ᠡᠯ᠎ᠡ ᠠᠶ᠋ᠢᠮᠠᠭ ᠬᠣᠲᠠ ᠵᠢᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠳᠤ᠄
ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠡᠬᠦᠳᠤᠨ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠬᠤ ᠵᠢᠨ ᠲᠥᠯᠥᠭᠡ᠂ ᠤᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠡᠬᠦᠳᠬᠦ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ》 ᠵᠢ ᠲᠠ ᠨᠠᠷ᠎ᠲᠤ ᠳᠠᠷᠤᠮᠠᠯᠯᠠᠨ ᠲᠠᠷᠬᠠᠭ᠋ᠠᠪᠠ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
2020 ᠣᠨ᠎ᠤ 6 ᠰᠠᠷ᠎ᠠ ᠵᠢᠨ 8᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠶ᠋ᠢᠲᠡ ᠵᠢᠨ
ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠡᠬᠦᠳᠬᠦ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ
ᠨᠢᠭᠡᠳᠦᠭᠡᠷ ᠪᠦᠯᠦᠭ ᠶᠡᠷᠦᠩᠬᠡᠶ ᠲᠤᠢ᠍ᠷᠢᠮ
ᠨᠢᠭᠡᠳᠦᠭᠡᠷ ᠵᠦᠢ᠍ᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠤᠨ 《ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠡᠬᠦᠳᠤᠨ ᠬᠠᠮᠢᠶᠠᠷᠬᠤ ᠬᠣᠯᠪᠣᠭᠳᠠᠯ ᠪᠥᠬᠥᠶ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠮᠤᠡᠭᠭᠤᠯ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠠᠯᠪᠠᠨ ᠬᠡᠷ [2020] 50 ᠳ᠋ᠤᠭ᠋ᠠᠷ ᠲᠣᠭ᠋ᠠᠲᠤ) ᠪᠠ 《2019 ᠣᠨ᠎ᠤ ᠲᠠᠩᠰᠠᠯᠠᠵᠤ ᠺᠠᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠠᠮᠢ ᠠᠬᠤᠶ ᠵᠢᠨ ᠣᠶ ᠬᠠᠮᠠᠭ᠋ᠠᠯᠠᠭᠴᠢ ᠵᠢ ᠰᠢᠯᠢᠵᠤ ᠤᠷᠢᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠬᠡᠷ᠎ᠤᠨ ᠮᠡᠳᠡᠭᠳᠡᠯ》 (ᠥᠪᠥᠷ ᠮᠤᠡᠭᠭᠤᠯ ᠣᠶ ᠰᠢᠭᠤᠶ ᠨᠤᠳᠤᠭ ᠪᠡᠯᠴᠢᠭᠡᠷ᠎ᠠᠴᠠ ᠲᠤᠭᠳᠠᠭ᠋ᠠᠵᠤ ᠲᠠᠷᠬᠠᠭ᠋ᠠᠭᠰᠠᠨ [2019] 294 ᠳ᠋ᠦᠭᠡᠷ ᠲᠣᠭ᠋ᠠᠲᠤ)᠎ᠢ ᠦᠨᠳᠦᠰᠦᠯᠡᠨ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠵᠦ᠂ ᠶᠠᠳᠠᠭᠤ ᠵᠢ ᠲᠡᠳᠬᠦᠬᠦ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠪᠣᠯᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠢ ᠨᠠᠷᠢᠯᠢᠭ ᠣᠨᠣᠴᠠᠲᠠᠶ᠎ᠪᠠᠷ ᠵᠣᠯᠭ᠋ᠠᠭᠤᠯᠬᠤ ᠵᠢ ᠰᠠᠶ᠋ᠢᠲᠤᠷ ᠬᠢᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠰᠠᠭᠤᠷᠢ ᠵᠢ ᠪᠡᠬᠢᠵᠢᠭᠦᠯᠵᠦ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠪᠣᠯ 《ᠨᠤᠲᠤᠭ᠎ᠠᠴᠠ᠎ᠪᠠᠨ ᠰᠠᠯᠬᠤ ᠵᠢᠨ ᠠᠷᠭ᠎ᠠ ᠥᠬᠡᠶ᠂ ᠲᠡᠳᠬᠦᠬᠦ ᠠᠵᠢᠯ ᠥᠬᠡᠶ᠂ ᠶᠠᠳᠠᠭᠤ᠎ᠠᠴᠠ ᠠᠩᠭᠢᠵᠢᠷᠠᠬᠤ ᠴᠢᠳᠠᠯ ᠥᠬᠡᠶ》 ᠮᠥᠷᠲᠡᠭᠡᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠡᠭᠦᠷᠭᠡᠯᠡᠵᠦ ᠳᠡᠶ᠋ᠢᠯᠬᠦ ᠠᠵᠢᠯ᠎ᠲᠠᠢ ᠪᠥᠭᠡᠳ ᠲᠤᠬᠠᠶ ᠵᠢᠨ ᠭᠠᠵᠠᠷ᠎ᠲᠤᠨᠢ ᠣᠶ᠋ᠢᠷ᠎ᠠ ᠬᠠᠪᠢ᠎ᠳᠠᠭᠠᠨ ᠠᠵᠢᠯ ᠣᠯᠤᠭᠰᠠᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠢ ᠲᠥᠪᠬᠢᠨᠡᠭᠦᠯᠬᠦ᠎ᠪᠠᠷ ᠭᠣᠤᠯ ᠵᠣᠷᠢᠯᠭ᠎ᠠ ᠪᠣᠯᠤᠨ᠎ᠠ᠃ ᠨᠡᠶ᠋ᠢᠭᠡᠮ᠎ᠳᠤ ᠣᠯᠠᠨ ᠨᠡᠢ᠍ᠢ᠍ᠲᠡ ᠵᠢᠨ ᠦᠨᠳᠦᠰᠦᠨ ᠦᠢ᠍ᠯᠡᠴᠢᠯᠡᠭᠡᠨ᠎ᠤ ᠠᠰᠢᠭ ᠤᠯᠵᠠᠪᠤᠷᠢ ᠵᠢᠨ ᠪᠤᠰᠤ ᠴᠢᠨᠠᠷᠲᠠᠶ ᠨᠡᠶ᠋ᠢᠭᠡᠮ᠎ᠤᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ ᠬᠠᠩᠭ᠋ᠠᠬᠤ ᠬᠡᠷᠡᠭᠲᠡᠶ᠃
ᠬᠣᠶᠠᠳᠤᠭ᠋ᠠᠷ ᠪᠦᠯᠦᠭ ᠠᠵᠢᠯ᠎ᠤᠨ ᠪᠠᠶ᠋ᠢᠷᠢ ᠵᠢ ᠡᠬᠦᠳᠬᠦ
