ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠨᠠᠢ᠍ᠮᠠᠨ ᠵᠦᠢ᠍ᠯ ᠎ᠤᠨ ᠠᠷᠭ᠎ᠠ ᠬᠡᠮᠵᠢᠶ᠎ᠡ》 ᠵᠢ ᠳᠠᠷᠤᠮᠠᠯᠯᠠᠨ ᠳᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2020-12-24

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠳᠡᠳᠬᠦᠬᠦ ᠨᠡᠬᠡᠬᠡᠯᠳᠡ ᠵᠢᠨ ᠤᠳᠤᠷᠢᠳᠬᠤ ᠳᠤᠭᠤᠶ᠋ᠢᠯᠠᠩ [2020]13 ᠲᠣᠭ᠋ᠠᠲᠤ

ᠡᠯ᠎ᠡ ᠠᠶ᠋ᠢᠮᠠᠭ ᠬᠣᠲᠠ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠳᠡᠳᠬᠦᠬᠦ ᠨᠡᠬᠡᠬᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠯ᠎ᠡ ᠪᠦᠷᠢᠯᠳᠦᠬᠦᠨ ᠨᠢᠭᠡᠴᠡ᠎ᠳᠤ᠄
ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ 《ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠨᠠᠢ᠍ᠮᠠᠨ ᠵᠦᠢ᠍ᠯ᠎ᠤᠨ ᠠᠷᠭ᠎ᠠ ᠬᠡᠮᠵᠢᠶ᠎ᠡ》 ᠵᠢ ᠵᠥ᠋ᠪᠰᠢᠶᠡᠷᠡᠵᠦ᠂ ᠡᠳᠦᠭᠡ ᠲᠠᠨᠠᠷ᠎ᠲᠤ ᠳᠠᠷᠤᠮᠠᠯᠯᠠᠨ ᠳᠠᠷᠬᠠᠭ᠋ᠠᠯ᠎ᠠ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠬᠢᠨᠠᠮᠠᠭ᠋ᠠᠶ ᠰᠠᠶ᠋ᠢᠲᠤᠷ ᠠᠳᠬᠤᠬᠤ ᠬᠡᠷᠡᠭᠲᠡᠶ᠃
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ
     2020 ᠣᠨ᠎ᠤ 7 ᠰᠠᠷ᠎ᠠ ᠵᠢᠨ 5᠎ᠤ ᠡᠳᠦᠷ

      ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ   ᠵᠦᠢ᠍ᠯ᠎ᠤᠨ ᠠᠷᠭ᠎ᠠ ᠬᠡᠮᠵᠢᠶ᠎ᠡ

      ᠨᠠᠮ᠎ᠤᠨ ᠠᠷᠪᠠᠨ   ᠨᠠᠢ᠌ᠮᠠᠳᠤᠭ᠋ᠠᠷ   ᠶᠡᠬᠡ ᠬᠤᠷᠠᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠰᠢᠢ᠍ᠳᠪᠦᠷᠢᠳᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠶᠠᠳᠠᠭᠤ ᠵᠢ ᠲᠡᠳᠬᠦᠬᠦ ᠨᠡᠭᠡᠭᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ 《ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ   ᠰᠢᠯᠭ᠋ᠠᠬᠤ ᠪᠠ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠬᠤ ᠲᠤᠬᠠᠶ ᠵᠢᠯᠣᠭᠣᠳᠬᠤ ᠰᠠᠨᠠᠯ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠶᠠᠳᠠᠭᠤ ᠵᠢ ᠲᠡᠳᠬᠦᠬᠦ ᠨᠡᠭᠡᠭᠡᠯᠳᠡ ᠵᠢᠨ ᠠᠵᠢᠯ᠎ᠤᠨ ᠤᠳᠤᠷᠢᠳᠬᠤ ᠳᠤᠭᠤᠢ᠍ᠢ᠍ᠯᠠᠩ [2020] 6 ᠲᠣᠭ᠋ᠠᠲᠤ)᠎ᠢ ᠦᠨᠳᠦᠰᠦᠯᠡᠨ᠂ ᠤᠨᠢᠨ ᠳᠡᠬᠡᠷ᠎ᠡ᠎ᠨᠢ ᠶᠠᠳᠠᠭᠤ ᠵᠢ ᠲᠡᠳᠬᠦᠬᠦ ᠤᠨᠢᠨ ᠳᠡᠬᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠵᠢ ᠪᠠᠷᠢᠮᠲᠠᠯᠠᠵᠤ᠂ ᠲᠣᠭᠲᠠᠴᠠ ᠵᠢᠨ ᠰᠢᠨ᠎ᠡ ᠵᠢ ᠡᠭᠦᠳᠴᠦ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠰᠡᠳᠬᠢᠯ ᠵᠶ᠋ᠠᠨ ᠨᠢᠭᠡᠳᠬᠡᠨ ᠬᠦᠴᠦᠨ ᠵᠶ᠋ᠠᠨ ᠬᠠᠮᠲᠤᠳᠬᠠᠵᠤ᠂ ᠤᠨᠢᠨ ᠳᠡᠭᠡᠷ᠎ᠡ᠎ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠦᠬᠦ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠰᠢᠢ᠍ᠳᠪᠦᠷᠢᠲᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠣᠳᠣᠬᠠᠨ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠨᠢᠭᠡᠨᠲᠡ ᠶᠡᠷᠦᠩᠬᠡᠶ ᠰᠢᠪᠳᠤᠯᠤᠯᠳᠠ ᠬᠢᠬᠦ᠂   ᠰᠢᠢ᠍ᠳᠪᠦᠷᠢᠳᠤ ᠲᠠᠢ᠍ᠢ᠍ᠯᠠᠯᠳᠤᠭ᠋ᠠᠨ᠎ᠤ ᠰᠢᠢ᠍ᠳᠪᠦᠷᠢᠳᠤ ᠢᠯᠠᠯᠲᠠ ᠣᠯᠬᠤ ᠱᠠᠲᠤᠨ᠎ᠳᠤ ᠣᠷᠣᠵᠤ᠂ ᠰᠡᠭᠦᠯ ᠬᠤᠷᠢᠶᠠᠬᠤ ᠱᠠᠲᠤᠨ᠎ᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠪᠦᠬᠦ ᠲᠠᠯ᠎ᠠ᠎ᠪᠠᠷ ᠢᠯᠠᠯᠲᠠ ᠣᠯᠬᠤ ᠵᠢᠨ ᠲᠦᠯᠦᠬᠡ᠂ 2020 ᠣᠨ᠎ᠠᠴᠠ ᠰᠡᠭᠦᠯᠡᠷᠬᠢ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠥᠷᠥ ᠵᠢᠨ ᠪᠣᠳᠣᠯᠭ᠎ᠠ ᠵᠢᠨ ᠰᠢᠯᠵᠢᠯᠲᠡ ᠵᠢᠨ ᠬᠤᠭᠤᠴᠠᠭ᠋ᠠᠨ᠎ᠳᠠᠬᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠠᠷᠢᠴᠠᠩᠭᠤᠶ ᠶᠠᠳᠠᠭᠤ ᠬᠦᠴᠢᠷᠳᠡᠯ᠎ᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠵᠡᠷᠭᠡ᠎ᠪᠠᠷ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ   ᠨᠠᠢ᠍ᠮᠠᠨ   ᠵᠦᠢ᠍ᠯ᠎ᠤᠨ ᠠᠷᠭ᠎ᠠ ᠬᠡᠮᠵᠢᠶ᠎ᠡ ᠵᠢ ᠣᠨᠴᠠᠭ᠋ᠠᠶ᠋ᠢᠯᠠᠨ ᠲᠣᠭᠲᠠᠭ᠋ᠠᠪᠠ᠃
      ᠨᠢᠭᠡ᠂ ᠬᠥᠳᠡᠯᠦᠩᠭᠦᠶ ᠬᠢᠨᠠᠯᠳᠠ ᠬᠠᠮᠢᠶᠠᠷᠤᠯᠲᠠ ᠵᠢ ᠴᠢᠩᠭ᠋ᠠᠳᠬᠠᠨ᠎ᠠ
      ᠬᠢᠨᠡᠯᠳᠡ ᠬᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠦᠷᠢᠨᠰᠢᠭᠦᠯᠦᠨ᠎ᠡ᠃ ᠬᠣᠰᠢᠭᠤ ᠰᠢᠶᠠᠨ᠎ᠤ ᠶᠠᠳᠠᠭᠤ ᠵᠢ ᠲᠡᠳᠬᠦᠬᠦ ᠨᠡᠬᠡᠬᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠠᠮᠢᠶ᠎ᠠ ᠪᠦᠬᠦᠢ ᠪᠦᠷᠢᠯᠳᠦᠬᠦᠨ ᠨᠢᠭᠡᠴᠢ᠎ᠨᠦᠭᠦᠳ ᠨᠢᠭᠡᠨᠲᠡ ᠶᠠᠳᠠᠭᠤ᠎ᠠᠴᠠ ᠠᠩᠭᠢᠵᠢᠷᠠᠭᠰᠠᠨ ᠭᠣᠤᠯᠳᠠᠯᠭ᠎ᠠ᠎ᠲᠠᠢ ᠬᠢᠨᠠᠯᠳᠠ ᠬᠢᠬᠦ ᠡᠷᠦᠬᠡ᠂ ᠶᠠᠳᠠᠭᠤᠷᠠᠯ᠎ᠳᠤ ᠬᠠᠪᠢᠳᠠᠵᠤ ᠪᠠᠢ᠍ᠢ᠍ᠭ᠎ᠠ ᠡᠷᠦᠬᠡ ᠪᠣᠯᠤᠨ ᠭᠡᠷ ᠪᠦᠯᠢ ᠵᠢᠨ ᠣᠷᠣᠯᠭ᠎ᠠ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ᠎ᠨᠢ ᠭᠡᠨᠡᠳᠲᠡ ᠨᠡᠮᠡᠭᠳᠡᠭᠰᠡᠨ ᠮᠠᠯᠵᠢᠬᠤ ᠲᠠᠷᠢᠶᠠᠯᠠᠬᠤ ᠡᠷᠦᠬᠡ᠎ᠲᠤ ᠬᠥᠳᠡᠯᠦᠩᠭᠦᠶ ᠬᠢᠨᠠᠯᠳᠠ ᠬᠢᠬᠦ᠎ᠪᠠᠨ ᠴᠢᠩᠭ᠋ᠠᠳᠬᠠᠬᠤ ᠬᠡᠷᠡᠭᠲᠡᠶ᠃ ᠬᠤᠪᠢ ᠬᠥᠮᠦᠨ ᠭᠤᠶᠤᠴᠢᠯᠠᠨ ᠮᠡᠳᠡᠭᠦᠯᠬᠦ᠂ ᠮᠥᠷᠳᠡᠨ ᠰᠤᠷᠪᠤᠯᠵᠢᠯᠠᠬᠤ᠂ ᠰᠢᠰᠲ᠋ᠧᠮ᠎ᠤᠨ ᠮᠡᠳᠡᠭᠡ ᠵᠠᠩᠭᠢ ᠵᠢ ᠬᠠᠷᠢᠴᠠᠭᠤᠯᠬᠤ ᠠᠷᠭ᠎ᠠ ᠵᠠᠮ ᠵᠶ᠋ᠠᠷ ᠳᠠᠮᠵᠢᠭᠤᠯᠤᠨ᠂ ᠳᠠᠬᠢᠨ ᠶᠠᠳᠠᠭᠤᠷᠠᠵᠤ ᠮᠡᠳᠡᠬᠦ ᠡᠯ᠎ᠡ ᠵᠦᠶᠯ᠎ᠤᠨ ᠪᠠᠶ᠋ᠢᠳᠠᠯ᠎ᠢ ᠪᠦᠬᠦ ᠲᠠᠯ᠎ᠠ᠎ᠪᠠᠷ ᠡᠵᠡᠮᠰᠢᠬᠦ ᠵᠢᠨ ᠬᠠᠮᠲᠤ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ᠎ᠲᠠᠢ ᠪᠠᠢ᠍ᠢ᠍ᠬᠤ᠎ᠳᠤ᠎ᠨᠢ ᠳᠤᠳᠤᠷᠬᠠᠢ᠍ᠢ᠍ᠯᠠᠯᠳᠠ ᠬᠢᠵᠦ᠂ ᠲᠦᠭᠰᠢᠭᠦᠷᠢ᠎ᠲᠠᠢ ᠪᠠᠢ᠍ᠢ᠍ᠬᠤ ᠴᠡᠭ᠎ᠤᠨ ᠬᠤᠪᠢᠷᠠᠯᠲᠠ ᠵᠢᠨ ᠪᠠᠶ᠋ᠢᠳᠠᠯ ᠵᠴᠠᠭ ᠲᠤᠬᠠᠶ᠎ᠲᠤᠨᠢ ᠬᠢᠨᠠᠯᠳᠠ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠬᠡᠷᠡᠭᠲᠡᠶ᠃
      ᠮᠠᠭ᠋ᠠᠳᠯᠠᠯᠳᠠ ᠬᠢᠵᠦ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠦᠨ᠎ᠡ᠃ ᠬᠣᠰᠢᠭᠤ ᠰᠢᠶᠠᠨ᠎ᠤ ᠶᠠᠳᠠᠭᠤ ᠵᠢ ᠲᠡᠳᠬᠦᠬᠦ ᠨᠡᠬᠡᠬᠡᠯᠳᠡ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭ᠋ᠠᠰᠤᠨ᠎ᠤ᠎ᠬᠢᠨ ᠣᠷᠣᠯᠴᠠᠭᠰᠠᠨ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠠᠮᠲᠤᠷᠠᠭᠰᠠᠨ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ ᠬᠤᠷᠠᠯᠳᠤᠭᠤᠯᠵᠤ᠂ ᠳᠠᠬᠢᠨ ᠶᠠᠳᠠᠭᠤᠷᠠᠬᠤ ᠵᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠡᠷᠦᠬᠡ ᠳᠠᠷᠠᠭ᠋ᠠᠯᠠᠨ ᠵᠠᠳᠠᠯᠤᠨ ᠰᠤᠳᠤᠯᠤᠨ ᠮᠠᠭ᠋ᠠᠳᠯᠠᠵᠤ᠂ ᠳᠠᠬᠢᠨ ᠶᠠᠳᠠᠭᠤᠷᠠᠬᠤ ᠲᠦᠭᠰᠢᠭᠦᠷᠢ ᠵᠢ ᠪᠤᠢ ᠪᠣᠯᠤᠭᠰᠠᠨ ᠰᠢᠯᠲᠠᠭ᠋ᠠᠨ᠎ᠢ ᠦᠨᠳᠦᠰᠦᠯᠡᠵᠦ ᠰᠢᠶᠳᠪᠦᠷᠢᠯᠡᠬᠦ ᠲᠥᠰᠦᠯ ᠲᠣᠭᠲᠠᠭ᠋ᠠᠵᠤ᠂ ᠬᠠᠷᠢᠭᠤᠴᠠᠯᠭ᠋ᠠᠲᠤ ᠨᠢᠭᠡᠴᠢ ᠵᠢ ᠲᠣᠳᠣᠷᠬᠠᠶ᠋ᠢᠯᠠᠨ᠂ ᠠᠵᠤ   ᠦᠢ᠍ᠯᠡᠰ᠂ ᠠᠵᠢᠯ ᠣᠯᠭᠣᠯᠲᠠ᠂ ᠶᠡᠷᠦᠩᠬᠡᠶ᠋ᠢᠯᠡᠭᠰᠡᠨ ᠪᠠᠲᠤᠯᠠᠭ᠎ᠠ᠂ ᠡᠷᠴᠢ ᠵᠣᠷᠢᠭ᠎ᠢ ᠲᠡᠳᠬᠦᠬᠦ ᠣᠶᠤᠨ ᠤᠬᠠᠭᠠ᠎ᠨᠢ ᠲᠡᠳᠬᠦᠬᠦ ᠵᠢᠴᠢ ᠪᠤᠰᠤᠳ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠣᠨᠣᠪᠴᠢᠲᠠᠶ ᠨᠠᠶ᠋ᠢᠳᠠᠪᠤᠷᠢᠵᠢᠭᠤᠯᠤᠨ᠎ᠠ᠃
