ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
7 ᠲᠦᠷᠦᠯ ᠵᠦᠢ᠍ᠯ᠎ᠳᠤ ᠭᠡᠷ᠎ᠡ ᠲᠣᠭᠲᠠᠵᠤ ᠶᠡᠷᠦᠩᠬᠡᠢ ᠪᠡᠯᠡ ᠣᠷᠤᠭᠤᠯᠤᠯᠲᠠ᠎ᠨᠢ 21 ᠳ᠋ᠦᠩᠰᠢᠭᠤᠷ ᠲᠥᠭᠥᠷᠢᠭ᠎ᠲᠤ ᠬᠥᠷᠪᠡ 30 ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠠᠬᠤᠢ᠌ᠯᠠᠯ ᠲᠥᠪ ᠬᠣᠲᠠ᠎ᠯᠤᠭ᠎ᠠ ᠬᠠᠮᠲᠤ᠎ᠪᠠᠷ ᠬᠥᠭᠵᠢᠯᠲᠡ ᠵᠢ ᠰᠦᠪᠡᠭᠴᠢᠯᠡᠵᠦ ᠪᠣᠢ
ᠨᠡᠶ᠋ᠢᠲᠡᠯᠡᠭᠰᠡᠨ ᠴᠠᠭ᠄ 2023-05-17

      《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠡᠯ᠎ᠡ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠨᠢ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠶᠠᠪᠤᠴᠠ᠎ᠳᠤ ᠪᠢᠳᠡᠨ᠎ᠳᠤ ᠮᠠᠰᠢ ᠶᠡᠬᠡ ᠬᠠᠪᠰᠤᠷᠤᠯᠭ᠎ᠠ ᠳᠡᠮᠵᠢᠯᠭᠡ ᠦᠵᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠦᠷᠢᠮ ᠵᠡᠷᠭᠡ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢ ᠰᠠᠨᠠᠭᠤᠯᠵᠤ ᠪᠠᠢ᠌ᠨ᠎ᠠ ᠁》 5 ᠳ᠋ᠤᠭ᠋ᠠᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠣᠷᠣᠨ᠎ᠤ ᠳᠣᠲᠣᠨ᠎ᠠ ᠭᠠᠳᠠᠨᠠᠬᠢ ᠠᠮᠢᠳᠤ ᠪᠣᠳᠠᠰ᠎ᠤᠨ ᠡᠮ ᠡᠮᠨᠡᠯᠭᠡ ᠵᠢᠨ 30 ᠬᠥᠲᠥᠴᠢ ᠠᠵᠤ ᠠᠬᠤᠢ᠌ᠯᠠᠯ᠂ ᠬᠡᠯᠬᠢᠶ᠎ᠡ ᠵᠢᠨ ᠭᠣᠣᠯ ᠠᠵᠤ ᠠᠬᠤᠢ᠌ᠯᠠᠯ ᠪᠣᠯᠣᠨ ᠮᠠᠨ᠎ᠤ ᠣᠷᠣᠨ᠎ᠤ ᠭᠣᠣᠯᠳᠠᠯᠭ᠎ᠠ᠎ᠲᠠᠢ ᠠᠢ᠌ᠮᠠᠭ ᠬᠤᠳᠠ᠂ ᠬᠣᠰᠢᠭᠤ ᠰᠢᠶᠠᠨ᠂ ᠬᠦᠷᠢᠶᠡᠯᠡᠩ ᠲᠣᠭᠣᠷᠢᠭ᠎ᠤᠨ ᠬᠠᠷᠢᠭᠤᠴᠠᠯᠭ᠋ᠠᠲᠠᠨ᠎ᠢ ᠤᠷᠢᠵᠤ᠂ ᠬᠥᠬᠡᠬᠣᠲᠠ᠎ᠳᠤ ᠥᠪᠥᠷ ᠮᠣᠩᠭᠣᠯ᠎ᠤᠨ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠵᠢᠶᠦ᠋ᠨ ᠾᠧ ᠡᠷᠡᠭᠦᠯ ᠮᠡᠨᠳᠦ ᠵᠢᠨ ᠬᠤᠪᠢ ᠣᠷᠣᠭᠤᠯᠤᠭᠰᠠᠨ (ᠬᠠᠩᠵᠧᠦ) ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠧᠦ ᠶᠠᠩ ᠶᠦᠨ ᠥᠪᠡᠷ᠎ᠤᠨ ᠰᠠᠨᠠᠯ ᠪᠣᠳᠣᠯ ᠵᠶ᠋ᠠᠨ ᠢᠯᠡᠳᠬᠡᠪᠡ᠃

      ᠲᠤᠬᠠᠢ ᠵᠢᠨ ᠡᠳᠦᠷ ᠠᠮᠢᠳᠤ ᠪᠣᠳᠠᠰ᠎ᠤᠨ ᠡᠮ ᠡᠮᠨᠡᠯᠭᠡ ᠵᠢᠨ 7 ᠲᠥᠷᠥᠯ ᠵᠦᠢ᠍ᠯ᠎ᠳᠤ ᠭᠡᠷ᠎ᠡ ᠲᠣᠭᠲᠠᠵᠤ᠂ ᠨᠡᠶ᠋ᠢᠲᠡ 21 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠬᠢᠲᠠᠳ (ᠮᠣᠩᠭᠣᠯ) ᠡᠮ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ᠂ ᠤᠰᠤᠲᠥ᠋ᠷᠥᠭᠴᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠲᠦᠭᠦᠬᠡᠢ ᠮᠠᠲ᠋ᠧᠷᠢᠶᠠᠯ᠎ᠤᠨ ᠡᠮ᠂ ᠢᠳᠡᠭᠡᠨ᠎ᠤ ᠲᠦᠭᠦᠬᠡᠢ ᠮᠠᠲ᠋ᠧᠷᠢᠶᠠᠯ ᠵᠡᠷᠭᠡ ᠲᠠᠯ᠎ᠠ ᠵᠢ ᠬᠠᠮᠤᠷᠴᠠᠢ᠃

      ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ ᠪᠣᠯ ᠮᠠᠨ᠎ᠤ ᠣᠷᠣᠨ᠎ᠤ ᠭᠣᠣᠯᠳᠠᠯᠭ᠎ᠠ᠎ᠲᠠᠢ 16 ᠠᠵᠤ ᠦᠢ᠍ᠯᠡᠰ᠎ᠤᠨ ᠬᠡᠯᠬᠢᠶ᠎ᠡ ᠵᠢᠨ ᠨᠢᠭᠡ᠎ᠨᠢ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠬᠡᠯᠬᠢᠶ᠎ᠡ ᠮᠠᠶᠢᠭ᠎ᠤᠨ ᠰᠡᠳᠬᠢᠬᠦᠢ᠎ᠪᠠᠷ ᠠᠵᠤ ᠦᠢ᠍ᠯᠡᠰ᠎ᠢ ᠠᠳᠬᠤᠬᠤ ᠶᠡᠬᠡ ᠴᠢᠭᠯᠡᠯ᠂ ᠶᠡᠬᠡ ᠵᠠᠷᠴᠢᠮ᠎ᠢ ᠲᠣᠭᠲᠠᠭ᠋ᠠᠵᠤ᠂ ᠬᠡᠯᠬᠢᠶ᠎ᠡ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠵᠦ᠂ 《ᠬᠣᠶᠠᠷ ᠵᠢᠷᠤᠭ ᠬᠣᠶᠠᠷ ᠬᠥᠮᠥᠷᠭᠡ ᠬᠣᠶᠠᠷ ᠬᠦᠰᠦᠨᠦᠭᠲᠦ》 ᠵᠢᠨ ᠵᠠᠭᠪᠤᠷ ᠵᠶ᠋ᠠᠷ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ᠎ᠠᠴᠠ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠠᠯᠢ ᠣᠯᠠᠨ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠤᠷᠢᠳ ᠬᠣᠵᠢᠳ ᠨᠠᠷᠢᠨ ᠲᠣᠳᠣᠷᠬᠠᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠪᠥᠬᠥ ᠲᠠᠯ᠎ᠠ᠎ᠪᠠᠷ ᠲᠥᠯᠥᠪᠵᠢᠭᠦᠯᠪᠡ᠃ 2022 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠳᠤ ᠠᠮᠢᠳᠤ ᠪᠣᠳᠠᠰ᠎ᠤᠨ ᠡᠮ ᠡᠮᠨᠡᠯᠭᠡ ᠵᠢᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ ᠨᠡᠶ᠋ᠢᠲᠡ 116 ᠪᠣᠯᠵᠤ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠥᠷᠲᠡᠭ᠎ᠨᠢ ᠪᠠᠷᠤᠭ 240 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 11%᠎ᠪᠠᠷ ᠨᠡᠮᠡᠭᠳᠡᠪᠡ᠃

      ᠶᠠᠷᠢᠯᠴᠠᠬᠤ ᠬᠤᠷᠠᠯ ᠳᠡᠭᠡᠷ᠎ᠡ᠂ 14 ᠠᠵᠤ ᠠᠬᠤᠢ᠌ᠯᠠᠯ᠎ᠤᠨ ᠲᠥᠯᠥᠭᠡᠯᠡᠭᠴᠢ ᠥᠪᠥᠷ ᠮᠣᠩᠭᠣᠯ᠎ᠤᠨ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠢᠲᠡᠭᠡᠯ ᠳᠦᠭᠦᠷᠡᠩ ᠪᠠᠢ᠌ᠬᠤ᠎ᠪᠠᠨ ᠢᠯᠡᠳᠬᠡᠭᠰᠡᠨ᠎ᠤ ᠬᠠᠮᠲᠤ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠬᠦᠴᠢᠷ ᠠᠰᠠᠭᠤᠳᠠᠯ ᠵᠶ᠋ᠠᠨ ᠶᠠᠷᠢᠵᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠎ᠠᠴᠠ ᠮᠠᠨ᠎ᠤ ᠣᠷᠣᠨ᠎ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢ᠍ᠯᠡᠰ᠎ᠢ ᠳᠡᠮᠵᠢᠨ ᠲᠡᠳᠬᠦᠬᠦ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠠᠢ᠌ᠯᠪᠤᠷᠢᠯᠠᠭᠰᠠᠨ᠎ᠤ ᠬᠠᠮᠲᠤ ᠦᠨᠡᠨ ᠬᠦ᠌ ᠠᠵᠤ ᠠᠬᠤᠢ᠌ᠯᠠᠯ᠎ᠳᠤ ᠦᠢ᠍ᠯᠡᠴᠢᠯᠡᠬᠦ 《ᠵᠠᠷᠤᠴᠠ》 ᠪᠣᠯᠵᠤ᠂ ᠬᠠᠮᠤᠭ᠎ᠤᠨ ᠦᠨᠡᠨᠴᠢ ᠰᠡᠳᠬᠢᠯ᠂ ᠬᠠᠮᠤᠭ᠎ᠤᠨ ᠪᠣᠳᠠᠲᠠᠢ ᠠᠵᠢᠯᠯᠠᠭ᠎ᠠ᠎ᠪᠠᠷ ᠵᠶ᠋ᠠᠨ᠂ 《ᠬᠡᠯᠬᠢᠶ᠎ᠡ》 ᠵᠢ ᠠᠰᠢᠭᠯᠠᠨ ᠨᠡᠩ ᠤᠯᠠᠨ ᠰᠠᠢ᠌ᠨ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ ᠪᠠ ᠬᠠᠷᠢᠯᠴᠠᠨ᠂ ᠬᠣᠯᠪᠣᠯᠳᠤᠭᠤᠯᠵᠤ᠂ ᠥᠪᠥᠷ ᠮᠣᠩᠭᠣᠯ᠎ᠤᠨ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠴᠣᠭᠴᠠᠯᠠᠨ᠎ᠠ ᠭᠡᠵᠦ ᠢᠯᠡᠳᠬᠡᠵᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠠᠢ᠌ᠭᠤᠯᠤᠯᠲᠠ ᠵᠢ ᠴᠢᠩᠭ᠋ᠠᠳᠬᠠᠶ᠎ᠠ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠣᠣᠯ ᠰᠡᠳᠦᠪᠲᠦ ᠰᠤᠷᠭ᠋ᠠᠨ ᠬᠥᠮᠦᠵᠢᠯ᠎ᠤᠨ ᠨᠣᠮ ᠤᠩᠰᠢᠬᠤ ᠠᠩᠬᠢ ᠵᠢᠨ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠢᠶᠠ ᠶᠤᠸᠠᠢ ᠹᠤᠩ ᠲᠦᠩᠯᠢᠶᠣᠤ ᠬᠣᠲᠠ᠎ᠳᠤ ᠪᠠᠶ᠋ᠢᠴᠠᠭ᠋ᠠᠨ ᠰᠤᠳᠤᠯᠤᠯᠲᠠ ᠬᠢᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠩᠭᠣᠨ ᠲᠣᠮᠢᠯᠠᠭᠰᠠᠨ ᠨᠢᠭᠡᠳᠦᠭᠡᠷ ᠱᠦᠵᠢ ᠪᠣᠯᠤᠨ ᠲᠣᠰᠬᠣᠨ᠎ᠳᠤ ᠰᠠᠭᠤᠭ᠎ᠠ ᠺᠠᠳ᠋ᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠠᠮᠵᠢᠯᠲᠠ᠎ᠲᠠᠢ ᠲᠡᠭᠦᠰᠪᠡ
ᠰᠢ ᠵᠢᠨ ᠫᠢᠩ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠴᠢᠬᠤᠯᠠ ᠶᠡᠬᠡ ᠡᠭᠦᠷᠭᠡ ᠮᠥᠨ
 
            