5 ᠳ᠋ᠤᠭ᠋ᠠᠷ ᠰᠠᠷ᠎ᠠ ᠵᠢᠨ 16᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠬᠦᠷᠴᠦ ᠥᠪᠥᠷ ᠮᠣᠩᠭᠣᠯ᠎ᠤᠨ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠳᠡᠯᠭᠡᠨ ᠪᠣᠷᠣᠯᠠᠭᠤᠯᠬᠤ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠦ ᠂ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠢ᠌ᠴᠢᠨ ᠣᠷᠣᠯᠴᠠᠪᠠ ᠃
ᠶᠠᠩ ᠸᠧᠢ ᠳ᠋ᠦᠩ ᠬᠡᠯᠡᠬᠦ᠎ᠳᠤ᠎ᠪᠠᠨ ᠂ ᠨᠠᠷᠠᠲᠤ ᠲᠡᠮᠳᠡᠭ᠎ᠤᠨ ᠪᠠᠢ᠌ᠭᠤᠯᠤᠯᠲᠠ᠎ᠪᠠᠷ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭ᠋ᠠᠵᠤ ᠂ ᠨᠠᠷᠠᠲᠤ ᠲᠡᠮᠳᠡᠭ᠎ᠢ ᠨᠢᠭᠡᠳᠦᠯᠲᠡᠢ ᠪᠣᠯᠭ᠋ᠠᠬᠤ ᠂ ᠪᠠᠷᠢᠮᠵᠢᠶ᠎ᠠ ᠵᠢ ᠨᠢᠭᠡᠳᠦᠯᠲᠡᠢ ᠪᠣᠯᠭ᠋ᠠᠬᠤ ᠂ ᠪᠣᠭᠣᠳᠠᠯ ᠢ ᠨᠢᠭᠡᠳᠦᠯᠲᠡᠢ ᠪᠣᠯᠭ᠋ᠠᠬᠤ ᠂ ᠤᠬᠠᠭᠤᠯᠭ᠎ᠠ ᠵᠢ ᠨᠢᠭᠡᠳᠦᠯᠲᠡᠢ ᠪᠣᠯᠭ᠋ᠠᠬᠤ ᠂ ᠡᠵᠡᠩᠨᠡᠯᠲᠠ ᠪᠣᠷᠣᠯᠠᠭᠤᠯᠭ᠎ᠠ ᠵᠢ ᠨᠢᠭᠡᠳᠦᠯᠲᠡᠢ ᠪᠣᠯᠭ᠋ᠠᠬᠤ ᠲᠠᠯ᠎ᠠ᠎ᠪᠠᠷ ᠭᠦᠢ᠍ᠴᠡᠳ ᠬᠦᠴᠦ ᠣᠷᠣᠭᠤᠯᠵᠤ ᠂ ᠮᠠᠨ᠎ᠤ ᠣᠷᠣᠨ᠎ᠤ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ᠎ᠢ ᠨᠡᠮᠡᠭᠳᠡᠭᠦᠯᠬᠦ ᠬᠡᠷᠡᠭᠲᠡᠢ᠃ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨᠵᠡᠭᠡᠢ ᠡᠳ᠋ᠰᠢᠭᠦᠯᠬᠦ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠂ ᠦᠷᠳᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ ᠂ ᠪᠦᠬᠦ ᠣᠷᠣᠨ᠎ᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠬᠤ᠎ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠃ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ ᠪᠣᠢ᠌ᠵᠢᠭᠤᠯᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ ᠂ ᠠᠵᠤ ᠠᠬᠤᠢ᠌ᠯᠠᠯ᠎ᠤᠨ 《ᠪᠠᠭ᠎ᠠ᠎ᠠᠴᠠ ᠬᠡᠪᠴᠢᠶᠡᠵᠢᠯ ᠲᠠᠢ᠌ᠰᠢ᠂ ᠬᠡᠪᠴᠢᠶᠡᠵᠢᠯ᠎ᠠᠴᠠ ᠲᠣᠮᠣ ᠲᠠᠢ᠌ᠰᠢ᠂ ᠲᠣᠮᠣ᠎ᠠᠴᠠ ᠬᠦᠴᠦᠷᠬᠡᠭ ᠲᠡᠢ᠌ᠰᠢ᠂ ᠬᠦᠴᠦᠷᠬᠡᠭ᠎ᠠᠴᠠ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ》 ᠵᠢ ᠲᠡᠳᠬᠦᠨ ᠠᠬᠢᠭᠤᠯᠵᠤ ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠦᠨ ᠴᠢᠨᠡᠭᠡᠯᠢᠭᠵᠢᠭᠦᠯᠵᠦ ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠳᠠᠢ᠌ᠴᠢᠯᠠᠬᠤ ᠬᠡᠷᠡᠭᠲᠡᠢ ᠭᠡᠵᠡᠢ ᠃