ᠬᠠᠷᠢᠯᠴᠠᠬᠤ   ᠦᠢ᠍ᠯᠡᠴᠢᠯᠡᠬᠡᠨ᠎ᠤ ᠲᠣᠭᠲᠠᠴᠠ ᠵᠢ ᠪᠦᠷᠢᠨᠰᠢᠭᠦᠯᠦᠨ᠎ᠡ᠃ ᠬᠣᠰᠢᠭᠤ ᠰᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠲᠤᠰᠬᠠᠶ ᠬᠥᠮᠦᠨ ᠭᠠᠷᠭ᠋ᠠᠵᠤ᠂ ᠬᠠᠪᠰᠤᠷᠤᠨ ᠲᠡᠳᠬᠦᠬᠦ ᠬᠢᠨᠠᠯᠳᠠ ᠬᠢᠬᠦ ᠡᠲᠡᠭᠡᠳ᠎ᠲᠠᠢ ᠬᠠᠷᠢᠯᠴᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠵᠣᠬᠢᠴᠠᠭᠤᠯᠤᠨ ᠨᠠᠢ᠍ᠳᠠᠪᠤᠷᠢᠵᠢᠭᠤᠯᠬᠤ᠂ ᠬᠠᠪᠰᠤᠷᠤᠨ ᠲᠡᠳᠬᠦᠬᠦ ᠡᠲᠡᠭᠡᠳ᠎ᠤᠨ   ᠦᠢ᠍ᠯᠡᠳᠪᠦᠷᠢᠯᠡᠯ ᠠᠮᠢᠳᠤᠷᠠᠯ᠎ᠤᠨ ᠪᠠᠶ᠋ᠢᠳᠠᠯ᠎ᠢ ᠴᠠᠭ ᠲᠤᠬᠠᠶ᠎ᠳᠤᠨᠢ ᠣᠶ᠋ᠢᠯᠠᠭ᠋ᠠᠵᠤ᠂ ᠬᠠᠪᠰᠤᠷᠤᠨ ᠲᠡᠳᠬᠦᠬᠦ ᠠᠬᠢᠴᠠ᠎ᠳᠤ ᠬᠢᠨᠠᠯᠳᠠ ᠬᠢᠵᠦ᠂ ᠳᠠᠬᠢᠨ ᠶᠠᠳᠠᠭᠤᠷᠠᠬᠤ ᠬᠦᠴᠦᠨ ᠵᠦᠶᠯ᠎ᠢ ᠪᠠᠭ᠋ᠠᠰᠬᠠᠬᠤ ᠵᠢᠨ ᠬᠠᠮᠲᠤ ᠣᠷᠣᠯᠭ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠪᠠᠲᠤᠯᠠᠨ᠎ᠠ᠃
      ᠬᠣᠶᠠᠷ᠂ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠪᠤᠷᠢᠵᠢᠭᠤᠯᠤᠨ᠎ᠠ
      ᠦᠨᠳᠦᠰᠦᠨ ᠡᠮᠴᠢᠯᠡᠭᠡᠨ᠎ᠤ ᠲᠥᠷᠥ ᠵᠢᠨ ᠪᠣᠳᠣᠯᠭ᠎ᠠ ᠵᠢ ᠳᠤᠭᠳᠠᠪᠤᠷᠢᠵᠢᠭᠤᠯᠤᠨ᠎ᠠ᠃ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠵᠠᠷᠤᠳᠠᠯ᠎ᠢ ᠬᠣᠰᠢᠭᠤ ᠰᠢᠶᠠᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠵᠢᠨ ᠠᠪᠤᠷᠠᠨ ᠲᠤᠰᠠᠯᠠᠯᠲᠠ ᠵᠢᠨ ᠪᠠᠲᠤᠯᠠᠭ᠎ᠠ ᠵᠢᠨ ᠲᠣᠭᠲᠠᠴᠠ ᠵᠢ ᠦᠷᠬᠦᠯᠵᠢᠯᠡᠬᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠰᠢᠶᠠᠨ᠎ᠤ ᠬᠡᠪᠴᠢᠶᠡᠨ᠎ᠳᠠᠬᠢ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠵᠤ 《ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ᠎ᠨᠢ ᠰᠦᠶᠳᠬᠡᠯ ᠲᠤᠰᠢᠶᠠᠬᠤ》 ᠪᠠ 《ᠨᠢᠭᠡ ᠥᠷᠲᠡᠭᠡ ᠮᠠᠶᠢᠭ》᠎ᠤᠨ ᠳ᠋ᠦᠩᠨᠡᠨ ᠪᠤᠳᠤᠬᠤ ᠲᠣᠭᠲᠠᠴᠠ ᠵᠢ ᠪᠡᠬᠢᠵᠢᠭᠦᠯᠦᠨ᠎ᠡ᠃ ᠤᠳᠠᠭ᠋ᠠᠨ ᠴᠢᠨᠠᠷᠲᠠᠶ ᠡᠪᠡᠳᠴᠢᠨ᠎ᠤ ᠭᠡᠷ᠎ᠡ ᠳᠤᠭᠳᠠᠨ ᠦᠶᠯᠡᠴᠢᠯᠡᠬᠦ ᠵᠢ ᠦᠷᠭᠦᠯᠵᠢᠯᠡᠨ ᠠᠬᠢᠭᠤᠯᠵᠤ᠂ ᠭᠡᠷ᠎ᠡ ᠳᠤᠭᠳᠠᠨ ᠦᠢ᠍ᠯᠡᠴᠢᠯᠡᠬᠦ ᠵᠢᠨ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢ ᠪᠡᠶᠡᠯᠡᠭᠦᠯᠦᠨ᠂ ᠤᠳᠠᠭ᠋ᠠᠨ ᠴᠢᠨᠠᠷᠳᠠᠢ ᠡᠪᠡᠳᠴᠢᠨ᠎ᠲᠠᠢ ᠡᠪᠡᠳᠴᠢᠲᠡᠨ᠎ᠤ ᠡᠮ ᠬᠤᠳᠠᠯᠳᠤᠨ ᠠᠪᠬᠤ᠂ ᠲᠠᠩᠰᠠ ᠲᠠᠶ᠋ᠢᠯᠬᠤ᠎ᠳᠤ ᠳᠥᠭᠥᠮ ᠳᠥᠲᠡ   ᠦᠢ᠍ᠯᠡᠴᠢᠯᠡᠭᠡ ᠬᠠᠩᠭ᠋ᠠᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠤᠮᠤ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ᠂ ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠤᠨ ᠪᠠᠷᠢᠮᠵᠢᠶᠠᠵᠢᠯᠲᠠ ᠪᠣᠯᠤᠨ ᠬᠥᠳᠡᠭᠡ ᠲᠣᠰᠬᠣᠨ᠎ᠤ ᠡᠮᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠦᠨᠳᠦᠰᠦᠨ ᠱᠠᠲᠤᠨ᠎ᠤ   ᠦᠢ᠍ᠯᠡᠴᠢᠯᠡᠬᠡᠨ᠎ᠤ ᠲᠣᠤᠷ ᠴᠡᠭ᠎ᠢ ᠲᠣᠭᠲᠠᠪᠤᠷᠢᠵᠢᠭᠤᠯᠤᠨ ᠪᠡᠬᠢᠵᠢᠭᠦᠯᠵᠦ᠂ ᠦᠨᠳᠦᠰᠦᠨ ᠡᠮᠨᠡᠯᠭᠡ ᠡᠷᠡᠭᠦᠯ ᠬᠠᠮᠠᠭ᠋ᠠᠯᠠᠯ᠎ᠤᠨ   ᠦᠢ᠍ᠯᠡᠴᠢᠯᠡᠬᠡ ᠵᠢ ᠨᠡᠶ᠋ᠢᠳᠡᠮ ᠪᠥᠷᠬᠥᠭᠦᠯᠬᠦ ᠵᠢ ᠪᠡᠶᠡᠯᠡᠭᠦᠯᠦᠨ᠎ᠡ᠃
      ᠰᠤᠷᠭ᠋ᠠᠨ ᠬᠥᠮᠦᠵᠢᠯ ᠵᠶ᠋ᠠᠷ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠲᠣᠭᠲᠠᠪᠤᠷᠢᠵᠢᠭᠤᠯᠤᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠳᠣᠷᠭᠣᠨ ᠵᠣᠭᠰᠣᠬᠤ ᠵᠢ ᠬᠢᠵᠠᠭ᠋ᠠᠷᠯᠠᠵᠤ ᠰᠤᠷᠤᠯᠭ᠎ᠠ ᠵᠢ ᠪᠠᠳᠤᠯᠠᠬᠤ ᠬᠠᠮᠳᠤᠷᠠᠨ ᠪᠠᠳᠤᠯᠠᠵᠤ ᠬᠠᠮᠲᠤᠷᠠᠨ ᠡᠵᠡᠮᠳᠡᠬᠦ ᠬᠠᠷᠢᠭᠤᠴᠠᠯᠭ᠎ᠠ ᠵᠢ ᠴᠢᠩᠭ᠋ᠠᠳᠬᠠᠵᠤ᠂ ᠶᠠᠳᠠᠭᠤ ᠬᠦᠴᠢᠷᠳᠡᠯᠲᠡᠶ ᠰᠤᠷᠤᠭᠴᠢᠳ᠎ᠤᠨ ᠰᠤᠷᠤᠯᠭ᠎ᠠ᠎ᠪᠠᠨ ᠳᠣᠷᠭᠣᠨ ᠵᠣᠭᠰᠣᠬᠤ ᠵᠢ ᠨᠠᠷᠢᠯᠢᠭ ᠣᠨᠣᠴᠠᠲᠠᠶ᠎ᠪᠠᠷ ᠬᠢᠵᠠᠭ᠋ᠠᠷᠯᠠᠵᠤ ᠰᠤᠷᠤᠯᠭ᠎ᠠ ᠵᠢ ᠪᠠᠲᠤᠯᠠᠬᠤ ᠡᠬᠡ ᠲᠠᠩᠰᠠ ᠵᠢᠨ ᠬᠡᠯᠪᠡᠷᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠡᠷ ᠪᠦᠯᠢ ᠵᠢᠨ ᠰᠤᠷᠭ᠋ᠠᠨ ᠬᠥᠮᠦᠵᠢᠯ ᠭᠥᠷᠳᠡᠬᠦ ᠴᠢᠳᠠᠪᠤᠷᠢ᠎ᠲᠠᠢ ᠰᠤᠷᠭ᠋ᠠᠭᠤᠯᠢ ᠵᠢᠨ ᠨᠠᠰᠤᠨ᠎ᠤ ᠰᠤᠷᠤᠭᠴᠢᠳ᠎ᠤᠨ ᠶᠠᠳᠠᠭᠤ ᠬᠦᠴᠢᠷᠳᠡᠯᠲᠡᠶ᠎ᠠᠴᠠ ᠪᠣᠯᠵᠣ ᠰᠤᠷᠤᠯᠭ᠎ᠠ᠎ᠪᠠᠨ ᠳᠣᠷᠭᠣᠨ ᠵᠣᠭᠰᠣᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃ 《ᠬᠤᠷ᠎ᠠ ᠪᠣᠷᠣᠭ᠋ᠠᠨ᠎ᠤ ᠲᠥᠯᠥᠪᠯᠡᠭᠡ》 ᠵᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ ᠳᠤᠮᠳᠠᠳᠤ ᠵᠡᠷᠭᠡ ᠵᠢᠨ ᠮᠡᠷᠭᠡᠵᠢᠯ ᠴᠢᠳᠠᠪᠤᠷᠢ ᠵᠢᠨ ᠰᠤᠷᠭ᠋ᠠᠨ ᠬᠥᠮᠦᠵᠢᠯ ᠬᠦᠷᠲᠡᠵᠦ ᠪᠠᠶ᠋ᠢᠭ᠎ᠠ ᠰᠤᠷᠤᠭᠴᠢᠳ᠎ᠲᠤ ᠲᠤᠰᠠᠯᠠᠮᠵᠢ ᠦᠵᠡᠭᠦᠯᠬᠦ ᠵᠢ ᠪᠦᠬᠦᠨ᠎ᠢ ᠬᠠᠮᠤᠷᠤᠭᠤᠯᠬᠤ ᠬᠡᠷᠡᠭᠲᠡᠶ᠃ ᠨᠥᠬᠥᠴᠡᠯ᠎ᠳᠤ ᠨᠡᠶ᠋ᠢᠴᠡᠬᠦ ᠭᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠶ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠢᠨ᠎ᠡ ᠰᠤᠷᠤᠭᠴᠢ ᠪᠣᠯᠤᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ  ᠎ᠳᠤ   ᠰᠤᠷᠤᠭᠴᠢ ᠵᠢᠨ ᠢᠷᠡᠯᠲᠡ ᠵᠢᠨ ᠭᠠᠵᠠᠷ ᠎ᠳᠤ᠎ᠬᠢ ᠢᠲᠡᠭᠡᠮᠵᠢ ᠵᠢᠨ ᠰᠤᠷᠤᠯᠭ᠎ᠠ ᠵᠢᠨ ᠲᠡᠳᠬᠦᠮᠵᠢ ᠵᠢᠨ   ᠵᠢᠬᠡᠯᠡᠯᠬᠡ ᠬᠡᠷᠡᠭᠲᠡᠶ᠃ ᠣᠷᠣᠨ᠎ᠤ ᠳᠣᠲᠣᠷᠠᠬᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠤᠷᠤᠭᠴᠢ ᠡᠯᠰᠡᠬᠦ ᠲᠥᠯᠥᠪᠯᠡᠭᠡ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠲᠥᠯᠥᠪᠯᠡᠭᠡ᠎ᠨᠢ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠠᠴᠠ ᠰᠤᠷᠤᠭᠴᠢ ᠡᠯᠰᠡᠬᠦ᠎ᠪᠠᠷ ᠭᠣᠤᠯᠳᠠᠯᠭ᠎ᠠ ᠪᠣᠯᠭ᠋ᠠᠨ᠎ᠠ᠃ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠠᠴᠠ ᠮᠠᠨ᠎ᠤ ᠣᠷᠣᠨ᠎ᠳᠤ ᠪᠠᠭᠤᠯᠭ᠋ᠠᠭᠰᠠᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠳᠤ ᠬᠠᠨᠳᠤᠭᠤᠯᠤᠭᠰᠠᠨ ᠲᠤᠰᠬᠠᠶ ᠵᠦᠶᠯ ᠵᠶ᠋ᠠᠷ ᠰᠤᠷᠤᠭᠴᠢ ᠡᠯᠰᠡᠬᠦ ᠲᠥᠯᠥᠪᠯᠡᠭᠡ ᠪᠣᠯᠤᠨ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ ᠵᠠᠬᠢᠶᠠᠯᠠᠭ᠎ᠠ᠎ᠪᠠᠷ ᠬᠠᠨᠳᠤᠯᠭ᠎ᠠ᠎ᠲᠠᠢ᠎ᠪᠠᠷ ᠰᠦᠶᠳᠬᠡᠯ ᠬᠤᠷᠢᠶᠠᠬᠤ ᠦᠭᠡᠢ ᠠᠨᠠᠭ᠋ᠠᠬᠤ ᠤᠬᠠᠭ᠋ᠠᠨ᠎ᠤ ᠰᠤᠷᠤᠭᠴᠢ ᠡᠯᠰᠡᠬᠦ ᠲᠥᠯᠥᠪᠯᠡᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠤᠨ ᠲᠣᠬᠢᠷᠠᠭᠤᠯᠬᠤ ᠬᠡᠷᠡᠭᠲᠡᠶ᠃ ᠪᠦᠬᠦ ᠣᠷᠣᠨ᠎ᠤ ᠶᠡᠬᠡ ᠳᠡᠬᠡᠳᠤ ᠰᠤᠷᠭ᠋ᠠᠭᠤᠯᠢ ᠵᠢᠨ ᠶᠠᠳᠠᠭᠤ ᠬᠦᠴᠢᠷᠳᠡᠯᠲᠡᠢ ᠭᠡᠷ ᠪᠦᠯᠢ ᠵᠢᠨ ᠲᠡᠭᠦᠰᠦᠭᠰᠡᠨ ᠰᠤᠷᠤᠭᠴᠢᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠡᠯ᠎ᠡ ᠬᠣᠰᠢᠭᠤ ᠰᠢᠶᠠᠨ᠎ᠤ ᠵᠠᠰᠠᠭ᠎ᠤᠨ ᠣᠷᠳᠣᠨ ᠶᠠᠳᠠᠭᠤ ᠬᠦᠴᠢᠷᠳᠡᠯᠲᠡᠶ ᠭᠡᠷ ᠪᠦᠯᠢ ᠵᠢᠨ ᠲᠡᠭᠦᠰᠬᠦ ᠰᠤᠷᠤᠭᠴᠢᠳ᠎ᠤᠨ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠵᠤ᠂ ᠶᠠᠳᠠᠭᠤ ᠬᠦᠴᠢᠷᠳᠡᠯᠲᠡᠶ ᠭᠡᠷ ᠪᠦᠯᠢ ᠵᠢᠨ ᠲᠡᠭᠦᠰᠬᠦ ᠰᠤᠷᠤᠭᠴᠢᠳ᠎ᠲᠤ ᠠᠵᠢᠯ ᠣᠯᠭᠣᠭᠰᠠᠨ ᠪᠠᠶ᠋ᠢᠳᠠᠯ᠎ᠢ ᠪᠦᠬᠦ ᠲᠠᠯ᠎ᠠ᠎ᠪᠠᠷ ᠡᠵᠡᠮᠰᠢᠨ᠂ ᠲᠤᠬᠠᠶ ᠵᠢᠨ ᠭᠠᠵᠠᠷ᠎ᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠤ ᠠᠵᠢᠯ ᠣᠯᠵᠤ ᠦᠢ᠍ᠯᠡᠰ ᠪᠤᠰᠬᠠᠬᠤ ᠵᠢ ᠬᠠᠪᠰᠤᠷᠤᠨ ᠲᠡᠳᠬᠦᠬᠦ ᠲᠥᠯᠥᠪᠯᠡᠭᠡ᠎ᠳᠤ ᠣᠷᠣᠭᠤᠯᠵᠤ᠂ ᠣᠯᠠᠨ ᠵᠦᠶᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠲᠡᠳᠡᠨ᠎ᠤ ᠠᠵᠢᠯ ᠣᠯᠵᠤ ᠦᠢ᠍ᠯᠡᠰ ᠪᠤᠰᠬᠠᠬᠤ ᠵᠢ ᠬᠠᠪᠰᠤᠷᠤᠨ᠎ᠠ᠃ ᠡᠯ᠎ᠡ ᠶᠡᠬᠡ ᠳᠡᠭᠡᠳᠦ ᠰᠤᠷᠭ᠋ᠠᠭᠤᠯᠢ᠎ᠨᠢ ᠶᠠᠳᠠᠭᠤ ᠬᠦᠴᠢᠷᠳᠡᠯᠲᠡᠶ ᠭᠡᠷ ᠪᠦᠯᠢ ᠲᠡᠭᠦᠰᠦᠭᠰᠡᠨ ᠰᠤᠷᠤᠭᠴᠢᠳ᠎ᠤᠨ ᠮᠡᠳᠡᠭᠡ ᠵᠠᠩᠭᠢ ᠵᠢᠨ ᠡᠬᠡ ᠳᠠᠩᠰᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠠᠮᠢᠳᠤᠷᠠᠯ᠎ᠤᠨ ᠲᠥᠯᠥᠪᠵᠢᠭᠦᠯᠭᠡ᠂ ᠠᠵᠢᠯ ᠣᠯᠭᠣᠯᠲᠠ ᠵᠢᠨ ᠪᠠᠶ᠋ᠢᠳᠠᠯ᠂ ᠠᠵᠢᠯ ᠣᠯᠭᠣᠬᠤ ᠮᠡᠷᠭᠡᠵᠢᠯ ᠵᠡᠷᠭᠡ ᠲᠠᠯ᠎ᠠ ᠵᠢᠨ ᠲᠤᠰᠬᠠᠶ ᠬᠠᠪᠰᠤᠷᠤᠨ ᠵᠢᠯᠣᠭᠣᠳᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯ ᠡᠷᠢᠬᠦ ᠬᠦᠰᠡᠯ᠎ᠢ᠎ᠨᠢ ᠦᠨᠳᠦᠰᠦᠯᠡᠨ ᠠᠵᠢᠯ᠎ᠤᠨ ᠪᠠᠶ᠋ᠢᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠮᠡᠳᠡᠭᠡ ᠵᠠᠩᠭᠢ ᠵᠢ ᠣᠨᠣᠪᠴᠢᠲᠠᠶ᠎ᠪᠠᠷ ᠳᠠᠨᠢᠯᠴᠠᠭᠤᠯᠤᠨ᠎ᠠ᠃
      ᠣᠷᠣᠨ ᠰᠠᠭᠤᠴᠠ᠂ ᠤᠰᠤ ᠤᠮᠳᠠ ᠵᠢᠨ ᠤᠰᠤᠨ᠎ᠤ ᠠᠮᠤᠷ ᠲᠦᠪᠰᠢᠨ᠎ᠤ ᠲᠥᠷᠥ ᠵᠢᠨ ᠪᠣᠳᠣᠯᠭ᠎ᠠ ᠵᠢ ᠲᠣᠭᠲᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠭᠡᠷ ᠪᠦᠯᠢ ᠰᠢᠨ᠎ᠡ᠎ᠪᠠᠷ ᠭᠠᠷᠤᠭᠰᠠᠨ ᠣᠷᠣᠨ ᠰᠠᠭᠤᠴᠠ ᠪᠠ ᠤᠰᠤ ᠤᠮᠳᠠ ᠵᠢᠨ ᠠᠮᠤᠷ ᠲᠦᠪᠰᠢᠨ᠎ᠤ ᠠᠰᠠᠭᠤᠳᠠᠯ᠎ᠠᠴᠠ ᠪᠤᠯᠵᠤ ᠳᠠᠬᠢᠨ ᠶᠠᠳᠠᠭᠤᠷᠠᠬᠤ ᠵᠢ ᠤᠷᠢᠳᠴᠢᠯᠠᠨ ᠰᠡᠷᠡᠮᠵᠢᠯᠡᠭᠦᠯᠵᠦ ᠬᠠᠪᠰᠤᠷᠤᠨ ᠲᠡᠳᠬᠦᠬᠦ ᠬᠡᠪᠴᠢᠶᠡᠨ᠎ᠳᠤ ᠴᠠᠭ ᠲᠤᠬᠠᠶ᠎ᠳᠤᠨᠢ ᠣᠷᠣᠭᠤᠯᠵᠤ᠂ ᠶᠡᠷᠦᠩᠬᠡᠶ᠋ᠢᠯᠡᠨ ᠰᠤᠳᠤᠯᠤᠨ ᠮᠠᠭ᠋ᠠᠳᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠨᠠᠰᠤᠲᠠᠨ ᠠᠰᠠᠷᠠᠬᠤ ᠬᠦᠷᠢᠶᠡᠯᠡᠩ᠂ ᠬᠠᠮᠲᠤ ᠨᠡᠶ᠋ᠢᠲᠡ ᠵᠢᠨ ᠲᠦᠷᠢᠶᠡᠰᠦᠨ ᠭᠡᠷ᠂ ᠵᠣᠯ ᠵᠢᠷᠭ᠋ᠠᠯ᠎ᠤᠨ ᠬᠦᠷᠢᠶᠡᠯᠡᠩ ᠵᠡᠷᠭᠡ ᠠᠷᠭ᠎ᠠ ᠵᠢ ᠦᠬᠡᠷᠡᠴᠢᠯᠡᠨ ᠰᠡᠯᠪᠢᠨ ᠵᠠᠰᠠᠵᠤ ᠲᠦᠪᠬᠢᠨᠡᠬᠦᠯᠬᠦ ᠠᠷᠭ᠎ᠠ ᠬᠡᠮᠵᠢᠶ᠎ᠠ ᠠᠪᠴᠤ᠂ ᠬᠦᠴᠢᠷᠳᠡᠯᠲᠡᠶ ᠡᠷᠦᠬᠡ ᠵᠢᠨ ᠣᠷᠣᠨ ᠰᠠᠭᠤᠴᠠ ᠵᠢᠨ ᠠᠮᠤᠷ ᠲᠦᠪᠰᠢᠨ᠎ᠢ ᠦᠨᠡᠨᠬᠦ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ᠎ᠳᠠᠬᠢ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠤᠷᠢᠳᠠᠪᠠᠷ ᠲᠣᠭᠲᠠᠴᠠ ᠪᠠᠶ᠋ᠢᠭᠤᠯᠵᠤ ᠳᠠᠷᠠᠭ᠎ᠠ᠎ᠨᠢ ᠪᠠᠷᠢᠯᠭ᠎ᠠ ᠪᠠᠶ᠋ᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠪᠠᠷᠢᠯᠭ᠎ᠠ ᠵᠢᠨ ᠥᠮᠴᠢᠯᠡᠬᠦ ᠡᠷᠬᠡ ᠪᠠ ᠬᠠᠮᠢᠶᠠᠷᠴᠤ ᠬᠠᠮᠠᠭ᠋ᠠᠯᠠᠬᠤ ᠭᠣᠤᠯ ᠴᠣᠭᠴᠠ ᠵᠢ ᠲᠣᠳᠣᠷᠬᠠᠶ᠋ᠢᠯᠠᠵᠤ᠂ ᠵᠦᠶ ᠵᠣᠬᠢᠰᠲᠠᠶ ᠤᠰᠤᠨ᠎ᠤ ᠦᠨ᠎ᠡ ᠪᠠ ᠲᠥᠯᠥᠪᠦᠷᠢ᠎ᠲᠠᠢ ᠬᠡᠷᠡᠭᠯᠡᠬᠦ ᠲᠣᠭᠲᠠᠴᠠ ᠵᠢ ᠪᠠᠶ᠋ᠢᠭᠤᠯᠵᠤ᠂ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠠᠵᠢᠯᠲᠠᠨ ᠪᠣᠯᠤᠨ ᠵᠠᠷᠤᠳᠠᠯ᠎ᠢ ᠨᠠᠢ᠍ᠢ᠍ᠳᠠᠪᠤᠷᠢᠵᠢᠭᠤᠯᠬᠤ᠂ ᠢᠨᠵᠧᠨᠧᠷᠢᠩ᠎ᠢ ᠦᠷᠭᠦᠯᠵᠢᠯᠡᠨ ᠡᠵᠡᠩᠨᠡᠵᠦ ᠠᠵᠢᠯᠯᠠᠭᠤᠯᠬᠤ ᠵᠢ ᠠᠬᠢᠭᠤᠯᠤᠨ᠎ᠠ᠃ ᠤᠰᠤ ᠬᠠᠩᠭ᠋ᠠᠬᠤ ᠲᠠᠷᠠᠬᠠᠶ ᠪᠤᠲᠠᠷᠬᠠᠶ ᠡᠷᠦᠬᠡ ᠵᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠤᠰᠤ ᠬᠠᠩᠭ᠋ᠠᠬᠤ ᠲᠥᠬᠥᠭᠡᠷᠦᠮᠵᠢ ᠵᠢ ᠰᠠᠶ᠋ᠢᠲᠤᠷ ᠬᠠᠮᠢᠶᠠᠷᠤᠨ ᠰᠠᠶ᠋ᠢᠲᠤᠷ ᠬᠡᠷᠡᠭᠯᠡᠵᠦ᠂ ᠤᠰᠤ ᠬᠠᠩᠭ᠋ᠠᠬᠤ ᠪᠡᠯᠡᠳᠬᠡᠮᠵᠢ ᠲᠦᠬᠦᠬᠡᠷᠦᠮᠵᠢ ᠵᠢᠨ ᠬᠡᠷᠡᠭᠯᠡᠬᠦ ᠬᠤᠭᠤᠴᠠᠭ᠎ᠠ ᠵᠢ ᠤᠷᠲᠤᠳᠬᠠᠬᠤ ᠬᠡᠷᠡᠭᠲᠡᠶ᠃ ᠪᠠᠶ᠋ᠢᠭ᠋ᠠᠯᠢ ᠵᠢᠨ ᠭᠠᠶ ᠭᠠᠮᠰᠢᠭ᠎ᠠᠴᠠ ᠪᠣᠯᠵᠤ ᠤᠰᠤ ᠬᠠᠩᠭ᠋ᠠᠬᠤ ᠲᠦᠬᠦᠬᠡᠷᠦᠮᠵᠢ ᠬᠦᠨᠳᠦ ᠨᠣᠴᠢᠲᠠᠶ ᠡᠪᠳᠡᠭᠳᠡᠭᠰᠡᠨ ᠪᠤᠯ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠠᠴᠠ ᠨᠢᠭᠡᠳᠦᠯᠲᠡᠶ ᠲᠥᠯᠥᠪᠯᠡᠨ ᠰᠢᠶᠳᠪᠦᠷᠢᠯᠡᠵᠦ᠂ ᠶᠠᠳᠠᠭ᠋ᠠᠤ ᠬᠦᠴᠢᠷᠳᠡᠯᠲᠡᠶ ᠡᠷᠦᠬᠡ ᠵᠢᠨ ᠤᠰᠤ ᠤᠮᠳᠠ ᠵᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠶ᠃
      ᠭᠤᠷᠪᠠ᠂ ᠶᠠᠳᠠᠭᠤ ᠵᠢ ᠲᠡᠳᠬᠦᠬᠦ ᠠᠵᠤ ᠦᠶᠯᠡᠰ᠎ᠢ ᠪᠡᠬᠢᠵᠢᠭᠦᠯᠦᠨ ᠳᠡᠭᠡᠭᠰᠢᠯᠡᠭᠦᠯᠦᠨ᠎ᠡ
      ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠠᠵᠤ   ᠦᠢ᠍ᠯᠡᠰ᠎ᠤᠨ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ᠃ ᠶᠠᠳᠠᠭᠤ ᠵᠢ ᠲᠡᠳᠬᠦᠬᠦ ᠭᠣᠣᠯᠯᠠᠭᠴᠢ ᠠᠵᠤ ᠦᠢ᠍ᠯᠡᠰ᠎ᠢ ᠪᠤᠢ ᠪᠤᠯᠭ᠋ᠠᠬᠤ ᠪᠠ ᠳᠡᠮᠵᠢᠬᠦ ᠵᠢ ᠦᠷᠭᠦᠯᠵᠢᠯᠡᠨ ᠴᠢᠩᠭ᠋ᠠᠳᠬᠠᠵᠤ᠂ ᠣᠷᠭ᠋ᠠᠨᠢᠭ ᠪᠣᠷᠳᠣᠭᠤᠷ᠎ᠢ ᠣᠷᠣᠯᠠᠭᠤᠯᠬᠤ᠂ ᠤᠰᠤ ᠠᠷᠪᠢᠯᠠᠬᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ᠂ ᠡᠭᠡᠯᠵᠢᠯᠡᠨ ᠲᠠᠷᠢᠬᠤ ᠪᠠ ᠥᠨᠵᠢᠭᠦᠯᠦᠨ ᠲᠠᠷᠢᠬᠤ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ   ᠠᠰᠢᠭᠯᠠᠬᠤ᠂ ᠮᠠᠯ ᠵᠢᠭᠦᠷᠲᠡᠨ᠎ᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠠᠵᠤ ᠦᠢ᠍ᠯᠡᠰ᠎ᠤᠨ ᠬᠥᠭᠵᠢᠯᠲᠡ ᠵᠢᠨ ᠲᠥᠷᠥᠯ ᠵᠦᠶᠯ᠎ᠢ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠡᠶ᠋ᠢᠯᠭᠡᠵᠦ᠂ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠨᠢᠭᠡ ᠲᠣᠰᠬᠣᠨ ᠨᠢᠭᠡ ᠲᠥᠷᠥᠯ ᠵᠦᠢ᠍ᠯ》᠎ᠤᠨ ᠬᠥᠭᠵᠢᠯᠲᠡ ᠵᠢ ᠭᠦᠨᠵᠡᠭᠡᠶ ᠠᠬᠢᠭᠤᠯᠵᠤ᠂ ᠨᠥᠬᠥᠴᠡᠯ᠎ᠲᠠᠢ ᠬᠣᠰᠢᠭᠤ ᠰᠢᠶᠠᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠶᠯᠡᠰ᠎ᠢ ᠠᠭᠤᠰᠤᠯᠴᠠᠭᠤᠯᠤᠨ ᠬᠥᠭᠵᠢᠭᠦᠯᠦᠭᠰᠡᠨ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠬᠤ ᠵᠢ ᠳᠠᠮᠵᠢᠵᠤ᠂ ᠣᠯᠠᠨ ᠵᠦᠶᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤᠨᠢ ᠬᠡᠷᠡᠭᠯᠡᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠵᠤ ᠦᠢ᠍ᠯᠡᠰ᠎ᠤᠨ ᠰᠠᠭᠤᠷᠢ ᠵᠢ ᠪᠡᠬᠢᠵᠢᠭᠦᠯᠦᠨ᠎ᠡ᠃ ᠠᠵᠤ   ᠦᠢ᠍ᠯᠡᠰ᠎ᠢ ᠬᠥᠭᠵᠢᠭᠦᠯᠬᠦ ᠨᠥᠬᠥᠴᠡᠯ᠎ᠲᠠᠢ ᠬᠢᠨᠠᠯᠳᠠ ᠬᠢᠵᠦ ᠪᠠᠢ᠍ᠢ᠍ᠭ᠎ᠠ ᠡᠲᠡᠭᠡᠳ᠎ᠤᠨ ᠦᠶᠯᠡᠳᠪᠦᠷᠢᠯᠡᠯ ᠡᠵᠡᠩᠨᠡᠯᠲᠡ ᠵᠢᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠵᠢᠭᠡᠯᠡᠯᠭᠡ ᠵᠢᠨ ᠳᠡᠮᠵᠢᠯᠭᠡ ᠬᠠᠩᠭ᠋ᠠᠵᠤ᠂ ᠳᠠᠭ᠋ᠠᠭᠤᠯᠤᠭᠴᠢ ᠠᠵᠤ ᠠᠬᠤᠶ᠋ᠢᠯᠠᠯ᠂ ᠲᠤᠰᠬᠠᠶ ᠬᠣᠷᠰᠢᠶ᠎ᠠ᠂ ᠪᠠᠶᠠᠵᠢᠯ᠎ᠤᠨ ᠳᠠᠭ᠋ᠠᠭᠤᠯᠤᠭᠴᠢ ᠵᠢ ᠳᠠᠶ᠋ᠢᠴᠢᠯᠠᠨ   ᠦᠢ᠍ᠯᠡᠳᠪᠦᠷᠢᠯᠡᠯ᠎ᠢ᠎ᠨᠢ ᠬᠦᠭᠵᠢᠬᠦᠯᠵᠦ᠂ ᠬᠦᠳᠡᠯᠮᠦᠷᠢᠯᠡᠬᠦ ᠴᠢᠳᠠᠪᠤᠷᠢ᠎ᠲᠠᠢ ᠶᠠᠳᠠᠭᠤ ᠬᠦᠴᠢᠷᠳᠡᠯᠳᠡᠢ ᠡᠷᠦᠬᠡ ᠵᠢᠨ ᠨᠢᠬᠡᠨ ᠳᠤᠭᠳᠠᠭᠤᠨ ᠠᠵᠤ ᠦᠢ᠍ᠯᠡᠰ᠎ᠤᠨ ᠤᠷᠤᠯᠭ᠎ᠠ ᠵᠢᠨ ᠲᠦᠷᠦᠯ ᠵᠦᠢ᠍ᠯ᠎ᠲᠠᠢ ᠪᠠᠢ᠍ᠢ᠍ᠬᠤ ᠵᠢ ᠪᠠᠳᠤᠯᠠᠨ᠎ᠠ᠃
