ᠲᠦᠷᠦᠭᠦᠬᠡᠨ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠯᠢᠦ ᠬᠤᠸᠠᠨ ᠰᠢᠨ 《ᠠᠷᠠᠳ᠎ᠤᠨ ᠶᠠᠷᠢᠶᠠᠨ᠎ᠤ ᠲᠠᠪᠴᠠᠩ》 (2023 ᠣᠨ᠎ᠤ 4 ᠰᠠᠷ᠎ᠠ ᠵᠢᠨ ᠳᠣᠤᠷ᠎ᠠ)᠎ᠳᠤ 《ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠳᠥᠯᠭᠢᠨ ᠠᠬᠢᠭᠤᠯᠵᠤ ᠰᠢᠨ᠎ᠡ ᠳᠡᠭᠲᠡᠷ᠎ᠲᠤ ᠭᠠᠷᠭ᠋ᠠᠶᠠ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ᠃ ᠵᠣᠬᠢᠶᠠᠯ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ 《ᠭᠤᠷᠪᠠᠨ ᠶᠡᠬᠡ ᠡᠭᠦᠷᠭᠡ》᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠣᠯᠤᠭᠰᠠᠨ 《ᠵᠢᠷᠭᠤᠭ᠋ᠠᠨ ᠶᠡᠬᠡ ᠪᠣᠳᠠᠲᠤ ᠦᠷ᠎ᠡ ᠪᠦᠲᠦᠮᠵᠢ》 ᠵᠢ ᠪᠡᠬᠢᠵᠢᠭᠦᠯᠦᠨ ᠥᠷᠭᠡᠳᠬᠡᠪᠡ᠃ ᠰᠢᠨ᠎ᠡ ᠱᠠᠳᠤ ᠦᠶ᠎ᠡ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠶᠡᠷᠦᠩᠬᠡᠢ ᠰᠡᠳᠬᠢᠴᠡ ᠵᠢᠨ 《ᠲᠦᠷᠪᠡᠨ ᠶᠡᠬᠡ ᠠᠷᠭ᠎ᠠ ᠬᠡᠮᠵᠢ᠊ ᠢ᠎ᠡ》 ᠵᠢ ᠡᠵᠡᠮᠳᠡᠵᠦ᠂ ᠳᠠᠷᠠᠭ᠋ᠠᠴᠢ ᠵᠢᠨ ᠠᠯᠬᠤᠮ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠠᠬᠢᠭᠤᠯᠵᠤ ᠰᠢᠨ᠎ᠡ ᠳᠡᠭᠲᠡᠷ᠎ᠲᠤ ᠭᠠᠷᠭ᠋ᠠᠬᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠣᠳᠠᠲᠤ ᠦᠷ᠎ᠡ ᠪᠦᠲᠦᠮᠵᠢ ᠭᠠᠷᠭ᠋ᠠᠬᠤ᠎ᠳᠤ ᠠᠪᠬᠤ 《ᠲᠠᠪᠤᠨ ᠠᠩᠬᠠᠷᠤᠯ᠎ᠤᠨ ᠲᠥᠪ》᠎ᠢ ᠨᠢᠭᠡᠳ ᠨᠢᠭᠡ᠎ᠪᠠᠷ ᠲᠣᠳᠣᠷᠬᠠᠶ᠋ᠢᠯᠠᠨ ᠥᠭᠦᠯᠡᠨ᠎ᠡ᠃ ᠣᠶ᠋ᠢᠯᠠᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠲᠠᠨᠢᠯᠲᠠ᠎ᠪᠠᠨ ᠳᠡᠭᠡᠭᠰᠢᠯᠡᠭᠦᠯᠬᠦ ᠵᠢᠨ ᠲᠥᠯᠥᠭᠡ᠂ 《ᠳᠤᠮᠳᠠᠳᠤ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠣᠨᠴᠠ ᠨᠠᠷᠢᠯᠢᠭ ᠨᠠᠶ᠋ᠢᠷᠠᠭᠤᠯᠭ᠎ᠠ》᠎ᠨᠢ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠰᠢᠨ᠎ᠡ ᠳᠡᠭᠲᠡᠷ᠎ᠲᠤ ᠭᠠᠷᠭ᠋ᠠᠶᠠ》 ᠭᠡᠬᠦ ᠵᠣᠬᠢᠶᠠᠯ᠎ᠢ ᠨᠢᠭᠡᠳ ᠨᠢᠭᠡ᠎ᠪᠠᠷ ᠨᠡᠶ᠋ᠢᠲᠡᠯᠡᠵᠦ᠂ ᠤᠩᠰᠢᠭᠴᠢᠳ᠎ᠲᠤ ᠵᠣᠷᠢᠭᠤᠯᠪᠠ᠃
