ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠣᠢ᠌ᠷ᠎ᠠ ᠵᠢᠨ 3 ᠵᠢᠯ᠎ᠤᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠬᠡᠮᠵᠢᠶ᠎ᠡ ᠪᠠ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠭᠠᠳᠠᠨ᠎ᠠ᠎ᠠᠴᠠ ᠣᠷᠣᠭᠤᠯᠵᠤ ᠢᠷᠡᠭᠰᠡᠨ ᠮᠡᠷᠭᠡᠵᠢᠯ᠎ᠤᠨ ᠠᠷᠠᠯᠵᠢᠶᠠᠨ᠎ᠤ ᠲᠡᠷᠢᠭᠦᠨ᠎ᠳᠤ ᠣᠷᠣᠪᠠ ᠪᠡᠭᠡᠵᠢᠩ ᠥᠪᠥᠷ ᠮᠣᠩᠭᠣᠯ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 294 ᠲᠥᠷᠥᠯ ᠵᠦᠢ᠍ᠯ᠎ᠳᠤ ᠬᠠᠮᠲᠤᠷᠠᠯᠴᠠᠵᠤ 298 ᠵᠦᠢ᠍ᠯ᠎ᠤᠨ ᠮᠡᠷᠭᠡᠵᠢᠯ᠎ᠢ ᠣᠷᠣᠭᠤᠯᠤᠨ ᠠᠪᠴᠢᠷᠠᠪᠠ
ᠨᠡᠶ᠋ᠢᠲᠡᠯᠡᠭᠰᠡᠨ ᠴᠠᠭ᠄ 2023-05-09

       ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ  ᠲᠧᠭᠨᠢᠭ  ᠮᠡᠷᠭᠡᠵᠢᠯ᠎ᠤᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠣᠢ᠌ᠷ᠎ᠠ ᠵᠢᠨ 3 ᠵᠢᠯ᠎ᠤᠨ ᠲᠤᠷᠰᠢ᠂ ᠪᠡᠭᠡᠵᠢᠩ ᠥᠪᠥᠷ ᠮᠣᠩᠭᠣᠯ᠎ᠤᠨ ᠎ᠬᠢᠨ  ᠰᠢᠨᠵᠢᠯᠡᠬᠦ ᠤᠬᠠᠭ᠋ᠠᠨ ᠮᠡᠷᠭᠡᠵᠢᠯ᠎ᠤᠨ 294  ᠲᠥᠷᠥᠯ ᠵᠦᠢ᠍ᠯ᠎ᠳᠤ  ᠬᠠᠮᠲᠤᠷᠠᠯᠴᠠᠵᠤ ᠂ 298 ᠵᠦᠢ᠍ᠯ᠎ᠤᠨ ᠮᠡᠷᠭᠡᠵᠢᠯ᠎ᠢ ᠣᠷᠣᠭᠤᠯᠤᠨ ᠠᠪᠴᠢᠷᠠᠵᠤ᠂ 73 ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠤᠨ᠂ 500 ᠭᠠᠷᠤᠢ ᠳᠡᠭᠡᠳᠦ ᠲᠠᠰ ᠳᠠᠪᠬᠤᠷᠭ᠎ᠠ ᠵᠢᠨ ᠲᠤᠰᠬᠠᠢ ᠮᠡᠷᠭᠡᠵᠢᠯᠲᠡᠨ᠎ᠢ ᠬᠠᠮᠲᠤ᠎ᠪᠠᠷ  ᠬᠥᠷᠲᠡᠵᠦ ᠂ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ᠎ᠪᠠᠷ ᠳᠡᠮᠵᠢᠨ ᠣᠷᠣᠭᠤᠯᠤᠭᠰᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠬᠡᠮᠵᠢᠶ᠎ᠡ᠂ ᠠᠷᠠᠯᠵᠢᠶᠠᠨ᠎ᠤ ᠵᠣᠭᠣᠰ᠎ᠤᠨ ᠲᠣᠭ᠎ᠠ᠎ᠨᠢ ᠴᠥᠮ ᠥᠪᠡᠷᠲᠡᠭᠡᠨ ᠵᠠᠰᠠᠬᠤ ᠣᠷᠣᠨ᠎ᠤ ᠭᠠᠳᠠᠨ᠎ᠠ᠎ᠠᠴᠠ  ᠣᠷᠣᠭᠤᠯᠵᠤ  ᠢᠷᠡᠭᠰᠡᠨ ᠮᠡᠷᠭᠡᠵᠢᠯ᠎ᠤᠨ ᠠᠷᠠᠯᠵᠢᠶᠠᠨ᠎ᠤ ᠲᠡᠷᠢᠭᠦᠨ᠎ᠳᠤ ᠣᠷᠣᠪᠠ᠃

