ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠬᠣᠶᠠᠷ ᠲᠣᠮᠣ ᠶᠠᠪᠤᠳᠠᠯ》᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ
ᠨᠡᠶ᠋ᠢᠲᠡᠯᠡᠭᠰᠡᠨ ᠴᠠᠭ᠄ 2023-05-17

 

       ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠤᠬᠠᠪᠤᠷᠢᠯᠠᠵᠤ ᠂  ᠵᠠᠯᠠᠭᠤᠴᠤᠳ᠎ᠤᠨ ᠡᠭᠦᠷᠭᠡᠯᠡᠯ᠎ᠢ ᠢᠯᠡᠷᠡᠭᠦᠯᠦᠨ᠎ᠡ ᠃

       ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠭᠤᠯᠭ᠎ᠠ ᠵᠢᠨ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢ᠌ᠯᠠᠩ ᠭᠣᠣᠯ ᠰᠡᠳᠦᠪᠲᠦ ᠬᠥᠮᠦᠵᠢᠯ᠎ᠤᠨ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ ᠂ 5 ᠵᠠᠯᠠᠭᠤ ᠨᠠᠮ᠎ᠤᠨ ᠭᠡᠰᠢᠭᠦᠨ ᠂  ᠺᠠᠳ᠋ᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ ᠲᠥᠷᠥᠭᠳᠡᠯ ᠵᠶ᠋ᠠᠨ ᠰᠣᠯᠢᠯᠴᠠᠵᠠᠢ ᠃

       ᠣᠯᠠᠨ ᠵᠶ᠋ᠠᠷ ᠵᠶ᠋ᠠᠨ ᠰᠤᠳᠤᠯᠤᠨ ᠶᠠᠷᠢᠯᠴᠠᠵᠤ ᠲᠥᠷᠥᠭᠳᠡᠯ ᠵᠶ᠋ᠠᠨ ᠰᠣᠯᠢᠯᠴᠠᠬᠤ᠎ᠪᠠᠷ ᠳᠡᠮᠵᠢᠨ ᠭᠣᠣᠯ ᠰᠡᠳᠦᠪᠲᠦ ᠬᠥᠮᠦᠵᠢᠯ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ ᠎ᠢ ᠨᠠᠩ ᠭᠦᠨᠵᠡᠭᠡᠢ ᠲᠠᠨᠢᠵᠤ ᠂  ᠵᠠᠪᠠᠯ 《ᠦᠵᠡᠯ ᠰᠠᠨᠠᠭ᠎ᠠ ᠵᠢ ᠰᠤᠷᠤᠯᠴᠠᠨ ᠂  ᠨᠠᠮᠴᠢ ᠴᠢᠨᠠᠷ ᠵᠢᠡᠨ ᠴᠢᠩᠭ᠋ᠠᠳᠬᠠᠵᠤ ᠂  ᠦᠢ᠍ᠯᠡᠳᠦᠯᠭᠡ ᠵᠢ ᠴᠢᠬᠤᠯᠠᠴᠢᠯᠠᠨ ᠂  ᠰᠢᠨ᠎ᠡ ᠭᠠᠪᠢᠶ᠎ᠠ ᠪᠠᠢ᠌ᠭᠤᠯᠬᠤ 》  ᠶᠡᠷᠦᠩᠬᠡᠢ ᠱᠠᠭ᠋ᠠᠷᠳᠠᠯᠭ᠎ᠠ ᠵᠢ ᠪᠠᠲᠤ ᠡᠵᠡᠮᠳᠡᠵᠦ ᠂  ᠦᠵᠡᠯ ᠰᠠᠨᠠᠭ᠎ᠠ ᠵᠢ ᠰᠤᠷᠤᠯᠴᠠᠬᠤ ᠳᠤᠮᠳᠠ ᠬᠦᠰᠡᠯᠡᠩ ᠵᠶ᠋ᠡᠨ ᠪᠠᠲᠤᠳᠬᠠᠵᠤ ᠂  ᠨᠠᠮᠴᠢ ᠴᠢᠨᠠᠷ᠎ᠢ ᠴᠢᠩᠭ᠋ᠠᠳᠬᠠᠬᠤ ᠳᠤᠮᠳᠠ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ ᠂  ᠦᠢ᠍ᠯᠡᠳᠦᠯᠭᠡ ᠵᠢ ᠴᠢᠬᠤᠯᠠᠴᠢᠯᠠᠬᠤ ᠳᠤᠮᠳᠠ ᠴᠢᠳᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠰᠢᠨ᠎ᠡ ᠭᠠᠪᠢᠶ᠎ᠠ ᠪᠠᠢ᠌ᠭᠤᠯᠬᠤ ᠳᠤᠮᠳᠠ ᠦᠷᠭᠦᠯᠵᠢᠯᠡᠨ ᠲᠡᠮᠡᠴᠡᠨ᠎ᠡ ᠭᠡᠵᠦ ᠢᠯᠡᠳᠬᠡᠵᠡᠭᠡᠪᠡ ᠃

       ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠂  ᠨᠣᠮ ᠤᠩᠰᠢᠬᠤ ᠠᠩᠭᠢ ᠡᠷᠭᠢᠯᠡᠭᠦ ᠂  ᠲᠤᠰᠬᠠᠢ ᠰᠡᠳᠦᠪᠲᠦ ᠬᠠᠪᠰᠤᠷᠤᠨ ᠵᠢᠯᠤᠭᠣᠳᠬᠤ ᠲᠠᠢ᠌ᠯᠤᠮᠵᠢ ᠵᠢ ᠭᠥᠯᠢᠶᠡᠨ ᠦᠵᠡᠬᠦ ᠁ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ ᠂  ᠰᠤᠷᠤᠯᠴᠠᠬᠤ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ ᠂  ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ ᠂  ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠲᠠᠯ᠎ᠠ᠎ᠪᠠᠷ ᠬᠦᠴᠦ ᠣᠷᠣᠭᠤᠯᠵᠤ ᠂  ᠨᠠᠮ᠎ᠤᠨ ᠰᠢᠨ᠎ᠡ ᠵᠢ ᠡᠭᠦᠳᠬᠦ ᠤᠨᠤᠯ᠎ᠢ ᠬᠦᠰᠡᠯᠡᠩ ᠵᠢᠡᠨ ᠪᠠᠲᠤᠳᠬᠠᠬᠤ ᠂  ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠠ ᠦᠢ᠍ᠯᠡᠳᠦᠯᠭᠡ ᠵᠢ ᠵᠢᠯᠤᠭᠣᠳᠬᠤ ᠂  ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠪᠠ ᠃

       ᠮᠡᠳᠡᠬᠦᠢ᠎ᠨᠢ ᠬᠡᠳᠦᠢ ᠭᠦᠨ ᠪᠣᠯ ᠢᠲᠡᠭᠡᠬᠦᠢ᠎ᠨᠢ ᠲᠡᠳᠦᠢ ᠪᠠᠲᠤ ᠂  ᠬᠢᠬᠦᠢ᠎ᠨᠢ ᠲᠡᠳᠦᠢ ᠵᠣᠷᠢᠭᠲᠠᠢ ᠃  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠭᠣᠣᠯ ᠰᠡᠳᠦᠪᠲᠦ ᠬᠥᠮᠦᠵᠢᠯ ᠥᠷᠨᠢᠭᠦᠯᠬᠦ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠲᠣᠮᠣ ᠶᠠᠪᠤᠳᠠᠯ᠎ᠯᠤᠭ᠎ᠠ ᠨᠢᠭᠲᠠ ᠤᠶᠠᠯᠳᠤᠭᠤᠯᠵᠤ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠪᠣᠳᠠᠲᠤ ᠪᠠᠢ᠌ᠳᠠᠯ ᠂  ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠬᠦ ᠂  ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠡᠷᠭᠡ᠎ᠯᠦᠭᠡ ᠨᠢᠭᠲᠠ ᠤᠶᠠᠯᠳᠤᠭᠤᠯᠵᠤ ᠂  ᠭᠣᠣᠯ ᠰᠡᠳᠦᠪᠲᠦ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠲᠠᠰᠤᠷᠠᠯᠲᠠ ᠦᠭᠡᠢ ᠠᠬᠢᠭᠤᠯᠪᠠ ᠃

      《ᠲᠠᠪᠤᠨ ᠶᠡᠬᠡ ᠡᠭᠦᠷᠭᠡ 》  ᠵᠢᠨ ᠲᠣᠭᠣᠷᠢᠨ᠎ᠳᠤ ᠬᠠᠤᠯᠢ ᠲᠣᠭᠲᠠᠭ᠋ᠠᠬᠤ ᠠᠵᠢᠯ᠎ᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠨᠡ ᠵᠢᠯ᠎ᠤᠨ ᠬᠠᠤᠯᠢ ᠲᠣᠭᠲᠠᠭ᠋ᠠᠬᠤ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠥᠭᠡᠳ ᠪᠠᠰᠠ ᠪᠠᠢ᠌ᠴᠠᠭ᠋ᠠᠨ ᠰᠤᠳᠤᠯᠤᠯᠲᠠ ᠥᠷᠨᠢᠭᠦᠯᠬᠦ ᠵᠢᠨ ᠭᠣᠣᠯ ᠠᠭᠤᠯᠭ᠎ᠠ ᠪᠣᠯᠣᠨ᠎ᠠ ᠃  ᠬᠠᠤᠯᠢ ᠲᠣᠭᠲᠠᠭ᠋ᠠᠯ᠎ᠢ ᠲᠤᠭᠤᠷᠪᠢᠨ ᠪᠢᠴᠢᠬᠦ ᠳᠤᠭᠤᠢ᠌ᠯᠠᠩ ᠪᠠᠢ᠌ᠭᠤᠯᠪᠠ ;  ᠬᠠᠤᠯᠢ ᠲᠣᠭᠲᠠᠭ᠋ᠠᠯ ᠲᠤᠭᠤᠷᠪᠢᠬᠤ ᠠᠵᠢᠯ᠎ᠳᠤ ᠪᠦᠭᠦ ᠶᠠᠪᠤᠴᠠ᠎ᠪᠠᠷ ᠣᠷᠣᠯᠴᠠᠪᠠ ;  ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ ᠂  ᠥᠷᠭᠡᠨ ᠵᠶ᠋ᠡᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠬᠠᠤᠯᠢ ᠲᠣᠭᠲᠠᠭ᠋ᠠᠯ᠎ᠤᠨ ᠠᠭᠤᠯᠭ᠎ᠠ᠎ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠂  ᠣᠳᠣᠬᠠᠨ᠎ᠳᠤ ᠨᠢᠭᠡᠨᠲᠡ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠵᠠᠢ ᠃ 5 ᠰᠠᠷ᠎ᠠ ᠵᠢᠨ ᠰᠡᠭᠦᠯᠴᠢ᠎ᠪᠠᠷ ᠬᠤᠷᠠᠯᠳᠤᠬᠤ ᠭᠡᠵᠦ ᠪᠠᠢ᠌ᠭ᠎ᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠤᠷᠠᠯ ᠳᠡᠭᠡᠷ᠎ᠡ ᠂  ᠪᠠᠢ᠌ᠴᠠᠭ᠋ᠠᠨ ᠰᠤᠳᠤᠯᠤᠯᠲᠠ ᠵᠢᠨ ᠠᠭᠤᠯᠭ᠎ᠠ᠎ᠲᠠᠢ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠵᠢ ᠠᠬᠢᠭᠤᠯᠬᠤ ᠳᠦᠷᠢᠮ 》 ᠎ᠢ ᠬᠣᠶᠠᠳᠠᠭᠢ ᠤᠳᠠᠭ᠎ᠠ ᠬᠢᠨᠠᠨ ᠵᠥᠪᠯᠡᠵᠦ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ 》  ᠵᠡᠷᠭᠡ ᠵᠢ ᠠᠩᠬ᠎ᠠ ᠤᠳᠠᠭ᠎ᠠ ᠬᠢᠨᠠᠨ ᠵᠥᠪᠯᠡᠵᠦ ᠂  ᠨᠠᠮ᠎ᠤᠨ ᠬᠣᠷᠢᠶ᠎ᠠ ᠪᠠᠢ᠌ᠷᠢᠯᠠᠭᠤᠯᠤᠯᠲᠠ᠎ᠲᠠᠢ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠠᠵᠢᠯᠯᠠᠭ᠎ᠠ᠎ᠲᠠᠢ ᠪᠠᠢ᠌ᠬᠤ ᠵᠢ ᠦᠨᠡᠨ ᠬᠦ᠌ ᠪᠡᠶᠡᠯᠡᠭᠦᠯᠪᠡ ᠃

       ᠪᠠᠢ᠌ᠴᠠᠭ᠋ᠠᠨ ᠰᠤᠳᠤᠯᠤᠯᠲᠠ ᠬᠢᠬᠦ ᠪᠣᠯ ᠮᠠᠨ᠎ᠤ ᠨᠠᠮ᠎ᠤᠨ ᠤᠯᠠᠮᠵᠢᠯᠠᠯᠲᠤ ᠡᠷᠳᠡᠨᠢ ᠂  ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠵᠢᠨ ᠦᠨᠳᠦᠰᠦᠨ ᠴᠢᠳᠠᠪᠤᠷᠢ ᠪᠣᠯᠣᠨ᠎ᠠ ᠃  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ ᠂ 12 ᠲᠠᠯ᠎ᠠ ᠵᠢᠨ ᠪᠠᠢ᠌ᠴᠠᠭ᠋ᠠᠨ ᠰᠤᠳᠤᠯᠤᠯᠲᠠ ᠵᠢᠨ ᠠᠭᠤᠯᠭ᠎ᠠ ᠵᠢ ᠴᠢᠩᠭ᠎ᠠ ᠡᠵᠡᠮᠳᠡᠵᠦ ᠂  ᠪᠠᠢ᠌ᠴᠠᠭ᠋ᠠᠨ ᠰᠤᠳᠤᠯᠤᠯᠲᠠ ᠬᠢᠬᠦ ᠵᠢ ᠶᠡᠬᠡ᠎ᠪᠠᠷ ᠥᠷᠨᠢᠭᠦᠯᠬᠦ ᠬᠡᠷᠡᠭᠵᠢᠭᠦᠯᠬᠦ ᠲᠥᠰᠥᠯ᠎ᠢ ᠰᠤᠳᠤᠯᠤᠨ ᠲᠣᠭᠲᠠᠭ᠋ᠠᠵᠤ ᠂ 25 ᠭᠣᠣᠯᠳᠠᠯᠭ᠎ᠠ᠎ᠲᠠᠢ ᠪᠠᠢ᠌ᠴᠠᠭ᠋ᠠᠨ ᠰᠤᠳᠤᠯᠤᠯᠲᠠ ᠵᠢᠨ ᠰᠡᠳᠦᠪ᠎ᠢ ᠲᠣᠭᠲᠠᠭ᠋ᠠᠨ ᠂  ᠣᠳᠣᠬᠠᠨ᠎ᠳᠤ ᠨᠢᠭᠡᠨᠲᠡ 35 ᠤᠳᠠᠭ᠎ᠠ ᠪᠠᠢ᠌ᠴᠠᠭ᠋ᠠᠨ ᠰᠤᠳᠤᠯᠤᠯᠲᠠ ᠬᠢᠵᠡᠢ ᠃  ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠰᠠᠨᠠᠭ᠋ᠠᠴᠢᠯᠠᠭ᠎ᠠ᠎ᠠᠴᠠ᠎ᠪᠠᠨ ᠰᠡᠳᠦᠪ ᠳᠠᠭ᠋ᠠᠭ᠋ᠠᠴᠢᠯᠠᠨ ᠪᠠᠢ᠌ᠴᠠᠭ᠋ᠠᠨ ᠰᠤᠳᠤᠯᠤᠯᠲᠠ ᠬᠢᠵᠦ ᠂  ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠵᠢ ᠶᠡᠬᠡ᠎ᠪᠠᠷ ᠥᠷᠨᠢᠭᠦᠯᠦᠨ ᠂  ᠠᠰᠠᠭᠤᠳᠠᠯ᠎ᠢ ᠶᠡᠬᠡ᠎ᠪᠠᠷ ᠰᠢᠢ᠍ᠳᠪᠦᠷᠢᠯᠡᠵᠦ ᠂  ᠪᠡᠷᠬᠡ ᠰᠡᠳᠦᠪ᠎ᠢ ᠶᠡᠬᠡ᠎ᠪᠠᠷ ᠲᠤᠭᠤᠯᠵᠦ ᠂  ᠲᠤᠭᠤᠰᠢᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠯ ᠪᠡᠷᠬᠡ ᠠᠰᠠᠭᠤᠳᠠᠯ᠎ᠢ ᠬᠦᠴᠦᠯᠡᠨ ᠨᠡᠪᠲᠡᠷᠡᠭᠦᠯᠪᠡ ᠃

       ᠪᠠᠢ᠌ᠴᠠᠭ᠋ᠠᠨ ᠰᠤᠳᠤᠯᠬᠤ ᠳᠤᠭᠤᠢ᠌ᠯᠠᠩ ᠢᠯᠢ ᠂  ᠮᠧᠩ ᠨᠢᠦ ᠰᠦ ᠵᠢᠨ ᠠᠵᠤ ᠠᠬᠤᠢ᠌ᠯᠠᠯ᠎ᠳᠤ ᠬᠦᠷᠴᠦ ᠂  ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠣᠯᠣᠨ ᠮᠧᠩ ᠨᠢᠦ ᠵᠢᠨ ᠶᠢᠰᠦᠳᠦᠭᠡᠷ ᠬᠤᠭᠤᠴᠠᠭ᠋ᠠᠨ᠎ᠤ ᠰᠦ ᠵᠢᠨ ᠲᠠᠯᠬ᠎ᠠ ᠵᠢᠨ ᠦᠢ᠍ᠯᠡᠳᠪᠦᠷᠢ ᠵᠢᠨ 5G ᠲᠣᠭ᠋ᠠᠴᠢᠯᠠᠭᠰᠠᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ ᠂  ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠣᠢ᠌ᠯᠠᠭ᠋ᠠᠭᠰᠠᠨ ᠪᠥᠭᠡᠳ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ ;  ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠥᠷᠨᠢᠭᠦᠯᠵᠦ ᠂  ᠭᠠᠳᠠᠷ ᠮᠤᠵᠢ ᠵᠢᠨ ᠲᠡᠷᠢᠭᠦᠨ᠎ᠤ ᠠᠷᠭ᠎ᠠ ᠬᠢᠳᠡᠯ ᠪᠠ ᠠᠮᠵᠢᠯᠲᠠ᠎ᠲᠠᠢ ᠲᠤᠷᠰᠢᠯᠭ᠎ᠠ ᠵᠢ ᠰᠢᠩᠭᠡᠬᠡᠨ ᠠᠪᠴᠤ ᠲᠣᠯᠢ ᠪᠣᠯᠭ᠋ᠠᠪᠠ ᠁ ᠮᠡᠳᠡᠭᠳᠡᠯ ᠪᠠᠭᠤᠯᠭ᠋ᠠᠬᠤ ᠦᠭᠡᠢ ᠂  ᠤᠷᠢᠳᠴᠢᠯᠠᠨ ᠮᠡᠳᠡᠭᠳᠡᠬᠦ ᠦᠭᠡᠢ ᠂  ᠬᠠᠷᠢᠭᠤ ᠮᠡᠳᠡᠭᠦᠯᠦᠯᠲᠡ ᠵᠢ ᠰᠣᠨᠣᠰᠬᠤ ᠦᠭᠡᠢ ᠂  ᠪᠠᠷ᠎ᠠ ᠪᠣᠯᠵᠤ ᠭᠥᠯᠢᠶᠡᠨ ᠠᠪᠬᠤ ᠦᠭᠡᠢ ᠂  ᠰᠢᠭᠤᠳ ᠦᠨᠳᠦᠰᠦᠨ ᠱᠠᠲᠤᠨ᠎ᠳᠤ ᠬᠦᠷᠬᠦ ᠂  ᠰᠢᠭᠤᠳ ᠲᠤᠬᠠᠢ ᠵᠢᠨ ᠲᠠᠯᠠᠪᠤᠷ᠎ᠲᠤ ᠬᠦᠷᠬᠦ ᠂  ᠪᠠᠢ᠌ᠴᠠᠭ᠋ᠠᠨ ᠰᠤᠳᠤᠯᠬᠤ ᠳᠤᠭᠤᠢ᠌ᠯᠠᠩ 《ᠳᠥᠷᠪᠡ ᠵᠢ ᠪᠠᠢ᠌ᠯᠭ᠋ᠠᠬᠤ ᠦᠭᠡᠢ ᠬᠣᠶᠠᠷ᠎ᠲᠤ ᠰᠢᠭᠤᠳ ᠬᠦᠷᠬᠦ 》  ᠠᠷᠭ᠎ᠠ ᠬᠡᠯᠪᠡᠷᠢ᠎ᠪᠠᠷ ᠳᠠᠮᠵᠢᠭᠤᠯᠤᠨ ᠂  ᠦᠨᠳᠦᠰᠦᠨ ᠱᠠᠲᠤᠨ᠎ᠳᠤ ᠤᠳᠠᠭ᠎ᠠ ᠳᠠᠷᠠᠭ᠋ᠠᠯᠠᠨ ᠭᠦᠨᠵᠡᠭᠡᠢ᠌ᠷᠡᠵᠦ ᠂  ᠠᠷᠭ᠎ᠠ ᠪᠣᠳᠣᠯᠭ᠎ᠠ ᠵᠢ ᠠᠷᠠᠳ ᠲᠦᠮᠡᠨ᠎ᠠᠴᠠ ᠠᠰᠠᠭᠤᠵᠤ ᠂  ᠠᠷᠠᠳ ᠲᠦᠮᠡᠨ᠎ᠤ ᠲᠠᠭᠤᠨ᠎ᠢ ᠰᠣᠨᠣᠰᠴᠤ ᠂  ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ ᠵᠢ ᠦᠨᠡᠨ ᠬᠦ᠌ ᠢᠯᠡᠷᠡᠭᠦᠯᠦᠨ ᠪᠠᠲᠤᠯᠠᠵᠠᠢ ᠃

       ᠪᠠᠢ᠌ᠳᠠᠯ᠎ᠢ ᠲᠣᠳᠣᠷᠬᠠᠢ ᠣᠢ᠌ᠯᠠᠭ᠋ᠠᠵᠤ ᠂  ᠠᠰᠠᠭᠤᠳᠠᠯ᠎ᠢ ᠣᠨᠣᠪᠴᠢᠲᠠᠢ ᠡᠷᠢᠵᠦ ᠂  ᠠᠷᠭ᠎ᠠ ᠪᠣᠳᠣᠯᠭ᠎ᠠ ᠵᠢ ᠪᠣᠳᠠᠲᠠᠢ ᠳᠤᠷᠠᠳᠴᠤ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠭᠰᠡᠨ᠎ᠤ ᠰᠠᠭᠤᠷᠢᠨ ᠳᠡᠭᠡᠷ᠎ᠡ ᠂  ᠰᠤᠳᠠᠯ ᠪᠠᠷᠢᠵᠤ ᠂  ᠡᠪᠡᠳᠴᠢᠨ᠎ᠢ ᠣᠨᠣᠰᠢᠯᠠᠨ ᠂  ᠵᠣᠷ ᠭᠠᠷᠭ᠋ᠠᠵᠤ ᠂  ᠠᠰᠠᠭᠤᠳᠠᠯ᠎ᠢ ᠰᠢᠢ᠍ᠳᠪᠦᠷᠢᠯᠡᠬᠦ᠎ᠳᠤ ᠰᠢᠨ᠎ᠡ ᠰᠡᠳᠬᠢᠴᠡ ᠰᠢᠨ᠎ᠡ ᠠᠷᠭ᠎ᠠ ᠬᠠᠩᠭ᠋ᠠᠪᠠ ᠃