      ᠬᠦᠷᠢᠶᠡᠨ ᠬᠠᠰᠢᠶᠠᠨ᠎ᠤ ᠠᠵᠤ ᠠᠬᠤᠶ ᠵᠢ ᠶᠡᠬᠡᠪᠡᠷ ᠬᠥᠭᠵᠢᠭᠦᠯᠦᠨ᠎ᠡ᠃ ᠨᠥᠬᠥᠴᠡᠯ ᠪᠦᠷᠢᠳᠦᠭᠰᠡᠨ ᠬᠣᠰᠢᠭᠤ ᠰᠢᠶᠠᠨ ᠪᠦᠬᠦᠨ ᠴᠥᠮ ᠲᠤᠬᠠᠶ ᠵᠢᠨ ᠭᠠᠵᠠᠷ᠎ᠤᠨ ᠶᠠᠳᠠᠭᠤ ᠵᠢ ᠲᠡᠳᠬᠦᠬᠦ ᠭᠣᠤᠯᠯᠠᠬᠤ ᠠᠵᠤ ᠦᠢ᠍ᠯᠡᠰ᠎ᠤᠨ ᠲᠣᠭᠣᠷᠢᠨ᠎ᠳᠤ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠡᠷᠦᠬᠡ ᠵᠢᠨ ᠬᠦᠷᠢᠶᠡᠨ ᠬᠠᠰᠢᠶᠠᠨ᠎ᠤ ᠠᠵᠤ ᠠᠬᠤᠶ ᠵᠢ ᠬᠥᠭᠵᠢᠭᠦᠯᠦᠭᠰᠡᠨ ᠨᠡᠶ᠋ᠢᠲᠡᠯᠢᠭ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ 《ᠲᠣᠪᠶᠣᠭ᠎ᠤᠨ ᠬᠡᠯᠪᠡᠷᠢ》 ᠵᠢᠨ ᠨᠥᠬᠥᠪᠥᠷᠢ ᠵᠢ ᠰᠢᠭᠤᠳ ᠡᠷᠦᠬᠡ᠎ᠳᠤ ᠬᠦᠷᠭᠡᠬᠦ ᠵᠠᠭᠪᠤᠷ᠎ᠢ ᠪᠠᠷᠢᠮᠲᠠᠯᠠᠵᠤ᠂ ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠨᠥᠬᠥᠪᠥᠷᠢᠯᠡᠬᠦ᠂ ᠱᠠᠩᠨᠠᠬᠤ᠎ᠪᠠᠷ ᠨᠥᠬᠥᠪᠥᠷᠢᠯᠡᠬᠦ ᠵᠢ ᠣᠷᠣᠯᠠᠭᠤᠯᠬᠤ ᠵᠡᠷᠭᠡ ᠠᠷᠭ᠎ᠠ ᠮᠠᠶᠢᠭ᠎ᠢ ᠠᠪᠴᠤ᠂ ᠶᠠᠳᠠᠭᠤ ᠬᠦᠴᠢᠷᠳᠡᠯᠲᠡᠶ ᠡᠷᠦᠬᠡ ᠵᠢᠨ ᠵᠢᠵᠢᠭ ᠲᠠᠷᠢᠮᠠᠯ᠂ ᠵᠢᠵᠢᠭ ᠲᠡᠵᠢᠭᠡᠨ ᠦᠷᠡᠵᠢᠭᠦᠯᠬᠦ᠂ ᠵᠢᠵᠢᠭ ᠭᠠᠷ ᠤᠷᠠᠯᠠᠯ᠂ ᠵᠢᠵᠢᠭ ᠠᠷᠠᠯᠵᠢᠶ᠎ᠠ᠂ ᠵᠢᠵᠢᠭ ᠡᠯᠧᠺᠲᠷᠣᠨ ᠬᠤᠳᠠᠯᠳᠤᠭ᠎ᠠ᠂ ᠵᠢᠵᠢᠭ   ᠦᠢ᠍ᠯᠡᠳᠬᠡᠯ ᠵᠡᠷᠭᠡ 《ᠣᠬᠣᠷ ᠮᠦᠷᠳᠡᠬᠡᠨ ᠲᠦᠷᠬᠡᠨ》 ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢᠵᠢᠭ ᠠᠵᠤ   ᠦᠢ᠍ᠯᠡᠰ᠎ᠢ ᠬᠥᠭᠵᠢᠭᠦᠯᠬᠦ ᠵᠢ ᠬᠥᠲᠥᠯᠦᠨ ᠵᠢᠯᠣᠭᠣᠳᠴᠤ ᠲᠡᠳᠬᠦᠨ ᠳᠡᠮᠵᠢᠨ᠎ᠡ᠃
      ᠪᠠᠶᠠᠵᠢᠯ᠎ᠤᠨ ᠳᠠᠭ᠋ᠠᠭᠤᠯᠤᠭᠴᠢ ᠵᠢ ᠢᠳᠡᠪᠬᠢᠲᠡᠶ᠎ᠪᠠᠷ ᠬᠦᠮᠦᠵᠢᠬᠦᠯᠦᠨ᠎ᠡ᠃ ᠡᠯ᠎ᠡ ᠭᠠᠵᠠᠷ᠎ᠤᠨ᠎ᠬᠢᠨ ᠲᠤᠬᠠᠶ ᠵᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠪᠡ ᠪᠠ ᠠᠵᠤ ᠦᠢ᠍ᠯᠡᠰ᠎ᠤᠨ ᠰᠠᠭᠤᠷᠢ᠎ᠲᠠᠢ ᠤᠶᠠᠯᠳᠤᠭᠤᠯᠤᠨ᠂ ᠪᠡᠯᠡ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠲᠣᠭᠲᠠᠭ᠋ᠠᠵᠤ᠂ ᠲᠤᠬᠠᠶ ᠵᠢᠨ ᠭᠠᠵᠠᠷ᠎ᠲᠤᠨᠢ ᠲᠡᠳᠬᠦᠨ ᠬᠦᠮᠦᠵᠢᠬᠦᠯᠬᠦ᠂ ᠨᠤᠲᠤᠭ᠎ᠲᠠᠭᠠᠨ ᠪᠤᠴᠠᠵᠤ ᠦᠶᠯᠡᠰ ᠪᠤᠰᠬᠠᠬᠤ ᠵᠢ ᠬᠥᠲᠥᠯᠥᠨ ᠵᠢᠯᠣᠭᠣᠳᠬᠤ᠂ ᠴᠢᠳᠠᠪᠤᠷᠢᠲᠠᠨ᠎ᠤ ᠪᠤᠴᠠᠵᠤ ᠢᠷᠡᠬᠦ ᠵᠢ ᠳᠡᠮᠵᠢᠬᠦ ᠵᠡᠷᠭᠡ ᠠᠷᠭ᠎ᠠ ᠬᠡᠮᠵᠢᠶ᠎ᠡ ᠠᠪᠴᠤ᠂ ᠶᠠᠳᠠᠭᠤ ᠬᠦᠴᠢᠷᠳᠡᠯᠲᠡᠶ ᠲᠣᠰᠬᠣᠨ ᠨᠢᠭᠡᠪᠦᠷᠢ᠎ᠳᠤ 3 — 5 ᠪᠠᠶᠠᠵᠢᠯ᠎ᠤᠨ ᠳᠠᠭ᠋ᠠᠭᠤᠯᠤᠭᠴᠢ ᠵᠢ ᠬᠥᠮᠦᠵᠢᠭᠦᠯᠵᠦ᠂ ᠲᠡᠳᠡᠨ᠎ᠤ ᠦᠵᠡᠯ ᠰᠠᠨᠠᠭ᠎ᠠ ᠳᠠᠨᠢᠯᠳᠠ᠂ ᠪᠡᠯᠡ ᠮᠥᠩᠭᠥ ᠮᠡᠷᠭᠡᠵᠢᠯ᠂ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠡᠷᠭᠡ ᠲᠠᠯ᠎ᠠ ᠵᠢᠨ ᠳᠠᠪᠠᠭᠤᠯᠢᠭ᠎ᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠣᠷᠣᠨ ᠵᠠᠶ ᠵᠢ ᠥᠷᠭᠡᠳᠬᠡᠨ᠎ᠡ᠃
      ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠲᠣᠭᠲᠠᠪᠤᠷᠢᠵᠢᠭᠤᠯᠤᠨ᠎ᠠ᠃ ᠳᠠᠭ᠋ᠠᠭᠤᠯᠤᠭᠴᠢ ᠠᠵᠤ ᠠᠬᠤᠶ᠋ᠢᠯᠠᠯ᠂ ᠬᠣᠷᠰᠢᠶ᠎ᠠ ᠵᠢ ᠲᠡᠳᠬᠦᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠡᠳ᠋᠎ᠤᠨ ᠵᠠᠰᠠᠭ᠎ᠤᠨ ᠶᠠᠳᠠᠭᠤ ᠵᠢ ᠲᠡᠳᠬᠦᠬᠦ ᠲᠤᠰᠬᠠᠶ ᠪᠡᠯᠡ ᠮᠥᠩᠭᠥ᠂ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠬᠤ ᠪᠡᠯᠡ ᠮᠥᠩᠭᠥ ᠵᠢ ᠭᠣᠤᠯᠳᠠᠭᠤ ᠶᠠᠳᠠᠭᠤ ᠵᠢ ᠲᠡᠳᠬᠦᠬᠦ ᠠᠵᠤ ᠦᠶᠯᠡᠰ᠎ᠢ ᠬᠥᠭᠵᠢᠭᠦᠯᠬᠦ᠎ᠳᠤ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠵᠢᠨ ᠠᠵᠤ   ᠦᠢ᠍ᠯᠡᠰ ᠵᠶ᠋ᠠᠷ ᠶᠠᠳᠠᠭᠤ ᠵᠢ ᠲᠡᠳᠬᠦᠬᠦ   ᠬᠦᠭᠵᠢᠯᠳᠡ ᠵᠢᠨ ᠰᠠᠭᠤᠷᠢ ᠮᠥᠩᠭᠥ ᠵᠢ ᠠᠵᠤ ᠦᠶᠯᠡᠰ᠎ᠤᠨ ᠰᠠᠭᠤᠷᠢ ᠵᠢ ᠪᠡᠬᠢᠵᠢᠭᠦᠯᠬᠦ᠂ ᠶᠠᠳᠠᠭᠤ ᠬᠦᠴᠢᠷᠳᠡᠯᠲᠡᠶ ᠡᠷᠦᠬᠡ ᠵᠢᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠵᠢ ᠳᠡᠮᠵᠢᠬᠦ ᠳᠠᠭ᠋ᠠᠭᠤᠯᠤᠭᠴᠢ ᠠᠵᠤ ᠠᠬᠤᠶ᠋ᠢᠯᠠᠯ᠂ ᠬᠣᠷᠰᠢᠶ᠎ᠠ᠎ᠳᠤ ᠭᠣᠤᠯᠳᠠᠯᠭ᠎ᠠ᠎ᠲᠠᠢ ᠬᠡᠷᠡᠭᠯᠡᠵᠦ᠂ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠲᠣᠭᠣᠷᠢᠨ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ ᠵᠢ ᠨᠡᠮᠡᠭᠳᠡᠭᠦᠯᠵᠦ᠂ ᠳᠠᠭ᠋ᠠᠭᠤᠯᠤᠭᠴᠢ ᠠᠵᠤ ᠠᠬᠤᠶ᠋ᠢᠯᠠᠯ᠂ ᠬᠠᠮᠳᠤᠷᠠᠭᠰᠠᠨ ᠵᠣᠬᠢᠶᠠᠨ ᠪᠠᠶ᠋ᠢᠭᠤᠯᠤᠯᠲᠠ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠥᠭᠵᠢᠨ ᠪᠤᠵᠠᠭ᠋ᠠᠢ᠍ᠢ᠍ᠷᠠᠬᠤ ᠵᠢ ᠦᠷᠭᠦᠯᠵᠢᠯᠡᠨ ᠳᠠᠮᠵᠢᠨ᠎ᠠ᠃ ᠵᠠᠬᠢᠶᠠᠯᠠᠭ᠎ᠠ ᠵᠢᠨ ᠦᠢ᠍ᠯᠡᠳᠪᠦᠷᠢᠯᠡᠯ᠂ ᠭᠠᠵᠠᠷ ᠰᠢᠷᠣᠢ ᠵᠢ ᠰᠢᠯᠵᠢᠭᠦᠯᠬᠦ᠂ ᠠᠵᠢᠯ ᠣᠯᠵᠤ ᠬᠦᠴᠦ ᠶᠠᠪᠤᠬᠤ᠂ ᠦᠢ᠍ᠯᠡᠳᠪᠦᠷᠢᠯᠡᠯ ᠵᠶ᠋ᠠᠨ ᠨᠠᠶ᠋ᠢᠳᠠᠨ ᠬᠠᠮᠢᠶᠠᠷᠤᠭᠤᠯᠬᠤ᠂ ᠣᠷᠣᠯᠠᠨ ᠲᠠᠷᠢᠶᠠᠯᠠᠬᠤ ᠣᠷᠣᠯᠠᠨ ᠲᠠᠷᠢᠬᠤ᠂ ᠬᠤᠪᠢ ᠣᠷᠣᠭᠤᠯᠤᠨ ᠬᠤᠷᠰᠢᠬᠤ᠂ ᠡᠳ᠋ ᠬᠥᠷᠥᠩᠭᠡ ᠲᠦᠷᠢᠶᠡᠰᠦᠯᠡᠬᠦ ᠵᠡᠷᠭᠡ ᠶᠠᠳᠠᠭᠤ ᠬᠦᠴᠢᠷᠳᠡᠯᠲᠡᠢ ᠬᠥᠮᠦᠨ ᠠᠮᠠ ᠵᠢ ᠳᠠᠭ᠋ᠠᠭᠤᠯᠬᠤ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠬᠢᠭᠡᠳ ᠶᠠᠳᠠᠭᠤ ᠬᠦᠴᠢᠷᠳᠡᠯᠲᠡᠶ ᠡᠷᠦᠬᠡ ᠵᠢ ᠳᠠᠶ᠋ᠢᠴᠢᠯᠠᠬᠤ ᠭᠣᠤᠯ ᠴᠣᠭᠴᠠ᠎ᠯᠤᠭ᠎ᠠ ᠲᠣᠭᠲᠠᠭᠤᠨ ᠠᠰᠢᠭ ᠲᠤᠰᠠ ᠵᠨᠢ ᠬᠣᠯᠪᠣᠭ᠋ᠠᠯᠠᠬᠤ ᠲᠣᠭᠲᠠᠴᠠ ᠵᠢ ᠪᠠᠶ᠋ᠢᠭᠤᠯᠬᠤ ᠵᠢ ᠠᠬᠢᠭᠤᠯᠤᠨ᠎ᠠ᠃
    ᠲᠠᠷᠢᠶᠠᠯᠠᠩ ᠮᠠᠯ ᠠᠵᠤ ᠠᠬᠤᠢ ᠵᠢᠨ   ᠦᠢ᠍ᠯᠡᠴᠢᠯᠡᠬᠡᠨ᠎ᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ ᠵᠣᠬᠢᠴᠠᠩᠭᠤᠶ ᠮᠡᠷᠭᠡᠵᠢᠯ᠎ᠤᠨ ᠦᠢ᠍ᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠮᠡᠷᠭᠡᠵᠢᠯ᠎ᠤᠨ ᠵᠢᠯᠣᠭᠣᠳᠤᠯᠭ᠎ᠠ ᠪᠠ ᠦᠢ᠍ᠯᠡᠳᠪᠦᠷᠢᠯᠡᠯ᠎ᠤᠨ ᠡᠮᠦᠨᠡᠬᠢ ᠳᠤᠮᠳᠠ ᠳᠠᠷᠠᠭ᠋ᠠᠬᠢ ᠦᠢ᠍ᠯᠡᠴᠢᠯᠡᠭᠡ ᠵᠢ ᠴᠢᠩᠭ᠋ᠠᠳᠬᠠᠵᠤ᠂ ᠰᠠᠶ᠋ᠢᠨ ᠡᠭᠦᠯᠳᠡᠷ ᠰᠣᠩᠭᠣᠨ ᠪᠣᠶ᠋ᠢᠵᠢᠭᠤᠯᠬᠤ᠂ ᠰᠠᠶ᠋ᠢᠨ ᠠᠷᠭ᠎ᠠ ᠵᠢ ᠳᠡᠯᠭᠡᠷᠡᠭᠦᠯᠬᠦ᠂ ᠬᠢᠵᠢᠭ ᠡᠪᠡᠳᠴᠢᠨ᠎ᠢ ᠰᠡᠷᠭᠡᠶ᠋ᠢᠯᠡᠨ ᠵᠠᠰᠠᠬᠤ᠂   ᠦᠢ᠍ᠯᠡᠳᠬᠦᠨ᠎ᠢ ᠰᠤᠳᠤᠯᠤᠨ ᠨᠡᠭᠡᠭᠡᠬᠦ ᠵᠡᠷᠭᠡ ᠮᠡᠷᠭᠡᠵᠢᠯ᠎ᠤᠨ ᠦᠶᠯᠡᠴᠢᠯᠡᠭᠡ ᠵᠢ   ᠶᠡᠬᠡ  ᠎ᠪᠠᠷ ᠥᠷᠨᠢᠭᠦᠯᠵᠦ᠂ ᠠᠵᠤ ᠦᠢ᠍ᠯᠡᠰ᠎ᠤᠨ ᠬᠥᠭᠵᠢᠯᠲᠡ ᠵᠢᠨ ᠳᠤᠮᠳᠠᠬᠢ ᠠᠰᠠᠭᠤᠳᠠᠯ᠎ᠢ ᠴᠠᠭ ᠲᠤᠬᠠᠢ᠎ᠳᠤᠨᠢ ᠰᠢᠢ᠍ᠳᠪᠦᠷᠢᠯᠡᠨ᠎ᠡ᠃
