– ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠵᠤ ᠥᠷᠨᠢᠭᠦᠯᠪᠡ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠣᠷᠣᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠥᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢᠨ ᠲᠥᠯᠥᠭᠡ᠂ ᠣᠢ᠌ᠷ᠎ᠠ ᠵᠢᠨ ᠡᠳᠦᠷ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠣᠯᠠᠨ ᠬᠡᠯᠪᠡᠷᠢ ᠵᠢᠨ᠂ ᠠᠭᠤᠯᠭ᠎ᠠ᠎ᠪᠠᠷ ᠪᠠᠶᠠᠯᠢᠭ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠥᠷᠥᠭᠳᠡᠯ ᠵᠶ᠋ᠡᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠬᠠᠢ ᠵᠢᠨ ᠲᠠᠯᠠᠪᠠᠢ᠎ᠳᠤ ᠲᠣᠭᠣᠷᠢᠨ ᠦᠵᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠦᠵᠡᠯ ᠰᠠᠨᠠᠭ᠋ᠠᠨ᠎ᠤ ᠠᠤᠭ᠎ᠠ ᠬᠦᠴᠦᠨ᠎ᠢ ᠮᠡᠳᠡᠷᠡᠭᠦᠯᠵᠦ᠂ ᠡᠷᠡᠮᠡᠬᠡᠢ᠌ᠯᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠪᠠ᠃
5 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠡᠷᠡᠮᠡᠬᠡᠢ᠌ᠯᠡᠨ ᠤᠷᠤᠭᠰᠢᠯᠠᠬᠤ ᠰᠢᠨ᠎ᠡ ᠠᠶᠠᠨ ᠵᠠᠮ – ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠣᠷᠣᠯᠴᠠᠨ ᠤᠬᠠᠭᠤᠯᠵᠤ ᠲᠤᠭᠤᠰᠢᠯᠠᠭᠤᠯᠤᠶ᠎ᠠ》 ᠭᠡᠬᠦ ᠭᠣᠣᠯ ᠰᠡᠳᠦᠪᠲᠦ ᠦᠵᠡᠭᠦᠯᠭᠡ ᠵᠢ ᠬᠠᠮᠲᠤ᠎ᠪᠠᠷ ᠲᠣᠭᠣᠷᠢᠨ ᠦᠵᠡᠪᠡ᠃ ᠲᠣᠭᠣᠷᠢᠨ ᠦᠵᠡᠬᠦ᠎ᠠᠴᠠ ᠡᠮᠦᠨ᠎ᠡ ᠪᠥᠬᠥ ᠨᠥᠬᠥᠳ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠳᠠᠬᠢᠨ ᠤᠩᠰᠢᠵᠤ᠂ ᠲᠤᠬᠠᠢ ᠵᠢᠨ ᠲᠠᠯᠠᠪᠠᠢ᠎ᠳᠤ ᠪᠠᠢ᠌ᠭᠰᠠᠨ ᠨᠥᠬᠥᠳ ᠴᠥᠮ ᠨᠢᠭᠡ ᠤᠳᠠᠭ᠋ᠠᠨ᠎ᠤ ᠭᠦᠨ ᠭᠦᠨᠵᠡᠭᠡᠢ ᠨᠠᠮᠴᠢ ᠴᠢᠨᠠᠷ᠎ᠤᠨ ᠬᠥᠮᠥᠵᠢᠯ ᠪᠣᠯᠣᠨ ᠦᠵᠡᠯ ᠰᠠᠨᠠᠭ᠋ᠠᠨ᠎ᠤ ᠳᠠᠪᠲᠠᠯᠲᠠ ᠵᠢ ᠬᠦᠯᠢᠶᠡᠪᠡ᠃ ᠦᠵᠡᠰᠬᠦᠯᠡᠩ᠎ᠢ ᠲᠣᠭᠣᠷᠢᠨ ᠦᠵᠡᠬᠦ᠎ᠳᠡᠭᠡᠨ ᠣᠯᠠᠨ ᠵᠶ᠋ᠠᠷ ᠵᠶ᠋ᠠᠨ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠴᠤ᠂ ᠪᠠᠢ᠌ᠨ ᠪᠠᠢ᠌ᠨ ᠵᠣᠭᠰᠣᠵᠤ ᠰᠣᠨᠢᠷᠬᠠᠨ ᠦᠵᠡᠬᠦ ᠵᠢᠨ ᠬᠠᠮᠲᠤ ᠣᠯᠣᠯᠲᠠ ᠲᠥᠷᠥᠭᠳᠡᠯ ᠵᠶ᠋ᠡᠨ ᠰᠣᠯᠢᠯᠴᠠᠯ᠎ᠠ᠃ ᠣᠯᠠᠨ ᠵᠶ᠋ᠠᠷ ᠵᠶ᠋ᠠᠨ ᠠᠷᠠᠳ ᠲᠦᠮᠡᠨ᠎ᠤ ᠬᠦᠴᠢᠷ ᠵᠣᠪᠠᠭᠤᠷᠢ ᠵᠢ ᠰᠢᠢ᠍ᠳᠪᠦᠷᠢᠯᠡᠵᠦ᠂ ᠨᠠᠮ᠎ᠤᠨ ᠬᠦᠴᠢᠷ ᠵᠣᠪᠠᠭᠤᠷᠢ ᠵᠢ ᠬᠤᠪᠢᠶᠠᠯᠴᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠪᠠᠲᠤ ᠴᠡᠭᠡᠵᠢᠯᠡᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠬᠤ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠰᠠᠢ᠌ᠲᠤᠷ ᠬᠠᠮᠠᠭ᠋ᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠎ᠳᠤ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
5 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠪᠥᠬᠥ ᠨᠠᠮ᠎ᠤᠨ ᠭᠡᠰᠢᠭᠦᠨ ᠵᠢᠴᠢ ᠨᠠᠮ᠎ᠳᠤ ᠣᠷᠣᠬᠤ ᠢᠳᠡᠪᠬᠢᠲᠡᠨ ᠰᠦᠢ᠍ᠶᠤᠸᠠᠨ ᠥᠪᠥᠷ ᠮᠣᠩᠭᠣᠯ᠎ᠤᠨ ᠶᠠᠫᠤᠨ᠎ᠢ ᠡᠰᠡᠷᠭᠦᠴᠡᠵᠦ ᠤᠯᠤᠰ ᠵᠶ᠋ᠠᠨ ᠠᠪᠤᠷᠠᠬᠤ ᠬᠤᠷᠠᠯ᠎ᠤᠨ ᠪᠠᠭᠤᠷᠢ ᠵᠢᠨ ᠳᠤᠷᠠᠰᠬᠠᠯ᠎ᠤᠨ ᠣᠷᠳᠣᠨ᠎ᠳᠤ ᠬᠦᠷᠴᠦ᠂ 《ᠦᠵᠡᠯ ᠰᠠᠨᠠᠭ᠎ᠠ ᠵᠢ ᠰᠣᠷᠣᠯᠴᠠᠨ᠂ ᠨᠠᠮᠴᠢ ᠴᠢᠨᠠᠷ ᠵᠶ᠋ᠠᠨ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠬᠠᠮᠲᠤ᠎ᠪᠠᠷ ᠲᠣᠰ ᠳᠤᠷᠠᠰᠬᠠᠯ᠎ᠤᠨ ᠣᠷᠳᠣᠨ᠎ᠤ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ ᠲᠡᠳᠡᠭᠡᠷ ᠳᠡᠯᠭᠡᠨ ᠦᠵᠡᠭᠦᠯᠵᠦ ᠪᠠᠢ᠌ᠭ᠎ᠠ ᠭᠡᠷᠡᠯ ᠵᠢᠷᠤᠭ᠂ ᠲᠡᠦᠬᠡ ᠵᠢᠨ ᠳᠤᠷᠠᠰᠬᠠᠯᠲᠤ ᠵᠦᠢ᠍ᠯᠡᠰ᠂ ᠵᠢᠷᠤᠭ ᠰᠡᠭᠦᠳᠡᠷ ᠵᠡᠷᠭᠡ ᠮᠠᠲ᠋ᠧᠷᠢᠶᠠᠯ ᠵᠶ᠋ᠠᠷ ᠳᠠᠮᠵᠢᠨ᠂ ᠣᠯᠠᠨ ᠵᠶ᠋ᠠᠷ ᠵᠶ᠋ᠠᠨ ᠰᠦᠢ᠍ᠶᠤᠸᠠᠨ ᠣᠷᠣᠨ᠎ᠤ ᠨᠢᠭᠤᠴᠠ ᠨᠠᠮ᠎ᠤᠨ ᠭᠡᠰᠢᠭᠦᠨ ᠯᠢᠦ ᠬᠣᠩ ᠰᠢᠶᠥ᠋ᠩ᠂ ᠬᠤᠤ ᠳ᠋ᠧᠩ ᠬᠣᠩ ᠵᠡᠷᠭᠡ ᠨᠥᠬᠥᠳ ᠭᠦᠢ᠍ᠰᠦ᠋ᠢᠳᠤ ᠢᠷᠡᠵᠦ ᠶᠠᠫᠤᠨ᠎ᠢ ᠡᠰᠡᠷᠭᠦᠴᠡᠵᠦ ᠮᠥᠬᠥᠯ᠎ᠠᠴᠠ ᠠᠪᠤᠷᠠᠬᠤ ᠠᠵᠢᠯᠯᠠᠭ᠎ᠠ ᠥᠷᠨᠢᠭᠦᠯᠵᠦ᠂ ᠰᠦᠢ᠍ᠶᠤᠸᠠᠨ ᠥᠪᠥᠷ ᠮᠣᠩᠭᠣᠯ᠎ᠤᠨ ᠶᠠᠫᠤᠨ᠎ᠢ ᠡᠰᠡᠷᠭᠦᠴᠡᠵᠦ ᠤᠯᠤᠰ ᠵᠶ᠋ᠠᠨ ᠠᠪᠤᠷᠠᠬᠤ ᠬᠤᠷᠠᠯ᠎ᠢ ᠪᠠᠢ᠌ᠭᠤᠯᠤᠭᠰᠠᠨ ᠲᠡᠦᠬᠡ ᠵᠢ ᠨᠠᠷᠢᠨ ᠣᠢ᠌ᠯᠠᠭ᠋ᠠᠪᠠ᠃ ᠪᠥᠬᠥ ᠨᠠᠮ᠎ᠤᠨ ᠭᠡᠰᠢᠭᠦᠳ ᠳᠤᠷᠠᠰᠬᠠᠯ᠎ᠤᠨ ᠣᠷᠳᠣᠨ᠎ᠤ ᠠᠭᠤᠳᠠᠮ ᠲᠠᠯᠠᠪᠠᠢ ᠵᠢᠨ ᠱᠤᠭᠤᠮᠠᠯ᠎ᠤᠨ ᠡᠮᠦᠨ᠎ᠡ᠂ ᠨᠠᠮ᠎ᠤᠨ ᠲᠣᠭ᠎ᠤᠨ ᠡᠮᠦᠨ᠎ᠡ ᠬᠠᠮᠲᠤ᠎ᠪᠠᠷ ᠲᠠᠩᠭ᠋ᠠᠷᠢᠭᠯᠠᠵᠤ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠳᠠᠬᠢᠨ ᠤᠩᠰᠢᠵᠠᠭ᠋ᠠᠪᠠ᠃
5 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠤᠨ ᠣᠷᠳᠣᠨ ᠪᠥᠬᠥ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠡᠷᠡᠮᠡᠬᠡᠢ᠌ᠯᠡᠨ ᠤᠷᠤᠭᠰᠢᠯᠠᠬᠤ ᠰᠢᠨ᠎ᠡ ᠠᠶᠠᠨ ᠵᠠᠮ – ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠣᠷᠣᠯᠴᠠᠨ ᠤᠬᠠᠭᠤᠯᠵᠤ ᠲᠤᠭᠤᠰᠢᠯᠠᠭᠤᠯᠤᠶ᠎ᠠ》 ᠭᠣᠣᠯ ᠰᠡᠳᠦᠪᠲᠦ ᠦᠵᠡᠭᠦᠯᠭᠡ ᠵᠢ ᠲᠣᠭᠣᠷᠢᠨ ᠦᠵᠡᠪᠡ᠃ ᠣᠯᠠᠨ ᠵᠶ᠋ᠠᠷ ᠵᠶ᠋ᠠᠨ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠴᠤ᠂ ᠲᠣᠭᠣᠷᠢᠨ ᠦᠵᠡᠭᠰᠡᠨ ᠣᠯᠣᠯᠲᠠ ᠲᠥᠷᠥᠭᠳᠡᠯ ᠵᠶ᠋ᠡᠨ ᠬᠠᠷᠢᠯᠴᠠᠨ ᠰᠣᠯᠢᠯᠴᠠᠪᠠ᠃ ᠣᠯᠠᠨ ᠵᠶ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠬᠦ᠂ ᠦᠢ᠍ᠯᠡᠳᠦᠯᠭᠡ᠎ᠪᠠᠨ ᠵᠢᠯᠣᠭᠣᠳᠤᠭᠤᠯᠬᠤ᠂ ᠠᠵᠢᠯ ᠵᠶ᠋ᠠᠨ ᠠᠬᠢᠭᠤᠯᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠨᠡᠩ ᠢᠯᠡᠭᠦᠦ ᠵᠢᠳᠬᠦᠯ ᠴᠢᠷᠮᠠᠢ᠌ᠯᠭ᠎ᠠ ᠭᠠᠷᠭ᠋ᠠᠬᠤ ᠣᠶᠣᠨ ᠰᠠᠨᠠᠭ᠎ᠠ ᠵᠢᠨ ᠳᠦᠷᠰᠦ ᠪᠠᠢ᠌ᠳᠠᠯ ᠵᠶ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠭᠣᠣᠯ ᠰᠡᠳᠦᠪᠲᠦ ᠬᠥᠮᠥᠵᠢᠯ᠎ᠤᠨ ᠦᠷ᠎ᠡ ᠪᠦᠲᠦᠭᠡᠯ᠎ᠢ ᠪᠥᠬᠥ ᠣᠷᠣᠨ᠎ᠤ ᠳᠠᠩᠰᠠ ᠡᠪᠬᠡᠮᠡᠯ᠎ᠤᠨ ᠠᠵᠢᠯ᠎ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠰᠢᠨ᠎ᠡ ᠠᠶᠠᠨ ᠵᠠᠮ᠎ᠳᠤ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