ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠠᠮᠤ ᠪᠤᠳᠠᠭ᠎ᠠ ᠳᠠᠷᠢᠬᠤ ᠨᠥᠬᠥᠪᠦᠷᠢ ᠵᠢᠨ ᠪᠡᠯᠡ ᠮᠥᠩᠭᠥ ᠵᠢ 5.7 ᠳ᠋ᠦᠩᠰᠢᠭᠤᠷ ᠲᠥᠭᠥᠷᠢᠭ ᠪᠠᠭᠤᠯᠭ᠋ᠠᠪᠠ
ᠨᠡᠶ᠋ᠢᠲᠡᠯᠡᠭᠰᠡᠨ ᠴᠠᠭ᠄ 2023-05-08

       ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠄ ᠣᠢ᠌ᠷ᠎ᠠ᠎ᠳᠤ ᠂  ᠲᠥᠪ᠎ᠤᠨ ᠡᠳ᠋᠎ᠤᠨ ᠵᠠᠰᠠᠭ᠎ᠠᠴᠠ 2023 ᠣᠨ᠎ᠤ ᠪᠣᠳᠠᠲᠠᠢ ᠠᠮᠤ ᠪᠤᠳᠠᠭ᠎ᠠ ᠳᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ  ᠯᠡ  ᠤᠳᠠᠭ᠎ᠠ ᠵᠢᠨ ᠴᠢᠨᠠᠷᠲᠠᠢ ᠠᠮᠤ ᠪᠤᠳᠠᠭ᠎ᠠ ᠳᠠᠷᠢᠬᠤ ᠨᠥᠬᠥᠪᠦᠷᠢ ᠵᠢᠨ  ᠪᠡᠯᠡ ᠮᠥᠩᠭᠥ ᠵᠢ 100 ᠳ᠋ᠦᠩᠰᠢᠭᠤᠷ ᠲᠥᠭᠥᠷᠢᠭ ᠪᠠᠭᠤᠯᠭ᠋ᠠᠪᠠ  ᠃  ᠡᠭᠦᠨ᠎ᠳᠤ᠂  ᠮᠠᠨ᠎ᠤ  ᠣᠷᠣᠨ᠎ᠳᠤ 5.7 ᠳ᠋ᠦᠩᠰᠢᠭᠤᠷ ᠲᠥᠭᠥᠷᠢᠭ᠎ᠤᠨ  ᠨᠥᠬᠥᠪᠦᠷᠢ ᠵᠢᠨ  ᠪᠡᠯᠡ ᠮᠥᠩᠭᠥ ᠬᠤᠪᠢᠶᠠᠷᠢᠯᠠᠵᠤ ᠂  ᠥᠪᠡᠷᠲᠡᠭᠡᠨ ᠵᠠᠰᠠᠬᠤ ᠣᠷᠣᠨ᠎ᠤ  ᠡᠳ᠋᠎ᠤᠨ  ᠵᠠᠰᠠᠭ᠎ᠠᠴᠠ  ᠨᠢᠭᠡᠨᠲᠡ ᠡᠨᠡ ᠬᠦ᠌  ᠨᠥᠬᠥᠪᠦᠷᠢ ᠵᠢᠨ  ᠪᠡᠯᠡ ᠮᠥᠩᠭᠥ ᠵᠢ  ᠡᠯ᠎ᠡ ᠠᠢ᠌ᠮᠠᠭ ᠬᠤᠳᠠ᠎ᠳᠤ  ᠪᠠᠭᠤᠯᠭ᠋ᠠᠵᠤ ᠂  ᠪᠦᠬᠦ ᠣᠷᠣᠨ᠎ᠤ  ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ  ᠢᠳᠡᠪᠬᠢᠵᠢᠯ᠎ᠢ  ᠤᠯᠠᠮ ᠨᠢᠭᠡ ᠠᠯᠬᠤᠮ ᠳᠠᠢ᠍ᠢ᠍ᠴᠢᠯᠠᠨ ᠂  ᠬᠠᠪᠤᠷ᠎ᠤᠨ  ᠲᠠᠷᠢᠶᠠᠯᠠᠭ᠎ᠠ ᠵᠢᠨ  ᠦᠢ᠍ᠯᠡᠳᠪᠦᠷᠢᠯᠡᠯ᠎ᠢ  ᠨᠢᠭᠡᠳᠦᠯᠲᠡᠢ ᠲᠥᠯᠥᠪᠯᠡᠨ ᠳᠡᠮᠵᠢᠬᠦ᠎ᠪᠠᠷ  ᠪᠤᠢ ᠃

