠰᠡᠨ ᠴᠠᠭ᠄ 2023-05-16

       ᠬᠥᠬᠡᠬᠣᠲᠠ ᠪᠣᠭᠣᠮᠲᠠ᠎ᠠᠴᠠ ᠣᠢ᠌ᠯᠠᠭ᠋ᠠᠭᠰᠠᠨ ᠵᠶ᠋ᠠᠷ᠂ ᠡᠨᠡ ᠵᠢᠯ᠎ᠠᠴᠠ  ᠨᠠᠭ᠋ᠠᠰᠢ  ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠵᠢᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠰᠠᠷ᠎ᠠ ᠳᠠᠷᠠᠭ᠋ᠠᠯᠠᠨ ᠰᠠᠢ᠌ᠵᠢᠷᠠᠵᠤ᠂ ᠲᠦᠷᠦᠭᠦᠸ᠋ 4 ᠰᠠᠷ᠎ᠠ ᠵᠢᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠶᠡᠷᠦᠩᠬᠡᠢ ᠥᠷᠲᠡᠭ ᠎ᠨᠢ 607.7 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 45.1%᠎ᠪᠠᠷ ᠨᠡᠮᠡᠭᠳᠡᠨ᠂ ᠪᠥᠬᠥ ᠤᠯᠤᠰ᠎ᠤᠨ ᠭᠠᠳᠠᠭ᠋ᠠᠳᠤ ᠠᠷᠠᠯᠵᠢᠶ᠎ᠠ ᠵᠢᠨ ᠨᠡᠮᠡᠭᠳᠡᠯ᠎ᠤᠨ ᠬᠤᠷᠳᠤᠴᠠ᠎ᠠᠴᠠ 39.3 ᠵᠠᠭᠤᠨ᠎ᠤ  ᠴᠡᠭ  ᠥᠨᠳᠥᠷ ᠪᠣᠯᠵᠠᠢ᠃  ᠡᠭᠦᠨ᠎ᠳᠤ᠂ ᠭᠠᠳᠠᠭ᠋ᠠᠳᠤ ᠭᠠᠷᠭ᠋ᠠᠯᠲᠠ ᠵᠢᠨ ᠥᠷᠲᠡᠭ 233.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 26.6%᠎ᠪᠠᠷ  ᠨᠡᠮᠡᠭᠳᠡᠪᠡ;  ᠭᠠᠳᠠᠭ᠋ᠠᠳᠤ  ᠣᠷᠣᠭᠤᠯᠤᠯᠲᠠ ᠵᠢᠨ  ᠥᠷᠲᠡᠭ 373.9 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 59.6%᠎ᠪᠠᠷ  ᠨᠡᠮᠡᠭᠳᠡᠵᠡᠢ᠃

       ᠠᠷᠠᠯᠵᠢᠶᠠᠨ᠎ᠤ ᠠᠷᠭ᠎ᠠ ᠬᠡᠯᠪᠡᠷᠢ᠎ᠠᠴᠠ ᠦᠵᠡᠪᠡᠯ᠂ ᠡᠩ᠎ᠤᠨ ᠠᠷᠠᠯᠵᠢᠶᠠᠨ᠎ᠤ ᠭᠠᠳᠠᠭ᠋ᠠᠳᠤ ᠣᠷᠤᠭᠤᠯᠤᠯᠲᠠ ᠭᠠᠷᠭ᠋ᠠᠯᠲᠠ 377.7 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 27.7%᠎ᠪᠠᠷ  ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠶᠡᠷᠦᠩᠬᠡᠢ ᠥᠷᠲᠡᠭ᠎ᠤᠨ 62.2%᠎ᠢ ᠡᠵᠡᠯᠡᠪᠡ᠃  ᠠᠳᠠᠯᠢ ᠬᠤᠭᠤᠴᠠᠭ᠋ᠠᠨ᠎ᠳᠤ᠂ ᠬᠢᠯᠢ ᠵᠢᠨ ᠪᠠᠭ᠎ᠠ ᠲᠣᠭ᠋ᠠᠨ᠎ᠤ ᠠᠷᠠᠯᠵᠢᠶᠠᠨ᠎ᠤ ᠭᠠᠳᠠᠭ᠋ᠠᠳᠤ ᠣᠷᠤᠭᠤᠯᠤᠯᠲᠠ ᠭᠠᠷᠭ᠋ᠠᠯᠲᠠ 123.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 161.4%᠎ᠪᠠᠷ  ᠨᠡᠮᠡᠭᠳᠡᠵᠦ᠂ 20.3% ᠵᠢ ᠡᠵᠡᠯᠡᠪᠡ;  ᠭᠠᠢ᠌ᠯᠢ ᠦᠭᠡᠢ ᠪᠠᠷᠠᠭ᠋ᠠᠨ᠎ᠤ ᠭᠦᠢ᠍ᠯᠭᠡᠭᠡ ᠵᠢᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ 80.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ

89.5%᠎ᠪᠠᠷ  ᠨᠡᠮᠡᠭᠳᠡᠵᠦ᠂ 13.2%᠎ᠢ ᠡᠵᠡᠯᠡᠪᠡ᠃  ᠠᠷᠠᠯᠵᠢᠶᠠᠨ᠎ᠤ ᠬᠠᠨᠢᠲᠠᠨ᠎ᠠᠴᠠ ᠠᠪᠴᠤ ᠦᠵᠡᠪᠡᠯ ᠂ ᠮᠣᠩᠭᠣᠯ ᠤᠯᠤᠰ ᠎ᠯᠤᠭ᠎ᠠ ᠵᠢᠨ  ᠭᠠᠳᠠᠭ᠋ᠠᠳᠤ ᠣᠷᠤᠭᠤᠯᠤᠯᠲᠠ ᠭᠠᠷᠭ᠋ᠠᠯᠲᠠ 222.2 ᠳ᠋ᠦᠩᠰᠢᠭᠤᠷ ᠲᠥᠭᠥᠷᠢᠭ᠎ᠲᠤ ᠬᠦᠷᠴᠦ ᠂ ᠠᠳᠠᠯᠢ ᠬᠤᠭᠤᠴᠠᠭ᠋ᠠᠨ᠎ᠤ᠎ᠬᠢ᠎ᠠᠴᠠ 146.5%᠎ᠪᠠᠷ  ᠨᠡᠮᠡᠭᠳᠡᠵᠡᠢ ;  ᠣᠷᠣᠰ ᠎ᠯᠤᠭ᠎ᠠ ᠵᠢᠨ  ᠭᠠᠳᠠᠭ᠋ᠠᠳᠤ ᠣᠷᠤᠭᠤᠯᠤᠯᠲᠠ ᠭᠠᠷᠭ᠋ᠠᠯᠲᠠ 108.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 103.3%᠎ᠪᠠᠷ  ᠨᠡᠮᠡᠭᠳᠡᠪᠡ;  ᠠᠮᠧᠷᠢᠺᠠ ᠎ᠯᠤᠭ᠎ᠠ ᠵᠢᠨ  ᠭᠠᠳᠠᠭ᠋ᠠᠳᠤ ᠣᠷᠤᠭᠤᠯᠤᠯᠲᠠ ᠭᠠᠷᠭ᠋ᠠᠯᠲᠠ 24.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ

21.3%᠎ᠪᠠᠷ  ᠨᠡᠮᠡᠭᠳᠡᠪᠡ᠃  ᠠᠳᠠᠯᠢ ᠬᠤᠭᠤᠴᠠᠭ᠋ᠠᠨ᠎ᠳᠤ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠯᠤᠭ᠎ᠠ ᠵᠢᠨ  ᠭᠠᠳᠠᠭ᠋ᠠᠳᠤ ᠣᠷᠤᠭᠤᠯᠤᠯᠲᠠ ᠭᠠᠷᠭ᠋ᠠᠯᠲᠠ 426.3 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 79.7%᠎ᠪᠠᠷ ᠨᠡᠮᠡᠭᠳᠡᠪᠡ;  ᠡᠸᠦ᠋ᠷᠦᠫᠡ ᠲᠢᠪ᠎ᠤᠨ ᠤᠯᠤᠰ᠎ᠤᠳ᠎ᠤᠨ ᠬᠣᠯᠪᠣᠭ᠎ᠠ᠎ᠯᠤᠭ᠎ᠠ ᠵᠢᠨ  ᠭᠠᠳᠠᠭ᠋ᠠᠳᠤ ᠣᠷᠤᠭᠤᠯᠤᠯᠲᠠ ᠭᠠᠷᠭ᠋ᠠᠯᠲᠠ 28.5 ᠳ᠋ᠦᠩᠰᠢᠭᠤᠷ ᠲᠥᠭᠥᠷᠢᠭ᠎ᠲᠤ ᠬᠦᠷᠴᠦ ᠂ ᠠᠳᠠᠯᠢ ᠬᠤᠭᠤᠴᠠᠭ᠋ᠠᠨ᠎ᠤ᠎ᠬᠢ᠎ᠠᠴᠠ 1.3%᠎ᠪᠠᠷ  ᠨᠡᠮᠡᠭᠳᠡᠪᠡ ᠃