ᠭᠤᠷᠪᠠᠳᠤᠭ᠋ᠠᠷ ᠵᠦᠢ᠍ᠯ ᠬᠠᠮᠢᠶᠠᠷᠤᠯᠲᠠ ᠵᠢᠨ ᠳᠦᠷᠢᠮ᠎ᠢ ᠪᠠᠢ᠍ᠢ᠍ᠭᠤᠯᠤᠨ᠎ᠠ᠃ ᠡᠯ᠎ᠡ ᠭᠠᠵᠠᠷ᠎ᠤᠨ᠎ᠬᠢᠨ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠲᠥᠷᠥ ᠵᠢᠨ ᠪᠣᠳᠣᠯᠭ᠎ᠠ ᠵᠢᠨ ᠶᠡᠷᠦᠩᠬᠡᠶ ᠱᠠᠭ᠋ᠠᠷᠳᠠᠯᠭ᠎ᠠ ᠵᠢ ᠵᠢᠷᠤᠮᠯᠠᠭᠰᠠᠨ ᠤᠷᠢᠲᠠᠯ ᠳᠣᠣᠷ᠎ᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠡᠷᠭᠡ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ᠎ᠲᠠᠢ ᠤᠶᠠᠯᠳᠤᠭᠤᠯᠵᠤ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠠᠵᠢᠯ᠎ᠤᠨ ᠪᠠᠶ᠋ᠢᠷᠢ ᠭᠠᠷᠭ᠋ᠠᠨ᠎ᠠ᠃ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ 《ᠬᠡᠷᠡᠭᠴᠡᠭᠡ᠎ᠪᠠᠷ᠎ᠨᠢ ᠠᠵᠢᠯ᠎ᠤᠨ ᠪᠠᠶ᠋ᠢᠷᠢ ᠭᠠᠷᠭ᠋ᠠᠬᠤ᠂ ᠵᠣᠬᠢᠰᠲᠠᠶ ᠨᠡᠭᠡᠭᠡᠬᠦ᠂ ᠬᠥᠮᠦᠨ᠎ᠤ ᠪᠠᠶ᠋ᠢᠷᠢ ᠬᠠᠷᠢᠯᠴᠠᠨ ᠲᠣᠬᠢᠷᠠᠬᠤ᠂ ᠨᠢᠭᠡ ᠬᠥᠮᠦᠨ ᠨᠢᠭᠡ ᠠᠵᠢᠯ᠎ᠤᠨ ᠪᠠᠶ᠋ᠢᠷᠢ ᠵᠢ ᠲᠣᠬᠢᠷᠠᠭᠤᠯᠬᠤ》 ᠵᠠᠷᠴᠢᠮ᠎ᠢ ᠵᠢᠷᠤᠮᠯᠠᠨ᠎ᠠ᠃ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ᠂ ᠬᠥᠳᠡᠭᠡ ᠲᠣᠰᠬᠣᠨ᠎ᠤ ᠨᠡᠢ᠍ᠢ᠍ᠲᠡ ᠵᠢᠨ ᠠᠰᠠᠷᠠᠮᠵᠢ ᠵᠢᠨ ᠶᠠᠪᠤᠳᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠰᠠᠶ᠋ᠢᠲᠤᠷ ᠪᠠᠶ᠋ᠢᠴᠠᠭ᠋ᠠᠵᠤ ᠤᠢ᠍ᠢ᠍ᠯᠠᠭ᠋ᠠᠭᠰᠠᠨᠤ ᠰᠠᠭᠤᠷᠢᠨ ᠳᠡᠭᠡᠷ᠎ᠡ᠂ ᠬᠣᠰᠢᠭᠤ ᠰᠢᠶᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠍ᠢ᠍ᠭᠡᠮ᠎ᠤᠨ ᠪᠠᠳᠤᠯᠠᠭ᠎ᠠ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠰᠠᠯᠠᠭ᠎ᠠ ᠮᠥᠴᠢᠷ᠎ᠲᠤ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠨᠡᠭᠡᠭᠡᠨ ᠠᠰᠢᠬᠯᠠᠬᠤ ᠲᠥᠯᠥᠪᠯᠡᠭᠡ ᠳᠤᠷᠠᠳᠴᠤ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠭᠰᠠᠨ᠎ᠤ ᠳᠠᠷᠠᠭ᠎ᠠ ᠳᠣᠷᠣᠭᠰᠢ ᠪᠠᠭᠤᠯᠭ᠋ᠠᠵᠤ ᠬᠡᠷᠡᠭᠵᠢᠭᠦᠯᠦᠨ᠎ᠡ᠃ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ ᠬᠣᠰᠢᠭᠤ ᠰᠢᠶᠠᠨ᠎ᠤ ᠪᠠᠭᠤᠯᠭ᠋ᠠᠭᠰᠠᠨ ᠲᠥᠯᠥᠪᠯᠡᠭᠡ ᠵᠢ ᠦᠨᠳᠦᠰᠦᠯᠡᠨ᠂ ᠭᠠᠴᠠᠭ᠎ᠠ ᠲᠣᠰᠬᠣᠨ᠎ᠢ ᠵᠣᠬᠢᠶᠠᠨ ᠪᠠᠶ᠋ᠢᠭᠤᠯᠤᠨ ᠪᠣᠳᠠᠲᠠᠶ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠨᠡᠭᠡᠭᠡᠨ ᠠᠰᠢᠬᠯᠠᠬᠤ ᠬᠡᠷᠡᠭᠲᠡᠶ᠃
ᠳᠥᠷᠪᠡᠳᠦᠭᠡᠷ ᠵᠦᠢ᠍ᠯ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠲᠥᠷᠥᠯ ᠬᠡᠯᠪᠡᠷᠢ᠃ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠣᠷᠳᠣ ᠬᠤᠭᠤᠴᠠᠭ᠋ᠠᠨ᠎ᠤ ᠴᠢᠨᠠᠷᠳᠠᠢ ᠪᠠ ᠲᠦᠷ ᠴᠠᠭ᠎ᠤᠨ ᠴᠢᠨᠠᠷᠲᠠᠶ ᠠᠵᠢᠯ᠎ᠤᠨ ᠪᠠᠶ᠋ᠢᠷᠢ ᠪᠠᠭᠲᠠᠨ᠎ᠠ᠂ ᠶᠡᠷᠦ᠎ᠳᠡᠭᠡᠨ ᠠᠮᠢ ᠠᠬᠤᠶ ᠵᠢᠨ ᠬᠠᠮᠢᠶᠠᠷᠤᠯᠲᠠ ᠬᠠᠮᠠᠭ᠋ᠠᠯᠠᠯᠲᠠ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠴᠡᠪᠡᠷᠯᠡᠬᠦ᠂ ᠬᠣᠭ ᠨᠣᠪᠰᠢ ᠵᠢ ᠲᠡᠭᠡᠭᠡᠪᠤᠷᠢᠯᠡᠨ ᠴᠡᠪᠡᠷᠯᠡᠬᠦ᠂ ᠨᠡᠶ᠋ᠢᠭᠡᠮ᠎ᠤᠨ ᠠᠮᠤᠷ ᠲᠦᠪᠰᠢᠨ᠎ᠢ ᠬᠠᠮᠵᠢᠯᠴᠠᠨ ᠬᠠᠮᠢᠶᠠᠷᠬᠤ᠂ ᠬᠥᠳᠡᠭᠡ ᠲᠣᠰᠬᠣᠨ᠎ᠤ ᠵᠠᠮ᠎ᠢ ᠬᠠᠮᠠᠭ᠋ᠠᠯᠠᠬᠤ᠂ ᠣᠯᠠᠨ ᠨᠡᠶ᠋ᠢᠲᠡ ᠵᠢᠨ ᠲᠥᠬᠥᠭᠡᠷᠦᠮᠵᠢ ᠵᠢ ᠬᠠᠮᠢᠶᠠᠷᠴᠤ ᠬᠠᠮᠠᠭ᠋ᠠᠯᠠᠬᠤ᠂ ᠨᠠᠰᠤᠵᠢᠯ᠎ᠤᠨ ᠠᠰᠠᠷᠠᠮᠵᠢ ᠪᠠ ᠰᠤᠪᠢᠯᠠᠯᠲᠠ᠂ ᠬᠡᠷ᠎ᠲᠡᠭᠡᠨ ᠬᠣᠴᠣᠷᠤᠭᠰᠠᠨ ᠬᠡᠤᠬᠡᠳ᠎ᠢ ᠬᠠᠷᠠᠭ᠋ᠠᠯᠵᠠᠨ ᠬᠠᠮᠢᠶᠠᠷᠬᠤ᠂ ᠮᠡᠳᠡᠭᠡ ᠵᠠᠩᠭᠢ ᠵᠢᠨ ᠤᠬᠠᠭᠤᠯᠭ᠎ᠠ ᠵᠡᠷᠭᠡ ᠵᠢ ᠲᠣᠬᠢᠷᠠᠭᠤᠯᠤᠨ᠎ᠠ᠃ ᠡᠯ᠎ᠡ ᠭᠠᠵᠠᠷ᠎ᠤᠨ᠎ᠬᠢᠨ ᠴᠦ᠍ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠬᠡᠷᠡᠭᠴᠡᠭᠡ᠎ᠪᠠᠨ ᠦᠨᠳᠦᠰᠦᠯᠡᠨ ᠪᠤᠰᠤᠳ ᠲᠥᠷᠥᠯ ᠬᠡᠯᠪᠡᠷᠢ ᠵᠢᠨ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠡᠬᠦᠳᠴᠤ ᠪᠣᠯᠤᠨ᠎ᠠ᠃
ᠭᠤᠷᠪᠠᠳᠤᠭ᠋ᠠᠷ ᠪᠦᠯᠦᠭ ᠠᠵᠢᠯᠴᠢᠨ᠎ᠢ ᠰᠤᠡᠭᠭᠤᠵᠤ ᠤᠷᠢᠬᠤ
