ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠲᠥᠪ᠎ᠤᠨ ᠡᠳ᠋᠎ᠤᠨ ᠵᠠᠰᠠᠭ᠎ᠠᠴᠠ ᠥᠪᠥᠷ ᠮᠣᠩᠭᠣᠯ᠎ᠤᠨ 2023 ᠣᠨ᠎ᠤ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠵᠢᠨ ᠪᠠᠯᠠ ᠮᠥᠩᠭᠥ ᠵᠢ ᠨᠡᠶ᠋ᠢᠲᠡ 55.07 ᠳ᠋ᠦᠩᠰᠢᠭᠤᠷ ᠲᠥᠭᠥᠷᠢᠭ ᠪᠠᠭᠤᠯᠭ᠋ᠠᠪᠠ
ᠨᠡᠶ᠋ᠢᠲᠡᠯᠡᠭᠰᠡᠨ ᠴᠠᠭ᠄ 2023-05-16

     ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠄ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ 7.99 ᠳ᠋ᠦᠩᠰᠢᠭᠤᠷ ᠲᠥᠭᠥᠷᠢᠭ᠎ᠤᠨ ᠲᠥᠪ᠎ᠤᠨ ᠡᠳ᠋᠎ᠤᠨ ᠵᠠᠰᠠᠭ᠎ᠤᠨ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠪᠠᠯᠠ ᠮᠥᠩᠭᠥ ᠵᠢ ᠬᠣᠷᠢᠶᠠᠨ ᠣᠯᠵᠠᠶ᠂ ᠡᠭᠦᠨ᠎ᠤ ᠳᠡᠭᠡᠷ᠎ᠡ ᠨᠢᠭᠡᠨᠲᠡ ᠤᠷᠢᠳᠴᠢᠯᠠᠨ ᠪᠠᠭᠤᠯᠭ᠋ᠠᠭᠰᠠᠨ 47.08 ᠳ᠋ᠦᠩᠰᠢᠭᠤᠷ ᠲᠥᠭᠥᠷᠢᠭ᠎ᠢ ᠨᠡᠮᠡᠪᠡᠯ᠂ 2023 ᠣᠨ᠎ᠳᠤ ᠲᠥᠪ᠎ᠤᠨ ᠡᠳ᠋᠎ᠤᠨ ᠵᠠᠰᠠᠭ᠎ᠠᠴᠠ ᠮᠠᠨ᠎ᠤ ᠣᠷᠣᠨ᠎ᠤ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠪᠠᠯᠠ ᠮᠥᠩᠭᠥ ᠵᠢ ᠨᠡᠶ᠋ᠢᠲᠡ 55.07 ᠳ᠋ᠦᠩᠰᠢᠭᠤᠷ ᠲᠥᠭᠥᠷᠢᠭ ᠪᠠᠭᠤᠯᠭ᠋ᠠᠵᠤ᠂ 2022 ᠣᠨ᠎ᠤ᠎ᠬᠢ᠎ᠠᠴᠠ 2.75 ᠳ᠋ᠦᠩᠰᠢᠭᠤᠷ ᠲᠥᠭᠥᠷᠢᠭ ᠨᠡᠮᠡᠭᠳᠡᠨ᠂ ᠨᠡᠮᠡᠭᠳᠡᠯ᠎ᠤᠨ ᠬᠡᠮᠵᠢᠶ᠎ᠡ᠎ᠨᠢ 5.25%᠎ᠳᠤ ᠬᠦᠷᠴᠡᠶ; 2021 ᠣᠨ᠎ᠤ᠎ᠬᠢ᠎ᠠᠴᠠ 8.13 ᠳ᠋ᠦᠩᠰᠢᠭᠤᠷ ᠲᠥᠭᠥᠷᠢᠭ ᠨᠡᠮᠡᠭᠳᠡᠵᠦ᠂ 17.3% ᠨᠡᠮᠡᠭᠳᠡᠪᠡ᠃
     ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢ 《ᠢᠯᠡᠭᠦᠦ ᠨᠥᠬᠥᠪᠥᠷᠢᠯᠡᠭᠰᠡᠨ》᠎ᠤ ᠵᠡᠷᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠢᠭᠲᠠ ᠬᠠᠮᠵᠢᠯᠴᠠᠨ᠂ ᠣᠯᠠᠨ ᠵᠦᠶᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠠᠯᠠ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢ ᠠᠳᠬᠤᠵᠤ᠂ ᠪᠠᠯᠠ ᠮᠥᠩᠭᠥ ᠵᠢ 《ᠰᠠᠶ᠋ᠢᠲᠤᠷ ᠬᠡᠷᠡᠭᠯᠡᠬᠦ》 ᠵᠢ ᠦᠨᠡᠨ ᠬᠦ᠌ ᠪᠠᠲᠤᠯᠠᠪᠠ — ᠲᠥᠰᠦᠪ᠎ᠤᠨ ᠭᠦᠶᠴᠡᠳᠬᠡᠯ᠎ᠳᠤ ᠬᠢᠨᠠᠯᠲᠠ ᠲᠠᠯᠪᠢᠬᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠡᠯ᠎ᠡ ᠠᠶ᠋ᠢᠮᠠᠭ ᠬᠣᠲᠠ᠎ᠳᠤ ᠴᠠᠭ ᠲᠤᠬᠠᠶ᠎ᠳᠤᠨᠢ ᠰᠡᠵᠢᠭ᠎ᠲᠠᠢ ᠮᠡᠳᠡᠭᠡ ᠵᠠᠩᠭᠢ ᠪᠠᠭᠤᠯᠭ᠋ᠠᠵᠤ᠂ ᠲᠦᠷᠭᠡᠨ ᠰᠡᠷᠡᠮᠵᠢᠯᠡᠭᠦᠯᠬᠦ᠂ ᠠᠯᠳᠠᠭ᠎ᠠ ᠪᠤᠷᠤᠭᠤ ᠵᠢ ᠵᠠᠯᠠᠷᠠᠭᠤᠯᠬᠤ᠎ᠪᠠᠷ ᠳᠠᠮᠵᠢᠭᠤᠯᠤᠨ ᠪᠠᠯᠠ ᠮᠥᠩᠭᠥ ᠵᠢᠨ 《ᠭᠣᠭᠣᠵᠢᠬᠤ》 ᠵᠢ ᠴᠢᠷᠮᠠᠶ᠋ᠢᠨ ᠰᠡᠷᠭᠡᠶ᠋ᠢᠯᠡᠵᠦ᠂ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠵᠢᠨ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ; ᠡᠳ᠋᠎ᠤᠨ ᠵᠠᠰᠠᠭ᠎ᠤᠨ ᠶᠠᠮᠤᠨ᠎ᠤ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ 《ᠬᠦᠴᠢᠷᠳᠡᠯᠲᠡᠶ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠪᠠᠯᠠ ᠮᠥᠩᠭᠥ》 ᠵᠢᠨ ᠲᠥᠷᠥᠯ ᠵᠦᠶᠯ᠎ᠢ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠣᠷᠳᠣ ᠬᠤᠭᠤᠴᠠᠭ᠎ᠠ᠎ᠪᠠᠷ ᠬᠠᠮᠲᠤᠷᠠᠨ ᠬᠢᠨᠠᠨ ᠬᠠᠮᠢᠶᠠᠷᠬᠤ ᠵᠦᠶᠯᠡᠰ᠎ᠲᠤ ᠵᠢᠭᠰᠠᠭ᠋ᠠᠨ ᠣᠷᠣᠭᠤᠯᠵᠤ᠂ ᠪᠥᠬᠥ ᠣᠷᠣᠨ᠎ᠤ ᠬᠦᠴᠢᠷᠳᠡᠯᠲᠡᠶ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠪᠠᠯᠠ ᠮᠥᠩᠭᠥ ᠵᠢᠨ ᠲᠥᠰᠦᠪ᠎ᠢ ᠭᠦᠶᠴᠡᠳᠬᠡᠭᠰᠡᠨ ᠪᠠᠶ᠋ᠢᠳᠠᠯ᠎ᠤᠨ ᠲᠤᠰᠬᠠᠶ ᠪᠠᠶ᠋ᠢᠴᠠᠭ᠋ᠠᠯᠲᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠪᠠᠯᠠ ᠮᠥᠩᠭᠥ ᠵᠢ ᠵᠢᠷᠤᠮᠵᠢᠭᠤᠯᠤᠨ ᠬᠡᠷᠡᠭᠯᠡᠬᠦ ᠵᠢᠨ 《ᠵᠠᠩᠭᠢᠯᠠᠭ᠎ᠠ》 ᠵᠢ ᠠᠳᠬᠤᠨ᠂ ᠪᠠᠯᠠ ᠮᠥᠩᠭᠥ ᠨᠢᠭᠡᠪᠦᠷᠢ ᠵᠢᠨ ᠪᠣᠳᠠᠲᠠᠶ ᠵᠠᠷᠤᠯᠭ᠎ᠠ ᠵᠢᠨ ᠴᠠᠭ ᠬᠤᠭᠤᠴᠠᠭ᠎ᠠ ᠵᠢᠨ ᠴᠢᠬ ᠳᠡᠭᠡᠷ᠎ᠡ᠂ ᠪᠠᠯᠠ ᠮᠥᠩᠭᠥ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠠᠴᠠ ᠦᠷ᠎ᠡ ᠠᠰᠢᠭ ᠤᠯᠬᠤ ᠬᠡᠷᠡᠭᠲᠡᠶ᠃ 2023 ᠣᠨ᠎ᠳᠤ ᠲᠥᠪ᠎ᠤᠨ ᠡᠳ᠋᠎ᠤᠨ ᠵᠠᠰᠠᠭ᠎ᠠᠴᠠ ᠮᠠᠨ᠎ᠤ ᠣᠷᠣᠨ᠎ᠳᠤ ᠤᠷᠢᠳᠴᠢᠯᠠᠨ ᠪᠠᠭᠤᠯᠭ᠋ᠠᠭᠰᠠᠨ 47.08 ᠳ᠋ᠦᠩᠰᠢᠭᠤᠷ ᠲᠥᠭᠥᠷᠢᠭ᠎ᠲᠤ ᠬᠦᠷᠴᠦ᠂ 5 ᠰᠠᠷ᠎ᠠ ᠵᠢᠨ 11᠎ᠤ ᠡᠳᠦᠷ ᠪᠣᠯᠲᠠᠯ᠎ᠠ ᠨᠢᠭᠡᠨᠲᠡ 41% ᠵᠢᠨ ᠵᠠᠷᠤᠯᠭ᠎ᠠ ᠭᠠᠷᠭ᠋ᠠᠵᠤ᠂ ᠰᠢᠭᠤᠳ ᠬᠦᠷᠭᠡᠬᠦ ᠪᠥᠬᠥ ᠪᠠᠯᠠ ᠮᠥᠩᠭᠥ ᠵᠢᠨ ᠳᠣᠲᠣᠷᠠᠬᠢ ᠵᠠᠷᠤᠯᠭ᠎ᠠ ᠵᠢᠨ ᠠᠬᠢᠴᠠ᠎ᠨᠢ ᠡᠮᠦᠨᠡᠰᠢᠯᠡᠪᠡ᠃
     ᠪᠠᠯᠠ ᠮᠥᠩᠭᠥ ᠵᠢ 《ᠲᠦᠷᠭᠡᠨ ᠪᠥᠭᠡᠳ ᠰᠢᠭᠤᠳ ᠬᠦᠷᠭᠡᠬᠦ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ》 ᠬᠡᠷᠡᠭᠯᠡᠭᠡᠨ᠎ᠤ ᠵᠠᠷᠴᠢᠮ ᠶᠣᠰᠣᠭ᠋ᠠᠷ᠂ ᠮᠠᠨ᠎ᠤ ᠣᠷᠣᠨ ᠪᠠᠯᠠ ᠮᠥᠩᠭᠥ ᠵᠢᠨ ᠬᠠᠮᠢᠶᠠᠷᠤᠯᠲᠠ ᠵᠢ ᠴᠢᠩᠭ᠋ᠠᠷᠠᠭᠤᠯᠬᠤ᠎ᠳᠠᠭᠠᠨ᠂ ᠪᠠᠯᠠ ᠮᠥᠩᠭᠥ ᠵᠢᠨ ᠵᠠᠷᠤᠯᠭ᠎ᠠ ᠵᠢᠨ ᠴᠠᠭ ᠲᠤᠬᠠᠶ ᠵᠢᠨ ᠴᠢᠨᠠᠷ᠎ᠢ ᠭᠣᠤᠯᠳᠠᠯᠭ᠎ᠠ᠎ᠲᠠᠢ ᠠᠩᠬᠠᠷᠴᠤ᠂ ᠡᠳ᠋᠎ᠤᠨ ᠵᠠᠰᠠᠭ᠎ᠤᠨ ᠪᠠᠯᠠ ᠮᠥᠩᠭᠥ ᠵᠢ 《ᠲᠦᠷᠭᠡᠨ ᠰᠢᠭ》 ᠲᠠᠷᠬᠠᠭ᠋ᠠᠬᠤ᠎ᠪᠠᠷ ᠳᠠᠮᠵᠢᠭᠤᠯᠤᠨ᠂ ᠬᠦᠴᠢᠷᠳᠡᠯᠲᠡᠶ ᠣᠯᠠᠨ ᠲᠦᠮᠡᠨ᠎ᠤ ᠬᠠᠷᠮᠠᠨ᠎ᠳᠤ 《ᠡᠯᠪᠡᠭ ᠰᠢᠭ》᠂ ᠵᠣᠯ ᠵᠢᠷᠭ᠋ᠠᠯᠲᠤ ᠲᠥᠷᠥᠭᠳᠡᠯ᠎ᠢ 《ᠢᠯᠡᠭᠦᠤ ᠰᠢᠭ》 ᠪᠠᠶ᠋ᠢᠯᠭ᠋ᠠᠬᠤ᠎ᠪᠠᠷ ᠴᠢᠷᠮᠠᠶ᠋ᠢᠨ᠎ᠠ᠃ ᠰᠢᠨ᠎ᠡ ᠵᠢᠯ᠂ ᠴᠠᠭ᠋ᠠᠨ ᠰᠠᠷ᠎ᠠ ᠵᠡᠷᠭᠡ ᠵᠠᠩᠭᠢᠯᠠᠭ᠎ᠠ ᠵᠢᠨ ᠴᠠᠭ ᠬᠤᠭᠤᠴᠠᠭ᠋ᠠᠨ᠎ᠳᠤ᠂ 《ᠰᠡᠳᠬᠢᠯ᠎ᠢ ᠳᠤᠯᠠᠭ᠋ᠠᠴᠠᠭᠤᠯᠬᠤ ᠵᠣᠭᠣᠰ》᠎ᠢ ᠬᠦᠴᠢᠷᠳᠡᠯᠲᠡᠶ ᠣᠯᠠᠨ ᠲᠦᠮᠡᠨ᠎ᠳᠤ ᠡᠷᠲᠡᠬᠡᠨ ᠰᠢᠭᠤᠳ ᠬᠦᠷᠭᠡᠬᠦ ᠵᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠥᠮᠥᠷᠭᠡ ᠵᠢᠨ ᠵᠣᠭᠣᠰ᠎ᠢ ᠲᠤᠰᠬᠠᠶ ᠳᠣᠭᠢᠷᠠᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠲᠠᠢ ᠬᠠᠮᠲᠤᠷᠠᠨ ᠪᠠᠯᠠ ᠮᠥᠩᠭᠥ ᠲᠠᠷᠬᠠᠭ᠋ᠠᠬᠤ ᠡᠳᠦᠷ᠎ᠤᠨ ᠮᠡᠳᠡᠭᠦᠯᠦᠯᠲᠡ᠂ ᠡᠷᠦᠬᠡ ᠵᠢᠨ ᠬᠢᠨᠠᠨ ᠬᠡᠮᠵᠢᠯᠲᠡ ᠵᠢᠨ ᠲᠦᠷᠢᠮ᠎ᠢ ᠪᠠᠶ᠋ᠢᠭᠤᠯᠵᠤ᠂ ᠪᠠᠯᠠ ᠮᠥᠩᠭᠥ ᠵᠢ ᠺᠠᠷᠲ ᠪᠠ ᠡᠷᠦᠬᠡ᠎ᠳᠤ ᠬᠦᠷᠲᠡᠯ᠎ᠡ ᠴᠠᠭ ᠲᠤᠬᠠᠶ᠎ᠳᠤᠨᠢ ᠣᠯᠭᠣᠭᠰᠠᠨ ᠥᠬᠡᠶ ᠭᠠᠵᠠᠷ ᠣᠷᠣᠨ᠎ᠢ ᠴᠠᠭ ᠲᠤᠬᠠᠶ᠎ᠳᠤᠨᠢ ᠵᠠᠷᠯᠠᠨ ᠰᠢᠮᠳᠠᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠰᠢᠶᠳᠪᠦᠷᠢᠯᠡᠬᠦ ᠪᠣᠳᠠᠲᠤ ᠶᠠᠪᠤᠳᠠᠯ᠎ᠢ ᠡᠷᠲᠡᠬᠡᠨ ᠰᠠᠶ᠋ᠢᠲᠤᠷ ᠬᠢᠬᠦ ᠵᠢ ᠦᠨᠡᠨᠬᠦ ᠪᠠᠲᠤᠯᠠᠬᠤ ᠬᠡᠷᠡᠭᠲᠡᠶ᠃
     ᠤᠯᠠᠨ ᠵᠦᠢ᠍ᠯ᠎ᠤᠨ ᠠᠷᠭ᠎ᠠ ᠬᠡᠮᠵᠢ᠊ ᠢ᠎ᠡ ᠵᠢᠨ ᠬᠦᠴᠦᠲᠡᠢ ᠲᠤᠯᠭ᠋ᠠᠭᠤᠷᠢᠯᠠᠯ ᠳᠣᠣᠷ᠎ᠠ᠂ ᠮᠠᠨ᠎ᠤ ᠣᠷᠣᠨ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ 2023 ᠣᠨ᠎ᠤ ᠠᠪᠤᠷᠠᠨ ᠲᠤᠰᠠᠯᠠᠬᠤ ᠨᠥᠬᠥᠪᠥᠷᠢ ᠵᠢᠨ ᠪᠡᠯᠡ ᠮᠥᠩᠭᠥ᠎ᠪᠠᠷ ᠪᠦᠬᠦ ᠣᠷᠣᠨ᠎ᠤ 160 ᠭᠠᠷᠤᠢ ᠲᠦᠮᠡᠨ ᠬᠦᠴᠢᠷᠳᠡᠯᠲᠡᠢ ᠤᠯᠠᠨ ᠲᠦᠮᠡᠨ᠎ᠳᠤ ᠠᠰᠢᠭ ᠬᠦᠷᠲᠡᠭᠡᠵᠡᠢ᠃ ᠡᠭᠦᠨ᠎ᠳᠤ᠂ 30 ᠭᠠᠷᠤᠶ ᠲᠦᠮᠡᠨ ᠨᠢᠭᠡ ᠬᠣᠶᠠᠳᠤᠭ᠋ᠠᠷ ᠳᠡᠰ᠎ᠤᠨ ᠬᠦᠨᠳᠦ ᠵᠡᠮᠳᠡᠭ ᠬᠥᠮᠦᠨ᠂ 16 ᠲᠦᠮᠡᠨ 80 ᠨᠠᠰᠤᠨ᠎ᠠᠴᠠ ᠳᠡᠭᠡᠭᠰᠢᠬᠢ ᠥᠨᠳᠥᠷ ᠨᠠᠰᠤᠲᠠᠶ ᠨᠠᠰᠤᠲᠠᠨ᠂ 10 ᠲᠦᠮᠡᠨ ᠬᠣᠲᠠ ᠬᠥᠳᠡᠭᠡ ᠵᠢᠨ ᠣᠨᠴᠠ ᠬᠦᠴᠢᠷᠳᠡᠯ᠎ᠲᠠᠢ ᠬᠥᠮᠦᠨ᠂ 6000 ᠭᠠᠷᠤᠶ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ᠎ᠢ ᠪᠠᠭᠲᠠᠭ᠋ᠠᠨ᠎ᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢᠦ ᠬᠤᠸᠠᠨ ᠰᠢᠨ᠄ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠶᠳᠪᠦᠷᠢᠯᠡᠬᠦ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ᠎ᠲᠤ ᠭᠠᠷᠭ᠋ᠠᠬᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ 《ᠲᠠᠪᠤᠨ ᠠᠩᠬᠠᠷᠤᠯ᠎ᠤᠨ ᠲᠥᠪ》᠎ᠢ ᠠᠬᠢᠭᠤᠯᠤᠨ᠎ᠠ
ᠥᠪᠥᠷ ᠮᠣᠩᠭᠣᠯ 45 ᠳ᠋ᠦᠩᠰᠢᠭᠤᠷ ᠲᠥᠭᠥᠷᠢᠭ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠪᠠ
ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ᠎ᠤᠨ ᠬᠦᠷᠢᠶᠡᠨ᠎ᠳᠠᠬᠢ 《ᠪᠣᠭᠣᠮᠢ》 ᠬᠦᠴᠢᠷ ᠠᠰᠠᠭᠤᠳᠠᠯ᠎ᠢ ᠰᠢᠢ᠍ᠳᠪᠦᠷᠢᠯᠡᠪᠡ
607.7 ᠳ᠋ᠦᠩᠰᠢᠭᠤᠷ!
ᠣᠶᠣᠨ ᠰᠠᠨᠠᠭ᠋ᠠᠨ᠎ᠤ ᠬᠦᠴᠦᠨ ᠴᠢᠳᠠᠯ᠎ᠢ ᠰᠢᠩᠭᠡᠭᠡᠨ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠨ᠎ᠡ
 
            