      ᠨᠡᠶ᠋ᠢᠭᠡᠮ᠎ᠤᠨ᠎ᠬᠢᠨ᠎ᠢ ᠳᠠᠶ᠋ᠢᠴᠢᠯᠠᠨ ᠬᠡᠷᠡᠭᠯᠡᠭᠡᠨ ᠵᠶ᠋ᠠᠷ ᠶᠠᠳᠠᠭᠤ ᠵᠢ ᠲᠡᠳᠬᠦᠬᠦ ᠵᠢ ᠥᠷᠨᠢᠭᠦᠯᠦᠨ᠎ᠡ᠃ 《ᠪᠡᠭᠡᠵᠢᠩ ᠥᠪᠥᠷ ᠮᠣᠩᠭᠣᠯ᠎ᠤᠨ ᠶᠠᠳᠠᠭᠤ ᠵᠢ ᠲᠡᠳᠬᠦᠬᠦ ᠬᠠᠮᠵᠢᠯᠴᠠᠭ᠎ᠠ》 ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂   ᠦᠢ᠍ᠯᠡᠳᠪᠦᠷᠢᠯᠡᠯ ᠪᠣᠷᠣᠯᠠᠭᠤᠯᠭ᠎ᠠ ᠵᠢ ᠵᠣᠯᠭ᠋ᠠᠯᠴᠠᠭᠤᠯᠬᠤ ᠵᠢ ᠴᠢᠩᠭ᠋ᠠᠳᠬᠠᠨ᠂ ᠬᠡᠷᠡᠭᠯᠡᠭᠡᠨ ᠵᠶ᠋ᠠᠷ ᠶᠠᠳᠠᠭᠤ ᠵᠢ ᠲᠡᠳᠬᠦᠬᠦ ᠲᠣᠭᠲᠠᠭᠤᠨ ᠠᠷᠭ᠎ᠠ ᠵᠠᠮ᠎ᠢ ᠪᠠᠶ᠋ᠢᠭᠤᠯᠤᠨ᠎ᠠ᠃ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠬᠡᠷᠡᠭᠯᠡᠭᠡᠨ ᠵᠶ᠋ᠠᠷ ᠶᠠᠳᠠᠭᠤ ᠵᠢ ᠲᠡᠳᠬᠦᠬᠦ ᠲᠤᠰᠬᠠᠶ ᠯᠠᠩᠭᠦᠶ᠂ ᠲᠤᠰᠬᠠᠶ ᠣᠷᠣᠨ᠂ ᠲᠤᠰᠬᠠᠶ ᠣᠷᠳᠣᠨ ᠪᠠᠶ᠋ᠢᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠶᠠᠳᠠᠭᠤ ᠵᠢ ᠲᠡᠳᠬᠦᠬᠦ ᠦᠶᠯᠡᠳᠬᠦᠨ ᠬᠤᠳᠠᠯᠳᠤᠨ ᠠᠪᠬᠤ᠂ ᠬᠡᠷᠡᠭᠯᠡᠭᠡᠨ ᠵᠶ᠋ᠠᠷ ᠶᠠᠳᠠᠭᠤ ᠵᠢ ᠲᠡᠳᠬᠦᠬᠦ ᠠᠵᠢᠯᠯᠠᠭ᠎ᠠ᠎ᠳᠤ ᠣᠷᠣᠯᠴᠠᠬᠤ᠎ᠳᠤ ᠳᠥᠭᠥᠮ ᠨᠥᠬᠥᠴᠡᠯ ᠬᠠᠩᠭ᠋ᠠᠨ᠎ᠠ᠃ ᠶᠠᠳᠠᠭᠤ ᠵᠢ ᠲᠡᠳᠬᠦᠬᠦ ᠪᠦᠳᠦᠬᠡᠭᠳᠡᠬᠦᠨ᠎ᠤ ᠠᠯᠪᠠᠨ ᠪᠠᠶ᠋ᠢᠭᠤᠯᠭ᠎ᠠ᠂ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠂ ᠠᠵᠤ ᠠᠬᠤᠶ᠋ᠢᠯᠠᠯ ᠪᠠ ᠨᠡᠶ᠋ᠢᠭᠡᠮ ᠲᠣᠭᠣᠷᠢᠭ᠎ᠲᠤ ᠣᠷᠣᠭᠤᠯᠬᠤ 《ᠲᠠᠪᠤ᠎ᠳᠤ ᠣᠷᠣᠭᠤᠯᠬᠤ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠵᠠᠪᠰᠠᠷ᠎ᠤᠨ ᠭᠦᠶᠯᠭᠡᠭᠡᠨ᠎ᠤ ᠭᠣᠭᠴᠣᠭ᠎ᠠ ᠵᠢ ᠴᠦᠬᠡᠳᠬᠡᠵᠦ᠂ ᠰᠢᠭᠤᠳ ᠬᠠᠩᠭ᠋ᠠᠬᠤ ᠰᠢᠭᠤᠳ ᠪᠣᠷᠣᠯᠠᠭᠤᠯᠬᠤ ᠵᠢ ᠰᠠᠭ᠋ᠠᠳ ᠦᠭᠡᠢ ᠨᠡᠪᠲᠡᠷᠡᠭᠦᠯᠵᠦ᠂ ᠶᠠᠳᠠᠭᠤ ᠵᠢ ᠲᠡᠳᠬᠦᠬᠦ ᠪᠦᠳᠦᠬᠡᠭᠳᠡᠬᠦᠨ᠎ᠤ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠨ᠎ᠡ᠃ ᠠᠯᠪᠠᠨ ᠪᠠᠶ᠋ᠢᠭᠤᠯᠤᠯᠭ᠎ᠠ᠂ ᠠᠵᠤ ᠠᠬᠤᠶ᠋ᠢᠯᠠᠯ ᠠᠵᠢᠯ   ᠦᠢ᠍ᠯᠡᠰ᠎ᠤᠨ ᠨᠢᠭᠡᠴᠢ ᠵᠢᠨ ᠣᠷᠣᠯᠴᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠲᠥᠰᠦᠪ᠎ᠤᠨ ᠨᠢᠭᠡᠴᠢ᠂ ᠡᠯ᠎ᠡ ᠲᠣᠭᠣᠷᠢᠭ᠎ᠤᠨ ᠰᠢᠭᠤᠳ ᠬᠠᠷᠢᠶ᠎ᠠ ᠠᠵᠤ ᠠᠬᠤᠶ᠋ᠢᠯᠠᠯ᠎ᠤᠳ ᠲᠤᠰ ᠨᠢᠭᠡᠴᠢ ᠵᠢᠨ ᠵᠶ᠋ᠠᠨ ᠬᠣᠭᠣᠯᠠᠨ ᠭᠡᠷ᠎ᠤᠨ ᠲᠠᠷᠢᠶᠠᠯᠠᠩ᠎ᠤᠨ ᠲᠤᠰᠠᠯᠠᠬᠤ ᠪᠦᠲᠦᠭᠡᠭᠳᠡᠬᠦᠨ᠎ᠢ ᠬᠤᠳᠠᠯᠳᠤᠨ ᠠᠪᠬᠤ ᠶᠡᠷᠦᠩᠬᠡᠶ ᠲᠣᠭ᠎ᠠ ᠵᠢᠨ 30% ᠣᠷᠴᠢᠮ᠎ᠢ ᠤᠷᠢᠳᠴᠢᠯᠠᠨ ᠦᠯᠡᠳᠡᠭᠡᠵᠦ ᠶᠠᠳᠠᠭᠤ ᠵᠢ ᠲᠡᠳᠬᠦᠬᠦ ᠪᠦᠳᠦᠬᠡᠭᠳᠡᠬᠦᠨ᠎ᠢ ᠬᠠᠨᠳᠤᠯᠭ᠎ᠠ᠎ᠲᠠᠢ ᠬᠤᠳᠠᠯᠳᠤᠨ ᠠᠪᠬᠤ ᠬᠡᠷᠡᠭᠲᠡᠶ᠃
      ᠳᠥᠷᠪᠡ᠂ ᠠᠵᠢᠯ ᠣᠯᠭᠣᠵᠤ   ᠦᠢ᠍ᠯᠡᠰ ᠪᠤᠰᠬᠠᠬᠤ ᠠᠷᠭ᠎ᠠ ᠵᠠᠮ᠎ᠢ ᠥᠷᠭᠡᠳᠬᠡᠨ᠎ᠡ
      ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠳ᠋ᠠᠶ᠋ᠢᠲ᠋ᠠ ᠬᠥᠮᠥᠷᠭᠡ ᠪᠣᠯᠤᠨ ᠠᠵᠢᠯ ᠣᠯᠭᠣᠬᠤ ᠪᠤᠯᠪᠠᠰᠤᠷᠠᠯ᠎ᠤᠨ ᠦᠶᠯᠡᠴᠢᠯᠡᠭᠡᠨ᠎ᠤ ᠲᠠᠪᠴᠠᠩ᠎ᠢ ᠪᠠᠢ᠍ᠢ᠍ᠭᠤᠯᠤᠨ᠎ᠠ᠃ ᠡᠯ᠎ᠡ ᠬᠣᠰᠢᠭᠤ ᠰᠢᠶᠠᠨ᠎ᠨᠤᠭᠤᠳ ᠶᠠᠳᠠᠭᠤ ᠵᠢ ᠲᠡᠳᠬᠦᠬᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ᠂ ᠬᠥᠯᠥᠰᠥᠨ ᠠᠵᠢᠯᠴᠢᠨ᠎ᠤ ᠠᠵᠢᠯ ᠣᠯᠵᠤ ᠦᠢ᠍ᠯᠡᠰ ᠪᠤᠰᠬᠠᠬᠤ ᠦᠢ᠍ᠯᠡᠴᠢᠯᠡᠭᠡ ᠵᠡᠷᠭᠡ ᠰᠢᠰᠲ᠋ᠧᠮ᠎ᠢ ᠨᠢᠭᠡᠳᠦᠯᠲᠡᠶ ᠲᠥᠯᠥᠪᠯᠡᠨ ᠨᠡᠢ᠍ᠢ᠍ᠳᠬᠡᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠳ᠋ᠠᠶ᠋ᠢᠲ᠋ᠠ ᠬᠥᠮᠥᠷᠭᠡ ᠪᠠ ᠠᠵᠢᠯ ᠣᠯᠭᠣᠯᠲᠠ ᠵᠢᠨ ᠪᠣᠯᠪᠠᠰᠤᠷᠠᠯ᠎ᠤᠨ   ᠦᠢ᠍ᠯᠡᠴᠢᠯᠡᠬᠡᠨ ᠎ᠤ ᠲᠠᠪᠴᠠᠩ᠎ᠢ ᠪᠠᠶ᠋ᠢᠭᠤᠯᠵᠤ᠂ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠢ ᠵᠣᠬᠢᠶᠠᠨ ᠪᠠᠶ᠋ᠢᠭᠤᠯᠤᠨ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠵᠢ ᠦᠷᠭᠦᠯᠵᠢᠯᠡᠨ ᠥᠷᠨᠢᠭᠦᠯᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠤ ᠠᠵᠢᠯ ᠣᠯᠵᠤ ᠦᠢ᠍ᠯᠡᠰ ᠪᠤᠰᠬᠠᠬᠤ ᠬᠡᠷᠡᠭᠴᠡᠭᠡ ᠱᠠᠭ᠋ᠠᠷᠳᠠᠯᠭ᠎ᠠ ᠪᠠ ᠠᠵᠢᠯ ᠣᠯᠵᠤ   ᠦᠢ᠍ᠯᠡᠰ ᠪᠤᠰᠬᠠᠬᠤ ᠪᠠᠶ᠋ᠢᠳᠠᠯ᠎ᠢ ᠴᠠᠭ ᠲᠤᠬᠠᠶ᠎ᠳᠤᠨᠢ ᠣᠨᠣᠪᠴᠢᠲᠠᠶ ᠡᠵᠡᠮᠰᠢᠬᠦ ᠵᠢᠨ ᠬᠠᠮᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠦᠨ᠎ᠡ᠃
      ᠪᠣᠯᠪᠠᠰᠤᠷᠠᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠤᠬᠠᠶ ᠵᠢᠨ ᠭᠠᠵᠠᠷ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠂ ᠳᠠᠭ᠋ᠠᠭᠤᠯᠤᠭᠴᠢ ᠠᠵᠤ ᠠᠬᠤᠶ᠋ᠢᠯᠠᠯ ᠵᠡᠷᠭᠡ ᠪᠠᠶ᠋ᠢᠭᠤᠯᠤᠮᠵᠢ ᠵᠢ ᠨᠠᠢ᠍ᠢ᠍ᠳᠠᠯᠠᠵᠤ᠂ ᠬᠤᠰᠢᠭᠤ ᠰᠢᠶᠠᠨ ᠵᠶ᠋ᠠᠷ ᠨᠢᠬᠡᠴᠢ ᠪᠤᠯᠭ᠋ᠠᠭᠰᠠᠨ ᠠᠵᠢᠯ ᠤᠯᠭᠤᠯᠳᠠ ᠵᠢᠨ ᠪᠤᠯᠪᠠᠰᠤᠷᠠᠯ᠎ᠤᠨ ᠰᠠᠭᠤᠷᠢᠨ᠎ᠢ ᠡᠷᠢᠯᠬᠢᠯᠡᠵᠦ᠂ ᠪᠤᠯᠪᠠᠰᠤᠷᠠᠯ᠎ᠤᠨ ᠴᠢᠳᠠᠪᠤᠷᠢ ᠬᠦᠷᠦᠯᠴᠡᠬᠦ ᠦᠬᠡᠢ᠂ ᠪᠤᠯᠪᠠᠰᠤᠷᠠᠯ᠎ᠤᠨ ᠶᠠᠰᠤ ᠴᠢᠨᠠᠷ ᠦᠨᠳᠦᠷ ᠪᠢᠰᠢ ᠪᠠ ᠪᠤᠯᠪᠠᠰᠤᠷᠠᠯ᠎ᠤᠨ ᠠᠭᠤᠯᠭ᠎ᠠ᠎ᠨᠢ ᠳᠤᠬᠢᠷᠠᠬᠤ ᠦᠬᠡᠢ ᠠᠰᠠᠭᠤᠳᠠᠯ᠎ᠢ ᠰᠢᠢ᠍ᠳᠪᠦᠷᠢᠯᠡᠨ᠎ᠡ᠃ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ᠎ᠳᠤ ᠪᠤᠯᠪᠠᠰᠤᠷᠠᠯ ᠬᠦ᠍ᠷᠳᠡᠬᠡᠬᠦ ᠨᠦᠬᠦᠪᠦᠷᠢ ᠵᠢᠨ ᠲᠦᠷᠦ ᠵᠢᠨ ᠪᠤᠳᠤᠯᠭ᠎ᠠ ᠵᠢ ᠳᠡᠬᠦᠯᠳᠡᠷᠵᠢᠬᠦᠯᠵᠦ᠂ ᠪᠤᠯᠪᠠᠰᠤᠷᠠᠯ ᠬᠦᠷᠳᠡᠬᠦ ᠪᠤᠳᠤᠯ᠎ᠲᠠᠢ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ᠎ᠳᠤ ᠬᠠᠨᠳᠤᠯᠠᠭ᠎ᠠ᠎ᠲᠠᠢ ᠪᠤᠯᠪᠠᠰᠤᠷᠠᠯ ᠬᠦᠷᠳᠡᠬᠡᠵᠦ᠂ 《ᠪᠤᠯᠪᠠᠰᠤᠷᠠᠯ ᠬᠦᠷᠳᠡᠬᠦ ᠴᠢᠬᠤᠯᠠ᠎ᠲᠠᠢ᠎ᠳᠤᠨᠢ ᠪᠤᠯᠪᠠᠰᠤᠷᠠᠯ ᠬᠦᠷᠳᠡᠬᠡᠵᠦ᠂ ᠪᠤᠯᠪᠠᠰᠤᠷᠠᠯ ᠬᠦᠷᠳᠡᠬᠡᠵᠦ ᠴᠢᠳᠠᠬᠤ ᠵᠢᠨ ᠬᠢᠷᠢ᠎ᠪᠠᠷ ᠪᠤᠯᠪᠠᠰᠤᠷᠠᠯ ᠬᠦᠷᠳᠡᠬᠡᠨ᠎ᠡ》᠃
      ᠤᠯᠠᠨ ᠠᠷᠭ᠎ᠠ ᠵᠠᠮ ᠵᠶ᠋ᠠᠷ ᠠᠵᠢᠯ ᠤᠯᠭᠤᠯᠳᠠ ᠵᠢ ᠦᠷᠬᠡᠳᠬᠡᠨ᠎ᠡ᠃ ᠬᠦᠳᠡᠯᠮᠦᠷᠢ ᠦᠢ᠍ᠯᠡᠴᠢᠯᠡᠬᠡ ᠵᠢ ᠵᠤᠯᠭ᠋ᠠᠯᠴᠠᠭᠤᠯᠬᠤ ᠳᠠᠪᠴᠠᠩ᠎ᠢ ᠪᠡᠬᠢᠵᠢᠬᠦᠯᠵᠦ᠂ ᠤᠷᠤᠨ᠎ᠤ ᠳᠤᠳᠤᠨ᠎ᠠ ᠭᠠᠳᠠᠨ᠎ᠠ ᠵᠢᠨ ᠬᠦᠳᠡᠯᠮᠦᠷᠢ ᠦᠢ᠍ᠯᠡᠴᠢᠯᠡᠬᠡ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠤᠷᠤᠨ ᠪᠦᠰᠡ ᠠᠯᠤᠰᠯᠠᠭᠰᠠᠨ᠂ ᠪᠠᠢ᠍ᠢ᠍ᠩᠭᠤᠵᠢᠭᠰᠠᠨ ᠠᠵᠢᠯ᠎ᠤᠨ ᠪᠠᠢ᠍ᠢ᠍ᠷᠢ ᠵᠢᠨ ᠮᠡᠳᠡᠬᠡ ᠵᠠᠩᠬᠢ ᠵᠢ ᠬᠠᠮᠳᠤ᠎ᠪᠠᠷ ᠡᠳ᠋ᠯᠡᠬᠦ ᠪᠠ ᠨᠡᠢ᠍ᠢ᠍ᠳᠡᠯᠡᠬᠦ ᠳᠤᠭᠳᠠᠴᠠ ᠵᠢ ᠪᠠᠢ᠍ᠢ᠍ᠭᠤᠯᠵᠤ᠂ ᠬᠦᠳᠡᠯᠮᠦᠷᠢ ᠦᠢ᠍ᠯᠡᠴᠢᠯᠡᠬᠡ ᠵᠢ ᠵᠤᠯᠭ᠋ᠠᠴᠠᠭᠤᠯᠬᠤ᠎ᠪᠠᠷ ᠠᠵᠢᠯ ᠤᠯᠭᠤᠯᠳᠠ ᠵᠢ ᠰᠢᠯᠵᠢᠬᠦᠯᠬᠦ ᠵᠢ ᠪᠡᠶᠡᠯᠡᠬᠦᠯᠦᠨ᠎ᠡ᠃ ᠳᠠᠷᠢᠮᠠᠯ ᠳᠡᠵᠢᠬᠡᠪᠦᠷᠢ ᠵᠢᠨ ᠰᠠᠭᠤᠷᠢᠨ᠂ ᠠᠵᠤ ᠦᠢ᠍ᠯᠡᠰ᠎ᠤᠨ ᠬᠦᠷᠢᠶᠡᠯᠡᠩ ᠳᠤᠭᠤᠷᠢᠭ᠂ ᠬᠦᠳᠡᠬᠡ ᠳᠤᠰᠬᠤᠨ᠎ᠤ ᠵᠢᠭᠤᠯᠴᠢᠯᠠᠯ᠂ ᠶᠠᠳᠠᠭᠤ ᠵᠢ ᠳᠡᠳᠬᠦᠬᠦ ᠦᠢ᠍ᠯᠡᠳᠪᠦᠷᠢᠯᠡᠯ᠎ᠤᠨ ᠳᠠᠰᠤᠭ᠂ ᠨᠡᠢ᠍ᠢ᠍ᠬᠡᠮ ᠳᠤᠭᠤᠷᠢᠭ᠎ᠤᠨ ᠦᠢ᠍ᠯᠡᠳᠪᠦᠷᠢ ᠵᠡᠷᠬᠡ᠎ᠳᠤ ᠨᠠᠢ᠍ᠢ᠍ᠳᠠᠵᠤ᠂ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ᠎ᠤ ᠬᠡᠷ᠎ᠲᠡᠭᠡᠨ ᠰᠠᠭᠤᠵᠤ ᠠᠵᠢᠯ ᠤᠯᠬᠤ ᠪᠠ ᠤᠢ᠍ᠢ᠍ᠷ᠎ᠠ ᠬᠠᠪᠢ᠎ᠳᠠᠭᠠᠨ ᠠᠵᠢᠯ ᠤᠯᠬᠤ ᠵᠢ ᠠᠬᠢᠭᠤᠯᠤᠨ᠎ᠠ᠃ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ᠂ ᠠᠮᠢ ᠠᠬᠤᠢ᠎ᠪᠠᠷ ᠶᠠᠳᠠᠭᠤ ᠵᠢ ᠳᠡᠳᠬᠦᠬᠦ᠂ ᠪᠤᠯᠪᠠᠰᠤᠨ ᠬᠤᠳᠠ ᠵᠢ ᠪᠠᠢ᠍ᠢ᠍ᠭᠤᠯᠬᠤ   ᠢᠨᠵᠧᠨᠧᠷᠢᠩ᠂ ᠬᠦᠳᠡᠬᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠡᠷᠬᠡ᠎ᠲᠠᠢ ᠤᠶᠠᠯᠳᠤᠭᠤᠯᠵᠤ᠂ ᠨᠡᠢ᠍ᠢ᠍ᠳᠡ ᠵᠢᠨ ᠠᠰᠠᠷᠠᠮᠵᠢ ᠵᠢᠨ ᠴᠢᠨᠠᠷᠳᠠᠢ ᠶᠠᠳᠠᠭᠤ ᠵᠢ ᠳᠡᠳᠬᠦᠬᠦ ᠠᠵᠢᠯ᠎ᠤᠨ ᠪᠠᠢ᠍ᠢ᠍ᠷᠢ ᠵᠢ ᠵᠦᠢ ᠵᠤᠬᠢᠰᠳᠠᠢ ᠨᠡᠬᠡᠬᠡᠵᠦ᠂ ᠵᠠᠬ᠎ᠠ ᠳᠡᠯᠬᠡᠬᠦᠷ ᠵᠶ᠋ᠠᠷ ᠳᠠᠮᠵᠢᠵᠤ ᠠᠵᠢᠯ ᠤᠯᠬᠤ᠎ᠳᠤ ᠬᠦᠴᠢᠷ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠠᠵᠢᠯ ᠤᠯᠭᠤᠯᠳᠠ ᠵᠢᠨ ᠠᠰᠠᠭᠤᠳᠠᠯ᠎ᠢ ᠤᠷᠢᠳ ᠵᠶ᠋ᠠᠷ ᠰᠢᠢ᠍ᠳᠪᠦᠷᠢᠯᠡᠨ᠎ᠡ᠃