       ᠲᠤᠰ ᠤᠳᠠᠭ᠋ᠠᠨ᠎ᠤ ᠨᠥᠬᠥᠪᠦᠷᠢ ᠵᠢᠨ  ᠪᠡᠯᠡ ᠮᠥᠩᠭᠥ ᠵᠢ  ᠲᠠᠷᠬᠠᠭ᠋ᠠᠬᠤ ᠡᠲᠡᠭᠡᠳ ᠪᠣᠯ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠬᠠᠩᠰᠢ  ᠥᠰᠥᠭᠰᠡᠨ  ᠥᠪᠡᠷ᠎ᠤᠨ ᠥᠷᠲᠡᠭ᠎ᠢ ᠪᠣᠳᠠᠲᠠᠢ  ᠡᠭᠦᠷᠭᠡᠯᠡᠬᠦ  ᠠᠮᠤ ᠪᠤᠳᠠᠭ᠎ᠠ ᠲᠠᠷᠢᠭᠰᠠᠳ ᠪᠣᠯᠣᠨ᠎ᠠ ᠃  ᠡᠭᠦᠨ᠎ᠳᠤ ᠥᠪᠡᠷ᠎ᠤᠨ ᠳᠠᠭ᠋ᠠᠭ᠋ᠠᠴᠢᠯᠠᠭᠰᠠᠨ ᠭᠠᠵᠠᠷ ᠵᠶ᠋ᠠᠨ ᠠᠰᠢᠭᠯᠠᠨ ᠠᠮᠤ ᠪᠤᠳᠠᠭ᠎ᠠ  ᠲᠠᠷᠢᠬᠤ  ᠲᠠᠷᠢᠶᠠᠴᠢᠳ᠎ᠢ ᠪᠠᠭᠲᠠᠭ᠋ᠠᠬᠤ ᠮᠥᠷᠲᠡᠭᠡᠨ ᠡᠷᠭᠢᠯᠲᠡ᠎ᠳᠤ ᠣᠷᠣᠭᠤᠯᠤᠭᠰᠠᠨ ᠭᠠᠵᠠᠷ ᠰᠢᠷᠣᠢ ᠵᠢ  ᠳᠠᠭ᠋ᠠᠭ᠋ᠠᠨ  ᠠᠪᠤᠭᠰᠠᠨ ᠠᠮᠤ ᠪᠤᠳᠠᠭ᠎ᠠ ᠲᠠᠷᠢᠬᠤ ᠲᠣᠮᠣ ᠡᠷᠦᠭᠡ ᠂  ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠂  ᠲᠠᠷᠢᠶᠠᠴᠢᠳ᠎ᠤᠨ ᠬᠤᠷᠰᠢᠶ᠎ᠠ ᠂  ᠲᠠᠷᠢᠶᠠᠯᠠᠩ᠎ᠤᠨ ᠠᠵᠤ ᠠᠬᠤᠢ᠌ᠯᠠᠯ ᠵᠡᠷᠭᠡ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ  ᠭᠣᠣᠯ  ᠴᠣᠭᠴᠠ ᠵᠢᠴᠢ  ᠭᠠᠵᠠᠷ ᠲᠠᠷᠢᠶ᠎ᠠ ᠬᠠᠭ᠋ᠠᠯᠪᠤᠷᠢᠯᠠᠬᠤ ᠂  ᠠᠮᠤ ᠪᠤᠳᠠᠭ᠎ᠠ  ᠲᠠᠷᠢᠬᠤ ᠂  ᠬᠤᠷᠢᠶᠠᠬᠤ ᠪᠦᠬᠦ ᠶᠠᠪᠤᠴᠠ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠬᠤᠪᠢ ᠬᠥᠮᠥᠨ ᠪᠠ ᠵᠣᠬᠢᠶᠠᠨ ᠪᠠᠢ᠌ᠭᠤᠯᠤᠯᠲᠠ ᠵᠢ ᠪᠠᠭᠲᠠᠭ᠋ᠠᠨ᠎ᠠ ᠃  ᠥᠪᠡᠷᠲᠡᠭᠡᠨ ᠵᠠᠰᠠᠬᠤ ᠣᠷᠣᠨ᠎ᠠᠴᠠ  ᠱᠠᠭ᠋ᠠᠷᠳᠠᠭᠰᠠᠨ᠎ᠨᠢ ᠂  ᠡᠯ᠎ᠡ ᠠᠢ᠌ᠮᠠᠭ ᠬᠣᠲᠠ ᠵᠢᠨ ᠎ᠬᠢᠨ  ᠪᠡᠯᠡ ᠮᠥᠩᠭᠥ ᠵᠢᠨ ᠲᠣᠭ᠎ᠠ ᠬᠡᠮᠵᠢᠶ᠎ᠡ ᠂  ᠠᠮᠤ ᠪᠤᠳᠠᠭ᠎ᠠ ᠳᠠᠷᠢᠬᠤ ᠲᠠᠯᠠᠪᠠᠶ ᠵᠡᠷᠭᠡ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠰ ᠣᠷᠣᠨ ᠪᠦᠰᠡ ᠵᠢᠨ ᠳᠣᠲᠣᠷᠠᠬᠢ ᠬᠣᠰᠢᠭᠤ ᠰᠢᠶᠠᠨ᠎ᠤ ᠨᠥᠬᠥᠪᠦᠷᠢ ᠵᠢᠨ ᠵᠣᠭᠣᠰ᠎ᠤᠨ ᠲᠣᠭ᠎ᠠ ᠵᠢ ᠶᠡᠷᠦᠩᠬᠡᠢ᠌ᠯᠡᠨ ᠲᠣᠭᠲᠠᠭ᠋ᠠᠵᠤ ᠂  