       ᠡᠭᠦᠨ᠎ᠠᠴᠠ ᠭᠠᠳᠠᠨ᠎ᠠ᠂ ᠲᠦᠷᠦᠭᠦᠸ᠋ 4 ᠰᠠᠷ᠎ᠠ᠎ᠳᠤ ᠭᠠᠳᠠᠭ᠋ᠠᠳᠤ᠎ᠳᠤ  ᠭᠠᠷᠭ᠋ᠠᠭᠰᠠᠨ  ᠭᠣᠣᠯ ᠪᠣᠯᠬᠤ ᠲᠠᠸᠠᠷ  ᠪᠣᠯᠬᠤ  ᠮᠠᠰᠢᠨ ᠴᠠᠬᠢᠯᠭ᠋ᠠᠨ᠎ᠤ ᠦᠢ᠍ᠯᠡᠳᠬᠦᠨ᠂ ᠲᠠᠷᠢᠶᠠᠯᠠᠩ᠎ᠤᠨ ᠪᠦᠲᠦᠭᠡᠭᠳᠡᠬᠦᠨ ᠵᠢᠴᠢ ᠪᠣᠯᠣᠳ ᠮᠠᠲ᠋ᠧᠷᠢᠶᠠᠯ᠎ᠤᠨ ᠭᠠᠳᠠᠭ᠋ᠠᠳᠤ ᠭᠠᠷᠭ᠋ᠠᠯᠲᠠ ᠎ᠨᠢ  ᠲᠣᠰ ᠲᠣᠰ 143.6%᠂ 24%᠂ 29.6%᠎ᠪᠠᠷ ᠨᠡᠮᠡᠭᠳᠡᠪᠡ᠃  ᠭᠠᠳᠠᠭ᠋ᠠᠳᠤ᠎ᠠᠴᠠ ᠣᠷᠣᠭᠤᠯᠤᠭᠰᠠᠨ ᠭᠣᠣᠯ ᠪᠣᠯᠬᠤ ᠦᠢ᠍ᠯᠡᠳᠬᠦᠨ  ᠪᠣᠯᠬᠤ  ᠨᠡᠭᠦᠷᠡᠰᠦ ᠂ ᠵᠡᠰ᠎ᠤᠨ ᠬᠦᠳᠡᠷ᠎ᠤᠨ  ᠡᠯᠡᠰᠦ᠂ ᠲᠦᠭᠦᠬᠡᠢ ᠴᠢᠯᠠᠭᠤᠨ ᠲᠤᠰᠤᠨ᠎ᠤ ᠭᠠᠳᠠᠭ᠋ᠠᠳᠤ  ᠣᠷᠣᠭᠤᠯᠤᠯᠲᠠ ᠎ᠨᠢ  ᠨᠡᠯᠢᠶᠡᠳ ᠲᠦᠷᠭᠡᠨ ᠨᠡᠮᠡᠭᠳᠡᠵᠦ ᠂ ᠠᠳᠠᠯᠢ ᠬᠤᠭᠤᠴᠠᠭ᠋ᠠᠨ᠎ᠤ᠎ᠬᠢ᠎ᠠᠴᠠ ᠲᠤᠰ ᠲᠤᠰ 439.3% ᠂ 40.8% ᠂ 92.3% ᠎ᠪᠠᠷ ᠨᠡᠮᠡᠭᠳᠡᠪᠡ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠶᠣᠨ ᠰᠠᠨᠠᠭ᠋ᠠᠨ᠎ᠤ ᠬᠦᠴᠦᠨ ᠴᠢᠳᠠᠯ᠎ᠢ ᠰᠢᠩᠭᠡᠭᠡᠨ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠨ᠎ᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠬᠣᠶᠠᠷ ᠲᠣᠮᠣ ᠶᠠᠪᠤᠳᠠᠯ》᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ
ᠮᠠᠨ᠎ᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠵᠤ ᠦᠷ᠎ᠡ ᠪᠦᠲᠦᠮᠵᠢ ᠣᠯᠬᠤ ᠵᠢ ᠢᠳᠡᠪᠬᠢᠲᠡᠢ᠎ᠪᠠᠷ ᠠᠬᠢᠭᠤᠯᠵᠤ ᠪᠣᠢ
7 ᠲᠦᠷᠦᠯ ᠵᠦᠢ᠍ᠯ᠎ᠳᠤ ᠭᠡᠷ᠎ᠡ ᠲᠣᠭᠲᠠᠵᠤ ᠶᠡᠷᠦᠩᠬᠡᠢ ᠪᠡᠯᠡ ᠣᠷᠤᠭᠤᠯᠤᠯᠲᠠ᠎ᠨᠢ 21 ᠳ᠋ᠦᠩᠰᠢᠭᠤᠷ ᠲᠥᠭᠥᠷᠢᠭ᠎ᠲᠤ ᠬᠥᠷᠪᠡ 30 ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠠᠬᠤᠢ᠌ᠯᠠᠯ ᠲᠥᠪ ᠬᠣᠲᠠ᠎ᠯᠤᠭ᠎ᠠ ᠬᠠᠮᠲᠤ᠎ᠪᠠᠷ ᠬᠥᠭᠵᠢᠯᠲᠡ ᠵᠢ ᠰᠦᠪᠡᠭᠴᠢᠯᠡᠵᠦ ᠪᠣᠢ
ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠠᠢ᠌ᠭᠤᠯᠤᠯᠲᠠ ᠵᠢ ᠴᠢᠩᠭ᠋ᠠᠳᠬᠠᠶ᠎ᠠ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
 
            