ᠲᠠᠪᠤᠳᠤᠭ᠋ᠠᠷ ᠵᠦᠢ᠍ᠯ ᠲᠥᠷᠥ ᠵᠢᠨ ᠪᠣᠳᠣᠯᠭ᠎ᠠ ᠵᠢᠨ ᠬᠡᠯᠪᠡᠶ᠋ᠢᠯᠭᠡᠬᠦ ᠳᠦᠷᠢᠮ᠎ᠢ ᠪᠠᠢ᠍ᠢ᠍ᠭᠤᠯᠤᠨ᠎ᠠ᠃ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠤᠴᠤᠷᠤᠭᠰᠠᠨ ᠶᠠᠳᠠᠭᠤ ᠬᠦᠴᠢᠷᠳᠠᠯᠳᠠᠢ ᠭᠡᠷ ᠪᠦᠯᠢ ᠵᠢᠨ ᠠᠵᠢᠯ ᠣᠯᠬᠤ ᠬᠦᠰᠡᠯ᠎ᠲᠠᠢ᠂ ᠠᠵᠢᠯ ᠣᠯᠬᠤ ᠴᠢᠳᠠᠪᠤᠷᠢ ᠦᠭᠡᠶ᠂ ᠡᠵᠡᠩᠨᠡᠯᠳᠠ ᠬᠢᠬᠦ ᠪᠠ ᠦᠢ᠍ᠯᠡᠰ ᠪᠣᠰᠬᠠᠬᠤ ᠴᠢᠳᠠᠪᠤᠷᠢ ᠦᠭᠡᠶ ᠬᠠᠤᠯᠢ᠎ᠳᠤ ᠲᠣᠭᠲᠠᠭ᠋ᠠᠭᠰᠠᠨ ᠬᠥᠳᠡᠯᠮᠦᠷᠢᠯᠡᠬᠦ ᠨᠠᠰᠤ ᠵᠢᠨ ᠳᠣᠲᠣᠷ᠎ᠠ ᠬᠥᠳᠡᠯᠮᠦᠷᠢᠯᠡᠬᠦ ᠴᠢᠳᠠᠪᠤᠷᠢ᠎ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠵᠢ ᠡᠩ ᠲᠡᠷᠢᠭᠦᠨ᠎ᠳᠤ ᠲᠥᠪᠬᠢᠨᠡᠭᠦᠯᠦᠨ᠎ᠡ᠃ ᠡᠭᠦᠨ᠎ᠳᠤ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠬᠦᠷᠲᠡᠬᠦ ᠮᠥᠷᠲᠡᠭᠡᠨ ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ ᠵᠢ ᠡᠭᠦᠷᠭᠡᠯᠡᠵᠦ ᠳᠠᠢ᠍ᠢ᠍ᠯᠬᠦ ᠬᠥᠳᠡᠯᠮᠦᠷᠢᠯᠡᠬᠦ ᠬᠦᠴᠤᠨ ᠪᠠᠭᠤᠷᠠᠢ ᠶᠠᠳᠠᠭᠤ ᠬᠦᠴᠢᠷᠳᠡᠯᠲᠡᠶ ᠬᠥᠮᠦᠨ ᠠᠮᠠ᠂ ᠬᠥᠳᠡᠯᠮᠦᠷᠢᠯᠡᠬᠦ ᠴᠢᠳᠠᠪᠤᠷᠢ ᠦᠭᠡᠢ (ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ) ᠪᠣᠯ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠲᠣᠬᠢᠷᠠᠭᠤᠯᠵᠤ ᠪᠣᠯᠬᠤ ᠦᠭᠡᠢ᠃ ᠡᠯ᠎ᠡ ᠭᠠᠵᠠᠷ᠎ᠤᠨ᠎ᠬᠢᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠬᠥᠳᠡᠯᠮᠦᠷᠢᠯᠡᠬᠦ ᠴᠢᠳᠠᠪᠤᠷᠢ ᠵᠢᠨ ᠪᠠᠶ᠋ᠢᠳᠠᠯ᠎ᠢ ᠦᠨᠳᠦᠰᠦᠯᠡᠨ᠂ ᠬᠠᠤᠯᠢ᠎ᠳᠤ ᠲᠣᠭᠲᠠᠭ᠋ᠠᠭᠰᠠᠨ ᠬᠥᠳᠡᠯᠮᠦᠷᠢᠯᠡᠬᠦ ᠨᠠᠰᠤ ᠵᠢᠯ᠎ᠠᠴᠠ ᠬᠡᠲᠦᠷᠡᠭᠰᠡᠨ ᠪᠠᠶ᠋ᠢᠪᠠᠯ᠂ ᠰᠢᠶᠠᠩ ᠪᠠᠯᠭ᠋ᠠᠰᠤ᠂ ᠲᠣᠰᠬᠣᠨ᠂ ᠳᠤᠭᠤᠶ᠋ᠢᠯᠠᠩ ᠭᠤᠷᠪᠠᠨ ᠱᠠᠲᠤᠨ᠎ᠤ ᠬᠢᠨᠠᠨ ᠲᠣᠭᠲᠠᠭ᠋ᠠᠯᠲᠠ᠎ᠪᠠᠷ ᠳᠠᠮᠵᠢᠨ᠂ ᠶᠠᠳᠠᠭᠤ ᠵᠢ ᠲᠡᠳᠬᠦᠬᠦ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ ᠵᠢ ᠡᠭᠦᠷᠭᠡᠯᠡᠵᠦ ᠳᠡᠶ᠋ᠢᠯᠦᠭᠰᠡᠨ ᠪᠠᠶ᠋ᠢᠪᠠᠯ᠂ ᠨᠠᠰᠤ ᠵᠢᠯ᠎ᠢ ᠪᠦᠬᠦᠯᠢ 70 ᠨᠠᠰᠤ ᠬᠦᠷᠲᠡᠯ᠎ᠡ ᠠᠭᠤᠵᠢᠭᠤ ᠲᠠᠯᠪᠢᠵᠤ ᠪᠣᠯᠤᠨ᠎ᠠ (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠠᠵᠢᠯ ᠣᠯᠭᠣᠯᠲᠠ ᠵᠢᠨ ᠨᠥᠬᠥᠪᠥᠷᠢ ᠪᠠᠯᠠ ᠮᠥᠩᠭᠥ᠎ᠪᠠᠷ ᠨᠡᠭᠡᠭᠡᠨ ᠬᠥᠭᠵᠢᠭᠦᠯᠦᠭᠰᠡᠨ ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ)᠃ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠨᠢᠭᠡ ᠬᠥᠮᠦᠨ ᠤᠯᠠᠨ ᠠᠵᠢᠯ᠎ᠤᠨ ᠪᠠᠶ᠋ᠢᠷᠢ᠂ ᠨᠢᠭᠡ ᠠᠵᠢᠯ᠎ᠤᠨ ᠪᠠᠶ᠋ᠢᠷᠢ ᠤᠯᠠᠨ ᠬᠥᠮᠦᠨ ᠲᠣᠬᠢᠷᠠᠭᠤᠯᠵᠤ ᠪᠣᠯᠬᠤ ᠦᠭᠡᠢ᠃
ᠵᠢᠷᠭᠤᠳᠤᠭ᠋ᠠᠷ ᠵᠦᠢ᠍ᠯ ᠬᠣᠤᠰ ᠴᠢᠭᠯᠡᠯ ᠵᠶ᠋ᠠᠷ ᠰᠣᠩᠭᠣᠬᠤ ᠲᠦᠷᠢᠮ᠎ᠢ ᠪᠠᠶ᠋ᠢᠭᠤᠯᠤᠨ᠎ᠠ᠃ ᠡᠯ᠎ᠡ ᠰᠤᠮᠤ ᠰᠢᠶᠠᠩ ᠪᠠᠯᠭ᠋ᠠᠰᠤ᠂ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠣᠨ ᠡᠷᠬᠡ ᠲᠡᠭᠰᠢ ᠲᠥᠪ ᠭᠣᠣᠯᠴᠢ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠲᠣᠰᠬᠣᠨ᠎ᠤ ᠠᠷᠠᠳ᠎ᠤᠨ ᠬᠤᠷᠠᠯ᠂ ᠵᠠᠷ ᠨᠠᠭ᠋ᠠᠵᠤ ᠨᠡᠶ᠋ᠢᠲᠡᠯᠡᠬᠦ᠂ ᠡᠷᠦᠬᠡ᠎ᠳᠤ ᠣᠷᠣᠵᠤ ᠤᠬᠠᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ᠎ᠳᠤ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠤᠬᠠᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠴᠠᠭ ᠲᠤᠬᠠᠶ᠎ᠳᠤᠨᠢ ᠲᠠᠨᠢᠯᠴᠠᠭᠤᠯᠬᠤ ᠬᠡᠷᠡᠭᠲᠡᠶ᠃ ᠶᠠᠳᠠᠭᠤ ᠬᠦᠴᠢᠷᠳᠡᠯᠲᠡᠶ ᠡᠷᠦᠬᠡ ᠪᠠᠶ᠋ᠢᠳᠠᠯ᠎ᠢ ᠮᠡᠳᠡᠵᠦ᠂ ᠰᠠᠢ᠍ᠢ᠍ᠨ ᠲᠤᠷ᠎ᠠ᠎ᠠᠴᠠ᠎ᠪᠠᠨ ᠪᠠᠢ᠍ᠢ᠍ᠬᠤ ᠰᠠᠭᠤᠷᠢᠨ ᠳᠡᠭᠡᠷ᠎ᠡ᠂ ᠭᠤᠶᠤᠴᠢᠯᠠᠯ ᠳᠤᠷᠠᠳᠴᠤ᠂ ᠭᠠᠴᠠᠭ᠎ᠠ ᠲᠣᠰᠬᠣᠨ᠎ᠤ ᠬᠣᠶᠠᠷ ᠵᠥᠪᠯᠡᠯ᠎ᠠᠴᠠ ᠬᠢᠨᠠᠨ ᠪᠠᠶ᠋ᠢᠴᠠᠭ᠋ᠠᠬᠤ᠂ ᠭᠠᠴᠠᠭ᠎ᠠ ᠲᠣᠰᠬᠣᠨ᠎ᠤ ᠠᠷᠠᠳ᠎ᠤᠨ ᠲᠥᠯᠥᠭᠡᠯᠡᠭᠴᠢᠳ᠎ᠤᠨ ᠬᠤᠷᠠᠯ ᠵᠶ᠋ᠠᠷ ᠦᠨᠡᠯᠡᠨ ᠶᠠᠷᠢᠯᠴᠠᠬᠤ᠂ ᠭᠠᠴᠠᠭ᠎ᠠ ᠲᠣᠰᠬᠣᠨ᠎ᠤ ᠱᠠᠲᠤᠨ᠎ᠳᠤ ᠢᠯᠡ ᠨᠡᠶ᠋ᠢᠲᠡᠯᠡᠬᠦ᠂ ᠰᠤᠮᠤ ᠰᠢᠶᠠᠩ ᠪᠠᠯᠭ᠋ᠠᠰᠤ ᠵᠢ ᠬᠢᠨᠠᠨ ᠬᠠᠷᠭᠤᠭᠤᠯᠬᠤ᠂ ᠰᠤᠮᠤ ᠰᠢᠶᠠᠩ᠎ᠤᠨ ᠱᠠᠲᠤᠨ᠎ᠳᠤ ᠢᠯᠡ ᠨᠡᠶ᠋ᠢᠲᠡᠯᠡᠬᠦ᠂ ᠬᠣᠰᠢᠭᠤ ᠰᠢᠶᠠᠨ᠎ᠤ ᠱᠠᠲᠤᠨ᠎ᠳᠤ ᠳᠠᠩᠰᠠᠯᠠᠬᠤ ᠵᠡᠷᠭᠡ ᠳᠡᠰ ᠳᠠᠷᠠᠭ᠋ᠠᠯᠠᠯ ᠵᠶ᠋ᠠᠷ ᠠᠵᠢᠯ᠎ᠤᠨ ᠪᠠᠶ᠋ᠢᠷᠢ᠎ᠳᠤ ᠭᠠᠷᠬᠤ ᠬᠥᠮᠦᠰ᠎ᠢ ᠲᠣᠭᠲᠠᠭ᠋ᠠᠨ᠎ᠠ᠃ ᠠᠵᠢᠯ᠎ᠤᠨ ᠪᠠᠶ᠋ᠢᠷᠢ᠎ᠳᠤ ᠭᠠᠷᠤᠭᠰᠠᠨ ᠬᠥᠮᠦᠰ ᠬᠤᠪᠢᠷᠠᠯᠲᠠ ᠭᠠᠷᠬᠤ ᠦᠶ᠎ᠡ᠎ᠳᠤ᠂ ᠬᠣᠰᠢᠭᠤ ᠰᠢᠶᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠣᠢ ᠰᠢᠭᠤᠶ ᠨᠤᠳᠤᠭ ᠪᠡᠯᠴᠢᠭᠡᠷ᠂ ᠡᠳ᠋᠎ᠤᠨ ᠵᠠᠰᠠᠭ᠂ ᠶᠠᠳᠠᠭᠤ ᠵᠢ ᠲᠡᠳᠬᠦᠬᠦ ᠨᠡᠭᠡᠭᠡᠯᠳᠠ ᠵᠢᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠵᠦ ᠳᠠᠩᠰᠠᠯᠠᠭᠤᠯᠬᠤ ᠵᠢᠨ ᠬᠠᠮᠲᠤ ᠳᠡᠰ ᠳᠠᠷᠠᠭ᠋ᠠᠯᠠᠯ ᠶᠣᠰᠣᠭ᠋ᠠᠷ ᠳᠤᠲᠠᠭᠤ᠎ᠪᠠᠨ ᠨᠥᠬᠥᠪᠥᠷᠢᠯᠡᠬᠦ ᠬᠡᠷᠡᠭᠲᠡᠶ᠃
ᠳᠥᠷᠪᠡᠳᠦᠭᠡᠷ ᠪᠦᠯᠦᠭ ᠠᠵᠢᠯ᠎ᠤᠨ ᠪᠠᠶ᠋ᠢᠷᠢ ᠵᠢᠨ ᠬᠠᠮᠢᠶᠠᠷᠤᠯᠲᠠ
ᠳᠣᠯᠣᠳᠤᠭ᠋ᠠᠷ ᠵᠦᠢ᠍ᠯ ᠬᠥᠳᠡᠯᠮᠦᠷᠢᠯᠡᠭᠰᠡᠨ ᠬᠢᠷᠢ᠎ᠪᠠᠷ ᠬᠥᠯᠥᠰᠥ ᠣᠯᠭᠣᠮᠵᠢ ᠲᠣᠭᠲᠠᠭ᠋ᠠᠬᠤ ᠲᠦᠷᠢᠮ᠎ᠢ ᠪᠠᠶ᠋ᠢᠭᠤᠯᠤᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠡᠯ᠎ᠡ ᠠᠵᠢᠯ᠎ᠤᠨ ᠪᠠᠶ᠋ᠢᠷᠢ ᠵᠢᠨ ᠪᠣᠳᠠᠲᠠᠶ ᠲᠤᠰᠢᠶᠠᠯ ᠬᠠᠷᠢᠭᠤᠴᠠᠯᠭ᠎ᠠ᠂ ᠠᠵᠢᠯ᠎ᠤᠨ ᠡᠭᠦᠷᠭᠡ ᠵᠢ ᠲᠣᠭᠲᠠᠭ᠋ᠠᠵᠤ᠂ ᠰᠤᠮᠤ ᠰᠢᠶᠠᠩ ᠪᠠᠯᠭ᠋ᠠᠰᠤ᠎ᠨᠢ ᠲᠣᠰ ᠭᠠᠵᠠᠷ᠎ᠤᠨ ᠠᠵᠢᠯ᠎ᠤᠨ ᠪᠠᠶ᠋ᠢᠷᠢ ᠵᠢᠨ ᠲᠥᠯᠥᠪᠯᠡᠭᠡ᠂ ᠠᠵᠢᠯ᠎ᠤᠨ ᠪᠠᠶ᠋ᠢᠷᠢ᠎ᠳᠤ ᠭᠠᠷᠤᠭᠰᠠᠨ ᠬᠥᠮᠦᠰ᠂ ᠨᠥᠬᠥᠪᠥᠷᠢ ᠵᠢᠨ ᠪᠠᠷᠢᠮᠵᠢᠶ᠎ᠠ ᠵᠢ ᠬᠣᠰᠢᠭᠤ ᠰᠢᠶᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠵᠢ ᠲᠡᠳᠬᠦᠬᠦ ᠨᠡᠭᠡᠭᠡᠯᠳᠠ ᠵᠡᠷᠭᠡ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ᠂ ᠬᠣᠰᠢᠭᠤ ᠰᠢᠶᠠᠨ᠎ᠤ ᠬᠠᠮᠢᠶ᠎ᠠ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠩᠬ᠎ᠠ ᠬᠢᠨᠠᠭᠰᠠᠨ᠎ᠤ ᠳᠠᠷᠠᠭ᠎ᠠ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠨ᠎ᠠ᠃ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠠᠵᠢᠯ᠎ᠤᠨ ᠪᠠᠶ᠋ᠢᠷᠢ ᠵᠢᠨ ᠡᠭᠦᠷᠭᠡ᠂ ᠬᠥᠳᠡᠯᠮᠦᠷᠢᠯᠡᠬᠦ ᠴᠠᠭ᠂ ᠬᠥᠳᠡᠯᠮᠦᠷᠢᠯᠡᠬᠦ ᠡᠷᠴᠢᠮ ᠵᠡᠷᠭᠡ ᠬᠦᠴᠦᠨ ᠵᠦᠢ᠍ᠯ᠎ᠢ ᠦᠨᠳᠦᠰᠦᠯᠡᠨ ᠡᠯ᠎ᠡ ᠠᠵᠢᠯ᠎ᠤᠨ ᠪᠠᠶ᠋ᠢᠷᠢ ᠵᠢᠨ ᠨᠥᠬᠥᠪᠥᠷᠢ ᠵᠢᠨ ᠪᠠᠷᠢᠮᠵᠢᠶ᠎ᠠ ᠵᠢ ᠲᠣᠭᠲᠠᠭ᠋ᠠᠵᠤ᠂ ᠨᠥᠬᠥᠪᠥᠷᠢ ᠵᠢᠨ ᠪᠠᠷᠢᠮᠵᠢᠶ᠎ᠠ ᠵᠢ ᠵᠠᠷᠴᠢᠮ ᠳᠡᠭᠡᠷ᠎ᠡ᠎ᠪᠠᠨ ᠲᠤᠬᠠᠶ ᠵᠢᠨ ᠭᠠᠵᠠᠷ᠎ᠤᠨ ᠬᠣᠲᠠ ᠪᠠᠯᠭ᠋ᠠᠰᠤᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠨᠥᠬᠥᠪᠥᠷᠢ ᠵᠢᠨ ᠬᠢᠷᠢ ᠬᠡᠮᠵᠢᠶ᠎ᠡ᠎ᠠᠴᠠ ᠥᠨᠳᠥᠷ ᠪᠠᠶ᠋ᠢᠯᠭ᠋ᠠᠵᠤ ᠪᠣᠯᠬᠤ ᠦᠭᠡᠶ᠃ ᠡᠭᠦᠨ᠎ᠤ ᠬᠠᠮᠲᠤ ᠪᠠᠶ᠋ᠢᠳᠠᠯ᠎ᠢ ᠦᠵᠡᠵᠦ ᠪᠠᠶ᠋ᠢᠭ᠋ᠠᠳ ᠲᠥᠪᠬᠢᠨᠡᠭᠦᠯᠬᠦ ᠬᠥᠮᠦᠰ᠎ᠲᠤ ᠰᠠᠨᠠᠭ᠋ᠠᠨ᠎ᠳᠤ ᠦᠭᠡᠢ ᠰᠢᠷᠬᠠᠲᠤᠯ᠎ᠤᠨ ᠬᠤᠳᠠᠯᠳᠤᠭ᠋ᠠᠨ᠎ᠤ ᠳᠠᠭ᠋ᠠᠳᠬᠠᠯ ᠬᠤᠳᠠᠯᠳᠤᠨ ᠠᠪᠴᠤ ᠥᠭᠭᠦᠨ᠎ᠡ᠃ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ᠎ᠳᠤ ᠬᠡᠷᠡᠭᠰᠡᠬᠦ ᠨᠥᠬᠥᠪᠥᠷᠢ ᠪᠡᠯᠡ ᠮᠥᠩᠭᠥ ᠵᠢ ᠠᠵᠢᠯ ᠣᠯᠭᠣᠬᠤ ᠨᠥᠬᠥᠪᠥᠷᠢ ᠪᠡᠯᠡ ᠮᠥᠩᠭᠥ᠂ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠵᠢᠨ ᠨᠥᠬᠥᠪᠥᠷᠢ ᠪᠡᠯᠡ ᠮᠥᠩᠭᠥ᠂ ᠭᠡᠷᠡᠯ ᠸᠣᠯᠲ ᠵᠶ᠋ᠠᠷ ᠶᠠᠳᠠᠭᠤ ᠵᠢ ᠲᠡᠳᠬᠦᠬᠦ ᠴᠠᠬᠢᠯᠭ᠋ᠠᠨ ᠥᠷᠲᠡᠭᠡ ᠵᠢᠨ ᠠᠰᠢᠭ ᠣᠷᠣᠯᠭ᠎ᠠ᠂ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ᠂ ᠲᠣᠰᠬᠣᠨ᠎ᠤ ᠬᠠᠮᠲᠤ ᠵᠢᠨ ᠠᠵᠤ ᠠᠬᠤᠶ (ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠠᠰᠢᠭ ᠣᠯᠵᠠᠪᠤᠷᠢ ᠵᠢᠨ ᠪᠡᠯᠡ ᠮᠥᠩᠭᠥ ᠪᠠᠭᠲᠠᠨ᠎ᠠ) ᠵᠡᠷᠭᠡ᠎ᠠᠴᠠ ᠭᠠᠷᠭ᠋ᠠᠨ᠎ᠠ᠃ 《ᠪᠦᠷᠢᠨ ᠴᠢᠳᠠᠮᠵᠢᠳᠤ ᠺᠠᠷᠲ》᠂ ᠨᠡᠶ᠋ᠢᠭᠡᠮ᠎ᠤᠨ ᠳᠠᠭ᠋ᠠᠳᠬᠠᠯ᠎ᠤᠨ ᠺᠠᠷᠲ ᠪᠤᠶᠤ ᠪᠠᠩᠬᠢ ᠵᠢᠨ ᠺᠠᠷᠲ ᠵᠶ᠋ᠠᠷ ᠳᠠᠮᠵᠢᠭᠤᠯᠤᠨ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠬᠥᠮᠦᠰ᠎ᠲᠤ ᠬᠥᠳᠡᠯᠮᠦᠷᠢ ᠦᠢ᠍ᠯᠡᠴᠢᠯᠡᠭᠡᠨ᠎ᠤ ᠬᠠᠷᠠᠮᠵᠢ ᠣᠯᠭᠣᠨ᠎ᠠ᠃