ᠵᠠᠷᠴᠢᠮ ᠳᠡᠭᠡᠷ᠎ᠡ᠎ᠪᠠᠨ ᠰᠢᠶᠠᠨ᠎ᠤ ᠬᠡᠪᠴᠢᠶᠡᠨ ᠳᠣᠲᠣᠷᠠᠬᠢ ᠨᠥᠬᠥᠪᠦᠷᠢ ᠵᠢᠨ ᠪᠠᠷᠢᠮᠵᠢᠶ᠎ᠠ ᠵᠢ ᠨᠢᠭᠡᠳᠦᠯᠲᠡᠢ ᠪᠠᠢ᠌ᠯᠭ᠋ᠠᠬᠤ ᠬᠡᠷᠡᠭᠲᠡᠢ ᠃  ᠡᠭᠦᠨ᠎ᠤ  ᠬᠠᠮᠲᠤ ᠂  ᠨᠥᠬᠥᠪᠦᠷᠢ ᠵᠢ ᠢᠯᠡ᠎ᠪᠠᠷ ᠵᠠᠷᠯᠠᠨ ᠨᠡᠢ᠌ᠲᠡᠯᠡᠬᠦ ᠳᠦᠷᠢᠮ᠎ᠢ ᠬᠡᠷᠡᠭᠵᠢᠭᠦᠯᠵᠦ ᠂ 《  ᠨᠢᠭᠡ ᠺᠠᠷᠲ (ᠬᠠᠳᠠᠭ᠋ᠠᠯᠠᠮᠵᠢ ᠵᠢᠨ ᠳᠡᠪᠲᠡᠷ) ᠵᠶ᠋ᠠᠷ ᠨᠡᠢ᠌ᠳᠡᠮ ᠭᠦᠢ᠍ᠴᠡᠳᠬᠡᠬᠦ》᠎ᠪᠠᠷ ᠳᠠᠮᠵᠢᠭᠤᠯᠤᠨ ᠨᠥᠬᠥᠪᠦᠷᠢ ᠵᠢ ᠰᠢᠭᠤᠳ ᠲᠠᠷᠬᠠᠭ᠋ᠠᠵᠤ ᠂  ᠨᠥᠬᠥᠪᠦᠷᠢ ᠵᠢ ᠴᠠᠭ ᠲᠤᠬᠠᠢ᠎ᠳᠤ ᠎ᠨᠢ ᠪᠠᠭᠤᠯᠭ᠋ᠠᠨ ᠪᠤᠲᠠᠲᠠᠢ᠌ᠵᠢᠭᠤᠯᠵᠤ ᠂  ᠨᠥᠬᠥᠪᠦᠷᠢ ᠵᠢᠨ ᠪᠠᠢ᠌ᠪᠠᠰᠤ ᠵᠣᠬᠢᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠵᠢ  ᠪᠠᠲᠤᠯᠠᠨ ᠂  ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠬᠦ ᠢᠳᠡᠪᠬᠢᠲᠡᠢ ᠳᠣᠬᠢᠶ᠎ᠠ ᠵᠢ ᠭᠠᠷᠭ᠋ᠠᠵᠤ ᠂  ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠥᠰᠦᠭᠰᠡᠨ᠎ᠠᠴᠠ ᠪᠣᠯᠤᠭᠰᠠᠨ ᠵᠠᠷᠤᠯᠭ᠎ᠠ ᠨᠡᠮᠡᠭᠳᠡᠬᠦ ᠳᠠᠷᠤᠯᠲᠠ ᠵᠢ ᠬᠥᠩᠭᠡᠷᠡᠭᠦᠯᠵᠦ ᠂  ᠠᠮᠤ ᠪᠤᠳᠠᠭ᠎ᠠ ᠳᠠᠷᠢᠭᠰᠠᠨ ᠠᠰᠢᠭ ᠣᠷᠣᠯᠭ᠎ᠠ ᠵᠢ ᠪᠠᠲᠤᠯᠠᠵᠤ ᠂  ᠠᠮᠤ ᠪᠤᠳᠠᠭ᠎ᠠ ᠳᠠᠷᠢᠭᠰᠠᠨ ᠣᠷᠣᠯᠭ᠎ᠠ ᠵᠢ ᠲᠣᠭᠲᠠᠪᠤᠷᠢᠵᠢᠭᠤᠯᠬᠤ ᠬᠡᠷᠡᠭᠲᠡᠢ  ᠭᠡᠵᠡᠢ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠢ᠌ᠷ᠎ᠠ ᠵᠢᠨ 3 ᠵᠢᠯ᠎ᠤᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠬᠡᠮᠵᠢᠶ᠎ᠡ ᠪᠠ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠭᠠᠳᠠᠨ᠎ᠠ᠎ᠠᠴᠠ ᠣᠷᠣᠭᠤᠯᠵᠤ ᠢᠷᠡᠭᠰᠡᠨ ᠮᠡᠷᠭᠡᠵᠢᠯ᠎ᠤᠨ ᠠᠷᠠᠯᠵᠢᠶᠠᠨ᠎ᠤ ᠲᠡᠷᠢᠭᠦᠨ᠎ᠳᠤ ᠣᠷᠣᠪᠠ ᠪᠡᠭᠡᠵᠢᠩ ᠥᠪᠥᠷ ᠮᠣᠩᠭᠣᠯ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 294 ᠲᠥᠷᠥᠯ ᠵᠦᠢ᠍ᠯ᠎ᠳᠤ ᠬᠠᠮᠲᠤᠷᠠᠯᠴᠠᠵᠤ 298 ᠵᠦᠢ᠍ᠯ᠎ᠤᠨ ᠮᠡᠷᠭᠡᠵᠢᠯ᠎ᠢ ᠣᠷᠣᠭᠤᠯᠤᠨ ᠠᠪᠴᠢᠷᠠᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠳᠠᠲᠤ ᠪᠠᠢ᠌ᠳᠠᠯ᠎ᠢ ᠣᠢ᠌ᠯᠠᠭ᠋ᠠᠨ ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠵᠦ ᠰᠤᠷᠤᠯᠴᠠᠯᠭ᠎ᠠ᠎ᠪᠠᠷ ᠠᠵᠢᠯ᠎ᠢ ᠠᠬᠢᠭᠤᠯᠤᠨ ᠪᠣᠳᠠᠲᠤ ᠪᠦᠲᠦᠮᠵᠢ ᠭᠠᠷᠭ᠋ᠠᠵᠤ ᠪᠠᠢ᠌ᠨ᠎ᠠ
ᠥᠪᠥᠷ ᠮᠣᠩᠭᠣᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠠᠭ᠋ᠠᠷᠠᠮᠠᠭ᠎ᠤᠨ ᠬᠤᠭᠤᠴᠠᠭ᠋ᠠᠨ᠎ᠳᠤ 2399 ᠢᠵᠢ ᠲᠠᠸᠠᠷ᠎ᠤᠨ ᠭᠡᠷ ᠪᠠᠢ᠌ᠰᠢᠩ᠎ᠤᠨ ᠠᠷᠠᠯᠵᠢᠶ᠎ᠠ ᠳᠣᠬᠢᠷᠠᠵᠦ ᠶᠡᠷᠦᠩᠬᠡᠢ ᠵᠣᠭᠣᠰ᠎ᠤᠨ ᠲᠣᠭ᠎ᠠ᠎ᠨᠢ 22.6 ᠳ᠋ᠦᠩᠰᠢᠭᠤᠷ ᠲᠥᠭᠥᠷᠢᠭ᠎ᠲᠤ ᠬᠦᠷᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠣᠯᠠᠨ ᠲᠦᠮᠡᠨ᠎ᠤ ᠬᠠᠯᠠᠮᠵᠢᠯᠠᠵᠤ ᠪᠠᠢ᠌ᠭ᠎ᠠ ᠠᠰᠠᠭᠤᠳᠠᠯ᠎ᠳᠤ ᠲᠥᠪᠯᠡᠷᠡᠭᠦᠯᠵᠦ 《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ 》 ᠪᠠᠢ᠌ᠭ᠎ᠠ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠪᠤᠢ
ᠲᠥᠪ᠎ᠤᠨ ᠡᠳ᠋᠎ᠤᠨ ᠵᠠᠰᠠᠭ᠎ᠠᠴᠠ 2023 ᠣᠨ᠎ᠳᠤ 1560 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠳᠡᠮᠵᠢᠵᠦ ᠪᠣᠢ
 
            