       ᠰᠢᠨ᠎ᠡ  ᠨᠢᠭᠡᠨ  ᠡᠭᠡᠯᠵᠢ ᠵᠢᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠥᠷᠨᠢᠭᠦᠯᠬᠦ ᠎ᠨᠢ  ᠨᠠᠮ᠎ᠤᠨ ᠲᠥᠪ ᠬᠣᠷᠢᠶ᠎ᠠ᠎ᠠᠴᠠ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠣᠯᠣᠨ᠎ᠠ ᠃  ᠡᠨᠡ ᠵᠢᠯ᠎ᠤᠨ 2  ᠳ᠋ᠤᠭ᠋ᠠᠷ  ᠰᠠᠷ᠎ᠠ᠎ᠳᠤ᠂ ᠥᠪᠥᠷ ᠮᠣᠩᠭᠣᠯ  ᠬᠢᠭᠡᠳ  ᠪᠡᠭᠡᠵᠢᠩ 《ᠪᠡᠭᠡᠵᠢᠩ ᠥᠪᠥᠷ ᠮᠣᠩᠭᠣᠯ  ᠬᠠᠮᠵᠢᠯᠴᠠᠵᠤ ᠤᠯᠤᠰ ᠲᠥᠷᠥ ᠵᠢᠨ ᠵᠥᠪᠯᠡᠯᠭᠡᠨ ᠬᠦᠴᠦᠨ ᠨᠡᠮᠡᠷᠢᠯᠡᠬᠦ》 ᠪᠦᠳᠦᠭᠦᠪᠴᠢ ᠵᠥᠪᠯᠡᠯᠴᠡᠭᠡᠷ ᠲᠣᠭᠲᠠᠵᠤ᠂ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠬᠦ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ  ᠰᠢᠨᠡᠴᠢᠯᠡᠯᠲᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ  ᠬᠠᠮᠲᠤ᠎ᠪᠠᠷ  ᠠᠬᠢᠭᠤᠯᠪᠠ᠃  ᠡᠨᠡ ᠵᠢᠯ᠂ ᠪᠠᠶᠠᠨᠨᠠᠭᠤᠷ᠎ᠤᠨ ᠤᠯᠤᠰ᠎ᠤᠨ ᠳᠡᠰ᠎ᠤᠨ ᠲᠠᠷᠢᠶᠠᠯᠠᠩ᠎ᠤᠨ  ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ  ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠮᠲᠤᠷᠠᠨ ᠪᠠᠢ᠌ᠭᠤᠯᠤᠭᠰᠠᠨ  ᠮᠢᠬᠠᠨ᠎ᠤ  ᠬᠣᠨᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠢᠩᠬᠢᠨᠢ᠎ᠪᠠᠷ ᠪᠠᠢ᠌ᠭᠤᠯᠤᠭᠳᠠᠪᠠ᠃ ᠬᠢᠩᠭ᠋ᠠᠨ ᠠᠢ᠌ᠮᠠᠭ᠎ᠤᠨ ᠠᠵᠤ ᠠᠬᠤᠢ᠌ᠯᠠᠯ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ  ᠡᠳ᠋ᠰᠢᠭᠦᠯᠬᠦ  ᠭᠠᠵᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ 10  ᠲᠥᠷᠥᠯ ᠵᠦᠢ᠍ᠯ᠎ᠢ  ᠰᠦᠯᠵᠢᠶᠡᠨ ᠳᠡᠭᠡᠷ᠎ᠡ ᠲᠣᠭᠲᠠᠵᠤ᠂ ᠤᠯᠤᠰ᠎ᠤᠨ  ᠰᠦ ᠵᠢᠨ ᠦᠢ᠍ᠯᠡᠰ᠎ᠤᠨ ᠮᠡᠷᠭᠡᠵᠢᠯ᠎ᠤᠨ ᠲᠥᠪ ᠬᠢᠭᠡᠳ ᠪᠡᠭᠡᠵᠢᠩ᠎ᠤᠨ ᠦᠢ᠍ᠯᠡᠳᠪᠦᠷᠢ ᠬᠤᠳᠠᠯᠳᠤᠭ᠋ᠠᠨ᠎ᠤ ᠶᠡᠬᠡ ᠰᠤᠷᠭ᠋ᠠᠭᠤᠯᠢ ᠬᠠᠮᠲᠤᠷᠠᠭᠰᠠᠨ ᠲᠤᠷᠰᠢᠯᠲᠠ ᠵᠢᠨ ᠲᠠᠰᠤᠭ ᠪᠠᠢ᠌ᠭᠤᠯᠬᠤ ᠲᠤᠬᠠᠢ ᠬᠠᠮᠲᠤ ᠵᠢᠨ ᠲᠠᠨᠢᠯᠲᠠ ᠵᠢ  ᠪᠤᠢ ᠪᠣᠯᠭ᠋ᠠᠵᠤ ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ  ᠪᠣᠯᠣᠨ  ᠪᠡᠭᠡᠵᠢᠩ ᠬᠣᠲᠠ ᠵᠢᠨ ᠲᠠᠷᠢᠶᠠᠯᠠᠩ ᠣᠶ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠠᠮᠢᠳᠤ ᠪᠣᠳᠠᠰ᠎ᠤᠨ ᠮᠠᠰ᠎ᠤᠨ ᠡᠰᠢ ᠰᠦᠷᠡᠯ᠎ᠢ ᠠᠰᠢᠭᠯᠠᠬᠤ ᠴᠢᠭᠯᠡᠯ ᠵᠶ᠋ᠠᠷ  ᠰᠤᠳᠤᠯᠤᠨ ᠨᠡᠭᠡᠭᠡᠬᠦ ᠲᠠᠪᠴᠠᠩ᠎ᠢ ᠬᠠᠮᠲᠤ᠎ᠪᠠᠷ  ᠪᠠᠢ᠌ᠭᠤᠯᠬᠤ᠎ᠪᠠᠷ ᠲᠦᠯᠦᠪᠯᠡᠵᠦ ᠂ ᠪᠡᠭᠡᠵᠢᠩ ᠥᠪᠥᠷ ᠮᠣᠩᠭᠣᠯ ᠬᠣᠶᠠᠷ ᠲᠠᠯ᠎ᠠ᠎ᠪᠠᠷ ᠵᠶ᠋ᠠᠨ ᠥᠪᠥᠷ ᠮᠣᠩᠭᠣᠯ᠎ᠳᠤ  ᠲᠣᠭ᠋ᠠᠵᠢᠭᠤᠯᠤᠨ  ᠪᠤᠳᠤᠬᠤ ᠴᠢᠳᠠᠮᠵᠢ ᠵᠢᠨ  ᠲᠥᠪ ᠪᠠᠢ᠌ᠭᠤᠯᠬᠤ ᠵᠢ ᠬᠠᠮᠲᠤ᠎ᠪᠠᠷ ᠠᠬᠢᠭᠤᠯᠬᠤ᠎ᠪᠠᠷ  ᠪᠤᠢ ᠃  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ ᠲᠠᠰᠤᠷᠠᠯᠲᠠ ᠦᠭᠡᠢ ᠭᠦᠨᠵᠡᠭᠡᠢ᠌ᠷᠡᠬᠦ ᠵᠢ ᠳᠠᠭ᠋ᠠᠯᠳᠤᠨ ᠂ ᠨᠡᠩ ᠤᠯᠠᠨ ᠰᠢᠨ᠎ᠡ ᠵᠢ ᠡᠭᠦᠳᠬᠦ ᠬᠦᠳᠡᠯᠭᠡᠬᠦ  ᠬᠦᠴᠦᠨ ᠥᠪᠥᠷ ᠮᠣᠩᠭᠣᠯ  ᠲᠡᠢ᠌ᠰᠢ  ᠣᠷᠭᠢᠯᠤᠨ ᠬᠤᠷᠠᠵᠤ ᠪᠠᠢ᠌ᠨ᠎ᠠ ᠃

      《ᠲᠠᠪᠤᠨ ᠶᠡᠬᠡ ᠡᠭᠦᠷᠭᠡ》 ᠎ᠲᠠᠢ ᠬᠠᠷᠢᠴᠠᠭᠤᠯᠤᠨ ᠂ ᠥᠪᠡᠷᠲᠡᠭᠡᠨ ᠵᠠᠰᠠᠬᠤ ᠣᠷᠣᠨ᠎ᠤ 8 ᠲᠣᠮᠣ ᠠᠵᠤ ᠦᠢ᠍ᠯᠡᠰ᠎ᠤᠨ  ᠪᠦᠯᠦᠭᠵᠢᠯ  ᠪᠣᠯᠣᠨ 16 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠣᠷᠣᠨ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ  ᠬᠥᠭᠵᠢᠭᠦᠯᠬᠦ》 ᠠᠵᠢᠯᠯᠠᠭ᠎ᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠰᠢᠨᠵᠢᠯᠡᠬᠦ ᠤᠬᠠᠭ᠋ᠠᠨ ᠮᠡᠷᠭᠡᠵᠢᠯ᠎ᠤᠨ  ᠰᠢᠨᠡᠴᠢᠯᠡᠯᠲᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠲᠠᠰ ᠳᠡᠪᠰᠢᠭᠦᠯᠬᠦ᠂  ᠬᠣᠯᠪᠤᠭ᠋ᠠᠯᠠᠨ  ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ  ᠪᠣᠭᠣᠮᠲᠠ ᠰᠢᠪᠲᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠣᠶᠤᠨ  ᠬᠦᠴᠦᠨ᠎ᠢ ᠬᠦᠮᠦᠵᠢᠭᠦᠯᠬᠦ ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ  ᠤᠯᠠᠷᠢᠭᠤᠯᠬᠤ  ᠵᠡᠷᠭᠡ ᠲᠠᠯ᠎ᠠ᠎ᠪᠠᠷ ᠪᠦᠲᠦᠮᠵᠢᠲᠡᠢ  ᠪᠠᠢ᠌ᠷᠢᠰᠢᠭᠤᠯᠤᠨ ᠂ ᠨᠠᠷᠢᠯᠢᠭ ᠣᠨᠣᠴᠠᠲᠠᠢ᠎ᠪᠠᠷ ᠬᠦᠴᠦᠯᠡᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠳᠡᠮᠵᠢᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠨ᠎ᠡ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠳᠠᠲᠤ ᠪᠠᠢ᠌ᠳᠠᠯ᠎ᠢ ᠣᠢ᠌ᠯᠠᠭ᠋ᠠᠨ ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠵᠦ ᠰᠤᠷᠤᠯᠴᠠᠯᠭ᠎ᠠ᠎ᠪᠠᠷ ᠠᠵᠢᠯ᠎ᠢ ᠠᠬᠢᠭᠤᠯᠤᠨ ᠪᠣᠳᠠᠲᠤ ᠪᠦᠲᠦᠮᠵᠢ ᠭᠠᠷᠭ᠋ᠠᠵᠤ ᠪᠠᠢ᠌ᠨ᠎ᠠ
ᠥᠪᠥᠷ ᠮᠣᠩᠭᠣᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠠᠭ᠋ᠠᠷᠠᠮᠠᠭ᠎ᠤᠨ ᠬᠤᠭᠤᠴᠠᠭ᠋ᠠᠨ᠎ᠳᠤ 2399 ᠢᠵᠢ ᠲᠠᠸᠠᠷ᠎ᠤᠨ ᠭᠡᠷ ᠪᠠᠢ᠌ᠰᠢᠩ᠎ᠤᠨ ᠠᠷᠠᠯᠵᠢᠶ᠎ᠠ ᠳᠣᠬᠢᠷᠠᠵᠦ ᠶᠡᠷᠦᠩᠬᠡᠢ ᠵᠣᠭᠣᠰ᠎ᠤᠨ ᠲᠣᠭ᠎ᠠ᠎ᠨᠢ 22.6 ᠳ᠋ᠦᠩᠰᠢᠭᠤᠷ ᠲᠥᠭᠥᠷᠢᠭ᠎ᠲᠤ ᠬᠦᠷᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠣᠯᠠᠨ ᠲᠦᠮᠡᠨ᠎ᠤ ᠬᠠᠯᠠᠮᠵᠢᠯᠠᠵᠤ ᠪᠠᠢ᠌ᠭ᠎ᠠ ᠠᠰᠠᠭᠤᠳᠠᠯ᠎ᠳᠤ ᠲᠥᠪᠯᠡᠷᠡᠭᠦᠯᠵᠦ 《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ 》 ᠪᠠᠢ᠌ᠭ᠎ᠠ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠪᠤᠢ
ᠲᠥᠪ᠎ᠤᠨ ᠡᠳ᠋᠎ᠤᠨ ᠵᠠᠰᠠᠭ᠎ᠠᠴᠠ 2023 ᠣᠨ᠎ᠳᠤ 1560 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠳᠡᠮᠵᠢᠵᠦ ᠪᠣᠢ
ᠲᠥᠪ᠎ᠤᠨ ᠡᠳ᠋᠎ᠤᠨ ᠵᠠᠰᠠᠭ᠎ᠠᠴᠠ ᠥᠪᠥᠷ ᠮᠣᠩᠭᠣᠯ᠎ᠤᠨ 2023 ᠣᠨ᠎ᠤ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠵᠢᠨ ᠪᠠᠯᠠ ᠮᠥᠩᠭᠥ ᠵᠢ ᠨᠡᠶ᠋ᠢᠲᠡ 55.07 ᠳ᠋ᠦᠩᠰᠢᠭᠤᠷ ᠲᠥᠭᠥᠷᠢᠭ ᠪᠠᠭᠤᠯᠭ᠋ᠠᠪᠠ
 
            