ᠨᠠᠶᠮᠠᠳᠤᠭ᠋ᠠᠷ ᠵᠦᠢ᠍ᠯ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠪᠡᠯᠡ ᠮᠥᠩᠭᠥ ᠵᠢᠨ ᠠᠷᠭ᠎ᠠ ᠵᠠᠮ ᠶᠣᠰᠣᠭ᠋ᠠᠷ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠨᠡᠭᠡᠭᠡᠨ ᠠᠰᠢᠬᠯᠠᠯᠳᠠ ᠬᠠᠮᠢᠶᠠᠷᠤᠯᠲᠠ ᠵᠢ ᠲᠤᠰ ᠲᠤᠰ ᠬᠠᠷᠢᠭᠤᠴᠠᠵᠤ᠂ ᠪᠣᠳᠠᠲᠠᠶ ᠡᠳᠦᠷ ᠲᠤᠲᠤᠮ᠎ᠤᠨ ᠬᠠᠮᠢᠶᠠᠷᠤᠯᠲᠠ ᠵᠢ ᠡᠯ᠎ᠡ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠠᠴᠠ ᠬᠠᠷᠢᠭᠤᠴᠠᠨ᠎ᠠ᠃
ᠶᠢᠰᠦᠳᠦᠭᠡᠷ ᠵᠦᠢ᠍ᠯ ᠵᠥᠪᠳᠡᠯᠴᠡᠨ ᠦᠢ᠍ᠯᠡᠴᠢᠯᠡᠬᠦ ᠳᠦᠷᠢᠮ᠎ᠢ ᠪᠠᠶ᠋ᠢᠭᠤᠯᠤᠨ᠎ᠠ᠃ ᠰᠤᠮᠤ ᠰᠢᠶᠠᠩ ᠪᠠᠯᠭ᠋ᠠᠰᠤ ᠪᠤᠶᠤ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠣᠨ᠎ᠨᠢ ᠠᠵᠢᠯ᠎ᠤᠨ ᠪᠠᠶ᠋ᠢᠷᠢ᠎ᠳᠤ ᠭᠠᠷᠬᠤ ᠬᠥᠮᠦᠰ᠎ᠲᠠᠢ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ᠂ ᠬᠣᠶᠠᠷ ᠲᠠᠯ᠎ᠠ ᠵᠢᠨ ᠡᠷᠬᠡ ᠡᠭᠦᠷᠭᠡ ᠪᠣᠯᠤᠨ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ ᠵᠢᠨ ᠡᠭᠦᠷᠭᠡ ᠬᠥᠳᠡᠯᠮᠦᠷᠢ ᠵᠢᠨ ᠬᠥᠯᠥᠰᠥ ᠣᠯᠭᠣᠮᠵᠢ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠡᠷᠭᠡ ᠠᠭᠤᠯᠭ᠎ᠠ ᠵᠢ ᠲᠣᠳᠣᠷᠬᠠᠶ᠋ᠢᠯᠠᠵᠤ᠂ ᠨᠢᠭᠡ ᠵᠢᠯ᠎ᠳᠤ ᠨᠢᠭᠡ ᠤᠳᠠᠭ᠎ᠠ ᠬᠡᠯᠡᠯᠴᠡᠭᠡᠷ ᠲᠣᠭᠲᠠᠨ᠎ᠠ᠃ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ᠂ ᠠᠵᠢᠯ᠎ᠤᠨ ᠪᠠᠶ᠋ᠢᠷᠢ ᠵᠢᠨ ᠠᠵᠢᠯ᠎ᠢ ᠡᠭᠦᠷᠭᠡᠯᠡᠵᠦ ᠳᠡᠶ᠋ᠢᠯᠬᠦ ᠴᠢᠳᠠᠪᠤᠷᠢ᠎ᠲᠠᠢ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠢ ᠪᠣᠳᠠᠲᠠᠶ ᠬᠡᠷᠡᠭᠴᠡᠭᠡ᠎ᠪᠠᠨ ᠦᠨᠳᠦᠰᠦᠯᠡᠨ ᠲᠠᠰ ᠳᠠᠷᠠᠭ᠋ᠠᠯᠠᠯ ᠶᠣᠰᠣᠭ᠋ᠠᠷ ᠦᠷᠭᠦᠯᠵᠢᠯᠡᠨ ᠤᠷᠢᠨ ᠬᠡᠷᠡᠭᠯᠡᠵᠦ ᠪᠣᠯᠤᠨ᠎ᠠ᠃
ᠠᠷᠪᠠᠳᠤᠭ᠋ᠠᠷ ᠵᠦᠢ᠍ᠯ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠤᠯᠪᠠᠰᠤᠷᠠᠯ᠎ᠤᠨ ᠳᠦᠷᠢᠮ᠎ᠢ ᠪᠠᠶ᠋ᠢᠭᠤᠯᠤᠨ᠎ᠠ᠃ ᠠᠵᠢᠯ᠎ᠤᠨ ᠪᠠᠶ᠋ᠢᠷᠢ᠎ᠳᠤ ᠭᠠᠷᠤᠭᠰᠠᠨ ᠬᠥᠮᠦᠰ᠎ᠲᠠᠢ ᠬᠡᠯᠡᠯᠴᠡᠭᠡᠷ ᠲᠣᠭᠲᠠᠭᠰᠠᠨ᠎ᠤ ᠳᠠᠷᠠᠭ᠎ᠠ᠂ ᠡᠯ᠎ᠡ ᠰᠤᠮᠤ ᠰᠢᠶᠠᠩ ᠪᠠᠯᠭ᠋ᠠᠰᠤ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠤᠯᠪᠠᠰᠤᠷᠠᠯ᠎ᠢ ᠵᠣᠬᠢᠶᠠᠨ ᠪᠠᠶ᠋ᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠲᠥᠷᠥ ᠵᠢᠨ ᠪᠣᠳᠣᠯᠭ᠎ᠠ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠂ ᠬᠥᠳᠡᠯᠮᠦᠷᠢ ᠵᠢᠨ ᠮᠡᠷᠭᠡᠵᠢᠯ ᠴᠢᠳᠠᠪᠤᠷᠢ ᠵᠢᠨ ᠮᠡᠳᠡᠯᠭᠡ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠠᠷᠭ᠎ᠠ ᠵᠡᠷᠭᠡ ᠠᠭᠤᠯᠭ᠎ᠠ ᠵᠢᠨ ᠲᠤᠭᠤᠷᠢᠨ᠎ᠳᠤ ᠭᠤᠤᠯᠳᠠᠯᠭ᠎ᠠ᠎ᠲᠠᠢ ᠪᠤᠯᠪᠠᠰᠤᠷᠠᠯ ᠬᠦᠷᠳᠡᠭᠡᠵᠤ᠂ ᠠᠵᠢᠯ᠎ᠤᠨ ᠪᠠᠶ᠋ᠢᠷᠢ᠎ᠳᠤ ᠤᠷᠤᠭᠰᠢᠲᠠᠶ ᠭᠠᠷᠬᠤ ᠵᠢ ᠦᠨᠡᠨ ᠬᠦ᠌ ᠪᠠᠲᠤᠯᠠᠨ᠎ᠠ᠃
ᠠᠷᠪᠠᠨ ᠨᠢᠭᠡᠳᠦᠭᠡᠷ ᠵᠦᠢ᠍ᠯ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠳᠦᠷᠢᠮ᠎ᠢ ᠪᠠᠢ᠍ᠢ᠍ᠭᠤᠯᠤᠨ᠎ᠠ᠃ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠮᠡᠳᠡᠭᠡ ᠵᠠᠩᠭᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠬᠣᠰᠢᠭᠤ ᠰᠢᠶᠠᠨ ᠵᠶ᠋ᠠᠷ ᠨᠢᠭᠡᠴᠢ ᠪᠣᠯᠭ᠋ᠠᠨ ᠠᠵᠢᠯ᠎ᠤᠨ ᠪᠠᠶ᠋ᠢᠷᠢ ᠨᠢᠭᠡᠪᠦᠷᠢ ᠵᠢᠨ ᠮᠡᠳᠡᠭᠡ ᠵᠠᠩᠭᠢ ᠵᠢ ᠱᠠᠭ᠋ᠠᠷᠳᠠᠯᠭ᠎ᠠ ᠶᠣᠰᠣᠭ᠋ᠠᠷ ᠶᠠᠳᠠᠭᠤ ᠵᠢ ᠲᠡᠳᠬᠦᠬᠦ ᠨᠡᠭᠡᠭᠡᠯᠳᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠤᠨ᠎ᠠ᠃
ᠲᠠᠪᠤᠳᠤᠭ᠋ᠠᠷ ᠪᠦᠯᠦᠭ ᠪᠠᠲᠤᠯᠠᠭ᠎ᠠ ᠵᠢᠨ ᠬᠠᠮᠢᠶᠠᠷᠤᠯᠲᠠ
ᠠᠷᠪᠠᠨ ᠬᠣᠶᠠᠳᠤᠭ᠋ᠠᠷ ᠵᠦᠢ᠍ᠯ ᠡᠭᠦᠷᠭᠡ ᠬᠠᠷᠢᠭᠤᠴᠠᠯᠭ᠎ᠠ ᠵᠢ ᠢᠯᠡ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ᠎ᠠ᠃ ᠡᠯ᠎ᠡ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠣᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠤᠯᠤᠩ᠎ᠳᠤ ᠲᠣᠰ ᠭᠠᠵᠠᠷ᠎ᠤᠨ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠂ ᠠᠵᠢᠯ᠎ᠤᠨ ᠪᠠᠶ᠋ᠢᠷᠢ᠎ᠳᠤ ᠭᠠᠷᠤᠭᠰᠠᠨ ᠬᠥᠮᠦᠰ᠎ᠤᠨ ᠣᠪᠣᠭ ᠨᠡᠷ᠎ᠡ᠂ ᠬᠥᠳᠡᠯᠮᠦᠷᠢ ᠦᠢ᠍ᠯᠡᠴᠢᠯᠡᠭᠡᠨ᠎ᠤ ᠬᠠᠷᠠᠮᠵᠢ᠂ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠪᠠᠢ᠍ᠢ᠍ᠳᠠᠯ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ ᠵᠡᠷᠭᠡ ᠠᠭᠤᠯᠭ᠎ᠠ ᠵᠢ ᠢᠯᠡ ᠪᠣᠯᠭ᠋ᠠᠵᠤ᠂ ᠣᠯᠠᠨ ᠲᠦᠮᠡᠨ᠎ᠤ ᠬᠢᠨᠠᠯᠲᠠ ᠵᠢ ᠬᠦᠯᠢᠶᠡᠨ᠎ᠡ᠃
ᠠᠷᠪᠠᠨ ᠭᠤᠷᠪᠠᠳᠤᠭ᠋ᠠᠷ ᠵᠦᠢ᠍ᠯ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ᠎ᠠ᠃ 《ᠬᠡᠨ ᠬᠥᠮᠦᠨ ᠬᠡᠷᠡᠭᠯᠡᠪᠡᠯ ᠲᠡᠷᠡ ᠬᠠᠮᠢᠶᠠᠷᠬᠤ》 ᠵᠠᠷᠴᠢᠮ ᠶᠣᠰᠣᠭ᠋ᠠᠷ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ ᠬᠥᠮᠦᠰ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠰᠢᠶᠠᠩ ᠪᠠᠯᠭ᠋ᠠᠰᠤᠨᠤᠭᠤᠳ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠬᠥᠮᠦᠰ᠎ᠤᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠪᠠᠶ᠋ᠢᠳᠠᠯ᠂ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠭᠡᠷᠡᠭᠳᠡᠢ᠃ ᠲᠣᠰᠬᠣᠨ᠎ᠤ ᠬᠣᠶᠠᠷ ᠵᠥᠪᠯᠡᠯ᠎ᠨᠢ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠠᠵᠢᠯᠯᠠᠵᠤ ᠪᠠᠢ᠌ᠭ᠎ᠠ ᠬᠥᠮᠦᠰ᠎ᠤᠨ ᠡᠳᠦᠷ ᠲᠤᠲᠤᠮ᠎ᠤᠨ ᠬᠠᠮᠢᠶᠠᠷᠤᠯᠲᠠ ᠵᠢ ᠬᠠᠷᠢᠭᠤᠴᠠᠵᠤ᠂ ᠠᠵᠢᠯ᠎ᠳᠤ ᠭᠠᠷᠬᠤ ᠵᠢ ᠬᠢᠨᠠᠨ ᠰᠢᠯᠭ᠋ᠠᠬᠤ ᠳᠦᠷᠢᠮ᠎ᠢ ᠬᠡᠷᠡᠭᠵᠢᠭᠦᠯᠵᠦ᠂ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠠᠵᠢᠯᠯᠠᠵᠤ ᠪᠠᠢ᠌ᠭ᠎ᠠ ᠬᠥᠮᠦᠰ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠵᠤ᠂ ᠵᠣᠬᠢᠴᠠᠩᠭᠤᠶ ᠬᠠᠮᠢᠶᠠᠷᠤᠯᠲᠠ ᠵᠢᠨ ᠳᠦᠷᠢᠮ ᠪᠣᠯᠤᠨ ᠬᠢᠨᠠᠨ ᠰᠢᠯᠭ᠋ᠠᠵᠤ ᠱᠠᠩᠨᠠᠬᠤ ᠲᠣᠷᠭ᠋ᠠᠬᠤ ᠠᠷᠭ᠎ᠠ ᠵᠢ ᠲᠣᠭᠲᠠᠭ᠋ᠠᠵᠤ᠂ ᠬᠢᠨᠠᠨ ᠰᠢᠯᠭ᠋ᠠᠭᠰᠠᠨ ᠪᠠᠶ᠋ᠢᠳᠠᠯ᠎ᠢ ᠱᠠᠩᠨᠠᠵᠤ ᠲᠣᠷᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠶ᠃ ᠶᠠᠳᠠᠭᠤ ᠵᠢ ᠲᠡᠳᠬᠦᠬᠦ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠠᠵᠢᠯᠴᠢᠨ᠎ᠳᠤ ᠳᠣᠤᠷ᠎ᠠ ᠵᠢᠭᠰᠠᠭ᠋ᠠᠭᠰᠠᠨ ᠪᠠᠢ᠍ᠢ᠍ᠳᠠᠯ᠎ᠤᠨ ᠨᠢᠭᠡ᠎ᠨᠢ ᠪᠠᠢ᠌ᠪᠠᠯ᠂ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠤ ᠬᠣᠶᠠᠷ ᠵᠥᠪᠯᠡᠯ᠎ᠨᠢ ᠳᠡᠰ ᠳᠠᠷᠠᠭ᠋ᠠᠯᠠᠯ᠎ᠤᠨ ᠶᠣᠰᠣᠭ᠋ᠠᠷ ᠬᠥᠳᠡᠯᠮᠦᠷᠢ ᠦᠢ᠍ᠯᠡᠴᠢᠯᠡᠭᠡᠨ᠎ᠤ ᠭᠡᠷ᠎ᠡ᠎ᠪᠠᠨ ᠬᠦᠴᠦᠨ ᠦᠭᠡᠢ ᠪᠣᠯᠭ᠋ᠠᠬᠤ ᠵᠢᠨ ᠬᠠᠮᠲᠤ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠣᠰᠢᠭᠤ ᠰᠢᠶᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠵᠢ ᠲᠡᠳᠬᠦᠬᠦ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠵᠦ᠂ ᠠᠵᠢᠯ᠎ᠤᠨ ᠪᠠᠶ᠋ᠢᠷᠢ ᠵᠢᠨ ᠨᠥᠬᠥᠪᠥᠷᠢ ᠣᠯᠭᠣᠬᠤ ᠵᠢ ᠵᠣᠭᠰᠣᠭ᠋ᠠᠨ᠎ᠠ᠃
1. ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠬᠥᠮᠦᠰ ᠰᠠᠢ᠍ᠢ᠍ᠨ ᠳᠤᠷ᠎ᠠ᠎ᠠᠴᠠ᠎ᠪᠠᠨ ᠬᠥᠳᠡᠯᠮᠦᠷᠢ ᠵᠢᠨ ᠭᠡᠷ᠎ᠡ ᠪᠤᠶᠤ ᠬᠥᠳᠡᠯᠮᠦᠷᠢ ᠦᠢ᠍ᠯᠡᠴᠢᠯᠡᠭᠡᠨ᠎ᠤ ᠬᠡᠯᠡᠯᠴᠡᠭᠡᠷ᠎ᠢ ᠬᠦᠴᠤᠨ ᠦᠭᠡᠢ ᠪᠤᠯᠭ᠋ᠠᠬᠤ᠎ᠪᠠᠷ ᠭᠤᠶᠤᠴᠢᠯᠠᠭᠰᠠᠨ;
2. ᠪᠤᠰᠤᠳ ᠠᠷᠭ᠎ᠠ ᠵᠠᠮ ᠵᠶ᠋ᠠᠷ ᠨᠢᠭᠡᠨᠲᠡ ᠠᠵᠢᠯ ᠣᠯᠤᠭᠰᠠᠨ;
3. ᠦᠬᠦᠭᠰᠡᠨ;
4. ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠲᠤᠰᠢᠶᠠᠯ ᠬᠠᠷᠢᠭᠤᠴᠠᠯᠭ᠎ᠠ᠎ᠪᠠᠨ ᠡᠭᠦᠷᠭᠡᠯᠡᠵᠦ ᠳᠡᠶ᠋ᠢᠯᠬᠦ ᠥᠬᠡᠶ;
5. ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠬᠠᠮᠢᠶᠠᠷᠤᠯᠲᠠ ᠵᠢᠨ ᠲᠦᠷᠢᠮ᠎ᠠᠴᠠ ᠬᠦᠨᠳᠦ ᠨᠣᠴᠢᠲᠠᠶ ᠵᠥᠷᠢᠴᠡᠭᠰᠡᠨ;
6. ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ;
7. ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠎ᠠᠴᠠ ᠪᠣᠯᠵᠣ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢ ᠪᠠᠭ᠋ᠠᠰᠬᠠᠬᠤ ᠪᠤᠶᠤ ᠬᠦᠴᠦᠨ ᠥᠬᠡᠶ ᠪᠣᠯᠭ᠋ᠠᠬᠤ ᠴᠢᠬᠤᠯᠠᠲᠠᠶ ᠪᠣᠯᠤᠭᠰᠠᠨ;
8. ᠦᠷᠭᠦᠯᠵᠢᠯᠡᠨ ᠠᠵᠢᠯᠯᠠᠬᠤ᠎ᠳᠤ ᠲᠣᠬᠢᠷᠠᠮᠵᠢ ᠦᠭᠡᠢ ᠬᠠᠤᠯᠢ᠎ᠪᠠᠷ ᠲᠣᠭᠲᠠᠭ᠋ᠠᠭᠰᠠᠨ ᠪᠤᠰᠤᠳ ᠪᠠᠶ᠋ᠢᠳᠠᠯ᠃
ᠡᠯ᠎ᠡ ᠭᠠᠵᠠᠷ᠎ᠤᠨ᠎ᠬᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠠᠷᠭ᠎ᠠ᠎ᠪᠠᠨ ᠰᠢᠨᠠᠴᠢᠯᠠᠵᠤ᠂ ᠤᠯᠠᠨ ᠲᠦᠮᠡᠨ᠎ᠤ ᠦᠨᠡᠯᠡᠯᠲᠡ᠂ ᠬᠤᠪᠢ ᠬᠤᠷᠠᠮᠳᠤᠭᠤᠯᠤᠨ ᠬᠠᠮᠢᠶᠠᠷᠬᠤ ᠲᠣᠭᠲᠠᠴᠠ ᠵᠢ ᠣᠷᠣᠭᠤᠯᠤᠨ ᠠᠪᠴᠢᠷᠠᠵᠤ᠂ ᠢᠷᠠᠭᠤ ᠠᠯᠳᠠᠷᠲᠤ ᠲᠦᠷᠦᠭᠳᠡᠯ᠎ᠲᠠᠢ ᠪᠤᠯᠭ᠋ᠠᠨ᠎ᠠ᠃
ᠠᠷᠪᠠᠨ ᠳᠥᠷᠪᠡᠳᠦᠭᠡᠷ ᠵᠦᠢ᠍ᠯ ᠱᠠᠯᠠᠪᠳᠠᠭᠤᠯᠤᠨ ᠪᠠᠶ᠋ᠢᠴᠠᠭ᠋ᠠᠬᠤ ᠳᠦᠷᠢᠮ᠎ᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠂ ᠣᠢ ᠰᠢᠭᠤᠶ ᠨᠤᠳᠤᠭ ᠪᠡᠯᠴᠢᠭᠡᠷ᠂ ᠶᠠᠳᠠᠭᠤ ᠵᠢ ᠲᠡᠳᠬᠦᠬᠦ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠱᠠᠯᠠᠪᠳᠠᠭᠤᠯᠤᠨ ᠪᠠᠢ᠍ᠢ᠍ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠣᠭᠲᠠᠭ᠋ᠠᠯ ᠶᠣᠰᠣᠭ᠋ᠠᠷ ᠠᠵᠢᠯ᠎ᠤᠨ ᠪᠠᠶ᠋ᠢᠷᠢ ᠲᠤᠬᠢᠷᠠᠭᠤᠯᠤᠭᠰᠠᠨ ᠦᠭᠡᠢ᠂ ᠲᠣᠭᠲᠠᠭ᠋ᠠᠯ᠎ᠠᠴᠠ ᠵᠥᠷᠢᠴᠡᠨ ᠰᠢᠯᠢᠵᠤ ᠤᠷᠢᠬᠤ᠂ ᠨᠥᠬᠥᠪᠥᠷᠢ ᠠᠪᠴᠤ ᠪᠠᠢ᠍ᠢ᠍ᠳᠠᠯ᠎ᠠ᠎ᠪᠠᠨ ᠠᠵᠢᠯ᠎ᠤᠨ ᠪᠠᠶ᠋ᠢᠷᠢ᠎ᠳᠤ ᠭᠠᠷᠬᠤ ᠦᠭᠡᠢ᠂ ᠬᠥᠮᠦᠨ ᠡᠷᠢᠵᠦ ᠠᠵᠢᠯ᠎ᠤᠨ ᠪᠠᠶ᠋ᠢᠷᠢ ᠵᠢ ᠣᠷᠣᠯᠠᠬᠤ ᠵᠡᠷᠭᠡ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠬᠦᠯᠤᠨ ᠵᠠᠯᠠᠭᠤᠷᠠᠭᠤᠯᠬᠤ ᠭᠡᠷᠡᠭᠳᠡᠢ᠃ ᠬᠣᠰᠢᠭᠤ ᠰᠢᠶᠠᠨ᠎ᠤ ᠡᠳ᠋᠎ᠤᠨ ᠵᠠᠰᠠᠭ ᠬᠢᠨᠠᠨ ᠪᠣᠳᠣᠬᠤ ᠰᠠᠯᠠᠭ᠎ᠠ ᠮᠥᠴᠢᠷ᠎ᠤᠨ᠎ᠬᠢᠨ ᠨᠡᠶ᠋ᠢᠳᠠ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠨᠥᠬᠥᠪᠥᠷᠢ ᠥᠭᠬᠦ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠢᠯ᠎ᠤᠨ ᠪᠠᠶ᠋ᠢᠷᠢ ᠵᠢᠨ ᠨᠥᠬᠥᠪᠥᠷᠢ ᠵᠢ ᠬᠤᠳᠠᠯ ᠵᠶ᠋ᠠᠷ ᠮᠡᠳᠡᠭᠦᠯᠦᠭᠰᠡᠨ᠂ ᠬᠠᠭᠤᠷᠮᠠᠭᠯᠠᠨ ᠠᠪᠤᠭᠰᠠᠨ᠂ ᠮᠡᠬᠡᠯᠡᠨ ᠠᠪᠤᠭᠰᠠᠨ ᠨᠢᠭᠡᠴᠢ ᠪᠠ ᠬᠤᠪᠢ ᠬᠥᠮᠦᠨ᠎ᠢ ᠪᠠᠢ᠍ᠢ᠍ᠴᠠᠭ᠋ᠠᠵᠤ ᠢᠯᠡᠷᠡᠬᠦᠯᠦᠭᠰᠡᠨ ᠲᠠᠷᠤᠢ᠎ᠳᠤ᠎ᠨᠢ ᠨᠥᠬᠥᠪᠥᠷᠢ ᠮᠥᠩᠭᠥ ᠵᠢ ᠨᠡᠬᠡᠮᠵᠢᠯᠡᠨ ᠠᠪᠴᠢᠷᠠᠵᠤ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠲᠤᠢ᠍ᠷᠢᠮ
ᠠᠷᠪᠠᠨ ᠲᠠᠪᠤᠳᠤᠭ᠋ᠠᠷ ᠵᠦᠢ᠍ᠯ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠵᠢ ᠰᠤᠡᠭᠭᠤᠵᠤ ᠤᠷᠢᠬᠤ ᠬᠠᠮᠢᠶᠠᠷᠤᠯᠲᠠ ᠵᠢ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠬᠡᠷ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠬᠡᠷ᠎ᠤᠨ ᠶᠡᠷᠦᠩᠬᠡᠶ᠋ᠢᠯᠡᠭᠰᠡᠨ ᠵᠤᠷᠭ᠋ᠠᠨ᠎ᠤ ᠪᠠᠭᠤᠯᠭ᠋ᠠᠭᠰᠠᠨ 《ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠵᠢᠨ ᠬᠠᠮᠢᠶᠠᠷᠤᠯᠲᠠ ᠵᠢᠨ ᠠᠷᠭ᠎ᠠ》 (ᠠᠯᠪᠠᠨ ᠬᠡᠷ ᠲᠣᠭᠲᠠᠭ᠋ᠠᠯ ᠥᠰᠥᠭ [2019] 114 ᠳ᠋ᠥᠭᠡᠷ ᠲᠣᠭ᠋ᠠᠲᠤ)᠎ᠪᠠᠷ ᠬᠡᠷᠡᠭᠵᠢᠭᠦᠯᠦᠨ᠎ᠡ᠃
ᠠᠷᠪᠠᠨ ᠵᠢᠷᠭᠤᠳᠤᠭ᠋ᠠᠷ ᠵᠦᠢ᠍ᠯ ᠲᠣᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠳᠠᠭ᠋ᠠᠯᠳᠤᠭᠤᠯᠤᠯ᠄
《ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠦᠢ᠍ᠯᠡᠴᠢᠯᠡᠭᠡᠨ᠎ᠤ ᠭᠡᠯᠡᠯᠴᠡᠭᠡᠷ》 (ᠯᠠᠪᠯᠠᠯᠲᠠ ᠪᠤᠯᠭ᠋ᠠᠬᠤ ᠭᠡᠯᠪᠠᠷᠢ ᠮᠠᠶᠢᠭ)
ᠶᠠᠳᠠᠭᠤ ᠵᠢ ᠲᠡᠳᠬᠦᠬᠦ ᠨᠡᠢ᠍ᠢ᠍ᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠦᠢ᠍ᠯᠡᠴᠢᠯᠡᠭᠡᠨ᠎ᠤ ᠬᠡᠯᠡᠯᠴᠡᠭᠡᠷ (ᠯᠠᠪᠯᠠᠯᠲᠠ ᠪᠤᠯᠭ᠋ᠠᠬᠤ ᠭᠡᠯᠪᠡᠷᠢ ᠮᠠᠶᠢᠭ)