      ᠲᠠᠪᠤ᠂ ᠶᠡᠷᠦᠩᠬᠡᠢ᠍ᠢ᠍ᠯᠡᠭᠰᠡᠨ ᠪᠠᠳᠤᠯᠭ᠎ᠠ ᠵᠢᠨ ᠠᠷᠭ᠎ᠠ ᠬᠡᠮᠵᠢᠶ᠎ᠠ ᠵᠢ ᠳᠡᠬᠦᠯᠳᠡᠷᠵᠢᠬᠦᠯᠦᠨ᠎ᠡ
      ᠳᠠᠬᠢᠨ ᠶᠠᠳᠠᠭᠤᠷᠠᠬᠤ ᠵᠢ ᠰᠡᠷᠬᠡᠢ᠍ᠢ᠍ᠯᠡᠬᠦ ᠠᠵᠢᠯ᠎ᠤᠨ ᠪᠡᠯᠡᠳᠬᠡᠯ ᠲᠦᠰᠦᠯ᠎ᠢ ᠪᠠᠢ᠍ᠢ᠍ᠭᠤᠯᠤᠨ ᠪᠦᠷᠢᠨᠰᠢᠬᠦᠯᠦᠨ᠎ᠡ᠃ ᠡᠯ᠎ᠡ ᠬᠣᠰᠢᠭᠤ ᠰᠢᠶᠠᠨ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤᠷᠠᠯ᠎ᠳᠤ ᠬᠠᠪᠢᠳᠠᠭᠰᠠᠨ ᠡᠷᠦᠬᠡ ᠪᠠ ᠶᠠᠳᠠᠭᠤ᠎ᠠᠴᠠ ᠠᠩᠭᠢᠵᠢᠷᠠᠭᠤᠯᠬᠤ ᠭᠣᠤᠯᠳᠠᠯᠭ᠎ᠠ᠎ᠲᠠᠢ ᠬᠢᠨᠠᠯᠳᠠ ᠬᠢᠵᠦ ᠪᠠᠢ᠍ᠢ᠍ᠭ᠎ᠠ ᠡᠷᠦᠬᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠠᠵᠢᠯ᠎ᠤᠨ ᠲᠥᠰᠦᠯ ᠲᠣᠭᠲᠠᠭ᠋ᠠᠵᠤ᠂ ᠣᠯᠠᠨ ᠠᠷᠭ᠎ᠠ ᠵᠠᠮ ᠵᠶ᠋ᠠᠷ ᠪᠡᠯᠡ ᠮᠥᠩᠭᠥ ᠴᠤᠭᠯᠠᠭᠤᠯᠵᠤ᠂ ᠶᠠᠳᠠᠭᠤᠷᠠᠯ᠎ᠳᠤ ᠬᠠᠪᠢᠳᠠᠭᠰᠠᠨ ᠡᠷᠦᠬᠡ ᠪᠠ ᠶᠠᠳᠠᠭᠤ᠎ᠠᠴᠠ ᠠᠩᠭᠢᠵᠢᠷᠠᠭᠤᠯᠬᠤ ᠬᠢᠨᠠᠯᠳᠠ ᠬᠢᠵᠦ ᠪᠠᠢ᠍ᠢ᠍ᠭ᠎ᠠ ᠡᠷᠦᠬᠡ᠎ᠳᠤ ᠨᠠᠷᠢᠯᠢᠭ ᠤᠨᠤᠪᠴᠢᠳᠠᠢ ᠶᠠᠳᠠᠭᠤ ᠵᠢ ᠰᠡᠷᠭᠡᠶ᠋ᠢᠯᠡᠬᠦ ᠳᠠᠭ᠋ᠠᠳᠬᠠᠯ ᠬᠤᠳᠠᠯᠳᠤᠨ ᠠᠪᠬᠤ᠂ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠰᠠᠭᠤᠷᠢ ᠮᠥᠩᠭᠥ ᠪᠠᠶ᠋ᠢᠭᠤᠯᠬᠤ ᠵᠡᠷᠭᠡ ᠣᠯᠠᠨ ᠵᠦᠶᠯ᠎ᠤᠨ ᠬᠡᠯᠪᠡᠷᠢ ᠮᠠᠶᠢᠭ ᠵᠶ᠋ᠠᠷ᠂ ᠡᠪᠡᠳᠴᠢᠨ᠎ᠠᠴᠠ ᠪᠣᠯᠵᠤ᠂ ᠭᠠᠮᠰᠢᠭ᠎ᠠᠴᠠ ᠪᠣᠯᠵᠤ᠂   ᠦᠢ᠍ᠯᠡᠳᠪᠦᠷᠢᠯᠡᠯ ᠡᠵᠡᠩᠨᠡᠯᠲᠡ ᠮᠠᠭᠤ ᠪᠠᠶ᠋ᠢᠬᠤ ᠪᠠ ᠭᠡᠨᠡᠳᠲᠡ ᠡᠭᠦᠰᠬᠦ ᠬᠡᠷᠡᠭ ᠵᠡᠷᠭᠡ ᠬᠦᠴᠦᠨ ᠵᠦᠶᠯ᠎ᠠᠴᠠ ᠪᠣᠯᠵᠤ ᠳᠠᠬᠢᠨ ᠶᠠᠳᠠᠭᠤᠷᠠᠬᠤ ᠵᠢ ᠰᠡᠷᠭᠡᠶ᠋ᠢᠯᠡᠨ ᠬᠣᠷᠢᠭᠯᠠᠨ᠎ᠠ᠃
      ᠶᠡᠷᠦᠩᠬᠡᠶ᠋ᠢᠯᠡᠨ ᠪᠠᠲᠤᠯᠠᠵᠤ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠨᠡᠶ᠋ᠢᠭᠡᠮ᠎ᠤᠨ ᠳᠠᠭ᠋ᠠᠳᠬᠠᠯ᠂ ᠨᠡᠶ᠋ᠢᠭᠡᠮ᠎ᠤᠨ ᠠᠪᠤᠷᠠᠨ ᠲᠤᠰᠠᠯᠠᠬᠤ᠂ ᠨᠡᠶ᠋ᠢᠭᠡᠮ᠎ᠤᠨ ᠠᠰᠠᠷᠠᠮᠵᠢ ᠵᠢᠨ ᠳᠦᠷᠢᠮ ᠵᠢᠴᠢ ᠨᠡᠶ᠋ᠢᠭᠡᠮ᠎ᠤᠨ ᠬᠠᠪᠰᠤᠷᠤᠨ ᠲᠡᠳᠬᠦᠬᠦ᠂ ᠨᠡᠶ᠋ᠢᠭᠡᠮ᠎ᠤᠨ ᠠᠵᠢᠯ᠎ᠳᠤ ᠬᠦᠴᠦᠨ ᠨᠡᠮᠡᠷᠢᠯᠡᠬᠦ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠵᠦ᠂ ᠬᠥᠳᠡᠯᠮᠦᠷᠢ ᠬᠦᠴᠦᠨ ᠦᠭᠡᠢ ᠪᠤᠶᠤ ᠬᠦᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ᠎ᠠᠴᠠ ᠪᠤᠯᠵᠤ ᠶᠠᠳᠠᠭᠤ ᠬᠦᠴᠢᠷᠳᠡᠯᠲᠡᠶ ᠪᠤᠯᠤᠭᠰᠠᠨ ᠬᠥᠮᠦᠨ ᠠᠮᠠ᠎ᠳᠤ ᠦᠨᠳᠦᠰᠦᠨ ᠵᠦᠶᠯ᠎ᠢ ᠪᠠᠲᠤᠯᠠᠬᠤ ᠪᠠᠲᠤᠯᠠᠭ᠎ᠠ ᠬᠠᠩᠭ᠋ᠠᠨ᠎ᠠ᠃ ᠮᠠᠯᠵᠢᠬᠤ ᠲᠠᠷᠢᠶᠠᠯᠠᠬᠤ ᠣᠷᠣᠨ᠎ᠳᠠᠬᠢ ᠨᠠᠮ᠎ᠤᠨ ᠡᠯ᠎ᠡ ᠵᠦᠶᠯ᠎ᠤᠨ ᠬᠠᠷᠠᠭ᠋ᠠᠯᠵᠠᠯ᠎ᠤᠨ ᠨᠥᠬᠥᠪᠥᠷᠢ ᠵᠢᠨ ᠪᠡᠯᠡ ᠮᠥᠩᠭᠥ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠲᠣᠭᠲᠠᠭᠤᠨ ᠲᠥᠷᠥ ᠵᠢᠨ ᠪᠣᠳᠣᠯᠭ᠎ᠠ ᠵᠢᠨ ᠴᠢᠨᠠᠷᠲᠠᠶ ᠣᠷᠣᠯᠭ᠎ᠠ ᠵᠢ ᠦᠨᠡᠨᠬᠦ ᠪᠠᠳᠤᠯᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠳᠦᠷᠢᠮ ᠬᠢᠭᠡᠳ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠵᠣᠯᠭ᠋ᠠᠭᠤᠯᠬᠤ ᠵᠢ ᠦᠷᠭᠦᠯᠵᠢᠯᠡᠨ ᠠᠬᠢᠭᠤᠯᠵᠤ᠂ ᠨᠥᠬᠥᠴᠡᠯ᠎ᠳᠤ ᠨᠡᠶ᠋ᠢᠴᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠵᠢ ᠳᠡᠰ ᠳᠠᠷᠠᠭ᠋ᠠᠯᠠᠯ ᠶᠣᠰᠣᠭ᠋ᠠᠷ ᠪᠦᠬᠦᠨ᠎ᠢ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠬᠤ ᠵᠢ ᠦᠨᠡᠨᠬᠦ ᠪᠠᠲᠤᠯᠠᠵᠤ᠂ 《ᠳᠡᠳᠬᠦᠨ ᠳᠡᠮᠵᠢᠮᠡᠷ ᠠᠵᠢᠯ ᠦᠬᠡᠢ᠂ ᠶᠠᠳᠠᠭᠤ᠎ᠠᠴᠠ ᠠᠩᠭᠢᠵᠢᠷᠠᠬᠤ ᠴᠢᠳᠠᠯ ᠦᠭᠡᠶ》 ᠵᠡᠮᠳᠡᠭᠴᠦᠳ᠂ ᠥᠨᠥᠴᠢᠨ ᠪᠡᠯᠪᠡᠰᠦᠨ ᠨᠠᠰᠤᠲᠠᠨ ᠵᠡᠷᠭᠡ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠦᠨᠳᠦᠰᠦᠨ ᠪᠠᠲᠤᠯᠠᠭ᠎ᠠ ᠤᠯᠭᠤᠵᠤ᠂ ᠪᠠᠲᠤᠯᠠᠭ᠎ᠠ ᠵᠢᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠲᠦᠷ ᠴᠠᠭ᠎ᠤᠨ ᠠᠪᠤᠷᠠᠨ ᠲᠤᠰᠠᠯᠠᠬᠤ᠂ ᠨᠢᠭᠦᠯᠡᠰᠦᠩᠭᠦᠶ ᠵᠢᠨ ᠠᠪᠤᠷᠠᠨ ᠲᠤᠰᠠᠯᠠᠬᠤ ᠵᠡᠷᠭᠡ ᠨᠡᠶ᠋ᠢᠭᠡᠮ᠎ᠤᠨ ᠠᠪᠤᠷᠠᠨ ᠲᠤᠰᠠᠯᠠᠬᠤ ᠡᠷᠴᠢᠮ᠎ᠢ ᠴᠢᠩᠭ᠋ᠠᠷᠠᠭᠤᠯᠤᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠴᠢᠳᠠᠪᠤᠷᠢᠲᠠᠨ᠂ ᠲᠥᠷᠥᠯ ᠵᠦᠶᠯ᠂ ᠪᠡᠯᠡ ᠮᠥᠩᠭᠥ᠂ ᠡᠬᠢ ᠪᠠᠶᠠᠯᠢᠭ᠎ᠢ ᠠᠪᠤᠷᠠᠨ ᠲᠤᠰᠠᠯᠠᠬᠤ ᠡᠲᠡᠭᠡᠳ ᠲᠡᠰᠢ ᠬᠡᠯᠪᠡᠶ᠋ᠢᠯᠭᠡᠨ᠎ᠡ᠃ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢᠨ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠨᠢᠭᠦᠯᠡᠰᠦᠩᠭᠦᠶ ᠵᠢᠨ ᠲᠥᠷᠥᠯ ᠵᠦᠶᠯ᠂ ᠲᠤᠰᠬᠠᠶ ᠵᠦᠶᠯ᠎ᠤᠨ ᠠᠪᠤᠷᠠᠨ ᠲᠤᠰᠠᠯᠠᠬᠤ ᠰᠠᠭᠤᠷᠢ ᠮᠥᠩᠭᠥ ᠪᠠᠶ᠋ᠢᠭᠤᠯᠬᠤ ᠵᠢ ᠳᠡᠮᠵᠢᠵᠦ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠬᠠᠨᠳᠢᠪᠯᠠᠬᠤ ᠵᠢ ᠥᠷᠨᠢᠭᠦᠯᠦᠨ᠎ᠡ᠃ ᠡᠯ᠎ᠡ ᠲᠥᠷᠥᠯ᠎ᠤᠨ ᠨᠡᠶ᠋ᠢᠭᠡᠮ᠎ᠤᠨ ᠠᠵᠢᠯ᠎ᠤᠨ ᠪᠠᠶ᠋ᠢᠭᠤᠯᠤᠮᠵᠢ᠂ ᠰᠠᠶ᠋ᠢᠨ ᠳᠤᠷ᠎ᠠ ᠵᠢᠨ ᠦᠶᠯᠡᠴᠢᠯᠡᠭᠡᠨ᠎ᠤ ᠪᠦᠯᠬᠦᠮ ᠨᠡᠶ᠋ᠢᠲᠡ᠂ ᠨᠡᠶ᠋ᠢᠭᠡᠮ᠎ᠤᠨ ᠬᠠᠶ᠋ᠢᠷ᠎ᠠ ᠬᠠᠯᠠᠮᠵᠢ ᠵᠢᠨ ᠬᠥᠮᠦᠰ᠎ᠢ ᠳᠠᠶ᠋ᠢᠴᠢᠯᠠᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠰᠠᠶ᠋ᠢᠨ ᠳᠤᠷ᠎ᠠ ᠵᠢᠨ ᠦᠢ᠍ᠯᠡᠴᠢᠯᠡᠬᠡ ᠥᠷᠨᠢᠭᠦᠯᠦᠨ᠎ᠡ᠃ 《ᠳᠤᠮᠳᠠᠳᠤ ᠤᠯᠤᠰ᠎ᠤᠨ ᠨᠡᠶ᠋ᠢᠭᠡᠮ᠎ᠤᠨ ᠶᠠᠳᠠᠭᠤ ᠵᠢ ᠲᠡᠳᠬᠦᠬᠦ ᠰᠦᠯᠵᠢᠶ᠎ᠡ》 ᠵᠢᠨ ᠲᠠᠪᠴᠠᠩ᠎ᠢ ᠭᠦᠢ᠍ᠴᠡᠳ ᠠᠰᠢᠭᠯᠠ᠂ ᠲᠥᠷᠥ ᠵᠢᠨ ᠪᠠᠶ᠋ᠢᠭᠤᠯᠤᠯᠭ᠎ᠠ᠂ ᠠᠵᠤ ᠠᠬᠤᠶ᠋ᠢᠯᠠᠯ ᠠᠵᠢᠯ ᠦᠶᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠺᠠᠳ᠋ᠷ᠂ ᠠᠵᠢᠯᠲᠠᠨ ᠠᠵᠢᠯᠴᠢᠨ᠎ᠢ ᠳᠠᠶ᠋ᠢᠴᠢᠯᠠᠨ ᠬᠠᠶ᠋ᠢᠷ᠎ᠠ ᠬᠠᠯᠠᠮᠵᠢ ᠦᠵᠡᠬᠦᠯᠬᠦ ᠬᠥᠮᠦᠰ ᠵᠶ᠋ᠠᠷ ᠳᠠᠩᠰᠠᠯᠠᠭᠤᠯᠵᠤ᠂ ᠶᠠᠳᠠᠭᠤ ᠬᠦᠴᠢᠷᠳᠡᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠠᠭ ᠲᠤᠬᠠᠶ᠎ᠳᠤᠨᠢ ᠬᠠᠪᠰᠤᠷᠤᠯᠭ᠎ᠠ ᠦᠵᠡᠭᠦᠯᠵᠦ᠂ ᠣᠨᠴᠠᠭ᠋ᠠᠢ ᠬᠦᠴᠢᠷᠳᠡᠯ᠎ᠳᠤ ᠣᠯᠠᠨ ᠵᠶ᠋ᠠᠷ ᠵᠶ᠋ᠠᠨ ᠴᠤᠭᠯᠠᠭᠤᠯᠵᠤ ᠬᠠᠨᠳᠢᠪᠯᠠᠨ᠎ᠠ᠃
      ᠵᠢᠷᠭᠤᠭ᠎ᠠ᠂ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ   ᠦᠢ᠍ᠯᠡᠳᠦᠯ᠎ᠢ ᠪᠠᠳᠠᠷᠠᠭᠤᠯᠤᠨ᠎ᠠ
      ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠠᠰᠢᠭ ᠣᠷᠣᠯᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠶᠠᠳᠠᠭᠤ ᠵᠢ ᠲᠡᠳᠬᠦᠬᠦ ᠪᠡᠯᠡ ᠮᠥᠩᠭᠥ᠂ ᠡᠳ᠋ ᠬᠥᠷᠥᠩᠭ ᠵᠢ ᠪᠦᠷᠢᠳᠬᠡᠨ ᠬᠢᠨᠠᠨ ᠬᠠᠷᠭᠤᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠭᠤᠷᠢ ᠲᠣᠭ᠎ᠠ ᠵᠢ ᠲᠣᠳᠣᠷᠬᠠᠶ ᠣᠶ᠋ᠢᠯᠠᠭ᠋ᠠᠵᠤ᠂ ᠥᠮᠴᠢᠯᠡᠬᠦ ᠡᠷᠬᠡ ᠵᠢ ᠲᠣᠳᠣᠷᠬᠠᠶ᠋ᠢᠯᠠᠨ᠂ ᠡᠬᠡ ᠲᠠᠩᠰᠠ ᠵᠢ ᠪᠦᠷᠢᠨᠰᠢᠭᠦᠯᠵᠦ᠂ ᠬᠠᠮᠢᠶᠠᠷᠤᠯᠲᠠ ᠵᠢ ᠵᠢᠷᠤᠮᠵᠢᠭᠤᠯᠤᠨ᠂ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ᠂ ᠦᠷ᠎ᠡ ᠠᠰᠢᠭ᠎ᠢ ᠦᠷᠭᠦᠯᠵᠢᠯᠡᠨ ᠪᠠᠳᠠᠷᠠᠭᠤᠯᠬᠤ ᠵᠢ ᠦᠨᠡᠨᠬᠦ ᠪᠠᠲᠤᠯᠠᠨ᠎ᠠ᠃ ᠡᠯ᠎ᠡ ᠭᠠᠵᠠᠷ ᠣᠷᠣᠨ᠎ᠤ ᠬᠠᠷᠢᠴᠠᠩᠭᠤᠶ ᠶᠠᠳᠠᠭᠤ ᠬᠦᠴᠢᠷᠳᠡᠯ᠎ᠢ ᠰᠢᠶᠳᠪᠦᠷᠢᠯᠡᠬᠦ ᠰᠠᠭᠤᠷᠢ ᠮᠥᠩᠭᠥ ᠪᠠᠶ᠋ᠢᠭᠤᠯᠬᠤ ᠵᠢ ᠵᠣᠷᠢᠭᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠬᠢᠨᠠᠯᠳᠠ ᠬᠢᠵᠦ ᠪᠠᠢ᠍ᠢ᠍ᠭ᠎ᠠ ᠡᠷᠦᠬᠡ᠂ ᠶᠠᠳᠠᠭᠤᠷᠠᠯ᠎ᠳᠤ ᠬᠠᠪᠢᠳᠠᠭᠰᠠᠨ ᠡᠷᠦᠬᠡ ᠵᠡᠷᠭᠡ ᠬᠠᠷᠢᠴᠠᠩᠭᠤᠶ ᠶᠠᠳᠠᠭᠤ ᠬᠦᠴᠢᠷᠳᠡᠯᠲᠡᠶ ᠬᠥᠮᠦᠰ᠎ᠤᠨ ᠦᠨᠳᠦᠰᠦᠨ   ᠦᠢ᠍ᠯᠡᠳᠪᠦᠷᠢᠯᠡᠯ ᠠᠮᠢᠳᠤᠷᠠᠯ᠎ᠢ ᠪᠠᠲᠤᠯᠠᠬᠤ᠎ᠳᠤ ᠬᠡᠷᠡᠭᠯᠡᠨ᠎ᠡ᠃ ᠬᠣᠰᠢᠭᠤ ᠰᠢᠶᠠᠨ᠎ᠤ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠠᠰᠢᠭ ᠣᠷᠣᠯᠭ᠎ᠠ ᠵᠢᠨ ᠪᠡᠯᠡ ᠮᠥᠩᠭᠥ᠎ᠪᠠᠷ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ᠎ᠳᠤ ᠶᠠᠳᠠᠭᠤ ᠵᠢ ᠲᠡᠳᠬᠦᠬᠦ ᠲᠤᠰᠬᠠᠶ ᠠᠵᠢᠯᠲᠠᠨ ᠪᠠ ᠮᠡᠳᠡᠭᠡ ᠵᠠᠩᠭᠢ ᠵᠢᠨ ᠠᠵᠢᠯᠳᠠᠨ᠎ᠢ ᠤᠷᠢᠨ ᠬᠡᠷᠡᠭᠯᠡᠵᠦ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠠᠵᠢᠯᠯᠠᠬᠤ ᠬᠦᠴᠦᠨ᠎ᠢ ᠲᠡᠭᠦᠯᠳᠡᠷᠵᠢᠭᠦᠯᠦᠨ᠎ᠡ᠃
      ᠶᠠᠳᠠᠭᠤ ᠵᠢ ᠲᠡᠳᠬᠦᠬᠦ ᠪᠠᠯᠠ ᠮᠥᠩᠭᠥ ᠡᠳ᠋ ᠬᠥᠷᠥᠩᠭᠡ ᠵᠢᠨ ᠡᠵᠡᠩᠨᠡᠯᠲᠡ ᠬᠡᠷᠡᠭᠯᠡᠯᠲᠡ᠂ ᠠᠰᠢᠭ ᠣᠷᠣᠯᠭ᠎ᠠ ᠵᠢ ᠬᠤᠪᠢᠶᠠᠷᠢᠯᠠᠬᠤ᠂ ᠬᠢᠨᠠᠨ ᠬᠠᠮᠢᠶᠠᠷᠴᠤ ᠰᠢᠶᠳᠪᠦᠷᠢᠯᠡᠬᠦ ᠲᠣᠭᠲᠠᠴᠠ ᠵᠢ ᠪᠦᠷᠢᠨᠰᠢᠭᠦᠯᠦᠨ᠎ᠡ᠃ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠡᠵᠡᠩᠨᠡᠯᠲᠡ ᠬᠡᠷᠡᠭᠯᠡᠯᠲᠡ᠎ᠳᠤ ᠠᠵᠢᠯ᠎ᠤᠨ ᠠᠮᠵᠢᠯᠲᠠ ᠪᠦᠲᠦᠮᠵᠢ ᠵᠢᠨ ᠬᠠᠷᠠᠯᠲᠠ᠎ᠪᠠᠨ ᠲᠣᠳᠣᠷᠬᠠᠶ᠋ᠢᠯᠠᠵᠤ᠂ ᠡᠵᠡᠩᠨᠡᠯᠲᠡ ᠵᠢᠨ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠵᠦ᠂ ᠠᠷᠠᠳᠴᠢᠯᠠᠯ ᠵᠶ᠋ᠠᠷ ᠰᠢᠢ᠍ᠳᠪᠦᠷᠢᠳᠤ ᠪᠣᠳᠣᠯᠭ᠎ᠠ ᠲᠣᠭᠲᠠᠭ᠋ᠠᠬᠤ᠂ ᠳᠡᠭᠡᠳᠦ ᠱᠠᠲᠤᠨ᠎ᠠᠴᠠ ᠬᠢᠨᠠᠨ ᠵᠥᠪᠰᠢᠶᠡᠷᠡᠬᠦ᠂ ᠠᠯᠪᠠᠨ ᠵᠠᠷ᠎ᠢ ᠵᠠᠷᠯᠠᠨ ᠨᠡᠶ᠋ᠢᠲᠡᠯᠡᠬᠦ᠂ ᠵᠥᠪᠳᠡᠯᠴᠡᠬᠡᠷ ᠵᠶ᠋ᠠᠷ ᠬᠦᠯᠢᠶᠡᠰᠦᠯᠡᠬᠦ ᠵᠠᠷᠴᠢᠮ᠎ᠢ ᠪᠠᠷᠢᠮᠲᠠᠯᠠᠵᠤ᠂ ᠭᠠᠴᠠᠭ᠎ᠠ ᠲᠣᠰᠬᠣᠨ᠎ᠤ ᠬᠠᠮᠲᠤ ᠨᠢᠬᠡᠴᠢ ᠵᠢᠨ ᠥᠪᠡᠰᠦᠪᠡᠨ ᠡᠵᠡᠩᠨᠡᠬᠦ᠂ ᠳᠠᠭ᠋ᠠᠭ᠋ᠠᠴᠢᠯᠠᠬᠤ᠂ ᠲᠦᠷᠢᠶᠡᠰᠦᠯᠡᠬᠦ ᠵᠡᠷᠭᠡ ᠠᠷᠭ᠎ᠠ ᠮᠠᠶᠢᠭ ᠵᠶ᠋ᠠᠷ ᠡᠵᠡᠩᠨᠡᠬᠦ ᠪᠤᠶᠤ ᠬᠣᠷᠰᠢᠶ᠎ᠠ᠂ ᠠᠵᠤ ᠠᠬᠤᠶ᠋ᠢᠯᠠᠯ ᠵᠡᠷᠭᠡ ᠡᠵᠡᠩᠨᠡᠯᠲᠡ ᠵᠢᠨ ᠭᠣᠤᠯ ᠴᠣᠭᠴᠠ᠎ᠳᠤ ᠣᠷᠣᠭᠤᠯᠬᠤ ᠡᠵᠡᠩᠨᠡᠯᠲᠡ ᠵᠢᠨ ᠴᠢᠨᠠᠷᠲᠠᠶ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠬᠠᠮᠢᠶᠠᠷᠤᠯᠲᠠ ᠵᠢ ᠭᠣᠤᠯᠳᠠᠯᠭ᠎ᠠ᠎ᠲᠠᠢ ᠴᠢᠩᠭ᠋ᠠᠳᠬᠠᠨ᠎ᠠ᠃ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠠᠰᠢᠭ ᠣᠷᠣᠯᠭ᠎ᠠ᠎ᠨᠢ ᠬᠥᠭᠰᠢᠨ ᠪᠠᠭᠤᠷᠠᠶ ᠡᠪᠡᠳᠴᠢᠨ᠎ᠲᠠᠢ ᠵᠡᠮᠳᠡᠭ ᠬᠥᠮᠦᠨ᠎ᠢ ᠬᠠᠪᠰᠤᠷᠤᠨ ᠲᠡᠳᠬᠦᠬᠦ᠂ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠭᠠᠷᠭ᠋ᠠᠬᠤ᠂ ᠱᠠᠩᠨᠠᠯ ᠨᠥᠬᠥᠪᠥᠷᠢ ᠣᠯᠭᠣᠬᠤ᠂ ᠲᠣᠰᠬᠣᠨ᠎ᠤ ᠱᠠᠲᠤᠨ᠎ᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠢ ᠬᠥᠭᠵᠢᠭᠦᠯᠬᠦ᠎ᠠᠴᠠ ᠭᠠᠳᠠᠨ᠎ᠠ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠴᠢᠳᠠᠪᠤᠷᠢ᠎ᠪᠠᠷ ᠴᠢᠩᠭ᠎ᠠ ᠶᠠᠳᠠᠭᠤ ᠵᠢ ᠲᠡᠳᠬᠦᠬᠦ ᠳᠠᠭ᠋ᠠᠭᠤᠯᠤᠭᠴᠢ ᠠᠵᠤ ᠠᠬᠤᠶ᠋ᠢᠯᠠᠯ᠂ ᠮᠠᠯᠴᠢᠨ ᠲᠠᠷᠢᠶᠠᠴᠢᠳ᠎ᠤᠨ ᠬᠣᠷᠰᠢᠶ᠎ᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠤᠯ ᠴᠣᠭᠴᠠ᠎ᠪᠠᠷ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠳ᠎ᠢ ᠳᠠᠶ᠋ᠢᠴᠢᠯᠠᠨ ᠳᠠᠪᠠᠭᠤᠯᠢᠭ ᠣᠨᠴᠠᠯᠢᠭᠲᠤ ᠠᠵᠤ   ᠦᠢ᠍ᠯᠡᠰ᠎ᠢ ᠬᠥᠭᠵᠢᠭᠦᠯᠬᠦ᠎ᠳᠤ ᠭᠣᠤᠯᠳᠠᠯᠭ᠎ᠠ᠎ᠲᠠᠢ ᠬᠡᠷᠡᠭᠯᠡᠵᠦ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠶ ᠵᠢ ᠬᠥᠭᠵᠢᠭᠦᠯᠬᠦ ᠵᠢ ᠠᠬᠢᠭᠤᠯᠤᠨ᠎ᠠ᠃ 《ᠠᠰᠢᠭ ᠬᠦᠷᠲᠡᠬᠦ ᠡᠷᠬᠡ ᠪᠣᠯᠤᠨ ᠬᠠᠮᠢᠶᠠᠷᠴᠤ ᠬᠠᠮᠠᠭ᠋ᠠᠯᠠᠬᠤ ᠡᠷᠬᠡ ᠵᠢ ᠬᠠᠷᠢᠯᠴᠠᠨ ᠤᠶᠠᠯᠳᠤᠭᠤᠯᠬᠤ》 ᠵᠠᠷᠴᠢᠮ ᠶᠣᠰᠣᠭ᠋ᠠᠷ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠭᠣᠣᠯ ᠴᠣᠭᠴᠠ ᠵᠢ ᠨᠠᠢ᠍ᠢ᠍ᠳᠠᠪᠤᠷᠢᠵᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠲᠥᠷᠥᠯ᠎ᠤᠨ ᠶᠠᠳᠠᠭᠤ ᠵᠢ ᠲᠡᠳᠬᠦᠬᠦ ᠡᠳ᠋ ᠬᠥᠷᠥᠩᠭᠡ ᠵᠢ ᠵᠣᠬᠢᠬᠤ ᠥᠮᠴᠢᠯᠡᠬᠦ ᠡᠷᠬᠡ ᠵᠢᠨ ᠭᠣᠤᠯ ᠴᠣᠭᠴᠠ᠎ᠠᠴᠠ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠡᠭᠦᠷᠭᠡᠯᠡᠭᠴᠢ ᠵᠢ ᠨᠠᠶ᠋ᠢᠳᠠᠪᠤᠷᠢᠵᠢᠭᠤᠯᠵᠤ᠂ ᠡᠵᠡᠩᠨᠡᠯᠲᠡ ᠵᠢᠨ ᠲᠥᠷᠥᠯ᠎ᠤᠨ ᠶᠠᠳᠠᠭᠤ ᠵᠢ ᠲᠡᠳᠬᠦᠬᠦ ᠡᠳ᠋ ᠬᠥᠷᠥᠩᠭᠡ ᠵᠢ ᠳᠠᠭ᠋ᠠᠭ᠋ᠠᠴᠢᠯᠠᠬᠤ᠂ ᠲᠦᠷᠢᠶᠡᠰᠦᠯᠡᠬᠦ ᠵᠡᠷᠭᠡ ᠠᠷᠭ᠎ᠠ ᠮᠠᠶᠢᠭ ᠵᠶ᠋ᠠᠷ ᠡᠵᠡᠩᠨᠡᠬᠦ ᠪᠤᠶᠤ ᠬᠣᠷᠰᠢᠶ᠎ᠠ᠂ ᠠᠵᠤ ᠠᠬᠤᠶ᠋ᠢᠯᠠᠯ ᠵᠡᠷᠭᠡ ᠡᠵᠡᠩᠨᠡᠯᠲᠡ ᠵᠢᠨ ᠭᠣᠤᠯ ᠴᠣᠭᠴᠠ᠎ᠳᠤ ᠣᠷᠣᠭᠤᠯᠤᠭᠰᠠᠨ ᠪᠣᠯ᠂ ᠭᠡᠷ᠎ᠡ ᠵᠢᠨ   ᠵᠦᠢ᠍ᠯ ᠵᠤᠷᠪᠤᠰ ᠵᠶ᠋ᠠᠷ ᠳᠠᠮᠵᠢᠭᠤᠯᠤᠨ ᠶᠠᠳᠠᠭᠤ ᠵᠢ ᠲᠡᠳᠬᠦᠬᠦ ᠡᠳ᠋ ᠬᠥᠷᠥᠩᠭᠡ ᠵᠢ ᠬᠠᠮᠢᠶᠠᠷᠴᠤ ᠬᠠᠮᠠᠭ᠋ᠠᠯᠠᠬᠤ ᠨᠢᠭᠡᠴᠢ ᠪᠣᠯᠤᠨ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠳᠤᠳᠤᠷᠬᠠᠢ᠍ᠢ᠍ᠯᠠᠨ᠎ᠠ᠃ ᠥᠮᠴᠢᠯᠡᠬᠦ ᠡᠷᠬᠡ ᠵᠢᠨ ᠥᠮᠴᠢᠯᠡᠭᠴᠢ ᠪᠠ ᠬᠠᠮᠢᠶ᠎ᠠ ᠪᠦᠬᠦᠢ ᠬᠢᠨᠠᠨ ᠬᠠᠮᠢᠶᠠᠷᠬᠤ ᠭᠣᠣᠯ ᠴᠣᠭᠴᠠ᠎ᠨᠢ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠡᠵᠡᠩᠨᠡᠯᠲᠡ ᠵᠢᠨ ᠪᠠᠶ᠋ᠢᠳᠠᠯ᠎ᠢ ᠦᠨᠳᠦᠰᠦᠯᠡᠨ᠂ ᠬᠠᠤᠯᠢ ᠲᠣᠭᠲᠠᠭ᠋ᠠᠯ᠎ᠳᠤ ᠨᠡᠶ᠋ᠢᠴᠡᠭᠰᠡᠨ ᠶᠠᠳᠠᠭᠤ ᠵᠢ ᠲᠡᠳᠬᠦᠬᠦ ᠡᠳ᠋ ᠬᠥᠷᠥᠩᠭᠡ ᠵᠢ ᠰᠢᠶᠳᠪᠦᠷᠢᠯᠡᠵᠦ᠂ ᠶᠠᠳᠠᠭᠤ ᠵᠢ ᠲᠡᠳᠬᠦᠬᠦ ᠡᠳ᠋ ᠬᠥᠷᠥᠩᠭᠡ ᠵᠢ ᠰᠢᠢ᠍ᠳᠪᠦᠷᠢᠯᠡᠬᠡᠳ ᠤᠯᠤᠭᠰᠠᠨ ᠣᠷᠣᠯᠭ᠎ᠠ ᠵᠢ ᠭᠣᠤᠯᠳᠠᠭᠤ ᠶᠠᠳᠠᠭᠤ ᠵᠢ ᠲᠡᠳᠬᠦᠬᠦ ᠰᠢᠨ᠎ᠡ ᠲᠥᠷᠥᠯ ᠵᠦᠢ᠍ᠯ ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠵᠦ᠂ ᠶᠠᠳᠠᠭᠤ ᠵᠢ ᠲᠡᠳᠬᠦᠬᠦ ᠰᠢᠨ᠎ᠡ ᠡᠳ᠋ ᠬᠥᠷᠥᠩᠭᠡ ᠵᠢ ᠪᠤᠢ ᠪᠣᠯᠭ᠋ᠠᠨ᠎ᠠ᠃
      ᠳᠣᠯᠣᠭ᠎ᠠ᠂ ᠣᠯᠠᠨ ᠲᠦᠮᠡᠨ᠎ᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ
ᠮᠠᠯᠵᠢᠬᠤ ᠲᠠᠷᠢᠶᠠᠯᠠᠬᠤ ᠣᠷᠣᠨ᠎ᠤ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠭᠦᠨᠵᠡᠭᠡᠶ ᠠᠭᠤᠯᠤᠭᠳᠠᠬᠤᠨ᠎ᠢ ᠪᠠᠶᠠᠯᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠢᠲᠡᠭᠡᠮᠵᠢ ᠵᠢᠨ ᠳᠡᠰ᠎ᠢ ᠦᠨᠡᠯᠡᠨ ᠲᠣᠭᠲᠠᠭ᠋ᠠᠬᠤ ᠢᠲᠡᠭᠡᠮᠵᠢ ᠣᠯᠭᠣᠬᠤ ᠠᠵᠢᠯ᠎ᠢ ᠥᠷᠭᠡᠨ ᠵᠶ᠋ᠠᠷ ᠥᠷᠨᠢᠭᠦᠯᠵᠦ᠂ ᠢᠲᠡᠭᠡᠮᠵᠢᠲᠦ ᠬᠡᠷᠡᠭᠯᠡᠭᠴᠢ᠎ᠳᠤ ᠮᠥᠩᠭᠥᠨ ᠬᠦᠢ᠍ᠯᠬᠡᠬᠡᠨ᠂ ᠠᠵᠢᠯ ᠣᠯᠭᠣᠯᠲᠠ ᠵᠡᠷᠭᠡ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠦᠪᠡᠭᠴᠢᠯᠡᠨ᠂ ᠦᠨᠡᠨᠴᠢ ᠢᠲᠡᠭᠡᠮᠵᠢ᠎ᠪᠠᠷ ᠬᠥᠲᠥᠯᠥᠨ ᠵᠢᠯᠣᠭᠣᠳᠬᠤ ᠬᠥᠮᠦᠵᠢᠯ᠎ᠢ ᠴᠢᠩᠭ᠋ᠠᠳᠬᠠᠵᠤ᠂ ᠨᠡᠶ᠋ᠢᠲᠡᠯᠢᠭ ᠵᠢᠱ᠌ᠢᠶ᠎ᠡ ᠵᠢ ᠤᠬᠠᠭᠤᠯᠵᠤ᠂ ᠦᠯᠢᠭᠡᠷ ᠳᠠᠭᠤᠷᠢᠶᠠᠯ᠎ᠢ ᠪᠤᠢ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠳᠤ ᠦᠨᠡᠨᠴᠢ ᠢᠲᠡᠭᠡᠮᠵᠢᠲᠡᠶ ᠪᠠᠶ᠋ᠢᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃ 《ᠤᠯᠠᠭ᠋ᠠᠨᠮᠥ᠋ᠴᠢᠷ +》᠂ ᠨᠡᠶ᠋ᠢᠲᠡᠯᠢᠭ ᠵᠢᠱ᠌ᠢᠶ᠎ᠡ᠎ᠪᠠᠷ ᠵᠠᠮ ᠳᠠᠭ᠋ᠠᠭᠤᠯᠬᠤ ᠵᠡᠷᠭᠡ ᠡᠷᠴᠢ ᠵᠤᠷᠢᠭ ᠣᠶᠤᠨ ᠤᠬᠠᠭ᠋ᠠᠨ ᠬᠣᠶᠠᠷ᠎ᠢ ᠲᠡᠳᠬᠦᠬᠦ ᠵᠠᠭᠪᠤᠷ᠎ᠢ ᠠᠪᠴᠤ᠂ ᠦᠵᠡᠯ ᠰᠠᠨᠠᠭ᠎ᠠ᠂ ᠰᠣᠶᠣᠯ᠂ ᠶᠣᠰᠣ ᠮᠣᠷᠠᠯ᠂ ᠬᠠᠤᠯᠢ ᠴᠠᠭ᠋ᠠᠵᠠ ᠪᠠ ᠠᠴᠢ ᠬᠠᠷᠢᠭᠤᠯᠠᠬᠤ ᠬᠥᠮᠦᠵᠢᠯ᠎ᠢ ᠴᠢᠩᠭ᠋ᠠᠳᠬᠠᠵᠤ᠂ ᠥᠪᠡᠷ᠎ᠢ᠎ᠪᠠᠨ ᠬᠦᠨᠳᠦᠳᠬᠡᠬᠦ᠂ ᠥᠪᠡᠷ᠎ᠢ᠎ᠪᠠᠨ ᠬᠠᠶ᠋ᠢᠷᠠᠯᠠᠬᠤ᠂ ᠥᠪᠡᠷ᠎ᠢ᠎ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃
      ᠨᠤᠲᠤᠭ᠎ᠤᠨ ᠰᠤᠷᠲᠠᠯ᠎ᠤᠨ ᠪᠣᠯᠪᠠᠰᠤᠨ᠎ᠤ ᠪᠠᠶ᠋ᠢᠭᠤᠯᠤᠯᠲᠠ ᠵᠢ ᠢᠳᠡᠪᠬᠢᠲᠡᠢ ᠥᠷᠨᠢᠭᠦᠯᠦᠨ᠎ᠡ᠃ ᠰᠣᠶᠣᠯ ᠵᠶ᠋ᠠᠷ ᠶᠠᠳᠠᠭᠤ ᠵᠢ ᠲᠡᠳᠬᠦᠬᠦ 《ᠠᠷᠪᠠ ᠵᠢ ᠲᠣᠰᠬᠣᠨ᠎ᠳᠤ ᠣᠷᠣᠭᠤᠯᠬᠤ》 ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠮᠠᠯᠴᠢᠨ ᠳᠠᠷᠢᠶᠠᠴᠢᠨ᠎ᠤ ᠪᠦᠬᠦᠯᠢ ᠴᠣᠭᠴᠠ ᠵᠢᠨ ᠬᠡᠪ ᠴᠢᠨᠠᠷ᠎ᠢ ᠳᠡᠬᠡᠭᠰᠢᠯᠡᠬᠦᠯᠦᠨ᠎ᠡ᠃ ᠲᠣᠰᠬᠣᠨ᠎ᠤ ᠳᠦᠷᠢᠮ ᠠᠷᠠᠳ᠎ᠤᠨ ᠭᠡᠷ᠎ᠡ ᠵᠢᠨ ᠦᠢ᠍ᠯᠡᠳᠦᠯ᠎ᠢ ᠪᠠᠳᠠᠷᠠᠭᠤᠯᠵᠤ᠂ ᠶᠡᠬᠡ ᠬᠡᠮᠵᠢᠶᠡᠨ᠎ᠤ ᠪᠣᠭᠲᠣᠯᠠᠬᠤ ᠪᠡᠯᠡᠭ᠂   ᠠᠮᠢᠳᠤ ᠰᠡᠷᠡᠬᠦᠨ᠎ᠳᠤᠨᠢ ᠠᠴᠢᠯᠠᠬᠤ ᠦᠬᠡᠢ ᠨᠠᠰᠤ ᠪᠠᠷᠠᠭᠰᠠᠨ᠎ᠤ ᠳᠠᠷᠠᠭ᠎ᠠ ᠬᠦᠨᠳᠤ᠎ᠪᠠᠷ ᠤᠷᠤᠰᠢᠭᠤᠯᠬᠤ᠂ ᠦᠷ᠎ᠡ ᠬᠡᠦᠬᠡᠳ᠎ᠨᠢ ᠨᠠᠰᠤᠲᠠᠨ ᠵᠶ᠋ᠠᠨ ᠠᠰᠠᠷᠠᠨ ᠲᠡᠵᠢᠭᠡᠬᠦ ᠦᠭᠡᠶ ᠵᠡᠷᠭᠡ ᠠᠰᠠᠭᠤᠳᠠᠯ᠎ᠢ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠣᠳᠬᠤ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ᠂ ᠬᠠᠤᠯᠢ ᠳᠦᠷᠢᠮ᠂ ᠶᠣᠰᠣ ᠮᠣᠷᠠᠯ ᠵᠶ᠋ᠠᠷ ᠵᠠᠰᠠᠬᠤ ᠵᠡᠷᠭᠡ ᠣᠯᠠᠨ ᠵᠦᠶᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ᠂ ᠤᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠠᠮᠵᠢᠯᠠᠯᠲᠤ ᠰᠠᠶ᠋ᠢᠬᠠᠨ ᠵᠠᠩ ᠰᠤᠷᠲᠠᠯ᠎ᠢ ᠪᠠᠳᠠᠷᠠᠭᠤᠯᠵᠤ᠂ ᠪᠣᠯᠪᠠᠰᠤᠨ ᠰᠢᠨ᠎ᠡ ᠰᠤᠷᠲᠠᠯ᠎ᠢ ᠪᠤᠢ ᠪᠤᠯᠭ᠋ᠠᠨ᠎ᠠ᠃ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠨᠡᠮᠡᠭᠳᠡᠭᠦᠯᠦᠨ᠎ᠡ᠃ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠬᠦ᠂ ᠪᠡᠶ᠎ᠡ᠎ᠪᠠᠨ ᠳᠠᠭ᠋ᠠᠭ᠋ᠠᠵᠤ ᠶᠠᠳᠠᠭᠤ᠎ᠠᠴᠠ ᠠᠩᠭᠢᠵᠢᠷᠠᠬᠤ ᠬᠠᠪᠰᠤᠷᠤᠨ ᠲᠡᠳᠬᠦᠬᠦ ᠵᠠᠭᠪᠤᠷ᠎ᠢ ᠰᠢᠨᠡᠴᠢᠯᠡᠵᠦ᠂   ᠦᠢ᠍ᠯᠡᠳᠪᠦᠷᠢᠯᠡᠯ᠎ᠳᠤ ᠱᠠᠩᠨᠠᠵᠤ ᠨᠥᠬᠥᠪᠥᠷᠢᠯᠡᠬᠦ᠂ ᠬᠥᠳᠡᠯᠮᠦᠷᠢ   ᠦᠢ᠍ᠯᠡᠴᠢᠯᠡᠬᠡ᠎ᠳᠤ ᠨᠥᠬᠥᠪᠥᠷᠢ ᠥᠭᠬᠦ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠲᠣᠭᠲᠠᠴᠠ ᠵᠢ ᠨᠡᠩ ᠢᠯᠡᠭᠦᠤ ᠬᠡᠷᠡᠭᠯᠡᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠦᠶᠯᠡᠳᠪᠦᠷᠢᠯᠡᠯ ᠪᠠ ᠠᠵᠢᠯ ᠣᠯᠭᠣᠬᠤ᠎ᠪᠠᠷ ᠳᠠᠮᠵᠢᠭᠤᠯᠤᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠤᠨ᠎ᠠ᠃ ᠢᠯᠡᠷᠡᠯ ᠪᠠᠢ᠍ᠢ᠍ᠳᠠᠯ ᠵᠶ᠋ᠠᠷ ᠬᠤᠷᠠᠮᠳᠤᠭᠤᠯᠤᠭᠰᠠᠨ ᠬᠤᠪᠢ ᠰᠤᠯᠢᠬᠤ᠂ ᠬᠤᠷᠠᠮᠳᠤᠭᠤᠯᠤᠭᠰᠠᠨ ᠬᠤᠪᠢ᠎ᠪᠠᠷ ᠡᠳ᠋ ᠪᠣᠳᠠᠰ ᠰᠣᠯᠢᠬᠤ 《ᠬᠠᠶ᠋ᠢᠷ᠎ᠠ ᠬᠠᠯᠠᠮᠵᠢ ᠵᠢᠨ ᠨᠡᠢ᠍ᠢ᠍ᠲᠡ ᠵᠢᠨ ᠠᠰᠠᠷᠠᠮᠵᠢ ᠵᠢᠨ ᠬᠡᠲᠦ ᠳᠡᠯᠭᠡᠭᠦᠷ》 ᠵᠡᠷᠭᠡ ᠬᠠᠪᠰᠤᠷᠤᠨ ᠲᠡᠳᠬᠦᠬᠦ ᠠᠷᠭ᠎ᠠ ᠪᠠᠷᠢᠯ᠎ᠢ ᠳᠡᠯᠭᠡᠷᠡᠭᠦᠯᠵᠦ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠨ ᠪᠠᠶᠠᠵᠢᠭᠰᠠᠨ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ ᠪᠣᠳᠠᠰ᠎ᠤᠨ ᠱᠠᠩᠨᠠᠯ ᠪᠠ ᠣᠶᠤᠨ ᠰᠠᠨᠠᠭ᠋ᠠᠨ᠎ᠤ ᠵᠣᠷᠢᠭᠵᠢᠭᠤᠯᠤᠯ ᠣᠯᠭᠣᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ᠃
        ᠨᠠᠢ᠌ᠮᠠ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠨ᠎ᠠ
      ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠰᠢᠰᠲ᠋ᠧᠮ᠎ᠢ ᠲᠣᠭᠲᠠᠪᠤᠷᠢᠵᠢᠭᠤᠯᠤᠨ᠎ᠠ᠃ ᠶᠠᠳᠠᠭᠤ ᠬᠦᠴᠢᠷᠳᠡᠯ᠎ᠠᠴᠠ ᠤᠬᠤᠷᠢᠨ ᠭᠠᠷᠤᠭᠰᠠᠨ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠂ ᠮᠠᠯᠵᠢᠬᠤ ᠲᠠᠷᠢᠶᠠᠯᠠᠬᠤ ᠡᠷᠦᠬᠡ᠂ ᠬᠣᠰᠢᠭᠤ ᠰᠢᠶᠠᠨ᠎ᠳᠤ ᠰᠠᠭᠤᠭ᠎ᠠ ᠠᠵᠢᠯ᠎ᠤᠨ ᠶᠡᠷᠦᠩᠬᠡᠶ ᠠᠩᠭᠢ᠂ ᠲᠣᠰᠬᠣᠨ᠎ᠳᠤ ᠰᠠᠭᠤᠭ᠎ᠠ ᠠᠵᠢᠯ᠎ᠤᠨ ᠠᠩᠭᠢ᠂ ᠨᠢᠭᠡᠳᠦᠭᠡᠷ ᠱᠦᠵᠢ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠡᠭᠦᠷᠭᠡᠯᠡᠭᠴᠢ ᠬᠠᠷᠢᠴᠠᠩᠭᠤᠶ ᠲᠣᠭᠲᠠᠭᠤᠨ ᠪᠠᠶ᠋ᠢᠬᠤ ᠵᠢ ᠪᠠᠲᠤᠯᠠᠵᠤ᠂ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠶᠠᠳᠠᠭᠤ᠎ᠠᠴᠠ ᠠᠩᠭᠢᠵᠢᠷᠠᠭᠰᠠᠨ᠎ᠤ ᠳᠠᠷᠠᠭ᠎ᠠ ᠭᠣᠤᠯᠳᠠᠯᠭ᠎ᠠ᠎ᠪᠠᠨ ᠰᠢᠯᠵᠢᠭᠦᠯᠬᠦ᠂ ᠬᠦᠴᠦᠨ ᠴᠢᠳᠠᠯ ᠵᠶ᠋ᠠᠨ ᠪᠠᠭᠤᠷᠠᠭᠤᠯᠬᠤ ᠵᠡᠷᠭᠡ ᠦᠵᠡᠭᠳᠡᠯ ᠭᠠᠷᠬᠤ ᠵᠢ ᠰᠡᠷᠬᠡᠢ᠍ᠢ᠍ᠯᠡᠨ᠎ᠡ᠃
      ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠠᠢ᠍ᠢ᠍ᠴᠢᠨ ᠪᠡᠬᠢᠯᠡᠯᠲᠡ ᠵᠢᠨ ᠦᠶᠯᠡᠳᠦᠯ᠎ᠢ ᠪᠠᠳᠠᠷᠠᠭᠤᠯᠤᠨ᠎ᠠ᠃ ᠲᠤᠷᠤᠢ ᠪᠠᠭᠤᠷᠠᠶ ᠰᠤᠯᠠ ᠵᠠᠳᠠᠭ᠋ᠠᠶ ᠪᠠ ᠬᠠᠮᠲᠤ ᠵᠢᠨ ᠠᠵᠤ ᠠᠬᠤᠶ ᠪᠠᠭᠤᠷᠠᠶ ᠭᠠᠴᠠᠭ᠎ᠠ ᠲᠣᠰᠬᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠦᠷᠭᠦᠯᠵᠢᠯᠡᠨ ᠨᠢᠭᠡᠳᠦᠭᠡᠷ ᠱᠦᠵᠢ ᠲᠣᠮᠢᠯᠠᠨ ᠰᠠᠭᠤᠯᠭ᠋ᠠᠵᠤ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ ᠭᠡᠰᠢᠭᠦᠨ᠎ᠢ ᠰᠣᠩᠭᠣᠨ ᠲᠣᠮᠢᠯᠠᠬᠤ᠂ ᠬᠠᠮᠢᠶᠠᠷᠬᠤ᠂ ᠰᠢᠯᠭ᠋ᠠᠨ ᠬᠢᠨᠠᠬᠤ ᠵᠢ ᠴᠢᠩᠭ᠋ᠠᠳᠬᠠᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ᠎ᠡ᠃ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠶ ᠵᠢ ᠲᠠᠰᠤᠷᠠᠯᠲᠠ ᠤᠢ᠍ᠭᠡᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠲᠣᠰᠬᠣᠨ᠎ᠤ ᠱᠠᠲᠤᠨ᠎ᠤ ᠵᠣᠬᠢᠶᠠᠨ ᠪᠠᠶ᠋ᠢᠭᠤᠯᠤᠯᠲᠠ ᠠᠵᠢᠯ ᠬᠢᠬᠦ ᠵᠣᠭᠣᠰ ᠦᠭᠡᠶ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠡᠬᠦᠳᠬᠦ ᠬᠢᠭᠡᠳ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠶ ᠥᠷᠨᠢᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠤᠯᠬᠤ᠎ᠳᠤ ᠬᠦᠴᠦᠨ ᠨᠡᠮᠡᠷᠢᠯᠡᠬᠦ ᠲᠤᠬᠠᠶ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠎ᠤᠨ 2020 ᠣᠨ᠎ᠤ ᠠᠵᠢᠯ᠎ᠤᠨ ᠭᠣᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠲᠥᠪ᠎ᠤᠨ ᠤᠬᠠᠭᠤᠯᠬᠤ ᠬᠡᠯᠲᠡᠰ ᠬᠤᠸᠠᠩ ᠱ᠌ᠢ ᠶᠠᠨ᠂ ᠮᠤᠤ ᠰᠢᠶᠠᠩ ᠯᠢᠨ᠎ᠳᠤ 《ᠴᠠᠭ ᠦᠶ᠎ᠡ ᠵᠢᠨ ᠬᠡᠪ ᠳᠠᠭᠤᠷᠢᠶᠠᠯ 》 ᠴᠤᠯᠠ ᠣᠯᠭᠤᠪᠠ
ᠲᠥᠪ᠎ᠤᠨ ᠤᠬᠠᠭᠤᠯᠬᠤ ᠬᠡᠯᠲᠡᠰ ᠵᠠᠩ ᠬᠦᠢ ᠮᠧᠶ᠎ᠳᠤ 《ᠴᠠᠭ ᠦᠶ᠎ᠡ ᠵᠢᠨ ᠬᠡᠪ ᠲᠤᠭᠤᠷᠢᠶᠠᠯ 》 ᠵᠢᠨ ᠴᠣᠯᠠ ᠵᠢ ᠣᠯᠭᠣᠪᠠ
 
            