ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠶ ᠥᠷᠨᠢᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠤᠯᠬᠤ᠎ᠳᠤ ᠬᠦᠴᠦᠨ ᠨᠡᠮᠡᠷᠢᠯᠡᠬᠦ ᠲᠤᠬᠠᠶ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2020-12-24

ᠡᠯ᠎ᠠ ᠠᠢ᠍ᠢ᠍ᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠍ᠢ᠍ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     《ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠶ ᠥᠷᠨᠢᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠤᠯᠬᠤ᠎ᠳᠤ ᠬᠦᠴᠦᠨ ᠨᠡᠮᠡᠷᠢᠯᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠤ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠡᠭᠬᠢᠮ᠎ᠠᠴᠠ ᠲᠠᠷᠬᠠᠭ᠋ᠠᠭᠰᠠᠨ [2018] 129 ᠳ᠋ᠤᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠳᠠᠶ᠋ᠢᠴᠢᠯᠠᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠬᠦᠨ ᠪᠠ ᠦᠢ᠍ᠯᠡᠴᠢᠯᠡᠭᠡᠨ᠎ᠤ ᠬᠡᠷᠡᠭᠯᠡᠭᠡ ᠵᠢ ᠥᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠲᠤᠰ ᠪᠡᠶ᠎ᠠ᠎ᠳᠡᠭᠡᠨ ᠲᠦᠰᠢᠭᠯᠡᠨ ᠶᠠᠳᠠᠭᠤ᠎ᠠᠴᠠ ᠠᠩᠭᠢᠵᠢᠷᠠᠨ ᠴᠢᠨᠡᠭᠡᠯᠢᠭᠵᠢᠬᠦ ᠢᠳᠡᠪᠬᠢᠵᠢᠯ᠎ᠢ ᠳᠠᠶ᠋ᠢᠴᠢᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠵᠤ ᠦᠢ᠍ᠯᠡᠰ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠤᠳᠤ ᠳᠣᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠠᠴᠠ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠲᠠᠪᠤ ᠵᠢ ᠨᠢᠭᠡ ᠴᠤᠬ᠍ᠴᠠᠵᠢᠭᠤᠯᠬᠤ》 ᠶᠡᠷᠦᠩᠬᠡᠶ ᠪᠠᠶ᠋ᠢᠷᠢᠰᠢᠯᠠᠭᠤᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠠ 《ᠳᠦᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠢ᠍ᠢ᠍ᠷᠢᠯᠠᠭᠤᠯᠤᠯᠳᠠ ᠵᠢ ᠵᠣᠬᠢᠴᠠᠭᠤᠯᠤᠨ ᠠᠬᠢᠭᠤᠯᠬᠤ ᠲᠤᠭᠤᠷᠢᠨ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠳᠠ ᠶᠣᠰᠣᠭ᠋ᠠᠷ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠨᠠᠷᠢᠯᠢᠭ ᠣᠨᠣᠴᠠᠲᠠᠶ᠎ᠪᠠᠷ ᠶᠠᠳᠠᠭᠤ ᠵᠢ ᠲᠡᠳᠬᠦᠬᠦ ᠨᠠᠷᠢᠯᠢᠭ ᠣᠨᠣᠴᠠᠲᠠᠶ᠎ᠪᠠᠷ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠵᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠯᠤᠰ ᠬᠡᠲᠦ ᠵᠢᠨ ᠬᠥᠭᠵᠢᠯᠲᠡ ᠵᠢ ᠠᠬᠢᠭᠤᠯᠬᠤ᠎ᠪᠠᠷ ᠭᠣᠤᠯᠯᠠᠭᠤᠯᠤᠨ᠂ ᠵᠠᠰᠠᠭ᠎ᠤᠨ ᠣᠷᠳᠣᠨ ᠬᠥᠲᠥᠯᠥᠨ ᠵᠢᠯᠣᠭᠣᠳᠬᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠬᠤ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠬᠤ᠂ ᠲᠣᠭᠲᠠᠴᠠ᠎ᠳᠤ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠪᠦᠬᠦ ᠨᠡᠶ᠋ᠢᠭᠡᠮ᠎ᠤᠨ᠎ᠬᠢᠨ᠎ᠤ ᠭᠡᠷᠡᠭᠯᠡᠭᠡ᠎ᠪᠠᠷ ᠶᠠᠳᠠᠭᠤ ᠵᠢ ᠲᠡᠳᠬᠦᠬᠦ ᠢᠳᠡᠪᠬᠢᠵᠢᠯ᠎ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠪᠣᠷᠣᠯᠠᠭᠤᠯᠤᠯᠲᠠ ᠵᠢᠨ ᠠᠷᠭ᠎ᠠ ᠵᠠᠮ᠎ᠢ ᠥᠷᠭᠡᠳᠬᠡᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠠᠷᠢᠶᠠᠯᠠᠩ ᠪᠦᠳᠤᠭᠡᠭᠳᠡᠬᠦᠨ ᠮᠠᠯ᠎ᠤᠨ ᠠᠰᠢᠭ ᠰᠢᠮ᠎ᠡ ᠵᠢᠨ ᠬᠠᠩᠭ᠋ᠠᠯᠭ᠎ᠠ ᠵᠢᠨ ᠬᠢᠷᠢ ᠲᠦᠪᠰᠢᠨ ᠪᠠ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠡᠯᠡᠭᠦᠴᠡᠯ᠎ᠤᠨ ᠲᠠᠷᠢᠶᠠᠯᠠᠩ ᠪᠣᠯᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠦᠷᠭᠡᠨ ᠬᠥᠭᠵᠢᠯᠲᠡ ᠵᠢ ᠴᠢᠷᠮᠠᠢ᠍ᠢ᠍ᠨ ᠠᠬᠢᠭᠤᠯᠵᠤ᠂ ᠦᠢ᠍ᠯᠡᠳᠪᠦᠷᠢᠯᠡᠯ᠂ ᠭᠦᠢ᠍ᠯᠭᠡᠭᠡ᠂ ᠬᠡᠷᠡᠭᠯᠡᠭᠡᠨ᠎ᠤ ᠡᠯ᠎ᠡ ᠭᠤᠭᠴᠤᠭ᠎ᠠ᠎ᠳᠤ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠬᠢᠵᠠᠭ᠋ᠠᠷᠯᠠᠵᠤ ᠪᠠᠶ᠋ᠢᠭ᠎ᠠ ᠬᠦᠴᠢᠷᠳᠠᠯ ᠲᠦᠪᠡᠭᠳᠡᠯ ᠪᠣᠯᠤᠨ ᠲᠦᠭᠵᠢᠷᠡᠯ᠎ᠢ ᠨᠡᠪᠲᠡᠷᠡᠭᠦᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠭᠦᠨ ᠪᠠ ᠦᠢ᠍ᠯᠡᠴᠢᠯᠡᠭᠡ ᠵᠢ ᠪᠥᠬᠥ ᠤᠯᠤᠰ᠎ᠤᠨ ᠲᠣᠮᠣ ᠵᠠᠬ᠎ᠠ ᠳᠡᠯᠭᠡᠭᠦᠷ᠎ᠲᠤ ᠠᠭᠤᠰᠤᠯᠴᠠᠭᠤᠯᠬᠤ ᠵᠢ ᠠᠬᠢᠭᠤᠯᠬᠤ ᠭᠡᠷᠡᠭᠳᠡᠢ᠃ 2020 ᠣᠨ ᠪᠣᠯᠬᠤ᠎ᠳᠤ᠂ ᠪᠦᠬᠦ ᠣᠷᠣᠨ᠎ᠤ ᠶᠠᠳᠠᠭᠤ ᠬᠦᠴᠢᠷᠳᠡᠯᠲᠡᠶ ᠬᠣᠰᠢᠭᠤ ᠰᠢᠶᠠᠨ (ᠬᠣᠲᠠ᠂ ᠲᠣᠭᠣᠷᠢᠭ) ᠢᠯᠠᠩᠭᠤᠶ᠎ᠠ ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ (ᠬᠣᠲᠠ᠂ ᠲᠣᠭᠣᠷᠢᠭ) ᠪᠣᠯᠤᠨ ᠣᠨᠴᠠ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ᠎ᠤ ᠲᠠᠷᠢᠶᠠᠯᠠᠩ᠎ᠤᠨ ᠪᠦᠳᠤᠭᠡᠭᠳᠡᠬᠦᠨ ᠮᠠᠯ᠎ᠤᠨ ᠠᠰᠢᠭ ᠰᠢᠮ᠎ᠡ ᠵᠢᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠠᠭᠤᠷᠢ ᠲᠦᠬᠦᠭᠡᠷᠤᠮᠵᠢ ᠪᠣᠯᠤᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠢᠯᠡᠳᠳᠡ ᠲᠡᠭᠡᠭᠰᠢᠯᠡᠬᠦᠯᠤᠨ᠂ ᠬᠡᠷᠡᠭᠯᠡᠭᠡ ᠵᠢ ᠪᠠᠲᠤᠯᠠᠵᠤ ᠶᠠᠳᠠᠭᠤ ᠵᠢ ᠲᠡᠳᠬᠦᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠬᠦ ᠭᠡᠷᠡᠭᠳᠡᠢ; ᠶᠠᠳᠠᠭᠤ ᠬᠦᠴᠢᠷᠳᠡᠯᠲᠡᠢ ᠭᠠᠵᠠᠷ ᠣᠷᠣᠨ ᠦᠷᠭᠦᠯᠵᠢᠯᠡᠨ ᠬᠥᠭᠵᠢᠬᠦᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠭᠡᠷᠡᠭᠵᠢᠬᠦᠯᠤᠯᠳᠠ ᠵᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ ᠭᠡᠷᠡᠭᠳᠡᠢ᠃
ᠬᠣᠶᠠᠷ᠂ ᠭᠣᠣᠯᠳᠠᠯᠭ᠎ᠠ᠎ᠲᠠᠢ ᠡᠭᠦᠷᠭᠡ
     (ᠨᠢᠭᠡ) ᠨᠡᠶ᠋ᠢᠭᠡᠮ᠎ᠤᠨ ᠬᠤᠳᠠᠯᠳᠤᠨ ᠠᠪᠬᠤ ᠠᠵᠢᠯᠯᠠᠭ᠎ᠠ ᠵᠢ ᠥᠷᠭᠡᠨ ᠲᠡᠯᠭᠡᠷ ᠥᠷᠨᠢᠭᠦᠯᠦᠨ᠎ᠡ
     1 . ᠡᠯ᠎ᠡ ᠱᠠᠲᠤᠨ᠎ᠤ ᠪᠠᠶ᠋ᠢᠭᠤᠯᠭ᠎ᠠ ᠪᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ ᠵᠢ ᠵᠣᠬᠢᠶᠠᠨ ᠪᠠᠶ᠋ᠢᠭᠤᠯᠵᠤ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ᠎ᠳᠤ ᠲᠦᠷᠦᠭᠦᠯᠡᠨ ᠣᠷᠣᠯᠴᠠᠭᠤᠯᠤᠨ᠎ᠠ᠃ ᠬᠠᠪᠰᠤᠷᠤᠨ ᠲᠡᠳᠬᠦᠬᠦ ᠵᠢ ᠬᠦᠯᠢᠶᠡᠭᠰᠡᠨ ᠬᠣᠰᠢᠭᠤ ᠰᠢᠶᠠᠨ (ᠬᠣᠲᠠ᠂ ᠲᠣᠭᠣᠷᠢᠭ)᠎ᠨᠢ ᠲᠥᠪ᠎ᠤᠨ ᠴᠡᠭ ᠲᠣᠭᠲᠠᠭ᠋ᠠᠨ ᠬᠠᠪᠰᠤᠷᠤᠨ ᠲᠡᠳᠬᠦᠬᠦ ᠨᠢᠭᠡᠴᠢ᠎ᠲᠠᠢ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠬᠠᠪᠰᠤᠷᠤᠨ ᠲᠡᠳᠬᠦᠬᠦ ᠨᠢᠭᠡᠴᠢ ᠵᠢᠨ ᠬᠡᠷᠡᠭᠯᠡᠭᠡᠨ᠎ᠤ ᠰᠠᠨᠠᠮᠵᠢ ᠵᠢ ᠣᠶ᠋ᠢᠯᠠᠭ᠋ᠠᠨ᠂ ᠬᠠᠪᠰᠤᠷᠤᠨ ᠲᠡᠳᠬᠦᠬᠦᠯᠬᠦ ᠡᠲᠡᠭᠡᠳ᠎ᠢ ᠵᠣᠬᠢᠶᠠᠨ ᠪᠠᠶ᠋ᠢᠭᠤᠯᠤᠨ ᠦᠢ᠍ᠯᠡᠳᠪᠦᠷᠢᠯᠡᠯ᠎ᠢ ᠬᠥᠭᠵᠢᠭᠦᠯᠵᠦ᠂ ᠬᠠᠪᠰᠤᠷᠤᠨ ᠲᠡᠳᠬᠦᠬᠦ ᠨᠢᠭᠡᠴᠢ ᠵᠢᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠨᠳᠤᠯᠭ᠋ᠠᠳᠤ ᠴᠢᠨᠠᠷᠲᠠᠶ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠠᠪᠰᠤᠷᠤᠯᠴᠠᠭ᠎ᠠ ᠪᠠᠢ᠍ᠢ᠍ᠭᠤᠯᠵᠤ ᠬᠠᠪᠰᠤᠷᠤᠨ ᠲᠡᠳᠬᠦᠬᠦ ᠨᠢᠭᠡᠴᠢ ᠡᠷᠭᠡᠪᠰᠢ ᠬᠠᠪᠰᠤᠷᠤᠨ ᠲᠠᠳᠬᠦᠬᠦ ᠡᠳᠡᠭᠡᠳ᠎ᠤᠨ ᠵᠶ᠋ᠠᠨ ᠤᠢ᠍ᠢ᠍ᠯᠡᠳᠪᠤᠷᠢᠯᠡᠯ ᠠᠮᠢᠳᠤᠷᠠᠯ᠎ᠤᠨ ᠪᠠᠢ᠍ᠢ᠍ᠳᠠᠯ᠎ᠢ ᠬᠦᠨᠵᠡᠭᠡᠢ ᠤᠢ᠍ᠢ᠍ᠯᠠᠭ᠋ᠠᠵᠤ᠂ 《ᠬᠤᠳᠠᠯᠳᠤᠨ ᠠᠪᠬᠤ᠎ᠪᠠᠷ ᠬᠠᠪᠰᠤᠷᠤᠨ ᠲᠠᠳᠬᠦᠬᠦ ᠵᠢ ᠣᠷᠣᠯᠠᠭᠤᠯᠬᠤ᠂ ᠬᠤᠳᠠᠯᠳᠤᠨ ᠠᠪᠬᠤ᠎ᠪᠠᠷ ᠬᠠᠨᠳᠢᠪᠯᠡᠬᠤ ᠵᠢ ᠣᠷᠣᠯᠠᠭᠤᠯᠬᠤ》 ᠠᠷᠭ᠎ᠠ ᠬᠡᠯᠪᠡᠷᠢ ᠵᠢ ᠠᠪᠴᠤ᠂ ᠬᠠᠪᠰᠤᠷᠤᠨ ᠲᠡᠳᠬᠦᠬᠦ ᠡᠲᠡᠭᠡᠳ᠎ᠯᠦᠭᠡ ᠦᠷᠭᠦᠯᠵᠢᠯᠡᠨ ᠲᠣᠭᠲᠠᠪᠤᠷᠢᠲᠠᠶ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠳᠤᠷᠠᠯᠴᠠᠭ᠋ᠠᠨ᠎ᠤ ᠬᠠᠷᠢᠴᠠᠭ᠎ᠠ ᠵᠢ ᠪᠠᠶ᠋ᠢᠭᠤᠯᠬᠤ ᠬᠡᠷᠡᠭᠲᠡᠶ᠃ ᠡᠯ᠎ᠡ ᠱᠠᠲᠤᠨ᠎ᠤ ᠪᠠᠶ᠋ᠢᠭᠤᠯᠭ᠎ᠠ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠶᠡᠬᠡ ᠳᠡᠭᠡᠳᠦ ᠰᠤᠷᠭ᠋ᠠᠭᠤᠯᠢ᠂ ᠬᠣᠲᠠ ᠵᠢᠨ ᠡᠮᠴᠢᠯᠡᠭᠡ ᠵᠢᠴᠢ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠠᠵᠢᠯᠴᠢᠨ᠎ᠤ ᠡᠪᠯᠡᠯ ᠵᠡᠷᠭᠡ ᠵᠢᠨ ᠲᠦᠷᠦᠭᠦᠯᠡᠨ ᠵᠢᠱ᠌ᠢᠶ᠎ᠡ ᠦᠵᠡᠭᠦᠯᠬᠦ ᠦᠢ᠍ᠯᠡᠳᠦᠯ ᠭᠦᠢ᠍ᠴᠡᠳ ᠪᠠᠳᠠᠷᠠᠭᠤᠯᠬᠤ ᠵᠢ ᠵᠣᠷᠢᠭᠵᠢᠭᠤᠯᠵᠤ᠂ ᠠᠳᠠᠯᠢ ᠨᠥᠬᠥᠴᠡᠯ ᠳᠣᠣᠷ᠎ᠠ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠬᠦᠨ᠎ᠢ ᠤᠷᠢᠳᠠᠪᠠᠷ ᠬᠤᠳᠠᠯᠳᠤᠨ ᠠᠪᠤᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠴᠢᠯᠡᠭᠡᠨ᠎ᠤ ᠠᠵᠢᠯᠴᠢᠨ᠎ᠢ ᠤᠷᠢᠨ ᠬᠡᠷᠡᠭᠯᠡᠵᠦ᠂ ᠺᠠᠳ᠋ᠷ ᠠᠵᠢᠯᠲᠠᠨ ᠠᠵᠢᠯᠴᠢᠨ᠎ᠤ ᠥᠪᠡᠰᠦᠪᠡᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠭᠦᠨ ᠬᠤᠳᠠᠯᠳᠤᠨ ᠠᠪᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠵᠶ᠋ᠠᠷ ᠵᠢᠭᠤᠯᠴᠢᠯᠠᠬᠤ ᠵᠢ ᠬᠥᠲᠥᠯᠥᠨ ᠵᠢᠯᠣᠭᠣᠳᠴᠤ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠵᠶ᠋ᠠᠷ ᠠᠵᠢᠯᠴᠢᠨ᠎ᠤ ᠡᠪᠯᠡᠯ᠎ᠤᠨ ᠠᠵᠢᠯᠯᠠᠭ᠎ᠠ ᠥᠷᠨᠢᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠳᠤ ᠰᠢᠭᠤᠳ ᠬᠠᠩᠭ᠋ᠠᠨ ᠰᠢᠭᠤᠳ ᠪᠣᠷᠣᠯᠠᠭᠤᠯᠤᠨ ᠬᠣᠭᠣᠯᠠᠨ ᠭᠡᠷ᠎ᠲᠤ ᠣᠷᠣᠭᠤᠯᠬᠤ ᠠᠵᠢᠯᠯᠠᠭ᠎ᠠ ᠵᠢ ᠥᠷᠨᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠭᠦᠨ ᠪᠠ ᠦᠢ᠍ᠯᠡᠴᠢᠯᠡᠭᠡᠨ᠎ᠤ ᠬᠡᠷᠡᠭᠯᠡᠭᠡ ᠵᠢ ᠥᠷᠭᠡᠳᠬᠡᠨ᠎ᠡ᠃ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠵᠡᠷᠭᠡ ᠦᠪᠡᠷᠳᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠵᠢᠨ᠎ᠬᠢᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠬᠠᠮᠢᠶ᠎ᠠ ᠪᠦᠬᠦᠢ ᠶᠠᠳᠠᠭᠤ ᠵᠢ ᠲᠡᠳᠬᠦᠬᠦ ᠠᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠬᠡᠯᠲᠡᠰ᠂ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠣᠷᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠠᠴᠠ ᠥᠮᠴᠢᠯᠡᠯᠲᠤ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠠᠵᠢᠯᠴᠢᠨ᠎ᠤ ᠶᠡᠷᠦᠩᠬᠡᠶ ᠡᠪᠯᠡᠯ᠂ ᠠᠷᠠᠳ᠎ᠤᠨ ᠪᠠᠩᠬᠢ ᠵᠢᠨ ᠬᠥᠬᠡᠬᠣᠲᠠ᠎ᠳᠠᠬᠢ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠎ᠤᠨ ᠤᠯᠤᠰ ᠲᠥᠷᠥ ᠵᠢᠨ ᠠᠵᠢᠯ᠎ᠤᠨ ᠲᠣᠪᠴᠢᠶ᠎ᠠ ᠵᠡᠷᠭᠡ᠂ ᠡᠯ᠎ᠠ ᠠᠢ᠍ᠢ᠍ᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠬᠠᠷᠢᠭᠤᠴᠠᠨ᠎ᠠ)
     2 . ᠪᠡᠭᠡᠵᠢᠡᠭ ᠦᠪᠤᠷ ᠮᠤᠡᠭᠭᠤᠯ᠎ᠤᠨ ᠭᠡᠷᠡᠭᠯᠡᠭᠡ᠎ᠪᠠᠷ ᠶᠠᠳᠠᠭᠤ ᠵᠢᠨ ᠲᠠᠳᠬᠦᠬᠦ ᠬᠠᠮᠵᠢᠯᠴᠠᠭ᠋ᠠᠨ᠎ᠤ ᠲᠤᠭᠳᠠᠴᠠ ᠵᠢ ᠪᠠᠢ᠍ᠢ᠍ᠭᠤᠯᠤᠨ᠎ᠠ᠃ ᠢᠳᠡᠪᠬᠢᠲᠡᠢ ᠰᠠᠨᠠᠭ᠋ᠠᠴᠢᠯᠠᠭ᠎ᠠ᠎ᠲᠠᠢ᠎ᠪᠠᠷ ᠪᠡᠭᠡᠵᠢᠩ ᠬᠣᠲᠠ᠎ᠯᠤᠭ᠎ᠠ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ᠎ᠢ ᠥᠷᠨᠢᠭᠦᠯᠬᠦ᠂ ᠬᠥᠳᠡᠯᠮᠦᠷᠢ ᠬᠦᠴᠤᠨ᠎ᠤ ᠭᠠᠷᠭ᠋ᠠᠯᠳᠠ ᠵᠢ ᠨᠡᠮᠡᠭᠳᠡᠭᠦᠯᠬᠦ᠂ ᠬᠥᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠠᠬᠤᠶ᠋ᠢᠯᠠᠯ᠎ᠢ ᠲᠠᠲᠠᠵᠤ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠣᠴᠢᠭᠤᠯᠤᠨ ᠶᠠᠳᠠᠭᠤ ᠵᠢ ᠲᠡᠳᠬᠦᠬᠦ   ᠦᠢ᠍ᠯᠡᠳᠪᠦᠷᠢ ᠵᠢᠨ ᠲᠠᠰᠤᠭ ᠪᠠᠶ᠋ᠢᠭᠤᠯᠬᠤ ᠵᠡᠷᠭᠡ ᠠᠷᠭ᠎ᠠ ᠭᠡᠯᠪᠡᠷᠢ᠎ᠪᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠢ ᠬᠠᠪᠰᠤᠷᠤᠨ ᠠᠵᠢᠯ ᠣᠯᠭᠣᠯᠲᠠ ᠵᠢ᠎ᠨᠢ ᠨᠡᠮᠡᠭᠳᠡᠭᠦᠯᠦᠨ᠎ᠡ᠃ ᠪᠡᠭᠡᠵᠢᠩ ᠬᠣᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠪᠥᠭᠡᠮ ᠵᠶ᠋ᠠᠷ ᠪᠤᠷᠤᠯᠠᠭᠤᠬᠤ ᠵᠠᠬ᠎ᠠ ᠳᠡᠯᠭᠡᠭᠦᠷ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠂ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ᠎ᠯᠦᠭᠡ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ᠂ ᠣᠨᠴᠠᠯᠢᠭᠲᠤ ᠭᠠᠷ ᠤᠷᠠᠯᠠᠯ᠎ᠤᠨ ᠪᠦᠲᠦᠭᠡᠭᠳᠡᠬᠦᠨ᠎ᠤ ᠤᠷᠲᠤ ᠬᠤᠭᠤᠴᠠᠭ᠋ᠠᠨ᠎ᠤ ᠲᠣᠭᠲᠠᠭᠤᠨ ᠬᠠᠩᠭ᠋ᠠᠨ ᠪᠣᠷᠣᠯᠠᠭᠤᠯᠬᠤ ᠬᠠᠮᠳᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠬᠤ ᠵᠢ ᠢᠳᠡᠪᠬᠢᠲᠡᠶ ᠰᠦᠪᠡᠭᠴᠢᠯᠡᠬᠦ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠪᠣᠳᠠᠲᠤ ᠪᠠᠢ᠍ᠢ᠍ᠳᠠᠯ᠎ᠳᠤ ᠰᠠᠭᠤᠷᠢᠯᠠᠨ᠂ ᠪᠡᠭᠡᠵᠢᠩ ᠬᠣᠲᠠ ᠵᠢᠨ ᠬᠠᠪᠰᠤᠷᠤᠨ ᠲᠡᠳᠬᠦᠬᠦ᠎ᠳᠤ ᠲᠦᠰᠢᠭᠯᠡᠨ᠂ ᠲᠠᠷᠢᠶᠠᠯᠠᠩ ᠮᠠᠯ ᠠᠵᠤ ᠠᠬᠤᠶ ᠡᠳ᠋ᠰᠢᠭᠦᠯᠬᠦ ᠠᠵᠤ ᠠᠬᠤᠶ᠋ᠢᠯᠠᠯ᠎ᠢ ᠶᠡᠬᠡ᠎ᠪᠠᠷ ᠣᠷᠣᠭᠤᠯᠤᠨ ᠠᠪᠴᠢᠷᠠᠬᠤ ᠪᠠ ᠬᠦᠭᠵᠢᠬᠦᠯᠵᠤ᠂ ᠲᠠᠷᠢᠶᠠᠯᠠᠩ ᠪᠦᠳᠦᠭᠡᠭᠳᠠᠬᠦᠨ ᠮᠠᠯ᠎ᠤᠨ ᠠᠰᠢᠭ ᠰᠢᠮ᠎ᠡ ᠵᠢᠨ᠎ᠢ ᠲᠤᠬᠠᠶ ᠵᠢᠨ ᠭᠠᠵᠠᠷ᠎ᠲᠤᠨᠢ ᠡᠳ᠋ᠰᠢᠭᠦᠯᠦᠨ ᠤᠨᠳᠤᠤᠰᠢᠭᠤᠯᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ᠂ ᠡᠯ᠎ᠠ ᠠᠢ᠍ᠢ᠍ᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠬᠠᠷᠢᠭᠤᠴᠠᠨ᠎ᠠ)᠃
     3 . ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ᠎ᠳᠤ ᠣᠷᠣᠯᠴᠠᠭᠤᠯᠤᠨ᠎ᠠ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠤᠬᠠᠭᠤᠯᠭ᠎ᠠ ᠵᠢᠨ ᠰᠠᠨᠠᠭ᠋ᠠᠴᠢᠯᠠᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠶ ᠥᠷᠨᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠬᠦ ᠴᠢᠬᠤᠯᠠ ᠠᠴᠢ ᠬᠣᠯᠪᠣᠭᠳᠠᠯ ᠪᠠ ᠦᠢ᠍ᠯᠡᠳᠦᠯ᠎ᠢ ᠥᠷᠭᠡᠨ ᠵᠶ᠋ᠠᠷ ᠤᠬᠠᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠢ ᠬᠥᠲᠥᠯᠦᠨ ᠵᠢᠯᠣᠭᠣᠳᠴᠤ ᠬᠡᠷᠡᠭᠯᠡᠭᠡ᠎ᠪᠠᠷ ᠶᠠᠳᠠᠭᠤ ᠵᠢ ᠲᠡᠳᠬᠦᠬᠦ᠎ᠳᠤ ᠢᠳᠡᠪᠬᠢᠲᠡᠶ ᠣᠷᠣᠯᠴᠠᠭᠤᠯᠤᠨ᠎ᠠ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ 《ᠲᠦᠮᠡᠨ ᠠᠵᠤ ᠠᠬᠤᠶ᠋ᠢᠯᠠᠯ ᠲᠦᠮᠡᠨ ᠲᠣᠰᠬᠣᠨ᠎ᠢ ᠬᠠᠪᠰᠤᠷᠬᠤ》 ᠠᠵᠢᠯᠯᠠᠭ᠎ᠠ᠎ᠳᠤ ᠣᠷᠣᠭᠤᠯᠵᠤ᠂ ᠬᠠᠪᠰᠤᠷᠤᠨ ᠲᠡᠳᠬᠦᠬᠦ ᠠᠵᠤ ᠠᠬᠤᠶ᠋ᠢᠯᠠᠯ᠎ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠠᠷᠢᠶᠠᠯᠠᠩ᠎ᠤᠨ ᠪᠦᠳᠤᠭᠡᠭᠳᠡᠬᠦᠨ ᠮᠠᠯ᠎ᠤᠨ ᠠᠰᠢᠭ ᠰᠢᠮ᠎ᠡ ᠵᠢ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠬᠦ ᠵᠢ ᠵᠣᠷᠢᠭᠵᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠭᠦᠨ᠎ᠤ ᠬᠡᠷᠡᠭᠯᠡᠭᠡ ᠵᠢ ᠥᠷᠭᠡᠳᠬᠡᠨ᠎ᠡ᠃ ᠠᠵᠢᠯ ᠲᠥᠷᠥᠯ᠎ᠤᠨ ᠨᠡᠶ᠋ᠢᠭᠡᠮᠯᠢᠭ᠂ ᠬᠤᠳᠠᠯᠳᠤᠭ᠋ᠠᠴᠢᠳ᠎ᠤᠨ ᠡᠪᠯᠡᠯ᠂ ᠨᠢᠭᠦᠯᠡᠰᠦᠩᠭᠦᠶ ᠵᠢᠨ ᠪᠠᠶ᠋ᠢᠭᠤᠯᠤᠮᠵᠢ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠬᠠᠶ᠋ᠢᠷ᠎ᠠ ᠬᠠᠯᠠᠮᠵᠢ ᠵᠢᠨ ᠠᠵᠤ ᠠᠬᠤᠶ᠋ᠢᠯᠠᠯ᠂ ᠬᠠᠶ᠋ᠢᠷ᠎ᠠ ᠬᠠᠯᠠᠮᠵᠢ ᠵᠢᠨ ᠬᠥᠮᠦᠰ ᠵᠡᠷᠭᠡ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ᠎ᠳᠤ ᠣᠷᠣᠯᠴᠠᠭᠤᠯᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠠᠵᠢᠯᠴᠢᠨ᠎ᠤ ᠶᠡᠷᠦᠩᠬᠡᠶ ᠡᠪᠯᠡᠯ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     (ᠬᠣᠶᠠᠷ) ᠭᠦᠢ᠍ᠯᠭᠡᠭᠡ ᠪᠠ ᠪᠣᠷᠣᠯᠠᠭᠤᠯᠭ᠎ᠠ ᠵᠢᠨ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠠᠵᠢᠯᠯᠠᠭ᠎ᠠ ᠵᠢ ᠶᠡᠬᠡ᠎ᠪᠠᠷ ᠬᠡᠷᠡᠭᠵᠢᠭᠦᠯᠦᠨ᠎ᠡ
     4. ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ᠂ ᠪᠠᠷᠠᠭ᠎ᠠ ᠵᠢᠨ ᠭᠦᠢ᠍ᠯᠭᠡᠭᠡᠨ᠎ᠤ ᠲᠣᠤᠷ ᠴᠡᠭ ᠵᠡᠷᠭᠡ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠭᠣᠤᠯᠳᠠᠯᠭ᠎ᠠ᠎ᠲᠠᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠲᠤᠬᠢᠷᠠᠭᠤᠯᠤᠨ ᠬᠦᠷᠭᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠭᠦᠢ᠍ᠯᠭᠡᠭᠡᠨ᠎ᠤ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠭᠠᠷᠤᠯᠲᠠ ᠵᠢᠨ ᠣᠷᠣᠨ᠎ᠠᠴᠠ ᠬᠡᠷᠡᠭᠯᠡᠭᠡᠨ ᠬᠦᠷᠲᠡᠯᠡᠬᠢ ᠬᠠᠩᠭ᠋ᠠᠯᠭ᠎ᠠ ᠵᠢᠨ ᠬᠡᠯᠬᠢᠶ᠎ᠡ ᠵᠢ ᠨᠡᠪᠲᠡᠷᠡᠭᠦᠯᠵᠦ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠠᠬᠢᠭᠤᠯᠬᠤ᠎ᠳᠤ ᠨᠥᠬᠥᠴᠡᠯ ᠪᠦᠷᠢᠯᠳᠦᠭᠦᠯᠵᠦ ᠥᠭᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠥᠷ ᠮᠣᠩᠭᠣᠯ᠎ᠤᠨ ᠴᠢᠮᠡᠭᠡ ᠬᠣᠯᠪᠣᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ ᠣᠨ ᠣᠷᠳᠣᠨ ᠬᠠᠷᠢᠭᠤᠴᠠᠨ᠎ᠠ)
     5. ᠦᠢ᠍ᠯᠡᠳᠭᠦᠨ᠎ᠤ ᠪᠣᠷᠣᠯᠠᠭᠤᠯᠤᠯᠲᠠ ᠵᠢᠨ ᠠᠷᠭ᠎ᠠ ᠵᠠᠮ᠎ᠢ ᠥᠷᠭᠡᠳᠬᠡᠨ᠎ᠡ᠃ ᠬᠠᠩᠭ᠋ᠠᠨ ᠪᠣᠷᠣᠯᠠᠭᠤᠯᠬᠤ ᠬᠣᠷᠰᠢᠶ᠎ᠠ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠂ ᠲᠠᠷᠢᠶᠠᠯᠠᠩ᠎ᠤᠨ ᠪᠦᠳᠤᠭᠡᠭᠳᠡᠬᠦᠨ ᠮᠠᠯ᠎ᠤᠨ ᠠᠰᠢᠭ ᠰᠢᠮ᠎ᠡ ᠵᠢ ᠪᠥᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶᠡᠲᠦ ᠬᠡᠲᠦ ᠳᠡᠯᠭᠡᠭᠦᠷ ᠵᠡᠷᠭᠡ ᠭᠦᠢ᠍ᠯᠭᠡᠭᠡᠨ᠎ᠤ ᠠᠵᠤ ᠠᠬᠤᠶ᠋ᠢᠯᠠᠯ ᠬᠢᠭᠡᠳ ᠶᠠᠳᠠᠭᠤ ᠬᠦᠴᠢᠷᠳᠡᠯᠲᠡᠢ ᠭᠠᠵᠠᠷ ᠣᠷᠣᠨ᠎ᠯᠤᠭ᠎ᠠ ᠦᠢ᠍ᠯᠡᠳᠪᠦᠷᠢᠯᠡᠯ ᠪᠣᠷᠣᠯᠠᠭᠤᠯᠭ᠎ᠠ ᠵᠢ ᠵᠣᠯᠭ᠋ᠠᠭᠤᠯᠬᠤ ᠵᠢ ᠵᠣᠬᠢᠶᠠᠨ ᠪᠠᠶ᠋ᠢᠭᠤᠯᠤᠨ ᠬᠥᠲᠥᠯᠥᠨ ᠵᠢᠯᠣᠭᠣᠳᠴᠤ᠂ ᠤᠷᠲᠤ ᠬᠤᠭᠤᠴᠠᠭ᠋ᠠᠨ᠎ᠤ ᠲᠣᠭᠲᠠᠪᠤᠷᠢᠲᠠᠶ ᠦᠢ᠍ᠯᠡᠳᠪᠦᠷᠢᠯᠡᠯ ᠪᠣᠷᠣᠯᠠᠭᠤᠯᠭ᠎ᠠ ᠵᠢ ᠵᠣᠯᠭ᠋ᠠᠭᠤᠯᠬᠤ ᠬᠠᠷᠢᠴᠠᠭ᠎ᠠ ᠵᠢ ᠪᠠᠶ᠋ᠢᠭᠤᠯᠤᠨ᠎ᠠ᠃ 《ᠠᠵᠤ ᠠᠬᠤᠶ᠋ᠢᠯᠠᠯ + ᠶᠠᠳᠠᠭᠤ ᠬᠦᠴᠢᠷᠳᠡᠯᠲᠡᠶ ᠡᠷᠦᠬᠡ》 ᠵᠢᠨ ᠵᠠᠭᠪᠤᠷ᠎ᠢ ᠶᠡᠬᠡ᠎ᠪᠠᠷ ᠬᠡᠷᠡᠭᠵᠢᠭᠦᠯᠵᠦ᠂ ᠲᠠᠷᠢᠶᠠᠯᠠᠩ᠎ᠤᠨ ᠪᠦᠳᠦᠭᠡᠭᠳᠡᠬᠦᠨ ᠮᠠᠯ᠎ᠤᠨ ᠠᠰᠢᠭ ᠰᠢᠮ᠎ᠡ᠎ᠢ ᠬᠤᠳᠠᠯᠳᠤᠨ ᠠᠪᠴᠤ ᠬᠠᠳᠠᠭ᠋ᠠᠯᠠᠬᠤ᠂ ᠡᠳ᠋ᠰᠢᠭᠦᠯᠬᠦ ᠠᠵᠤ ᠠᠬᠤᠢ᠍ᠢ᠍ᠯᠠᠯ ᠪᠠ ᠲᠤᠰᠬᠠᠶ ᠬᠣᠷᠰᠢᠶ᠎ᠠ ᠵᠡᠷᠭᠡ ᠵᠠᠬ᠎ᠠ ᠳᠡᠯᠭᠡᠭᠦᠷ᠎ᠤᠨ ᠭᠣᠤᠯ ᠴᠣᠭᠴᠠ ᠬᠢᠭᠡᠳ ᠮᠠᠯᠵᠢᠬᠤ ᠲᠠᠷᠢᠶᠠᠯᠠᠬᠤ ᠡᠷᠦᠬᠡ᠎ᠯᠦᠭᠡ ᠵᠠᠬᠢᠶᠠᠯᠠᠭ᠎ᠠ ᠵᠢᠨ ᠦᠢ᠍ᠯᠡᠳᠪᠦᠷᠢᠯᠡᠯ ᠥᠷᠨᠢᠭᠦᠯᠬᠦ ᠵᠢ ᠵᠣᠷᠢᠭᠵᠢᠭᠤᠯᠤᠨ᠎ᠠ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠳᠤ ᠣᠷᠣᠭᠤᠯᠬᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠲᠣᠮᠣ ᠬᠡᠯᠪᠡᠷᠢ ᠵᠢᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠢ ᠠᠰᠢᠬᠯᠠᠨ ᠣᠨᠴᠠᠯᠢᠭᠲᠤ ᠲᠠᠷᠢᠶᠠᠯᠠᠩ ᠪᠦᠳᠦᠭᠡᠭᠳᠡᠬᠦᠨ ᠮᠠᠯ᠎ᠤᠨ ᠠᠰᠢᠭ ᠰᠢᠮ᠎ᠡ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠭᠳᠡᠬᠦᠨ᠂ ᠵᠢᠭᠤᠯᠴᠢᠯᠠᠯ᠎ᠤᠨ ᠳᠤᠷᠠᠰᠬᠠᠯ᠎ᠤᠨ ᠵᠦᠢ᠍ᠯᠡᠰ ᠵᠡᠷᠭᠡ ᠦᠢ᠍ᠯᠡᠳᠭᠦᠨ᠎ᠤ ᠶᠠᠳᠠᠭᠤ ᠵᠢ ᠲᠡᠳᠬᠦᠬᠦ ᠲᠤᠰᠬᠠᠶ ᠬᠤᠳᠠᠯᠳᠤᠬᠤ ᠲᠠᠪᠴᠠᠩ ᠪᠠᠶ᠋ᠢᠭᠤᠯᠬᠤ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠢ ᠵᠣᠬᠢᠶᠠᠨ ᠪᠠᠶ᠋ᠢᠭᠤᠯᠤᠨ ᠲᠠᠷᠢᠶᠠᠯᠠᠩ᠎ᠤᠨ ᠪᠦᠳᠦᠭᠡᠭᠳᠡᠬᠦᠨ᠎ᠤ ᠦᠵᠡᠬᠦᠯᠭᠡ᠂ ᠲᠠᠷᠢᠶᠠᠯᠠᠩ ᠠᠷᠠᠯᠵᠢᠶᠠᠨ᠎ᠤ ᠴᠤᠭᠯᠠᠭ᠋ᠠᠨ᠂ ᠳᠡᠯᠭᠡᠨ ᠪᠣᠷᠣᠯᠠᠭᠤᠯᠬᠤ ᠴᠤᠭᠯᠠᠭ᠋ᠠᠨ᠎ᠳᠤ ᠣᠷᠣᠯᠴᠠᠭᠤᠯᠵᠤ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠲᠤᠰᠬᠠᠶ ᠲᠣᠭᠣᠷᠢᠭ ᠲᠤᠬᠢᠷᠠᠭᠤᠯᠤᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠦᠢ᠍ᠯᠡᠳᠭᠦᠨ᠎ᠢ ᠲᠥᠪᠯᠡᠷᠡᠭᠦᠯᠦᠨ ᠲᠠᠨᠢᠯᠴᠠᠭᠤᠯᠬᠤ᠂ ᠳᠡᠯᠭᠡᠨ ᠦᠵᠡᠭᠦᠯᠬᠦ᠂ ᠪᠣᠷᠣᠯᠠᠭᠤᠯᠬᠤ ᠬᠡᠷᠡᠭᠲᠡᠶ᠃ ᠬᠥᠳᠡᠭᠡ ᠲᠣᠰᠬᠣᠨ ᠮᠠᠯᠵᠢᠬᠤ ᠣᠷᠣᠨ᠎ᠤ ᠵᠢᠭᠤᠯᠴᠢᠯᠠᠯ᠎ᠤᠨ ᠲᠠᠸᠠᠷ᠎ᠢ ᠶᠡᠬᠡ᠎ᠪᠠᠷ ᠨᠡᠭᠡᠭᠡᠨ ᠬᠥᠭᠵᠢᠭᠦᠯᠵᠦ᠂ ᠦᠵᠡᠮᠵᠢ ᠵᠢᠨ ᠣᠷᠣᠨ᠂ ᠵᠢᠭᠤᠯᠴᠢᠯᠠᠭᠴᠢᠳ᠎ᠤᠨ ᠲᠥᠪᠯᠡᠷᠡᠭᠦᠯᠦᠨ ᠲᠠᠷᠬᠠᠭ᠋ᠠᠬᠤ ᠲᠥᠪ᠂ ᠵᠣᠴᠢᠳ᠎ᠤᠨ ᠪᠠᠭᠤᠳᠠᠯ᠂ ᠲᠦᠷᠭᠡᠨ᠎ᠤ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠎ᠲᠤ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠵᠢᠭᠤᠯᠴᠢᠯᠠᠯ᠎ᠤᠨ ᠲᠠᠸᠠᠷ ᠪᠣᠷᠣᠯᠠᠭᠤᠯᠬᠤ ᠲᠤᠰᠬᠠᠶ ᠲᠣᠭᠣᠷᠢᠭ ᠭᠠᠷᠭ᠋ᠠᠵᠤ᠂ ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠪᠠ ᠭᠠᠷ ᠤᠷᠠᠯᠠᠯ᠎ᠤᠨ ᠪᠦᠲᠦᠭᠡᠭᠳᠡᠬᠦᠨ᠎ᠢ ᠲᠥᠪᠯᠡᠷᠡᠭᠦᠯᠦᠨ ᠪᠣᠷᠣᠯᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠳᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠬᠠᠩᠭ᠋ᠠᠨ ᠪᠣᠷᠣᠯᠠᠭᠤᠯᠬᠤ ᠬᠣᠯᠪᠣᠭ᠋ᠠᠲᠤ ᠬᠣᠷᠰᠢᠶ᠎ᠠ ᠵᠡᠷᠭᠡ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     6 . ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠤᠷ ᠴᠢᠭ᠎ᠤᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠬᠠᠩᠭ᠋ᠠᠨ ᠪᠣᠷᠣᠯᠠᠭᠤᠯᠬᠤ ᠬᠣᠷᠰᠢᠶ᠎ᠠ᠂ ᠢᠯᠡᠭᠡᠨ ᠬᠦᠷᠭᠡᠬᠦ ᠠᠵᠤ ᠠᠬᠤᠶ᠋ᠢᠯᠠᠯ᠂ ᠡᠯᠧᠺᠲᠷᠣᠨ ᠬᠤᠳᠠᠯᠳᠤᠭ᠋ᠠᠨ᠎ᠤ ᠠᠵᠤ ᠠᠬᠤᠶ᠋ᠢᠯᠠᠯ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠂ ᠲᠠᠷᠢᠶᠠᠯᠠᠩ ᠪᠦᠳᠦᠭᠡᠭᠳᠡᠬᠦ ᠮᠠᠯ᠎ᠤᠨ ᠠᠰᠢᠭ ᠰᠢᠮ᠎ᠡ ᠵᠢ ᠪᠥᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠨᠢᠭᠡ ᠪᠦᠯᠦᠭ ᠬᠦᠢ᠍ᠲᠡᠨ ᠬᠡᠯᠬᠢᠶᠡᠲᠦ ᠬᠥᠮᠥᠷᠭᠡᠯᠡᠨ ᠬᠠᠳᠠᠭ᠋ᠠᠯᠠᠬᠤ ᠪᠠᠷᠠᠭ᠎ᠠ ᠵᠢᠨ ᠭᠦᠢ᠍ᠯᠭᠡᠭᠡᠨ᠎ᠤ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠬᠥᠮᠥᠷᠭᠡᠯᠡᠬᠦ᠂ ᠢᠯᠭ᠋ᠠᠬᠤ᠂ ᠪᠣᠭᠣᠳᠠᠯᠯᠠᠬᠤ᠂ ᠠᠩᠬ᠎ᠠ ᠡᠳ᠋ᠰᠢᠭᠦᠯᠬᠦ᠂ ᠲᠡᠭᠡᠭᠡᠪᠦᠷᠢᠯᠡᠬᠦ ᠵᠡᠷᠭᠡ ᠭᠣᠭᠴᠣᠭ᠎ᠠ ᠵᠢᠨ ᠶᠡᠷᠦᠩᠬᠡᠶ᠋ᠢᠯᠡᠭᠰᠡᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠰᠢᠤᠳᠠᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠰᠢᠤᠳᠠᠨ᠎ᠤ ᠢᠯᠡᠭᠡᠯᠲᠡ᠂ ᠮᠠᠯᠵᠢᠬᠤ ᠲᠠᠷᠢᠶᠠᠯᠠᠬᠤ ᠣᠷᠣᠨ᠎ᠤ ᠲᠦᠷᠭᠡᠨ ᠬᠦᠷᠭᠡᠯᠲᠡ᠂ ᠡᠯᠧᠺᠲᠷᠣᠨ ᠬᠤᠳᠠᠯᠳᠤᠭ᠋ᠠᠨ᠎ᠤ ᠲᠦᠷᠭᠡᠨ ᠬᠦᠷᠭᠡᠯᠲᠡ᠂ ᠬᠦᠢ᠍ᠲᠡᠨ ᠬᠡᠯᠬᠢᠶᠡᠲᠦ ᠲᠡᠭᠡᠭᠡᠪᠦᠷᠢ ᠵᠡᠷᠭᠡ ᠮᠠᠯᠵᠢᠬᠤ ᠲᠠᠷᠢᠶᠠᠯᠠᠬᠤ ᠣᠷᠣᠨ᠎ᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠥᠭᠵᠢᠯᠲᠡ ᠵᠢ ᠠᠬᠢᠭᠤᠯᠤᠨ᠎ᠠ᠃ ᠬᠣᠰᠢᠭᠤ ᠰᠢᠶᠠᠨ᠎ᠤ ᠱᠠᠲᠤᠨ᠎ᠤ ᠬᠥᠮᠥᠷᠭᠡᠯᠡᠨ ᠬᠠᠳᠠᠭ᠋ᠠᠯᠠᠬᠤ ᠲᠤᠬᠢᠷᠠᠭᠤᠯᠤᠨ ᠬᠦᠷᠭᠡᠬᠦ ᠲᠥᠪ᠂ ᠰᠤᠮᠤ ᠰᠢᠶᠠᠩ ᠪᠠᠯᠭ᠋ᠠᠰᠤ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠥᠷᠲᠡᠭᠡ᠂ ᠭᠠᠴᠠᠭ᠎ᠠ ᠲᠣᠰᠬᠣᠨ᠎ᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠴᠡᠭ᠂ ᠮᠠᠯᠵᠢᠬᠤ ᠲᠠᠷᠢᠶᠠᠯᠠᠬᠤ ᠣᠷᠣᠨ᠎ᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠲᠦᠷᠭᠡᠨ ᠬᠦᠷᠭᠡᠯᠳᠠ ᠵᠢᠨ ᠴᠡᠭ ᠵᠡᠷᠭᠡ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠭᠤᠷᠪᠠᠨ ᠱᠠᠲᠤᠨ᠎ᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠲᠡᠭᠦᠰᠬᠡᠯ᠎ᠤᠨ ᠲᠣᠤᠷ ᠰᠦᠯᠵᠢᠶ᠎ᠡ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠠᠶᠠᠨᠴᠢᠳ᠎ᠤᠨ ᠵᠦᠭᠡᠭᠡᠪᠤᠷᠢ᠂ ᠡᠳ᠋ ᠪᠠᠷᠠᠭ᠋ᠠᠨ᠎ᠤ ᠬᠦᠢ᠍ᠯᠭᠡᠭᠡ ᠪᠠᠷᠠᠭ᠎ᠠ ᠵᠢᠨ᠂ ᠰᠢᠤᠳᠠᠨ᠎ᠤ ᠶᠠᠪᠤᠳᠠᠯ᠂ ᠬᠠᠩᠭ᠋ᠠᠨ ᠪᠣᠷᠣᠯᠠᠭᠤᠯᠬᠤ ᠵᠡᠷᠭᠡ ᠦᠢ᠍ᠯᠡᠴᠢᠯᠡᠭᠡᠨ᠎ᠤ ᠴᠢᠳᠠᠮᠵᠢ᠎ᠲᠠᠢ ᠨᠢᠭᠡ ᠪᠦᠯᠦᠭ 《ᠣᠯᠠᠨ ᠥᠷᠲᠡᠭᠡ ᠵᠢᠨ ᠨᠡᠶ᠋ᠢᠯᠡᠭᠦᠯᠦᠨ ᠨᠢᠭᠡ ᠪᠣᠯᠭ᠋ᠠᠭᠰᠠᠨ》 ᠰᠢᠶᠠᠩ ᠪᠠᠯᠭ᠋ᠠᠰᠤ ᠵᠢᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠥᠷᠲᠡᠭᠡ ᠵᠢ ᠪᠦᠲᠦᠭᠡᠨ ᠪᠠᠶ᠋ᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠠᠩᠭ᠋ᠠᠨ ᠪᠣᠷᠣᠯᠠᠭᠤᠯᠬᠤ ᠬᠣᠯᠪᠣᠭ᠋ᠠᠲᠤ ᠬᠣᠷᠰᠢᠶ᠎ᠠ᠂ ᠥᠪᠥᠷ ᠮᠣᠩᠭᠣᠯ᠎ᠤᠨ ᠰᠢᠤᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     (ᠭᠤᠷᠪᠠ) ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ
       7. ᠲᠠᠷᠢᠶᠠᠯᠠᠩ᠎ᠤᠨ ᠪᠦᠳᠦᠭᠡᠭᠳᠡᠬᠦᠨ ᠮᠠᠯ᠎ᠤᠨ ᠠᠰᠢᠭ ᠰᠢᠮ᠎ᠡ ᠵᠢ ᠪᠠᠷᠢᠮᠵᠢᠶᠠᠵᠢᠭᠤᠯᠬᠤ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠰᠢᠭᠯᠡᠨ᠂ ᠨᠢᠭᠡ ᠪᠦᠯᠦᠭ ᠣᠨᠴᠠᠯᠢᠭᠲᠤ ᠲᠠᠷᠢᠶᠠᠯᠠᠩ᠎ᠤᠨ ᠪᠦᠳᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠪᠠᠷᠢᠮᠵᠢᠶᠠᠵᠢᠭᠤᠯᠤᠭᠰᠠᠨ   ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠲᠡᠳᠬᠦᠨ ᠪᠠᠶ᠋ᠢᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠪᠣᠬᠢᠷᠲᠤᠯ ᠦᠭᠡᠢ᠂ ᠣᠷᠭ᠋ᠠᠨᠢᠭ᠂ ᠭᠠᠵᠠᠷ ᠵᠦᠶ ᠵᠢᠨ ᠢᠯᠡᠷᠭᠡᠢ᠍ᠢ᠍ᠯᠡᠯᠳᠤ ᠲᠠᠮᠳᠡᠭ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠠᠷᠢᠮᠵᠢᠶᠠᠵᠢᠭᠤᠯᠤᠭᠰᠠᠨ   ᠦᠢ᠍ᠯᠡᠳᠪᠦᠷᠢᠯᠡᠯ᠎ᠢ ᠥᠷᠨᠢᠭᠦᠯᠦᠨ᠎ᠡ᠃ ᠢᠳᠡᠰᠢᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠠᠶᠤᠯᠭᠦᠶ ᠵᠢ ᠬᠢᠵᠠᠭ᠋ᠠᠷᠯᠠᠬᠤ ᠵᠢᠷᠤᠮᠵᠢᠯ ᠪᠠ ᠮᠡᠷᠭᠡᠵᠢᠯ᠎ᠤᠨ ᠳᠦᠷᠢᠮ᠎ᠢ ᠶᠡᠬᠡ᠎ᠪᠠᠷ ᠳᠡᠯᠭᠡᠷᠡᠭᠦᠯᠵᠦ᠂ ᠤᠯᠤᠰ᠎ᠠᠴᠠ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠮᠥᠷᠳᠡᠭᠦ ᠲᠠᠪᠴᠠᠡᠭ᠎ᠢ ᠳᠡᠯᠭᠡᠷᠡᠭᠦᠯᠦᠨ ᠬᠡᠷᠡᠭᠯᠡᠵᠦ᠂ ᠣᠨᠴᠠᠯᠢᠭᠲᠤ ᠲᠠᠷᠢᠶᠠᠯᠠᠩ᠎ᠤᠨ ᠪᠦᠳᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠮᠥᠷᠳᠡᠯᠳᠠ ᠵᠢᠨ ᠬᠡᠪᠴᠢᠶ᠎ᠡ ᠵᠢ ᠥᠷᠭᠡᠳᠬᠡᠨ᠎ᠡ᠃ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠮᠡᠷᠭᠡᠵᠢᠯ᠎ᠤᠨ ᠵᠢᠯᠣᠭᠣᠳᠤᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠥᠷᠳᠡᠬᠦ ᠰᠢᠰᠲᠸᠮ᠎ᠤᠨ ᠪᠠᠶ᠋ᠢᠭᠤᠯᠤᠯᠲᠠ᠂ 《ᠭᠤᠷᠪᠠᠨ ᠪᠦᠲᠦᠭᠡᠭᠳᠡᠬᠦᠨ ᠨᠢᠭᠡ ᠲᠡᠮᠳᠡᠭ》᠎ᠤᠨ ᠭᠡᠷᠡᠴᠢᠯᠡᠭᠡ ᠵᠡᠷᠭᠡ ᠪᠣᠯᠪᠠᠰᠤᠷᠠᠯ᠎ᠢ ᠡᠷᠬᠢᠯᠡᠬᠦ᠎ᠳᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠪᠣᠯᠪᠠᠰᠤᠷᠠᠯ᠎ᠳᠤ ᠣᠷᠣᠯᠴᠠᠬᠤ ᠲᠣᠭ᠎ᠠ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠬᠦ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠸᠡᠭᠨᠢᠭ ᠮᠡᠷᠭᠡᠵᠢᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
      8. ᠣᠨᠴᠠᠯᠢᠭᠲᠤ ᠲᠠᠷᠢᠶᠠᠯᠠᠩ᠎ᠤᠨ ᠪᠦᠳᠤᠭᠡᠭᠳᠡᠬᠦᠨ ᠮᠠᠯ᠎ᠤᠨ ᠠᠰᠢᠭ ᠰᠢᠮ᠎ᠡ ᠵᠢᠨ ᠭᠡᠪᠴᠢᠶᠠᠵᠢᠬᠦᠯᠬᠦ ᠠᠵᠤ ᠦᠢ᠍ᠯᠡᠰᠵᠢᠬᠦᠯᠬᠦ ᠬᠥᠭᠵᠢᠯᠲᠡ ᠵᠢ ᠶᠡᠬᠡ᠎ᠪᠠᠷ ᠲᠦᠯᠬᠢᠨ ᠠᠬᠢᠭᠤᠯᠤᠨ᠎ᠠ᠃ ᠨᠢᠭᠡ ᠪᠦᠯᠦᠭ ᠬᠡᠪᠴᠢᠶᠡᠵᠢᠭᠰᠡᠨ ᠦᠢ᠍ᠯᠡᠳᠪᠦᠷᠢᠯᠡᠯ᠎ᠤᠨ ᠳᠠᠯᠳᠠ ᠬᠦᠴᠦᠨ᠎ᠲᠠᠢ ᠣᠨᠴᠠᠯᠢᠭᠲᠤ ᠲᠠᠷᠢᠶᠠᠯᠠᠩ ᠪᠦᠳᠦᠭᠡᠭᠳᠡᠬᠦᠨ ᠮᠠᠯ᠎ᠤᠨ ᠠᠰᠢᠭ ᠰᠢᠮ᠎ᠡ ᠵᠢ ᠭᠦᠨᠵᠡᠭᠡᠶ ᠠᠭᠤᠳᠠᠯᠵᠤ᠂ ᠠᠵᠤ ᠦᠶᠯᠡᠰ᠎ᠤᠨ ᠪᠠᠶ᠋ᠢᠷᠢᠰᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬᠢᠶᠠᠯᠠᠭ᠎ᠠ ᠵᠢᠨ ᠲᠠᠷᠢᠶᠠᠯᠠᠩ᠎ᠢ ᠶᠡᠬᠡ᠎ᠪᠠᠷ ᠬᠥᠭᠵᠢᠭᠦᠯᠵᠦ᠂ ᠬᠡᠪᠴᠢᠶᠡᠵᠢᠭᠰᠡᠨ   ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠠᠩᠬ᠎ᠠ ᠪᠣᠯᠪᠠᠰᠤᠷᠠᠭᠤᠯᠤᠯᠲᠠ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠡᠶ᠋ᠢᠯᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠲᠠᠷᠢᠶᠠᠴᠢᠨ ᠡᠷᠦᠬᠡ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ᠂ ᠲᠤᠰᠬᠠᠶ ᠠᠵᠢᠯ᠎ᠤᠨ ᠬᠣᠷᠰᠢᠶ᠎ᠠ ᠪᠣᠯᠤᠨ ᠲᠠᠷᠢᠶᠠᠯᠠᠩ᠎ᠳᠤ ᠬᠣᠯᠪᠣᠭᠳᠠᠬᠤ ᠳᠤᠮᠳᠠ ᠵᠢᠵᠢᠭ ᠠᠵᠤ ᠠᠬᠤᠶ᠋ᠢᠯᠠᠯ᠎ᠤᠨ ᠬᠠᠳᠠᠭ᠋ᠠᠯᠠᠬᠤ ᠵᠣᠭᠣᠷᠢ᠂ ᠰᠠᠯᠬᠢ ᠨᠡᠪᠲᠡᠷᠡᠭᠦᠯᠬᠦ ᠬᠥᠮᠥᠷᠭᠡ᠂ ᠬᠦᠢ᠍ᠲᠡᠨ ᠬᠠᠳᠠᠭ᠋ᠠᠯᠠᠬᠤ ᠬᠥᠮᠥᠷᠭᠡ ᠪᠣᠯᠤᠨ ᠬᠠᠲᠠᠭ᠋ᠠᠭᠰᠠᠨ ᠭᠡᠷ ᠪᠠᠶ᠋ᠢᠰᠢᠩ ᠵᠡᠷᠭᠡ ᠭᠠᠷᠤᠯᠲᠠ ᠵᠢᠨ ᠣᠷᠣᠨ᠎ᠤ ᠠᠩᠬ᠎ᠠ ᠪᠣᠯᠪᠠᠰᠤᠷᠠᠭᠤᠯᠬᠤ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠬᠤ ᠵᠢ ᠳᠡᠮᠵᠢᠬᠦ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠥᠮᠥᠰᠥ᠂ ᠵᠢᠮᠢᠰ ᠨᠣᠭᠣᠭ᠎ᠠ᠂ ᠢᠳᠡᠭᠡᠨ᠎ᠤ ᠮᠥᠭᠥ᠂ ᠮᠣᠩᠭᠣᠯ ᠬᠢᠲᠠᠳ ᠡᠮ᠎ᠤᠨ ᠮᠠᠲ᠋ᠧᠷᠢᠶᠠᠯ᠂ ᠡᠯᠳᠡᠪ ᠠᠮᠤ ᠪᠤᠷᠴᠠᠭ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ᠎ᠢ ᠠᠩᠬ᠎ᠠ ᠡᠳ᠋ᠰᠢᠭᠦᠯᠬᠦ ᠴᠢᠳᠠᠪᠤᠷᠢ ᠵᠢ ᠨᠡᠮᠡᠭᠳᠡᠭᠦᠯᠵᠦ᠂ ᠬᠠᠳᠠᠭ᠋ᠠᠯᠠᠬᠤ ᠨᠥᠬᠥᠴᠡᠯ᠎ᠢ ᠰᠠᠶ᠋ᠢᠵᠢᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
      9. ᠣᠨᠴᠠᠯᠢᠭᠲᠤ ᠲᠠᠷᠢᠶᠠᠯᠠᠩ᠎ᠤᠨ ᠪᠦᠳᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠲᠥᠷᠥᠯ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠣᠨᠴᠠᠯᠢᠭᠲᠤ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠲᠥᠷᠥᠯ ᠲᠡᠮᠳᠡᠭ᠎ᠢ ᠪᠤᠢ ᠪᠤᠯᠭ᠋ᠠᠬᠤ ᠵᠢ ᠴᠢᠩᠭ᠋ᠠᠳᠬᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠥᠷᠥᠯ ᠲᠡᠮᠳᠡᠭ᠎ᠢ ᠪᠤᠢ᠍ᠢ᠍ᠵᠢᠭᠤᠯᠬᠤ᠂ ᠮᠠᠭ᠋ᠠᠳᠯᠠᠨ ᠲᠣᠭᠲᠠᠭ᠋ᠠᠬᠤ ᠵᠡᠷᠭᠡ ᠠᠵᠢᠯ᠎ᠳᠤ ᠳᠡᠮᠵᠢᠯᠭᠡ ᠦᠵᠡᠭᠦᠯᠬᠦ ᠵᠢ ᠴᠢᠩᠭ᠋ᠠᠷᠠᠭᠤᠯᠤᠨ᠎ᠠ᠃ ᠣᠨᠴᠠᠯᠢᠭᠲᠤ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠳᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠠᠵᠤ ᠠᠬᠤᠶ᠋ᠢᠯᠠᠯ᠎ᠤᠨ ᠲᠥᠷᠥᠯ ᠲᠡᠮᠳᠡᠭ᠎ᠢ ᠬᠥᠭᠵᠢᠭᠦᠯᠬᠦ ᠵᠢ ᠵᠣᠷᠢᠭᠵᠢᠭᠤᠯᠤᠨ ᠳᠠᠮᠵᠢᠨ᠎ᠠ᠃ ᠲᠥᠷᠥᠯ ᠲᠡᠮᠳᠡᠭ᠎ᠤᠨ ᠪᠠᠶ᠋ᠢᠭᠤᠯᠤᠯᠲᠠ ᠵᠢᠨ ᠬᠠᠮᠢᠶ᠎ᠠ ᠪᠦᠬᠦᠢ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠪᠣᠯᠪᠠᠰᠤᠷᠠᠯ᠎ᠤᠨ ᠠᠭᠤᠯᠭ᠎ᠠ᠂ ᠪᠣᠯᠪᠠᠰᠤᠷᠠᠯ᠎ᠳᠤ ᠣᠷᠣᠯᠴᠠᠭᠰᠠᠳ᠎ᠤᠨ ᠭᠦᠢ᠍ᠴᠡᠳᠭᠡᠬᠦ ᠲᠣᠭ᠎ᠠ ᠵᠡᠷᠭᠡ ᠲᠠᠯ᠎ᠠ᠎ᠪᠠᠷ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠡᠶ᠋ᠢᠯᠭᠡᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠲᠥᠷᠥᠯ ᠲᠡᠮᠳᠡᠭ᠎ᠢ ᠤᠬᠠᠭᠤᠯᠬᠤ ᠪᠠ ᠲᠠᠨᠢᠯᠴᠠᠭᠤᠯᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠨᠴᠠᠯᠢᠭᠲᠤ ᠦᠢ᠍ᠯᠡᠳᠭᠦᠨ᠎ᠤ ᠨᠠᠷᠠᠲᠤ ᠲᠥᠷᠥᠯ ᠲᠡᠮᠳᠡᠭ᠎ᠢ ᠬᠥᠭᠵᠢᠭᠦᠯᠬᠦ ᠳᠠᠪᠠᠭᠤᠯᠢᠭ᠎ᠢ ᠥᠷᠭᠡᠨ ᠵᠶ᠋ᠠᠷ ᠤᠬᠠᠭᠤᠯᠤᠨ᠎ᠠ᠃ 《ᠶᠠᠰᠤ ᠴᠢᠨᠠᠷ᠎ᠤᠨ ᠰᠠᠷ᠎ᠠ》 《ᠳᠤᠮᠳᠠᠳᠤ ᠤᠯᠤᠰ᠎ᠤᠨ ᠲᠦᠷᠦᠯ ᠲᠡᠮᠳᠡᠭ᠎ᠤᠨ ᠡᠳᠦᠷ》 《ᠳᠤᠮᠳᠠᠳᠤ ᠤᠯᠤᠰ᠎ᠠᠴᠠ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ》 ᠵᠡᠷᠭᠡ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠨᠴᠠᠯᠢᠭᠲᠤ ᠲᠠᠷᠢᠶᠠᠯᠠᠩ᠎ᠤᠨ ᠪᠦᠳᠦᠭᠡᠭᠳᠡᠬᠦᠨ ᠮᠠᠯ᠎ᠤᠨ ᠠᠰᠢᠭ ᠰᠢᠮ᠎ᠡ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ ᠲᠥᠷᠥᠯ ᠲᠡᠮᠳᠡᠭ᠎ᠢ ᠳᠡᠯᠭᠡᠨ ᠦᠵᠡᠭᠦᠯᠬᠦ ᠪᠠ ᠲᠠᠨᠢᠯᠴᠠᠭᠤᠯᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
      (ᠳᠥᠷᠪᠡ) ᠰᠡᠯᠡᠭᠦᠴᠡᠯ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠵᠢᠯᠯᠠᠭ᠎ᠠ ᠵᠢ ᠶᠡᠬᠡ᠎ᠪᠠᠷ ᠠᠬᠢᠭᠤᠯᠤᠨ᠎ᠠ
      10. ᠵᠢᠭᠤᠯᠴᠢᠯᠠᠯ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠰᠡᠯᠡᠭᠦᠴᠡᠯ᠎ᠤᠨ ᠲᠠᠷᠢᠶᠠᠯᠠᠩ ᠪᠣᠯᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠦᠬᠦᠭᠡᠷᠤᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠳᠡᠮᠵᠢᠯᠭᠡ ᠵᠢ ᠨᠡᠮᠡᠭᠳᠡᠭᠦᠯᠬᠦ ᠬᠡᠷᠡᠭᠲᠡᠶ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠨᠢ ᠭᠠᠵᠠᠷ ᠰᠢᠷᠣᠶ ᠵᠢ ᠠᠰᠢᠬᠯᠠᠬᠤ ᠶᠡᠷᠦᠩᠬᠡᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠎ᠳᠡᠭᠡᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠪᠠᠭ᠎ᠠ ᠬᠡᠮᠵᠢᠶᠡᠨ᠎ᠤ ᠭᠦᠢ᠍ᠴᠡᠳᠭᠡᠬᠦ ᠲᠣᠭ᠎ᠠ ᠵᠢ ᠤᠷᠢᠳᠴᠢᠯᠠᠨ ᠦᠯᠡᠳᠡᠭᠡᠵᠦ ᠪᠣᠯᠤᠨ᠎ᠠ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠲᠠᠢ ᠤᠶᠠᠯᠳᠤᠭᠤᠯᠤᠨ᠂ ᠰᠡᠯᠡᠭᠦᠴᠡᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠴᠢᠭ᠎ᠲᠤ ᠲᠣᠭᠣᠭ᠋ᠠᠨ ᠭᠡᠷ᠎ᠢ ᠥᠭᠡᠷᠡᠴᠢᠯᠡᠬᠦ᠂ ᠵᠣᠷᠯᠣᠩ᠎ᠢ ᠥᠭᠡᠷᠡᠴᠢᠯᠡᠬᠦ᠂ ᠵᠣᠴᠢᠨ᠎ᠤ ᠥᠷᠥᠭᠡ ᠵᠢ ᠥᠭᠡᠷᠡᠴᠢᠯᠡᠬᠦ᠂ ᠬᠦᠷᠢᠶ᠎ᠡ ᠬᠠᠰᠢᠶ᠎ᠠ ᠵᠢ ᠡᠮᠬᠢᠯᠡᠬᠦ 《ᠭᠤᠷᠪᠠ ᠵᠢ ᠥᠭᠡᠷᠡᠴᠢᠯᠡᠵᠦ ᠨᠢᠭᠡ ᠵᠢ ᠴᠡᠭᠴᠡᠯᠡᠬᠦ》 ᠢᠨᠵᠧᠨᠧᠷᠢᠩ᠎ᠢ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠪᠠᠶ᠋ᠢᠭ᠋ᠠᠯᠢ ᠵᠢᠨ ᠠᠮᠢ ᠠᠬᠤᠶ᠂ ᠠᠷᠠᠳ᠎ᠤᠨ ᠰᠤᠷᠲᠠᠯ ᠠᠷᠠᠳ᠎ᠤᠨ ᠵᠠᠩ ᠦᠢ᠍ᠯᠡ ᠵᠢ ᠢᠯᠡᠷᠡᠭᠦᠯᠦᠭᠰᠡᠨ ᠣᠨᠴᠠᠯᠢᠭᠲᠤ ᠰᠡᠯᠡᠭᠦᠴᠡᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠥᠷᠥᠯ ᠵᠦᠢ᠍ᠯ᠎ᠢ ᠶᠡᠬᠡ᠎ᠪᠠᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢᠱ᠌ᠢᠶ᠎ᠡ ᠦᠵᠡᠭᠦᠯᠬᠦ ᠨᠢᠭᠡ ᠪᠦᠯᠦᠭ ᠲᠥᠷᠥᠯ ᠵᠦᠢ᠍ᠯ᠎ᠢ ᠡᠭᠦᠳᠦᠨ ᠪᠠᠶ᠋ᠢᠭᠤᠯᠵᠤ᠂ ᠲᠠᠪᠤᠨ ᠣᠳᠣᠨ ᠲᠡᠰ᠎ᠤᠨ ᠨᠢᠭᠡ ᠪᠦᠯᠦᠭ ᠬᠥᠳᠡᠭᠡ ᠲᠣᠰᠬᠤᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠬᠦᠯᠢᠶᠡᠨ ᠠᠪᠬᠤ ᠡᠷᠦᠬᠡ ᠵᠢ ᠪᠤᠢ ᠪᠣᠯᠭ᠋ᠠᠨ᠎ᠠ᠃ 《ᠳᠥᠷᠪᠡᠨ ᠰᠠᠶ᠋ᠢᠨ ᠬᠥᠳᠡᠭᠡ ᠲᠣᠰᠬᠣᠨ᠎ᠤ ᠵᠠᠮ》᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠎ᠲᠠᠢ ᠤᠶᠠᠯᠳᠤᠭᠤᠯᠤᠨ᠂ ᠮᠠᠨ᠎ᠤ ᠣᠷᠣᠨ᠎ᠤ ᠵᠢᠭᠤᠯᠴᠢᠯᠠᠯ᠎ᠤᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠡᠯᠡᠭᠦᠴᠡᠯ᠎ᠤᠨ ᠲᠠᠷᠢᠶᠠᠯᠠᠩ ᠪᠣᠯᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠵᠠᠰᠠᠮᠠᠯ ᠵᠠᠮ᠂ ᠰᠤᠮᠤ ᠰᠢᠶᠠᠩ ᠪᠠᠯᠭ᠋ᠠᠰᠤ ᠵᠢᠨ ᠠᠶᠠᠨᠴᠢᠳ᠎ᠤᠨ ᠵᠦᠭᠡᠭᠡᠪᠤᠷᠢ ᠵᠢᠨ ᠥᠷᠲᠡᠭᠡ ᠪᠣᠯᠤᠨ ᠲᠣᠰᠬᠣᠨ᠎ᠤ ᠲᠡᠷᠭᠡ ᠬᠦᠯᠢᠶᠡᠬᠦ ᠭᠠᠵᠠᠷ᠎ᠤᠨ ᠪᠦᠳᠤᠭᠡᠨ ᠪᠠᠢ᠍ᠢ᠍ᠭᠤᠯᠤᠯᠳᠠ ᠵᠢᠨ ᠭᠤᠤᠯᠳᠠᠯᠭ᠎ᠠ᠎ᠲᠠᠢ ᠲᠠᠮᠵᠢᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠡᠯᠡᠭᠦᠴᠡᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤ ᠵᠠᠮ᠂ ᠦᠵᠡᠮᠵᠢ ᠵᠢᠨ ᠣᠷᠣᠨ᠎ᠤ ᠦᠵᠡᠮᠵᠢ ᠵᠢᠨ ᠴᠡᠭ᠎ᠤᠨ ᠬᠤᠭᠤᠷᠤᠨᠳᠤᠬᠢ ᠨᠠᠪᠳᠡᠷᠡᠯᠴᠡᠭᠡ ᠵᠢᠨ ᠴᠢᠳᠠᠪᠤᠷᠢ ᠵᠢ ᠲᠡᠭᠡᠭᠰᠢᠯᠡᠬᠦᠯᠤᠨ᠎ᠠ᠃᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠡᠷᠭᠡ᠃ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     11. ᠰᠡᠯᠡᠭᠦᠴᠡᠯ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠪᠠ ᠲᠥᠪ᠎ᠤᠨ ᠪᠠᠢ᠍ᠢ᠍ᠭᠤᠯᠭ᠎ᠠ ᠨᠢᠭᠡᠴᠢ ᠵᠢᠨ ᠴᠢᠭ ᠲᠣᠭᠲᠠᠭ᠋ᠠᠨ ᠬᠠᠪᠰᠤᠷᠤᠨ ᠲᠡᠳᠬᠦᠬᠦ ᠲᠤᠬᠢᠶᠠᠯ᠎ᠢ ᠠᠮᠵᠢᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠡᠯᠡᠭᠦᠴᠡᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠵᠢᠭᠤᠯᠴᠢᠯᠠᠯ᠎ᠢ ᠬᠥᠭᠵᠢᠭᠦᠯᠬᠦ᠎ᠳᠤ ᠡᠵᠡᠩᠨᠡᠨ ᠪᠣᠷᠣᠯᠠᠭᠤᠯᠬᠤ᠂ ᠦᠢ᠍ᠯᠡᠴᠢᠯᠡᠬᠦ᠂ ᠬᠠᠮᠢᠶᠠᠷᠬᠤ ᠵᠡᠷᠭᠡ ᠲᠠᠯ᠎ᠠ ᠵᠢᠨ ᠵᠢᠯᠣᠭᠣᠳᠣᠯᠭ᠎ᠠ ᠪᠠ ᠪᠣᠯᠪᠠᠰᠤᠷᠠᠯ ᠬᠠᠩᠭ᠋ᠠᠨ᠎ᠠ᠃ ᠵᠢᠭᠤᠯᠴᠢᠯᠠᠯ᠎ᠤᠨ ᠡᠬᠢ ᠪᠠᠶᠠᠯᠢᠭ ᠪᠣᠯᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠬᠠᠷᠢᠴᠠᠩᠭᠤᠶ᠎ᠪᠠᠷ ᠲᠥᠪᠯᠡᠷᠡᠭᠰᠡᠨ ᠭᠠᠵᠠᠷ ᠣᠷᠣᠨ᠎ᠳᠤ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠵᠢᠭᠤᠯᠴᠢᠯᠠᠯ᠎ᠤᠨ ᠠᠵᠢᠯ ᠲᠥᠷᠥᠯ᠎ᠤᠨ ᠨᠡᠶ᠋ᠢᠭᠡᠮᠯᠢᠭ ᠵᠡᠷᠭᠡ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠠᠮᠵᠢᠯᠴᠠᠨ ᠬᠥᠭᠵᠢᠬᠦ᠂ ᠵᠦᠶ ᠵᠣᠬᠢᠰᠲᠠᠶ ᠥᠷᠢᠰᠥᠯᠳᠦᠭᠡᠨ᠎ᠢ ᠵᠢᠷᠤᠮᠵᠢᠭᠤᠯᠤᠨ᠎ᠠ᠃ ᠡᠭᠦᠨ᠎ᠤ ᠬᠠᠮᠲᠤ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠢ ᠵᠢᠷᠤᠮᠵᠢᠭᠤᠯᠵᠤ᠂ ᠵᠠᠬ᠎ᠠ ᠳᠡᠯᠭᠡᠭᠦᠷ᠎ᠤᠨ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠬᠠᠮᠠᠭ᠋ᠠᠯᠠᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ᠃ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     12. ᠰᠢᠶᠠᠡᠭ ᠲᠤᠰᠬᠤᠨ᠎ᠤ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢ ᠰᠠᠶ᠋ᠢᠲᠤᠷ ᠬᠢᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠡᠯᠡᠭᠦᠴᠡᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠡᠬᠢ ᠪᠠᠶᠠᠯᠢᠭ᠎ᠢ ᠪᠠᠶ᠋ᠢᠴᠠᠭ᠋ᠠᠨ ᠣᠶ᠋ᠢᠯᠠᠭ᠋ᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠪᠠᠶ᠋ᠢᠭ᠋ᠠᠯᠢ ᠵᠢᠨ ᠠᠮᠢ ᠠᠬᠤᠶ᠂ ᠲᠡᠤᠬᠡ ᠰᠣᠶᠣᠯ᠂ ᠤᠷᠤᠨ ᠪᠦᠰᠡ ᠵᠢᠨ ᠣᠨᠴᠠᠯᠢᠭᠳᠤ ᠰᠣᠶᠣᠯ᠂ ᠦᠨᠳᠦᠰᠦᠲᠡᠨ᠎ᠤ ᠵᠠᠩ ᠤᠢ᠍ᠢ᠍ᠯᠠ ᠵᠢᠨ ᠰᠤᠶᠤᠯ᠂ ᠤᠯᠠᠮᠵᠢᠯᠠᠯᠲᠤ ᠲᠠᠷᠢᠶᠠᠯᠠᠬᠤ ᠰᠣᠶᠣᠯ ᠵᠡᠷᠭᠡ ᠵᠢᠭᠤᠯᠴᠢᠯᠠᠯ᠎ᠤᠨ ᠡᠬᠢ ᠪᠠᠶᠠᠯᠢᠭ᠎ᠢ ᠣᠶ᠋ᠢᠯᠭ᠋ᠠᠨ ᠡᠵᠡᠮᠰᠢᠵᠦ᠂ ᠭᠣᠤᠯᠳᠠᠯᠭ᠎ᠠ᠎ᠲᠠᠢ ᠬᠥᠭᠵᠢᠯᠲᠡ ᠵᠢᠨ ᠴᠢᠭᠯᠡᠯ ᠪᠠ ᠣᠷᠣᠨ ᠪᠦᠰᠡ ᠵᠢ ᠲᠣᠳᠣᠷᠬᠠᠶ᠋ᠢᠯᠠᠨ᠎ᠠ᠃ ᠰᠢᠶᠠᠡᠭ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠠᠶ᠋ᠢᠲᠤᠷ ᠨᠠᠶ᠋ᠢᠷᠠᠭᠤᠯᠤᠨ ᠵᠣᠬᠢᠶᠠᠨ᠎ᠠ᠃ ᠵᠢᠭᠤᠯᠴᠢᠯᠠᠯ᠎ᠤᠨ ᠣᠶᠤᠨ᠎ᠤ ᠬᠥᠮᠥᠷᠭᠡ ᠵᠢᠨ ᠲᠤᠰᠬᠠᠶ ᠮᠡᠷᠭᠡᠵᠢᠯᠲᠡᠨ᠂ ᠵᠢᠭᠤᠯᠴᠢᠯᠠᠯ᠎ᠤᠨ ᠳᠡᠭᠡᠳᠦ ᠰᠤᠷᠭ᠋ᠠᠭᠤᠯᠢ᠂ ᠵᠢᠭᠤᠯᠴᠢᠯᠠᠯ᠎ᠤᠨ ᠠᠵᠤ ᠠᠬᠤᠶ᠋ᠢᠯᠠᠯ᠂ ᠵᠢᠭᠤᠯᠴᠢᠯᠠᠯ᠎ᠤᠨ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠨᠢᠭᠡᠴᠢ ᠵᠢ ᠵᠣᠬᠢᠶᠠᠨ ᠪᠠᠶ᠋ᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠢ ᠬᠠᠪᠰᠤᠷᠤᠨ ᠰᠡᠯᠡᠭᠦᠴᠡᠯ᠎ᠤᠨ ᠲᠠᠷᠢᠶᠠᠯᠠᠩ ᠪᠣᠯᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠪᠠᠰᠠ ᠵᠢᠭᠤᠯᠴᠢᠯᠠᠯ᠎ᠤᠨ ᠵᠠᠮ ᠱᠤᠭᠤᠮ᠎ᠤᠨ ᠵᠢᠷᠤᠭ ᠲᠥᠯᠥᠪᠯᠡᠭᠡ᠂ ᠦᠢ᠍ᠯᠡᠳᠭᠦᠨ᠎ᠤ ᠨᠡᠭᠡᠭᠡᠯᠲᠡ᠂ ᠲᠥᠷᠥᠯ ᠲᠠᠮᠳᠡᠭ᠎ᠤᠨ ᠤᠬᠠᠭᠤᠯᠭ᠎ᠠ ᠵᠡᠷᠭᠡ ᠲᠠᠯ᠎ᠠ ᠵᠢᠨ ᠮᠡᠷᠭᠡᠵᠢᠯ᠎ᠤᠨ ᠵᠢᠯᠣᠭᠣᠳᠣᠯᠭ᠎ᠠ ᠪᠠ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ᠂ ᠡᠯ᠎ᠠ ᠠᠢ᠍ᠢ᠍ᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠬᠠᠷᠢᠭᠤᠴᠠᠨ᠎ᠠ)
     13. ᠵᠢᠭᠤᠯᠴᠢᠯᠠᠯ᠎ᠤᠨ ᠰᠣᠳᠣᠨ ᠲᠥᠷᠥᠯ ᠵᠦᠢ᠍ᠯ᠎ᠢ ᠤᠬᠠᠭᠤᠯᠤᠨ ᠲᠠᠨᠢᠯᠴᠠᠭᠤᠯᠬᠤ ᠡᠷᠴᠢᠮ᠎ᠢ ᠴᠢᠩᠭ᠋ᠠᠷᠠᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠢ ᠵᠣᠬᠢᠶᠠᠨ ᠪᠠᠶ᠋ᠢᠭᠤᠯᠤᠨ ᠰᠡᠯᠡᠭᠦᠴᠡᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠠᠮᠢᠶ᠎ᠠ ᠪᠦᠬᠦᠢ ᠭᠣᠣᠯ ᠰᠡᠳᠦᠪ᠎ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠣᠷᠣᠨ ᠨᠤᠲᠤᠭ᠎ᠤᠨ ᠣᠨᠴᠠᠯᠢᠭ᠂ ᠠᠮᠲᠠᠲᠤ ᠢᠳᠡᠭᠡᠨ᠎ᠤ ᠦᠵᠡᠮᠵᠢ᠂ ᠵᠠᠩ ᠦᠢ᠍ᠯᠡ ᠵᠢᠨ ᠰᠣᠶᠣᠯ᠂ ᠪᠠᠶ᠋ᠢᠭ᠋ᠠᠯᠢ ᠵᠢᠨ ᠥᠩᠭᠡ ᠦᠵᠡᠮᠵᠢ ᠵᠡᠷᠭᠡ ᠠᠭᠤᠯᠭ᠎ᠠ ᠵᠢ ᠭᠣᠤᠯᠳᠠᠯᠭ᠎ᠠ᠎ᠲᠠᠢ ᠢᠯᠡᠷᠡᠭᠦᠯᠵᠦ᠂ ᠨᠢᠭᠡ ᠪᠦᠯᠦᠭ ᠣᠨᠴᠠᠯᠢᠭᠲᠤ ᠰᠣᠳᠣᠨ ᠰᠡᠯᠡᠭᠦᠴᠡᠯ ᠵᠢᠭᠤᠯᠴᠢᠯᠠᠯ᠎ᠤᠨ ᠲᠥᠷᠥᠯ ᠵᠦᠢ᠍ᠯ᠎ᠢ ᠲᠥᠪᠯᠡᠷᠡᠭᠦᠯᠦᠨ ᠲᠠᠨᠢᠯᠴᠠᠭᠤᠯᠤᠨ᠎ᠠ᠃ ᠰᠢᠨ᠎ᠡ ᠵᠠᠭᠤᠴᠢᠯᠠᠭᠤᠷ᠎ᠤᠨ ᠡᠬᠢ ᠪᠠᠶᠠᠯᠢᠭ᠎ᠢ ᠠᠰᠢᠬᠯᠠᠨ᠂ ᠡᠯ᠎ᠡ ᠲᠥᠷᠥᠯ᠎ᠤᠨ ᠲᠠᠪᠴᠠᠩ᠎ᠳᠤ ᠲᠦᠰᠢᠭᠯᠡᠨ᠂ ᠣᠯᠠᠨ ᠵᠦᠢ᠍ᠯ᠎ᠤᠨ ᠬᠡᠯᠪᠡᠷᠢ ᠵᠢᠨ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠷᠠᠳᠢᠣ᠋ ᠲᠧᠯᠸᠢᠰ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠵᠡᠷᠭᠡ᠂ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     14. ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ ᠪᠦᠬᠦ ᠣᠷᠣᠨ᠎ᠤ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠬᠤ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠠᠳᠬᠦᠬᠦ ᠨᠡᠭᠡᠭᠡᠯᠳᠠ ᠵᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠠᠩᠭ᠋ᠠᠨ ᠪᠣᠷᠣᠯᠠᠭᠤᠯᠬᠤ ᠬᠣᠯᠪᠣᠭ᠋ᠠᠲᠤ ᠬᠣᠷᠰᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ᠎ᠲᠠᠢ ᠬᠠᠮᠲᠤᠷᠠᠨ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂ ᠠᠵᠢᠯ᠎ᠤᠨ ᠬᠠᠮᠳᠤᠷᠠᠯ ᠬᠦᠴᠦᠨ᠎ᠢ ᠪᠤᠢ ᠪᠣᠯᠭ᠋ᠠᠵᠤ᠂ ᠬᠠᠮᠢᠶ᠎ᠠ ᠪᠦᠬᠦᠢ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠯ᠎ᠡ ᠠᠶ᠋ᠢᠮᠠᠭ ᠬᠣᠲᠠ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠣᠯᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠨ ᠳᠠᠷᠤᠶ᠋ᠢᠬᠠᠨ ᠲᠣᠳᠣᠷᠬᠠᠶ᠋ᠢᠯᠠᠵᠤ᠂ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠭᠦᠨᠵᠡᠭᠡᠶ ᠥᠷᠨᠢᠭᠦᠯᠬᠦ ᠵᠢ ᠢᠳᠡᠪᠬᠢᠲᠡᠶ᠎ᠪᠠᠷ ᠲᠦ᠍ᠢ᠍ᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠠᠩᠭ᠋ᠠᠨ ᠪᠣᠷᠣᠯᠠᠭᠤᠯᠬᠤ ᠬᠣᠯᠪᠣᠭ᠋ᠠᠲᠤ ᠬᠣᠷᠰᠢᠶ᠎ᠠ᠂ ᠡᠳ᠋᠎ᠤᠨ ᠵᠠᠰᠠᠭ᠎ᠤᠨ ᠲᠢᠩᠬᠢᠮ ᠵᠡᠷᠭᠡ᠃ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     15. ᠠᠰᠢᠭ ᠲᠤᠰᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠳᠠᠭ᠋ᠠᠭᠤᠯᠤᠭᠴᠢ ᠠᠵᠤ ᠠᠬᠤᠶ᠋ᠢᠯᠠᠯ᠂ ᠲᠤᠰᠬᠠᠶ ᠠᠵᠢᠯ᠎ᠤᠨ ᠬᠣᠷᠰᠢᠶ᠎ᠠ᠂ ᠪᠠᠶᠠᠵᠢᠯ᠎ᠤᠨ ᠳᠠᠭ᠋ᠠᠭᠤᠯᠤᠭᠴᠢ ᠪᠣᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠠᠰᠢᠭ ᠲᠤᠰᠠ ᠵᠢᠨ ᠬᠤᠯᠪᠤᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠ᠋ᠠᠵᠢᠯ᠎ᠢ ᠭᠦᠨᠵᠡᠭᠡᠶ ᠥᠷᠨᠢᠭᠦᠯᠬᠦ᠎ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠦᠢ᠍ᠯᠡᠳᠭᠦᠨ ᠪᠣᠯᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠶᠠᠪᠤᠴᠠ᠎ᠳᠠᠬᠢ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠬᠦ ᠵᠢᠨ ᠬᠠᠮᠲᠤ ᠣᠷᠣᠯᠭ᠎ᠠ ᠵᠢ᠎ᠨᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠶ ᠵᠢ ᠲᠠᠰᠤᠷᠠᠯᠲᠠ ᠤᠢ᠍ᠭᠡᠢ ᠪᠤᠵᠠᠭ᠋ᠠᠶ᠋ᠢᠷᠠᠭᠤᠯᠤᠨ᠎ᠠ᠃ ᠵᠠᠬ᠎ᠠ ᠳᠡᠯᠭᠡᠭᠦᠷ᠎ᠢ ᠵᠣᠯᠭ᠋ᠠᠭᠤᠯᠬᠤ ᠴᠢᠳᠠᠪᠤᠷᠢ ᠪᠠ ᠵᠠᠬ᠎ᠠ ᠳᠡᠯᠭᠡᠭᠦᠷ᠎ᠤᠨ ᠨᠥᠯᠥᠭᠡᠯᠡᠬᠦ ᠬᠦᠴᠦᠨ᠎ᠢ ᠨᠡᠮᠡᠭᠳᠡᠭᠦᠯᠦᠨ᠎ᠡ᠃ ᠡᠭᠦᠨ᠎ᠤ ᠬᠠᠮᠲᠤ᠂ ᠲᠠᠭ᠋ᠠᠭ᠋ᠠᠤᠯᠤᠭᠴᠢ ᠠᠵᠤ ᠠᠬᠤᠶ᠋ᠢᠯᠠᠯ᠂ ᠲᠤᠰᠬᠠᠶ ᠠᠵᠢᠯ᠎ᠤᠨ ᠬᠤᠷᠰᠢᠶ᠎ᠠ᠂ ᠪᠠᠶᠠᠵᠢᠯ᠎ᠤᠨ ᠳᠠᠭ᠋ᠠᠭᠤᠯᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢ ᠴᠢᠬᠤᠯᠠᠴᠢᠯᠠᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠡᠳ᠋᠎ᠤᠨ ᠵᠠᠰᠠᠭ ᠣᠨ ᠲᠢᠩᠬᠢᠮ ᠵᠡᠷᠭᠡ᠂ ᠡᠯ᠎ᠠ ᠠᠢ᠍ᠢ᠍ᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠬᠠᠷᠢᠭᠤᠴᠠᠨ᠎ᠠ)
     16. ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠣᠲᠠ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠡᠬᠢ ᠪᠠᠶᠠᠯᠢᠭ ᠪᠠ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠨᠴᠠᠯᠢᠭᠲᠤ ᠦᠢ᠍ᠯᠡᠳᠭᠦᠨ᠎ᠤ ᠬᠠᠩᠭ᠋ᠠᠯᠭ᠎ᠠ ᠵᠢᠨ ᠬᠡᠯᠬᠢᠶ᠎ᠡ ᠵᠢᠨ ᠪᠠᠶ᠋ᠢᠭᠤᠯᠤᠯᠲᠠ ᠵᠢ ᠳᠠᠮᠵᠢᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠠᠷᠭ᠎ᠠ ᠵᠠᠮ᠎ᠢ ᠨᠡᠪᠲᠡᠷᠡᠭᠦᠯᠵᠦ᠂ ᠮᠥᠩᠭᠥᠨ ᠭᠦᠢ᠍ᠯᠭᠡᠭᠡ᠂ ᠭᠠᠵᠠᠷ ᠰᠢᠷᠣᠶ᠂ ᠭᠠᠶ᠋ᠢᠯᠢ ᠰᠦᠢ᠍ᠳᠭᠡᠯ ᠵᠡᠷᠭᠡ ᠲᠠᠯ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ᠎ᠳᠤ ᠣᠷᠣᠯᠴᠠᠭᠰᠠᠨ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ᠎ᠳᠤ ᠶᠠᠳᠠᠭᠤ ᠵᠢ ᠲᠡᠳᠬᠦᠭᠰᠡᠨ ᠦᠷ᠎ᠡ ᠪᠦᠲᠦᠮᠵᠢ ᠵᠢ ᠮᠠᠭ᠋ᠠᠳᠯᠠᠨ ᠲᠣᠭᠲᠠᠭ᠋ᠠᠵᠤ᠂ ᠲᠣᠪᠣᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠪᠠᠢ᠍ᠢ᠍ᠪᠠᠯ ᠵᠣᠬᠢᠰᠲᠠᠶ ᠠᠷᠭ᠎ᠠ ᠮᠠᠶᠢᠭ᠎ᠢ ᠠᠪᠴᠤ ᠬᠥᠬᠢᠭᠦᠯᠦᠨ ᠤᠷᠮᠠᠰᠢᠭᠤᠯᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠦᠭᠡᠷᠡᠴᠢᠯᠡᠯᠳᠠ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠵᠡᠷᠭᠡ᠂ ᠡᠯ᠎ᠠ ᠠᠢ᠍ᠢ᠍ᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠬᠠᠷᠢᠭᠤᠴᠠᠨ᠎ᠠ)
     17. ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠨ᠎ᠠ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠵᠢᠯ᠎ᠤᠨ ᠲᠥᠯᠥᠪᠯᠡᠭᠡ᠎ᠳᠤ ᠣᠷᠣᠭᠤᠯᠵᠤ᠂ ᠲᠥᠪ᠎ᠤᠨ ᠪᠠᠢ᠍ᠢ᠍ᠭᠤᠯᠭ᠎ᠠ ᠨᠢᠭᠡᠴᠢ ᠵᠢᠨ ᠴᠡᠭ ᠲᠣᠭᠲᠠᠭ᠋ᠠᠨ ᠶᠠᠳᠠᠭᠤ ᠵᠢ ᠲᠡᠳᠬᠦᠬᠦ᠂ ᠵᠡᠭᠦᠨ ᠪᠠᠷᠠᠭᠤᠨ ᠣᠷᠣᠨ᠎ᠤ ᠶᠠᠳᠠᠭᠤ ᠵᠢ ᠲᠡᠳᠬᠦᠬᠦ ᠬᠠᠮᠵᠢᠯᠴᠠᠭ᠎ᠠ ᠵᠢᠨ ᠴᠢᠬᠤᠯᠠ ᠠᠭᠤᠯᠭ᠎ᠠ ᠪᠣᠯᠭ᠋ᠠᠬᠤ ᠵᠢᠨ ᠬᠠᠮᠲᠤ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠲᠣᠬᠢᠷᠠᠭᠤᠯᠬᠤ ᠳᠦᠷᠢᠮ᠎ᠢ ᠪᠠᠶ᠋ᠢᠭᠤᠯᠵᠤ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠦᠷᠢᠳᠬᠡᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠯ᠎ᠡ ᠭᠠᠵᠠᠷ ᠣᠷᠣᠨ᠎ᠤ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠱᠠᠯᠠᠪᠳᠠᠭᠤᠯᠤᠨ ᠵᠢᠯᠣᠭᠣᠳᠬᠤ ᠡᠷᠴᠢᠮ ᠵᠶ᠋ᠠᠨ ᠴᠢᠡᠭᠭ᠋ᠠᠷᠠᠭᠤᠯᠤᠨ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯ ᠥᠷᠨᠢᠭᠦᠯᠬᠦ ᠠᠬᠢᠴᠠ ᠵᠢ ᠴᠠᠭ ᠲᠤᠬᠠᠶ᠎ᠳᠤᠨᠢ ᠮᠥᠷᠳᠡᠨ ᠳᠠᠭ᠋ᠠᠵᠤ᠂ ᠠᠵᠢᠯ᠎ᠢ ᠠᠬᠢᠭᠤᠯᠬᠤ ᠶᠠᠪᠤᠴᠠ᠎ᠳᠤ ᠢᠯᠡᠷᠡᠭᠰᠡᠨ ᠠᠰᠠᠭᠤᠳᠠᠯ ᠪᠠ ᠬᠦᠴᠢᠷᠳᠡᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠤᠨ ᠦᠷ᠎ᠡ ᠪᠦᠲᠦᠮᠵᠢ ᠣᠯᠬᠤ ᠵᠢ ᠲᠦᠯᠬᠢᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠠᠩᠭ᠋ᠠᠨ ᠪᠣᠷᠣᠯᠠᠭᠤᠯᠬᠤ ᠬᠣᠯᠪᠣᠭ᠋ᠠᠲᠤ ᠬᠣᠷᠰᠢᠶ᠎ᠠ᠂ ᠡᠳ᠋᠎ᠤᠨ ᠵᠠᠰᠠᠭ᠎ᠤᠨ ᠲᠢᠩᠬᠢᠮ ᠵᠡᠷᠭᠡ᠃ ᠡᠯ᠎ᠡ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠠᠯᠪᠠᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
                             2019 ᠣᠨ᠎ᠤ 6 ᠰᠠᠷ᠎ᠠ ᠵᠢᠨ 16᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠎ᠤᠨ 2020 ᠣᠨ᠎ᠤ ᠠᠵᠢᠯ᠎ᠤᠨ ᠭᠣᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠲᠥᠪ᠎ᠤᠨ ᠤᠬᠠᠭᠤᠯᠬᠤ ᠬᠡᠯᠲᠡᠰ ᠬᠤᠸᠠᠩ ᠱ᠌ᠢ ᠶᠠᠨ᠂ ᠮᠤᠤ ᠰᠢᠶᠠᠩ ᠯᠢᠨ᠎ᠳᠤ 《ᠴᠠᠭ ᠦᠶ᠎ᠡ ᠵᠢᠨ ᠬᠡᠪ ᠳᠠᠭᠤᠷᠢᠶᠠᠯ 》 ᠴᠤᠯᠠ ᠣᠯᠭᠤᠪᠠ
ᠲᠥᠪ᠎ᠤᠨ ᠤᠬᠠᠭᠤᠯᠬᠤ ᠬᠡᠯᠲᠡᠰ ᠵᠠᠩ ᠬᠦᠢ ᠮᠧᠶ᠎ᠳᠤ 《ᠴᠠᠭ ᠦᠶ᠎ᠡ ᠵᠢᠨ ᠬᠡᠪ ᠲᠤᠭᠤᠷᠢᠶᠠᠯ 》 ᠵᠢᠨ ᠴᠣᠯᠠ ᠵᠢ ᠣᠯᠭᠣᠪᠠ
ᠮᠠᠨ᠎ᠤ ᠣᠷᠣᠨ 150.5 ᠳ᠋ᠦᠩᠰᠢᠭᠤᠷ ᠲᠥᠭᠦᠷᠢᠭ᠎ᠤᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ ᠲᠠᠷᠬᠠᠭ᠋ᠠᠵᠤ ᠠᠮᠤᠷ ᠲᠦᠪᠰᠢᠨ᠎ᠢ ᠪᠠᠲᠤᠯᠠᠪᠠ
《ᠭᠤᠷᠪᠠᠨ ᠠᠰᠠᠭᠤᠯᠲᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ᠎ᠤᠨ ᠠᠯᠪᠠᠨ ᠵᠠᠷ
 
            