       ᠲᠠᠷᠠᠭ᠋ᠠᠴᠢ ᠵᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠤᠯᠤᠰ ᠲᠥᠷᠥ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ ᠂  ᠬᠠᠤᠯᠢ ᠲᠣᠭᠲᠠᠭ᠋ᠠᠬᠤ ᠂  ᠬᠢᠨᠠᠯᠲᠠ ᠲᠠᠯᠪᠢᠬᠤ ᠂  ᠴᠢᠬᠤᠯᠠ ᠶᠡᠬᠡ ᠵᠦᠢ᠍ᠯᠡᠰ᠎ᠢ ᠲᠣᠭᠲᠠᠭ᠋ᠠᠬᠤ ᠂  ᠲᠥᠯᠥᠭᠡᠯᠡᠭᠴᠢ ᠵᠡᠷᠭᠡ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ ᠂  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠲᠣᠮᠣ ᠶᠠᠪᠤᠳᠠᠯ᠎ᠢ ᠪᠡᠶᠡᠯᠡᠭᠦᠯᠬᠦ᠎ᠳᠤ ᠪᠠᠲᠤ ᠪᠡᠬᠢ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ ᠭᠡᠵᠡᠢ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠵᠤ ᠦᠷ᠎ᠡ ᠪᠦᠲᠦᠮᠵᠢ ᠣᠯᠬᠤ ᠵᠢ ᠢᠳᠡᠪᠬᠢᠲᠡᠢ᠎ᠪᠠᠷ ᠠᠬᠢᠭᠤᠯᠵᠤ ᠪᠣᠢ
7 ᠲᠦᠷᠦᠯ ᠵᠦᠢ᠍ᠯ᠎ᠳᠤ ᠭᠡᠷ᠎ᠡ ᠲᠣᠭᠲᠠᠵᠤ ᠶᠡᠷᠦᠩᠬᠡᠢ ᠪᠡᠯᠡ ᠣᠷᠤᠭᠤᠯᠤᠯᠲᠠ᠎ᠨᠢ 21 ᠳ᠋ᠦᠩᠰᠢᠭᠤᠷ ᠲᠥᠭᠥᠷᠢᠭ᠎ᠲᠤ ᠬᠥᠷᠪᠡ 30 ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠠᠬᠤᠢ᠌ᠯᠠᠯ ᠲᠥᠪ ᠬᠣᠲᠠ᠎ᠯᠤᠭ᠎ᠠ ᠬᠠᠮᠲᠤ᠎ᠪᠠᠷ ᠬᠥᠭᠵᠢᠯᠲᠡ ᠵᠢ ᠰᠦᠪᠡᠭᠴᠢᠯᠡᠵᠦ ᠪᠣᠢ
ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠠᠢ᠌ᠭᠤᠯᠤᠯᠲᠠ ᠵᠢ ᠴᠢᠩᠭ᠋ᠠᠳᠬᠠᠶ᠎ᠠ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠣᠣᠯ ᠰᠡᠳᠦᠪᠲᠦ ᠰᠤᠷᠭ᠋ᠠᠨ ᠬᠥᠮᠦᠵᠢᠯ᠎ᠤᠨ ᠨᠣᠮ ᠤᠩᠰᠢᠬᠤ ᠠᠩᠬᠢ ᠵᠢᠨ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠢᠶᠠ ᠶᠤᠸᠠᠢ ᠹᠤᠩ ᠲᠦᠩᠯᠢᠶᠣᠤ ᠬᠣᠲᠠ᠎ᠳᠤ ᠪᠠᠶ᠋ᠢᠴᠠᠭ᠋ᠠᠨ ᠰᠤᠳᠤᠯᠤᠯᠲᠠ ᠬᠢᠪᠠ
 
            