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ᠎ᠲᠤ ᠭᠠᠷᠭ᠋ᠠᠬᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠣᠳᠠᠲᠤ ᠦᠷ᠎ᠡ ᠪᠦᠲᠦᠮᠵᠢ ᠵᠢ ᠠᠬᠢᠭᠤᠯᠤᠨ᠎ᠠ᠃
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠡᠭᠦᠷᠭᠡ ᠬᠦᠨᠳᠦ ᠨᠦᠰᠡᠷ ᠶᠤᠮ᠃ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠦᠵᠡᠯ ᠰᠠᠨᠠᠭ᠋ᠠᠨ᠎ᠤ ᠤᠬᠠᠮᠰᠠᠷ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠷ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠨᠠᠶ᠋ᠢᠳᠠᠪᠤᠷᠢᠵᠢᠭᠤᠯᠤᠯᠲᠠ ᠵᠢ ᠬᠦᠴᠦᠲᠡᠢ ᠠᠳᠬᠤᠵᠤ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠡᠷᠡᠰ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠡᠬᠢᠯᠡᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
ᠬᠣᠷᠢᠭ᠎ᠠ ᠱᠤᠭᠤᠮ᠎ᠢ ᠰᠠᠬᠢᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠵᠢ ᠦᠷᠭᠦᠯᠵᠢᠯᠡᠨ ᠴᠢᠩᠭ᠋ᠠᠳᠬᠠᠪᠠ᠃ 《ᠨᠢᠭᠡ ᠬᠠᠷᠢᠭᠤᠴᠠᠯᠭ᠎ᠠ》᠂ ᠲᠤᠬᠠᠶ᠋ᠢᠯᠠᠪᠠᠯ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠤᠯᠬᠤ ᠰᠢᠶᠠᠨ᠎ᠤ ᠨᠠᠮ᠎ᠤᠨ ᠬᠣᠷᠢ᠊ ᠢ᠎ᠠ ᠪᠣᠯᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠦᠨᠡᠨᠬᠦ ᠲᠤᠪᠤᠢ᠍ᠢ᠍ᠮ᠎ᠠ ᠪᠠᠶ᠋ᠢᠷᠢᠨ᠎ᠳᠤ ᠲᠠᠯᠪᠢᠬᠤ ᠬᠡᠷᠡᠭᠲᠡᠢ᠃ 《ᠨᠢᠭᠡ ᠲᠣᠭᠲᠠᠴᠠ》 ᠵᠢ ᠨᠠᠶ᠋ᠢᠳᠠᠪᠤᠷᠢᠵᠢᠭᠤᠯᠤᠨ᠎ᠠ᠂ ᠲᠤᠬᠠᠶ᠋ᠢᠯᠠᠪᠠᠯ ᠳᠠᠬᠢᠨ ᠶᠠᠳᠠᠭᠤᠷᠠᠬᠤ ᠵᠢ ᠬᠥᠳᠡᠯᠦᠩᠭᠦᠶ᠎ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠰᠡᠷᠭᠡᠶ᠋ᠢᠯᠡᠵᠦ᠂ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠬᠠᠪᠰᠤᠷᠤᠨ ᠲᠡᠳᠬᠦᠬᠦ ᠵᠢ ᠦᠨᠡᠨᠬᠦ ᠪᠡᠶᠡᠯᠡᠭᠦᠯᠵᠦ᠂ ᠳᠠᠬᠢᠨ ᠶᠠᠳᠠᠭᠤᠷᠠᠬᠤ ᠲᠦᠭᠰᠢᠭᠦᠷᠢ ᠵᠢ ᠴᠤᠬᠤᠶ᠋ᠢᠬᠤ ᠪᠠᠶ᠋ᠢᠳᠠᠯ᠎ᠳᠤᠨᠢ ᠠᠷᠢᠯᠭ᠋ᠠᠨ᠎ᠠ᠃ 《ᠭᠤᠷᠪᠠ ᠵᠢ ᠲᠣᠭᠲᠠᠪᠤᠷᠢᠵᠢᠭᠤᠯᠬᠤ》᠎ᠳᠤ ᠬᠦᠴᠦ ᠲᠠᠯᠪᠢᠨ᠎ᠠ᠂ ᠲᠤᠬᠠᠶ᠋ᠢᠯᠠᠪᠠᠯ ᠲᠦᠷᠦ ᠵᠢᠨ ᠪᠤᠳᠤᠯᠭ᠎ᠠ ᠵᠢ ᠲᠣᠭᠲᠠᠪᠤᠷᠢᠵᠢᠭᠤᠯᠬᠤ᠂ ᠣᠷᠣᠭᠤᠯᠤᠯᠲᠠ ᠵᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠳᠤ ᠬᠦᠴᠦ ᠲᠠᠯᠪᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠲᠦᠷᠦ ᠵᠢᠨ ᠪᠤᠳᠤᠯᠭ᠎ᠠ ᠵᠢᠨ ᠲᠣᠭᠲᠠᠭᠤᠨ᠎ᠢ ᠪᠠᠲᠤᠯᠠᠵᠤ᠂ ᠡᠳ᠋᠎ᠤᠨ ᠵᠠᠰᠠᠭ ᠪᠣᠯᠤᠨ ᠮᠥᠩᠭᠥᠨ ᠭᠦᠢ᠍ᠯᠭᠡᠭᠡᠨ᠎ᠤ ᠣᠷᠣᠭᠤᠯᠤᠯᠲᠠ ᠵᠢᠨ ᠡᠷᠴᠢᠮ᠎ᠢ ᠲᠣᠭᠲᠠᠭᠤᠨ᠎ᠢ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠠᠵᠢᠯ ᠬᠢᠵᠦ ᠠᠵᠢᠯ ᠤᠯᠬᠤ ᠬᠡᠪᠴᠢ᠊ ᠢ᠎ᠡ ᠵᠢ ᠲᠣᠭᠲᠠᠭᠤᠨ᠎ᠢ ᠪᠠᠲᠤᠯᠠᠨ᠎ᠠ᠃ 《ᠲᠦᠷᠪᠡᠨ ᠰᠠᠯᠠᠭ᠎ᠠ ᠬᠦᠴᠦᠨ》᠎ᠢ ᠰᠠᠶ᠋ᠢᠲᠤᠷ ᠬᠡᠷᠡᠭᠯᠡᠬᠦ ᠬᠡᠷᠡᠭᠲᠡᠢ᠂ ᠲᠤᠬᠠᠶ᠋ᠢᠯᠠᠪᠠᠯ ᠵᠡᠭᠦᠨ ᠪᠠᠷᠠᠭᠤᠨ ᠣᠷᠣᠨ᠎ᠤ᠎ᠬᠢᠨ ᠬᠠᠮᠵᠢᠯᠴᠠᠬᠤ᠂ ᠲᠥᠪ᠎ᠤᠨ ᠨᠢᠭᠡᠴᠡ ᠴᠢᠬ ᠲᠣᠭᠲᠠᠭ᠋ᠠᠨ ᠬᠠᠪᠰᠤᠷᠤᠨ ᠲᠡᠳᠬᠦᠬᠦ᠂ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ᠂ ᠨᠡᠶ᠋ᠢᠭᠡᠮ᠎ᠤᠨ ᠬᠦᠴᠦᠨ ᠵᠶ᠋ᠠᠷ ᠬᠠᠪᠰᠤᠷᠤᠨ ᠲᠡᠳᠬᠦᠬᠦ᠂ ᠡᠯ᠎ᠡ ᠲᠠᠯ᠎ᠠ ᠵᠢᠨ ᠠᠵᠢᠯ᠎ᠤᠨ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ ᠬᠡᠷᠡᠭᠲᠡᠢ᠃
