ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠩᠭᠣᠨ ᠲᠣᠮᠢᠯᠠᠭᠰᠠᠨ ᠨᠢᠭᠡᠳᠦᠭᠡᠷ ᠱᠦᠵᠢ ᠪᠣᠯᠤᠨ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠲᠠᠯᠠᠳ ᠬᠣᠰᠢᠭᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠤᠷᠭ᠋ᠠᠭᠤᠯᠢ᠎ᠳᠤ ᠶᠠᠪᠤᠭᠳᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠳᠡᠳ᠋ ᠳᠠᠷᠤᠭ᠎ᠠ ᠵᠤᠤ ᠢᠦᠢ ᠱᠧᠩ᠂ ᠤᠷᠳᠤᠰ ᠬᠤᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠳᠠᠷᠤᠭ᠎ᠠ ᠳᠤᠷᠠᠰᠬᠠᠯ᠂ ᠳᠠᠯᠠᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ ᠳ᠋ᠦ᠋ ᠰᠢᠶᠤᠤ ᠶᠠᠨ ᠠᠩᠬᠢ ᠡᠬᠢᠯᠡᠬᠦ ᠶᠣᠰᠣᠯᠠᠯ᠎ᠳᠤ ᠣᠷᠣᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠩᠭᠣᠨ ᠲᠣᠮᠢᠯᠠᠭᠰᠠᠨ ᠨᠢᠭᠡᠳᠦᠭᠡᠷ ᠱᠦᠵᠢ ᠵᠢᠴᠢ ᠲᠣᠰᠬᠣᠨ᠎ᠳᠤ ᠰᠠᠭᠤᠭ᠎ᠠ ᠺᠠᠳ᠋ᠷ ᠪᠣᠯᠤᠨ ᠳᠠᠯᠠᠳ ᠬᠣᠰᠢᠭᠤᠨ᠎ᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠨᠡᠶ᠋ᠢᠲᠡ 305 ᠬᠥᠮᠦᠨ ᠪᠣᠯᠪᠠᠰᠤᠷᠠᠯ᠎ᠳᠤ ᠣᠷᠣᠯᠴᠠᠪᠠ᠃
《ᠢᠵᠢ ᠦᠢ᠍ᠯᠡᠴᠢᠯᠡᠭᠡ ᠵᠢᠨ ᠮᠠᠶᠢᠭ》᠎ᠤᠨ ᠵᠢᠭ᠋ᠠᠨ ᠰᠤᠷᠭ᠋ᠠᠯᠲᠠ᠂ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠪᠣᠯᠪᠠᠰᠤᠷᠠᠭᠤᠯᠤᠯ᠎ᠳᠤ ᠲᠠᠪᠤ ᠤᠳᠠᠭ᠎ᠠ ᠲᠤᠰᠬᠠᠶ ᠰᠡᠳᠦᠪ ᠵᠶ᠋ᠠᠷ ᠬᠢᠴᠢᠶᠡᠯᠯᠡᠬᠦ ᠵᠢ ᠨᠠᠷᠢᠨ ᠨᠢᠮᠪᠠᠶ ᠲᠣᠬᠢᠷᠠᠭᠤᠯᠵᠤ᠂ 《ᠰᠢᠨ᠎ᠡ ᠴᠠᠭ ᠦᠶ᠎ᠡ᠂ ᠰᠢᠨ᠎ᠡ ᠬᠥᠳᠡᠭᠡ ᠲᠣᠰᠬᠣᠨ᠂ ᠰᠢᠨ᠎ᠡ ᠬᠥᠭᠵᠢᠯ ᠮᠠᠨᠳᠤᠯ》᠎ᠤᠨ ᠭᠣᠤᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠲᠠᠷᠢᠶᠠᠯᠠᠩ᠎ᠤᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠡᠶ᠋ᠢᠲᠡᠯᠢᠭ ᠬᠡᠪ ᠵᠠᠭᠪᠤᠷ ᠪᠣᠯᠤᠨ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠥᠮᠴᠢᠯᠡᠯ᠎ᠤᠨ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠠᠭᠤᠯᠭ᠎ᠠ ᠵᠢᠨ ᠲᠣᠭᠣᠷᠢᠨ᠎ᠳᠤ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠬᠣᠯᠪᠣᠭᠳᠠᠬᠤ ᠬᠡᠪᠴᠢᠶ᠎ᠡ᠎ᠪᠠᠷ ᠥᠷᠭᠡᠨ᠂ ᠠᠭᠤᠯᠭ᠎ᠠ᠎ᠪᠠᠷ ᠪᠠᠶᠠᠯᠢᠭ ᠲᠤᠰᠬᠠᠶ ᠰᠡᠳᠦᠪᠲᠦ ᠲᠣᠭ᠋ᠠᠴᠢᠯᠲᠠ ᠵᠢ ᠥᠷᠨᠢᠭᠦᠯᠵᠦ᠂ ᠪᠣᠯᠪᠠᠰᠤᠷᠠᠯ᠎ᠳᠤ ᠣᠷᠣᠯᠴᠠᠭᠰᠠᠨ ᠰᠤᠷᠤᠭᠴᠢᠳ᠎ᠤᠨ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠪᠣᠳᠠᠲᠠᠶ ᠠᠵᠢᠯ ᠬᠢᠬᠦ ᠵᠢ ᠴᠢᠷᠮᠠᠶ᠋ᠢᠨ ᠠᠬᠢᠭᠤᠯᠪᠠ᠃
《ᠵᠢᠬᠡᠭᠦᠨ ᠮᠠᠶᠢᠭ》᠎ᠤᠨ ᠦᠵᠡᠭᠦᠯᠦᠯᠭᠡ᠎ᠨᠢ ᠬᠥᠭᠵᠢᠯᠲᠡ ᠵᠢᠨ ᠰᠡᠳᠬᠢᠴᠡ᠎ᠪᠠᠨ ᠥᠷᠭᠡᠳᠬᠡᠪᠡ᠃ ᠬᠤᠷᠠᠯ᠎ᠳᠤ ᠣᠷᠣᠯᠴᠠᠭᠰᠠᠳ ᠤᠷᠢᠳ ᠬᠣᠵᠢᠳ ᠥᠪᠥᠷ ᠮᠣᠩᠭᠣᠯ᠎ᠤᠨ ᠫᠦ᠌ ᠷᠦᠢ ᠲᠠᠷᠢᠶᠠᠯᠠᠩ ᠮᠠᠯ ᠠᠵᠤ ᠠᠬᠤᠢ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠯᠢᠶᠠᠩ ᠢ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ᠂ ᠭᠡᠷᠡᠯ ᠴᠡᠨᠡᠭ᠎ᠤᠨ ᠲᠠᠭ᠋ᠠᠭᠤᠯᠤᠬ᠍ᠴᠢ ᠰᠠᠭᠤᠷᠢᠨ ᠭᠠᠵᠠᠷ᠂ ᠨᠦᠩ ᠰᠢᠶᠠᠩ ᠬᠤᠷᠰᠢᠶ᠎ᠠ᠂ ᠭᠢᠭ᠌ᠸᠰᠳᠠᠢ ᠪᠠᠯᠭ᠋ᠠᠰᠤᠨ᠎ᠤ ᠱᠧ ᠺᠸᠨ ᠳ᠋ᠢᠶᠠᠨ ᠰᠦ ᠲᠣᠰᠬᠣᠨ᠂ ᠪᠠᠢ᠎ᠨᠢ ᠵᠢᠩ ᠪᠠᠯᠭ᠋ᠠᠰᠤᠨ᠎ᠤ ᠾᠧᠦ ᠵᠢᠶᠠ ᠶᠢᠩᠽᠢ ᠲᠣᠰᠬᠣᠨ᠎ᠳᠤ ᠬᠦᠷᠴᠦ ᠲᠣᠭᠣᠷᠢᠨ ᠦᠵᠡᠪᠡ᠃ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠬᠥᠭᠵᠢᠯᠲᠡ᠂ 《ᠨᠠᠮ᠎ᠤᠨ ᠡᠭᠦᠷ + ᠠᠵᠤ ᠠᠬᠤᠶ᠋ᠢᠯᠠᠯ + ᠲᠠᠷᠢᠶᠠᠴᠢᠨ ᠡᠷᠦᠬᠡ》 ᠵᠢᠨ ᠡᠵᠡᠩᠨᠡᠯᠲᠡ ᠵᠢᠨ ᠵᠠᠭᠪᠤᠷ᠂ 《ᠨᠢᠭᠡᠳᠦᠯᠲᠡᠶ ᠳᠠᠷᠢᠵᠤ ᠬᠠᠮᠲᠤ᠎ᠪᠠᠷ ᠪᠠᠶᠠᠵᠢᠬᠤ》 ᠬᠡᠪᠴᠢᠶᠡᠵᠢᠭᠦᠯᠦᠨ ᠳᠠᠷᠢᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃
《ᠬᠠᠷᠢᠯᠴᠠᠨ ᠬᠥᠳᠡᠯᠦᠯᠴᠡᠬᠦ ᠬᠡᠯᠪᠡᠷᠢ》 ᠵᠢᠨ ᠰᠣᠯᠢᠯᠴᠠᠭ᠎ᠠ᠎ᠨᠢ ᠬᠥᠳᠡᠭᠡ ᠲᠣᠰᠬᠣᠨ᠎ᠤ ᠢᠷᠡᠭᠡᠳᠦᠢ ᠵᠢᠨ ᠲᠤᠬᠠᠢ ᠬᠠᠮᠲᠤ᠎ᠪᠠᠷ ᠶᠠᠷᠢᠯᠴᠠᠨ᠎ᠠ᠃ ᠲᠤᠷᠰᠢᠯᠭ᠎ᠠ᠎ᠪᠠᠨ ᠬᠤᠪᠢᠶᠠᠯᠴᠠᠨ ᠡᠳ᠋ᠯᠡᠬᠦ ᠭᠣᠭᠴᠣᠭ᠎ᠠ᠎ᠳᠤ᠂ ᠬᠤᠪᠢᠶᠠᠨ ᠡᠳ᠋ᠯᠡᠭᠴᠢ ᠠᠳᠠᠯᠢ ᠪᠤᠰᠤ ᠭᠠᠷᠳᠠᠴᠠ᠎ᠪᠠᠷ ᠲᠤᠬᠠᠢ ᠵᠢᠨ ᠭᠠᠵᠠᠷ᠎ᠤᠨ ᠳᠠᠭ᠋ᠠᠭ᠋ᠠᠴᠢᠯᠠᠨ ᠬᠣᠯᠪᠣᠭ᠋ᠠᠯᠠᠨ ᠲᠣᠰᠬᠣᠨ᠎ᠳᠤ ᠰᠠᠭᠤᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠶᠠᠪᠤᠴᠠ᠎ᠳᠠᠬᠢ ᠰᠦᠪᠡᠭᠴᠢᠯᠡᠯᠳᠡ ᠵᠢᠨ ᠦᠢ᠍ᠯᠡᠳᠦᠯᠭᠡ ᠪᠣᠯᠤᠨ ᠲᠡᠷᠢᠭᠦᠨ᠎ᠤ ᠲᠤᠷᠰᠢᠯᠭ᠎ᠠ ᠵᠢ ᠬᠤᠪᠢᠶᠠᠯᠴᠠᠨ ᠡᠳ᠋ᠯᠡᠪᠡ᠃ ᠠᠯᠢ ᠤᠯᠠᠨ ᠨᠠᠷᠢᠨ ᠪᠣᠳᠠᠲᠠᠢ ᠲᠣᠭ᠎ᠠ ᠪᠠᠷᠢᠮᠲᠠ᠂ ᠠᠯᠢ ᠤᠯᠠᠨ ᠪᠣᠳᠠᠲᠠᠢ ᠵᠢ ᠡᠷᠬᠢᠮᠯᠡᠭᠰᠡᠨ ᠬᠡᠷᠡᠭᠵᠢᠭᠦᠯᠵᠦ ᠪᠣᠯᠬᠤᠶ᠋ᠢᠴᠠ ᠠᠷᠭ᠎ᠠ ᠬᠡᠮᠵᠢᠶ᠎ᠡ᠂ ᠠᠯᠢ ᠤᠯᠠᠨ ᠠᠯᠤᠰ ᠬᠡᠳᠦ ᠵᠢᠨ ᠪᠣᠳᠣᠯᠬᠢᠯᠠᠯ᠎ᠨᠢ ᠬᠤᠷᠠᠯ᠎ᠳᠤ ᠣᠷᠣᠯᠴᠠᠭᠰᠠᠳ᠎ᠲᠤ ᠭᠦᠨᠵᠡᠭᠡᠢ ᠰᠡᠩᠬᠡᠷᠡᠭᠦᠯᠦᠯ ᠣᠯᠭᠣᠵᠠᠢ᠃
ᠡᠨᠡ ᠤᠳᠠᠭ᠎ᠠ ᠵᠢᠨ ᠪᠣᠯᠪᠠᠰᠤᠷᠠᠯ᠎ᠨᠢ ᠨᠢᠭᠡᠳᠦᠭᠡᠷ ᠱᠦᠵᠢ ᠪᠣᠯᠤᠨ ᠲᠣᠰᠬᠣᠨ᠎ᠳᠤ ᠰᠠᠭᠤᠭ᠎ᠠ ᠺᠠᠳ᠋ᠷᠴᠤᠳ᠎ᠲᠤ 《ᠳᠤᠰᠤ ᠨᠡᠮᠡᠵᠦ》 《ᠴᠠᠬᠢᠯᠭ᠋ᠠᠨ ᠴᠡᠨᠡᠭᠯᠡᠵᠦ》 《ᠡᠷᠴᠢ ᠵᠣᠷᠢᠭ᠎ᠢ ᠬᠥᠪᠴᠢᠯᠡᠪᠡ》᠃ ᠤᠯᠠᠨ ᠵᠶ᠋ᠠᠷ ᠵᠶ᠋ᠠᠨ ᠶᠡᠬᠡ ᠣᠯᠤᠯᠲᠠ᠎ᠲᠠᠢ ᠭᠡᠵᠦ ᠢᠯᠡᠳᠬᠡᠵᠡᠭᠡᠪᠡ᠂ ᠬᠣᠶ᠋ᠢᠰᠢᠳᠠ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠣᠪᠣᠷ ᠪᠠᠶ᠋ᠢᠳᠠᠯ᠂ ᠨᠡᠩ ᠪᠣᠳᠠᠲᠠᠢ ᠵᠢ ᠡᠷᠬᠢᠮᠯᠡᠬᠦ ᠰᠤᠷᠲᠠᠯ ᠵᠶ᠋ᠠᠷ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠪᠡ᠃