ᠬᠥᠭᠵᠢᠯᠲᠡ ᠵᠢ ᠠᠳᠬᠤᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠬᠦᠴᠦᠯᠡᠨ ᠴᠢᠩᠭ᠋ᠠᠳᠬᠠᠬᠤ ᠬᠡᠷᠡᠭᠲᠡᠢ᠃ ᠠᠵᠤ ᠦᠶᠯᠡᠰ᠎ᠢ ᠪᠣᠶ᠋ᠢᠵᠢᠭᠤᠯᠤᠨ ᠳᠡᠭᠡᠭᠰᠢᠯᠡᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠤᠨᠴᠠᠯᠢᠬᠳᠤ ᠳᠠᠪᠠᠭᠤᠯᠢᠭ ᠭᠣᠤᠯᠯᠠᠬᠤ ᠠᠵᠤ ᠦᠶᠯᠡᠰ᠎ᠢ ᠪᠣᠶ᠋ᠢᠵᠢᠭᠤᠯᠤᠨ᠂ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠶ᠋ᠢᠲᠤᠷ ᠬᠢᠵᠦ᠂ ᠪᠥᠬᠥ ᠠᠵᠤ ᠦᠶᠯᠡᠰ᠎ᠤᠨ ᠬᠡᠯᠬᠢᠶᠡᠵᠢᠯ᠎ᠤᠨ ᠨᠡᠭᠡᠭᠡᠨ ᠬᠥᠭᠵᠢᠭᠦᠯᠦᠯᠲᠡ ᠵᠢ ᠠᠬᠢᠭᠤᠯᠤᠨ᠂ ᠲᠠᠷᠢᠶᠠᠯᠠᠩ᠎ᠲᠠᠢ ᠬᠣᠯᠪᠣᠭ᠋ᠠᠯᠠᠨ ᠲᠠᠷᠢᠶᠠᠯᠠᠩ᠎ᠢ ᠳᠠᠶ᠋ᠢᠴᠢᠯᠠᠬᠤ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠦᠷᠢᠶᠡᠨ᠎ᠤ ᠠᠵᠤ ᠠᠬᠤᠶ ᠵᠢ ᠬᠥᠭᠵᠢᠭᠦᠯᠵᠦ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠠᠵᠢᠯ ᠣᠯᠭᠣᠯᠲᠠ ᠵᠢ ᠢᠳᠡᠪᠬᠢᠲᠡᠶ᠎ᠪᠠᠷ ᠥᠷᠭᠡᠳᠬᠡᠵᠦ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠦᠨ᠂ ᠲᠤᠬᠠᠶ ᠵᠢᠨ ᠭᠠᠵᠠᠷ᠎ᠲᠠᠭᠠᠨ ᠤᠢ᠍ᠢ᠍ᠷ᠎ᠠ ᠬᠠᠪᠢ᠎ᠳᠠᠭᠠᠨ ᠠᠵᠢᠯ ᠤᠯᠬᠤ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠠᠵᠢᠯ ᠬᠢᠵᠦ ᠠᠵᠢᠯ ᠤᠯᠬᠤ ᠬᠡᠪᠴᠢᠶ᠎ᠡ ᠵᠢ 3000 ᠲᠦᠮᠡ᠎ᠠᠴᠠ ᠳᠡᠭᠡᠭᠰᠢ ᠬᠥᠮᠦᠨ᠎ᠳᠤ ᠲᠣᠭᠲᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠶ ᠵᠢ ᠬᠥᠭᠵᠢᠭᠦᠯᠵᠦ᠂ ᠶᠠᠳᠠᠭᠤ ᠵᠢ ᠲᠡᠳᠬᠦᠬᠦ ᠵᠦᠢ᠍ᠯᠡᠰ᠎ᠤᠨ ᠡᠳ᠋ ᠬᠦᠷᠦᠨᠭᠭᠡ ᠵᠢᠨ ᠡᠵᠡᠩᠨᠡᠯᠲᠡ ᠬᠠᠮᠢᠶᠠᠷᠤᠯᠲᠠ ᠵᠢ ᠴᠢᠩᠭ᠋ᠠᠳᠬᠠᠵᠤ᠂ ᠵᠣᠯᠭ᠋ᠠᠭᠤᠯᠬᠤ ᠪᠡᠯᠡ ᠮᠥᠩᠭᠥ ᠵᠢᠨ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠶ ᠵᠢᠨ ᠵᠦᠢ᠍ᠯᠡᠰ᠎ᠢ ᠰᠢᠶᠠᠨ᠎ᠤ ᠬᠡᠪᠴᠢᠶᠡᠨ᠎ᠤ ᠠᠵᠤ ᠠᠬᠤᠶ ᠵᠢ ᠪᠤᠵᠠᠭ᠋ᠠᠶ᠋ᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠠᠵᠢᠯ ᠣᠯᠭᠣᠯᠲᠠ ᠵᠢ ᠳᠠᠶ᠋ᠢᠴᠢᠯᠠᠬᠤ ᠮᠥᠷᠲᠡᠭᠡᠨ ᠪᠠᠰᠠ ᠡᠳ᠋᠎ᠤᠨ ᠵᠠᠰᠠᠭ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠬᠥᠳᠡᠯᠮᠦᠷᠢ ᠬᠤᠷᠠᠭᠰᠠᠨ ᠬᠡᠯᠪᠡᠷᠢ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠬᠦ ᠵᠢ ᠲᠡᠮᠵᠢᠨ᠎ᠡ᠃ ᠶᠠᠳᠠᠭᠤ᠎ᠠᠴᠠ ᠠᠩᠭᠢᠵᠢᠷᠠᠭᠤᠯᠬᠤ ᠣᠯᠠᠨ ᠲᠦᠮᠡᠨ᠎ᠤ ᠤᠷ᠎ᠠ ᠴᠢᠳᠠᠪᠤᠷᠢ ᠵᠢᠨ ᠬᠡᠪ ᠴᠢᠨᠠᠷ᠎ᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠲᠠᠩᠰᠠ ᠵᠢ ᠪᠠᠶ᠋ᠢᠭᠤᠯᠤᠨ᠂ ᠬᠦᠰᠡᠯ ᠡᠷᠡᠮᠡᠯᠵᠡᠯ᠎ᠲᠠᠢ ᠶᠠᠳᠠᠭᠤ᠎ᠠᠴᠠ ᠠᠩᠭᠢᠵᠢᠷᠠᠭᠤᠯᠬᠤ ᠣᠯᠠᠨ ᠲᠦᠮᠡᠨ᠎ᠳᠤ ᠴᠥᠮ ᠬᠠᠨᠳᠤᠯᠭ᠋ᠠᠲᠤ ᠴᠢᠨᠠᠷᠲᠠᠶ ᠪᠣᠯᠪᠠᠰᠤᠷᠠᠭᠤᠯᠤᠯ ᠥᠷᠨᠢᠭᠦᠯᠦᠨ᠎ᠡ᠃
ᠬᠥᠭᠵᠢᠯ ᠮᠠᠨᠳᠤᠯ᠎ᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠡᠷᠬᠢᠯᠡᠬᠦ᠎ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠶ ᠲᠦᠯᠬᠢᠨ ᠠᠬᠢᠭᠤᠯᠵᠤ᠂ ᠠᠶ᠋ᠢᠯ ᠲᠣᠰᠬᠣᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠲᠦᠷᠭᠡᠳᠬᠡᠨ᠂ ᠬᠥᠳᠡᠭᠡ ᠲᠣᠰᠬᠣᠨ᠎ᠤ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢᠨ ᠲᠣᠳᠣᠷᠬᠠᠶ ᠬᠠᠭᠤᠳᠠᠰᠤ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠰᠢᠶᠠᠨ᠎ᠤ ᠱᠠᠲᠤᠨ᠎ᠤ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠬᠥᠮᠥᠷᠭᠡ ᠵᠢ ᠲᠡᠭᠦᠯᠳᠡᠷᠵᠢᠭᠦᠯᠦᠨ᠂ ᠲᠠᠷᠢᠶᠠᠴᠢᠳ᠎ᠤᠨ ᠣᠷᠣᠯᠴᠠᠬᠤ ᠲᠣᠭᠲᠠᠴᠠ ᠵᠢ ᠪᠦᠷᠢᠨᠰᠢᠭᠦᠯᠵᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠲᠦᠭᠡᠨ ᠪᠠᠶ᠋ᠢᠭᠤᠯᠤᠯᠲᠠ ᠵᠢ ᠬᠦᠴᠦᠨ ᠵᠶ᠋ᠠᠨ ᠲᠥᠪᠯᠡᠷᠡᠭᠦᠯᠦᠨ ᠤᠷᠢᠳ ᠵᠶ᠋ᠠᠷ ᠰᠠᠶ᠋ᠢᠲᠤᠷ ᠠᠳᠬᠤᠵᠤ᠂ ᠠᠮᠢᠳᠤᠷᠠᠯ᠎ᠳᠤ ᠳᠥᠭᠥᠮ ᠮᠥᠷᠲᠡᠭᠡᠨ ᠦᠢ᠍ᠯᠡᠳᠪᠦᠷᠢᠯᠡᠯ᠎ᠢ ᠠᠬᠢᠭᠤᠯᠬᠤ ᠵᠦᠢ᠍ᠯᠡᠰ᠎ᠢ ᠤᠷᠢᠳ ᠵᠶ᠋ᠠᠷ ᠪᠦᠲᠦᠭᠡᠨ ᠪᠠᠶ᠋ᠢᠭᠤᠯᠤᠨ᠎ᠠ᠃ ᠬᠥᠳᠡᠭᠡ ᠲᠣᠰᠬᠣᠨ᠎ᠤ ᠬᠥᠮᠦᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠬᠥᠳᠡᠭᠡ ᠲᠣᠰᠬᠣᠨ᠎ᠤ ᠡᠷᠦᠬᠡ ᠵᠢᠨ ᠵᠣᠷᠯᠣᠩ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠠᠰᠠᠭᠤᠳᠠᠯ᠎ᠢ ᠣᠶ᠋ᠢᠯᠠᠭ᠋ᠠᠵᠤ ᠭᠠᠳᠠᠭᠰᠢᠯᠠᠭᠤᠯᠬᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠨ ᠬᠠᠮᠠᠭ᠋ᠠᠯᠠᠬᠤ ᠳᠦᠷᠢᠮ᠎ᠢ ᠬᠥᠳᠡᠭᠡ ᠲᠣᠰᠬᠣᠨ᠎ᠤ ᠵᠠᠰᠠᠯᠲᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ 《ᠨᠠᠮ᠎ᠤᠨ ᠪᠠᠶ᠋ᠢᠭᠤᠯᠤᠯᠲᠠ + ᠲᠤᠤᠷᠴᠢᠯᠠᠯ + ᠲᠣᠭ᠋ᠠᠴᠢᠯᠠᠯᠲᠠ》 ᠵᠢ ᠶᠡᠬᠡᠪᠡᠷ ᠠᠬᠢᠭᠤᠯᠵᠤ᠂ ᠥᠨᠳᠥᠷ ᠦᠨ᠎ᠡ᠎ᠲᠠᠢ ᠪᠣᠭᠲᠣᠯᠠᠬᠤ ᠪᠡᠯᠡᠭ᠂ ᠶᠡᠬᠡ᠎ᠪᠠᠷ ᠪᠡᠯᠡᠳᠬᠡᠨ ᠬᠢᠬᠦ ᠵᠡᠷᠭᠡ ᠬᠥᠳᠡᠭᠡ ᠲᠣᠰᠬᠣᠨ᠎ᠤ ᠵᠠᠩ ᠳᠠᠳᠬᠠᠯ᠎ᠢ ᠥᠭᠡᠷᠡᠴᠢᠯᠡᠬᠦ ᠭᠣᠣᠯᠳᠠᠯᠭ᠎ᠠ᠎ᠲᠠᠢ ᠬᠦᠷᠢᠶᠡᠨ᠎ᠤ ᠳᠤᠪᠤᠢ᠍ᠢ᠍ᠮ᠎ᠠ ᠠᠰᠠᠭᠤᠳᠠᠯ᠎ᠢ ᠲᠤᠰᠬᠠᠶ᠋ᠢᠯᠠᠨ ᠵᠠᠰᠠᠬᠤ ᠵᠢ ᠬᠠᠮᠵᠢᠯᠴᠠᠨ ᠠᠬᠢᠭᠤᠯᠤᠨ᠎ᠠ᠃
ᠲᠤᠯᠭ᠋ᠠᠭᠤᠷᠢᠯᠠᠯ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠲᠦᠷᠦ ᠵᠢᠨ ᠪᠤᠳᠤᠯᠭ᠎ᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠦᠨ ᠰᠢᠯᠵᠢᠯᠲᠡ ᠵᠢᠨ ᠦᠶ᠎ᠡ ᠵᠢᠨ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠰᠢᠯᠢᠳᠡᠭᠵᠢᠭᠦᠯᠦᠨ ᠪᠠᠯᠠ ᠮᠥᠩᠭᠥ ᠵᠢᠨ ᠲᠥᠷᠥᠯ ᠵᠦᠶᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠪᠠ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠮᠥᠩᠭᠥᠨ ᠭᠦᠶᠯᠭᠡᠭᠡᠨ᠎ᠤ ᠳᠡᠮᠵᠢᠯᠭᠡ ᠵᠢ ᠵᠣᠯᠭ᠋ᠠᠭᠤᠯᠬᠤ ᠲᠣᠭᠲᠠᠴᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠪᠠ ᠡᠩ᠎ᠤᠨ ᠲᠠᠷᠢᠶᠠᠴᠢᠨ ᠡᠷᠦᠬᠡ ᠵᠢᠨ 《ᠠᠷᠠᠳ᠎ᠢ ᠪᠠᠶᠠᠵᠢᠭᠤᠯᠬᠤ ᠵᠢᠭᠡᠯᠡᠯᠭᠡ》 ᠵᠢᠨ ᠬᠡᠪᠴᠢᠶ᠎ᠡ ᠵᠢ ᠥᠷᠭᠡᠳᠬᠡᠨ᠎ᠡ᠃ ᠡᠯ᠎ᠡ ᠭᠠᠵᠠᠷ᠎ᠤᠨ᠎ᠬᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠰᠠᠨ ᠪᠦᠯᠬᠦᠮ᠂ ᠠᠵᠤ ᠦᠶᠯᠡᠰ᠎ᠤᠨ ᠵᠥᠪᠯᠡᠭᠴᠢ ᠵᠢᠨ ᠳᠤᠭᠤᠶ᠋ᠢᠯᠠᠩ᠎ᠤᠨ ᠦᠶᠯᠡᠳᠦᠯ ᠵᠶ᠋ᠠᠨ ᠰᠠᠶ᠋ᠢᠲᠤᠷ ᠪᠠᠳᠠᠷᠠᠭᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠂ ᠡᠮᠴᠢᠯᠡᠭᠡᠨ᠎ᠤ ᠺᠠᠳ᠋ᠷ ᠴᠢᠳᠠᠪᠤᠷᠢᠲᠠᠨ᠎ᠤ ᠪᠦᠯᠬᠦᠮ ᠮᠠᠶᠢᠭ᠎ᠤᠨ ᠬᠠᠪᠰᠤᠷᠤᠨ ᠲᠡᠳᠬᠦᠬᠦ ᠵᠢ ᠭᠦᠨᠵᠡᠭᠡᠶ ᠠᠬᠢᠭᠤᠯᠤᠨ᠎ᠠ᠃ ᠬᠥᠳᠡᠭᠡ ᠲᠣᠰᠬᠣᠨ᠎ᠤ ᠤᠷᠠᠨ ᠳᠠᠷᠬᠠᠨ᠎ᠢ ᠬᠥᠮᠦᠵᠢᠭᠦᠯᠬᠦ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠢ ᠪᠤᠴᠠᠭ᠋ᠠᠨ ᠠᠪᠴᠢᠷᠠᠬᠤ ᠠᠵᠢᠯᠯᠠᠭ᠎ᠠ ᠪᠠ ᠲᠤᠰᠬᠠᠶ ᠮᠡᠷᠭᠡᠵᠢᠯᠲᠡᠨ ᠵᠶ᠋ᠠᠷ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠠᠵᠢᠯᠯᠠᠭ᠎ᠠ ᠵᠢ ᠡᠬᠢᠯᠡᠭᠦᠯᠦᠨ ᠬᠡᠷᠡᠭᠵᠢᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠬᠢᠨᠠᠨ ᠰᠢᠯᠭ᠋ᠠᠵᠤ ᠦᠨᠡᠯᠡᠨ ᠵᠢᠱ᠌ᠢᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠵᠢᠨ ᠤᠳᠤᠷᠢᠳᠤᠮᠵᠢ ᠵᠢ ᠪᠠᠲᠤᠳᠬᠠᠨ᠎ᠠ᠃ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃
ᠴᠢᠳᠠᠪᠤᠷᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠺᠠᠳ᠋ᠷ᠎ᠤᠨ ᠡᠩᠨᠡᠭᠡᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠨᠠᠮ᠎ᠤᠨ ᠪᠠᠶ᠋ᠢᠭᠤᠯᠤᠯᠲᠠ᠎ᠳᠤ ᠬᠢᠭᠰᠡᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠢ ᠰᠤᠷᠤᠯᠴᠠᠨ ᠲᠤᠤᠱᠯᠠᠭᠤᠯᠬᠤ ᠠᠵᠢᠯ᠎ᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ᠂ ᠴᠢᠩᠭ᠎ᠠ ᠬᠦᠭ ᠠᠶᠠᠰ ᠵᠶ᠋ᠠᠷ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠵᠢ ᠪᠠᠷᠢᠮᠲᠠᠯᠠᠵᠤ᠂ 《ᠲᠦᠷᠪᠡᠨ ᠰᠤᠷᠲᠠᠯ》᠎ᠢ ᠵᠠᠯᠠᠷᠠᠭᠤᠯᠤᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ᠎ᠢ ᠶᠡᠬᠡᠪᠡᠷ ᠪᠠᠳᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠴᠢᠷᠮᠠᠶ᠋ᠢᠨ ᠪᠤᠢ ᠪᠣᠯᠭ᠋ᠠᠵᠤ᠂ ᠪᠦᠯᠬᠦᠮᠳᠡᠨ ᠬᠠᠮᠵᠢᠯᠴᠠᠬᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭ᠋ᠠᠢ᠎ᠪᠠᠷ ᠬᠢᠵᠦ ᠴᠢᠳᠠᠮᠠᠭ᠋ᠠᠢ᠎ᠪᠠᠷ ᠪᠦᠲᠦᠭᠡᠬᠦ ᠠᠮᠢᠳᠤᠯᠢᠭ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ᠃ ᠪᠠᠶ᠋ᠢᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠬᠡᠪᠡᠷ ᠪᠠᠳᠠᠷᠠᠭᠤᠯᠵᠤ᠂ 《ᠦᠨᠳᠦᠰᠦᠨ ᠱᠠᠲᠤᠨ᠎ᠳᠤ ᠶᠠᠪᠤᠬᠤ᠂ ᠰᠤᠷᠲᠠᠯ ᠵᠶ᠋ᠠᠨ ᠬᠤᠪᠢᠷᠠᠭᠤᠯᠬᠤ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ》 ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠯ᠎ᠡ ᠵᠦᠢ᠍ᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠺᠠᠳ᠋ᠷ᠎ᠤᠨ ᠪᠣᠯᠪᠠᠰᠤᠷᠠᠯ᠎ᠢ ᠱᠠᠳᠤ ᠬᠤᠪᠢᠶᠠᠨ ᠲᠦᠷᠦᠯ ᠬᠤᠪᠢᠶᠠᠨ ᠥᠷᠨᠢᠭᠦᠯᠵᠦ᠂ ᠨᠢᠭᠡᠨ ᠰᠠᠯᠠᠭ᠎ᠠ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ᠎ᠪᠠᠷ ᠴᠠᠭ᠋ᠠᠷᠠᠭᠰᠠᠨ᠂ ᠣᠪᠣᠷ ᠰᠤᠷᠲᠠᠯ ᠵᠶ᠋ᠠᠷ ᠴᠠᠭ᠋ᠠᠷᠠᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠺᠠᠳ᠋ᠷ᠎ᠤᠨ ᠡᠩᠨᠡᠭᠡ ᠵᠢ ᠬᠦᠴᠦᠯᠡᠨ ᠪᠠᠶ᠋ᠢᠭᠤᠯᠤᠨ᠎ᠠ᠃