ᠬᠥᠬᠡ᠄ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ / ᠭᠠᠴᠠᠭ᠋ᠠᠨ᠎ᠤ ᠠᠷᠠᠳ᠎ᠤᠨ ᠵᠥᠪᠯᠡᠯ (ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ)
ᠬᠥᠬᠡᠭᠴᠢᠨ᠄ ᠪᠡᠶ᠎ᠡ ᠵᠢᠨ ᠦᠨᠡᠮᠯᠡᠯ᠎ᠤᠨ ᠨᠣᠮᠧᠷ᠄
ᠤᠲᠠᠰᠤᠨ ᠨᠣᠮᠧᠷ᠄
ᠬᠥᠬᠡ ᠬᠥᠬᠡᠭᠴᠢᠨ ᠬᠣᠶᠠᠷ ᠡᠲᠡᠭᠡᠳ ᠡᠷᠬᠡ ᠲᠡᠭᠰᠢ ᠰᠠᠶ᠋ᠢᠨ ᠳᠤᠷ᠎ᠠ᠎ᠠᠴᠠ᠎ᠪᠠᠨ ᠪᠠᠶ᠋ᠢᠵᠤ᠂ ᠵᠥᠪᠳᠡᠯᠴᠡᠭᠡᠳ ᠰᠠᠨᠠᠯ ᠨᠢᠭᠡᠳᠦᠭᠰᠡᠨ ᠰᠠᠭᠤᠷᠢᠨ ᠳᠡᠭᠡᠷ᠎ᠡ᠂ ᠶᠠᠳᠠᠭᠤ ᠵᠢ ᠲᠡᠳᠬᠦᠬᠦ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠢ ᠰᠠᠶ᠋ᠢᠨ ᠳᠤᠷ᠎ᠠ᠎ᠠᠴᠠ᠎ᠪᠠᠨ ᠲᠣᠭᠲᠠᠵᠤ᠂ ᠲᠣᠰ ᠭᠡᠯᠡᠯᠴᠡᠭᠡᠷ᠎ᠲᠤ ᠵᠢᠭᠰᠠᠭ᠋ᠠᠭᠰᠠᠨ ᠵᠦᠢ᠍ᠯ ᠵᠤᠷᠪᠤᠰ᠎ᠢ ᠬᠠᠮᠲᠤ᠎ᠪᠠᠷ ᠵᠢᠷᠤᠮᠯᠠᠬᠤ ᠬᠡᠷᠡᠭᠲᠡᠶ᠃
ᠨᠢᠭᠡᠳᠦᠭᠡᠷ ᠵᠦᠢ᠍ᠯ ᠦᠢ᠍ᠯᠡᠴᠢᠯᠡᠭᠡᠨ᠎ᠤ ᠭᠡᠯᠡᠯᠴᠡᠭᠡᠷ᠎ᠤᠨ ᠬᠤᠭᠤᠴᠠᠭ᠎ᠠ
ᠲᠤᠰ ᠦᠢ᠍ᠯᠡᠴᠢᠯᠡᠭᠡᠨ᠎ᠤ ᠭᠡᠯᠡᠯᠴᠡᠭᠡᠷ᠎ᠨᠢ ᠣᠨ᠎ᠤ ᠰᠠᠷ᠎ᠠ ᠵᠢᠨ ᠡᠳᠦᠷ᠎ᠠᠴᠠ ᠣᠨ᠎ᠤ ᠰᠠᠷ᠎ᠠ ᠵᠢᠨ ᠡᠳᠦᠷ ᠪᠣᠯᠲᠠᠯ᠎ᠠ᠂ ᠬᠤᠭᠤᠴᠠᠭ᠎ᠠ᠎ᠨᠢ ᠣᠨ᠎ᠤ ᠰᠠᠷ᠎ᠠ ᠪᠣᠯᠤᠨ᠎ᠠ᠃
ᠬᠣᠶᠠᠳᠤᠭ᠋ᠠᠷ ᠵᠦᠢ᠍ᠯ ᠦᠢ᠍ᠯᠡᠴᠢᠯᠡᠬᠦ ᠠᠭᠤᠯᠭ᠎ᠠ ᠪᠠ ᠦᠢ᠍ᠯᠡᠴᠢᠯᠡᠬᠦ ᠭᠠᠵᠠᠷ
1. ᠪᠦᠬᠦ ᠤᠯᠤᠰ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠦᠭᠡ ᠡᠳᠡᠭᠡᠳ᠎ᠨᠢ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠦᠨᠳᠦᠰᠦᠯᠡᠨ᠂ ᠬᠥᠬᠡᠭᠴᠢᠨ ᠲᠠᠯ᠎ᠠ ᠵᠢ ᠠᠵᠢᠯ᠎ᠤᠨ ᠪᠠᠶ᠋ᠢᠷᠢ᠎ᠳᠤ ᠲᠣᠬᠢᠷᠠᠭᠤᠯᠪᠠ᠂ ᠭᠣᠣᠯ ᠠᠵᠢᠯ᠎ᠤᠨ ᠠᠭᠤᠯᠭ᠎ᠠ᠎ᠨᠢ᠄ ᠬᠥᠬᠡ ᠡᠳᠡᠭᠡᠳ᠎ᠨᠢ ᠦᠨᠡᠨ ᠬᠦ᠌ ᠠᠵᠢᠯ᠎ᠤᠨ ᠬᠡᠷᠡᠭᠴᠡᠭᠡ᠎ᠠᠴᠠ ᠪᠣᠯᠵᠤ ᠬᠥᠬᠡᠭᠴᠢᠨ ᠡᠳᠡᠭᠡᠳ᠎ᠤᠨ ᠦᠢ᠍ᠯᠡᠴᠢᠯᠡᠭᠡᠨ᠎ᠤ ᠠᠵᠢᠯ᠎ᠤᠨ ᠪᠠᠶ᠋ᠢᠷᠢ ᠵᠢ ᠬᠤᠪᠢᠷᠠᠭᠤᠯᠵᠤ ᠪᠣᠯᠤᠨ᠎ᠠ᠂ ᠭᠡᠪᠡᠴᠦ ᠬᠥᠬᠡᠭᠴᠢᠨ ᠡᠳᠡᠭᠡᠳ᠎ᠲᠠᠢ ᠵᠥᠪᠳᠡᠯᠴᠡᠵᠦ ᠪᠠᠶ᠋ᠢᠭ᠋ᠠᠳ ᠬᠤᠪᠢᠷᠠᠭᠤᠯᠬᠤ ᠬᠡᠯᠡᠯᠴᠡᠭᠡᠷ᠎ᠢ ᠨᠥᠬᠥᠵᠦ ᠲᠣᠭᠲᠠᠬᠤ ᠬᠡᠷᠡᠭᠲᠡᠶ᠃
2. ᠬᠥᠬᠡᠭᠴᠢᠨ ᠡᠳᠡᠭᠡᠳ᠎ᠤᠨ ᠦᠢ᠍ᠯᠡᠴᠢᠯᠡᠬᠦ ᠭᠠᠵᠠᠷ᠎ᠨᠢ᠃
ᠭᠤᠷᠪᠠᠳᠤᠭ᠋ᠠᠷ ᠵᠦᠢ᠍ᠯ ᠦᠢ᠍ᠯᠡᠴᠢᠯᠡᠬᠦ ᠴᠠᠭ
ᠬᠥᠬᠡᠭᠴᠢᠨ ᠡᠳᠡᠭᠡᠳ᠎ᠨᠢ ᠪᠦᠬᠦᠯᠢ ᠡᠳᠦᠷ᠎ᠤᠨ ᠳᠦᠷᠢᠮᠲᠦ (ᠪᠦᠬᠦᠯᠢ ᠡᠳᠦᠷ᠎ᠤᠨ ᠳᠦᠷᠢᠮᠲᠦ ᠪᠤᠰᠤ ᠴᠠᠭ) ᠦᠢ᠍ᠯᠡᠴᠢᠯᠡᠭᠡᠨ᠎ᠤ ᠳᠦᠷᠢᠮ᠎ᠢ ᠬᠡᠷᠡᠭᠵᠢᠭᠦᠯᠵᠦ᠂ ᠪᠣᠳᠠᠲᠠᠶ ᠦᠢ᠍ᠯᠡᠴᠢᠯᠡᠭᠡᠨ᠎ᠤ ᠲᠦᠷᠢᠮ᠎ᠢ ᠬᠦᠬᠡ ᠡᠳᠡᠭᠡᠳ᠎ᠨᠢ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠦᠨᠳᠦᠰᠦᠯᠡᠨ ᠲᠣᠬᠢᠷᠠᠭᠤᠯᠤᠨ᠎ᠠ᠂ ᠬᠥᠬᠡᠭᠴᠢᠨ ᠡᠳᠡᠭᠡᠳ᠎ᠨᠢ ᠳᠠᠭ᠋ᠠᠬᠤ ᠬᠡᠷᠡᠭᠲᠡᠶ᠃ ᠬᠥᠬᠡᠭᠴᠢᠨ ᠡᠳᠡᠭᠡᠳ᠎ᠨᠢ ᠦᠢ᠍ᠯᠡᠴᠢᠯᠡᠭᠡᠨ᠎ᠤ ᠵᠦᠢ᠍ᠯᠡᠰ᠎ᠢ ᠪᠡᠶᠡᠯᠡᠭᠦᠯᠦᠭᠰᠡᠨ᠎ᠤ ᠲᠠᠷᠠᠭ᠎ᠠ᠂ ᠪᠤᠰᠤᠳ ᠴᠠᠭ᠎ᠲᠤ ᠪᠤᠰᠤᠳ ᠦᠢ᠍ᠯᠡᠳᠪᠦᠷᠢᠯᠡᠯ ᠠᠮᠢᠳᠤᠷᠠᠯ᠎ᠤᠨ ᠠᠵᠢᠯᠯᠠᠭ᠎ᠠ ᠵᠢ ᠥᠪᠡᠰᠦᠪᠡᠨ ᠲᠣᠬᠢᠷᠠᠭᠤᠯᠤᠨ᠎ᠠ᠃
ᠳᠥᠷᠪᠡᠳᠦᠭᠡᠷ ᠵᠦᠢ᠍ᠯ ᠦᠢ᠍ᠯᠡᠴᠢᠯᠡᠭᠡᠨ᠎ᠤ ᠨᠥᠬᠥᠪᠥᠷᠢ
ᠬᠥᠬᠡ ᠡᠳᠡᠭᠡᠳ᠎ᠨᠢ ᠠᠵᠢᠯ᠎ᠤᠨ ᠬᠡᠮᠵᠢᠶ᠎ᠡ᠎ᠪᠠᠷ ᠦᠢ᠍ᠯᠡᠴᠢᠯᠡᠭᠡᠨ᠎ᠤ ᠨᠥᠬᠥᠪᠥᠷᠢ ᠵᠢ ᠪᠣᠳᠣᠵᠤ᠂ ᠬᠥᠬᠡᠭᠴᠢᠨ ᠡᠳᠡᠭᠡᠳ᠎ᠨᠢ ᠦᠢ᠍ᠯᠡᠴᠢᠯᠡᠭᠡᠨ᠎ᠤ ᠵᠦᠢ᠍ᠯᠡᠰ᠎ᠢ ᠪᠡᠶᠡᠯᠡᠭᠦᠯᠦᠭᠰᠡᠨ ᠪᠠᠶ᠋ᠢᠪᠠᠯ᠂ ᠬᠦᠬᠡ ᠡᠳᠡᠭᠡᠳ᠎ᠨᠢ ᠰᠠᠷ᠎ᠠ ᠪᠦᠷᠢ ᠨᠢᠭᠡ ᠤᠳᠠᠭ᠎ᠠ ᠥᠭᠭᠦᠨ᠎ᠡ᠂ ᠰᠠᠷ᠎ᠠ ᠪᠦᠷᠢ ᠲᠥᠭᠥᠷᠢᠭ ᠥᠭᠭᠦᠨ᠎ᠡ (ᠬᠡᠷᠪᠡ ᠲᠣᠬᠢᠷᠠᠭᠤᠯᠤᠯᠲᠠ᠎ᠲᠠᠢ ᠪᠣᠯ ᠰᠢᠨ᠎ᠡ ᠪᠠᠷᠢᠮᠵᠢᠶ᠎ᠠ᠎ᠪᠠᠷ ᠨᠥᠬᠥᠵᠦ ᠬᠠᠩᠭ᠋ᠠᠨ᠎ᠠ)᠃ ᠬᠡᠯᠡᠯᠴᠡᠭᠡᠷ᠎ᠤᠨ ᠬᠤᠭᠤᠴᠠᠭ᠋ᠠᠨ᠎ᠳᠤ᠂ ᠬᠡᠷᠪᠡ ᠬᠥᠬᠡᠭᠴᠢᠨ ᠡᠳᠡᠭᠡᠳ᠎ᠨᠢ ᠲᠤᠰ ᠪᠡᠶ᠎ᠡ ᠵᠢᠨ ᠰᠢᠯᠲᠠᠭ᠋ᠠᠨ᠎ᠠᠴᠠ ᠪᠤᠯᠵᠤ ᠠᠵᠢᠯ᠎ᠤᠨ ᠪᠠᠶ᠋ᠢᠷᠢ ᠵᠢᠨ ᠠᠵᠢᠯ᠎ᠢ ᠦᠷᠭᠦᠯᠵᠢᠯᠡᠨ ᠬᠢᠬᠦ ᠳᠤᠷ᠎ᠠ ᠦᠭᠡᠢ ᠪᠠᠶ᠋ᠢᠪᠠᠯ᠂ ᠬᠦᠬᠡ ᠡᠳᠡᠭᠡᠳ᠎ᠲᠤ ᠬᠡᠯᠡᠯᠴᠡᠭᠡᠷ᠎ᠢ ᠬᠦᠴᠦᠨ ᠦᠭᠡᠢ ᠪᠣᠯᠭ᠋ᠠᠬᠤ ᠭᠤᠶᠤᠴᠢᠯᠠᠯ ᠭᠠᠷᠭ᠋ᠠᠵᠤ ᠪᠣᠯᠤᠨ᠎ᠠ᠃ ᠬᠥᠬᠡ ᠬᠥᠬᠡᠭᠴᠢᠨ ᠬᠣᠶᠠᠷ ᠡᠳᠡᠭᠡᠳ ᠵᠶ᠋ᠠᠷ ᠵᠶ᠋ᠠᠨ ᠲᠣᠭᠲᠠᠭ᠋ᠠᠯ ᠶᠣᠰᠣᠭ᠋ᠠᠷ ᠬᠡᠯᠡᠯᠴᠡᠭᠡᠷ᠎ᠢ ᠴᠤᠴᠠᠯᠪᠠ᠃
ᠬᠥᠬᠡ ᠡᠳᠡᠭᠡᠳ᠎ᠤᠨ (ᠲᠥᠯᠥᠭᠡᠯᠡᠭᠴᠢ) ᠭᠠᠷᠤᠨ ᠦᠰᠦᠭ ᠵᠢᠷᠤᠬᠤ (ᠲᠠᠮᠠᠭ᠎ᠠ ᠳᠠᠷᠤᠬᠤ)᠄ ᠣᠨ ᠰᠠᠷ᠎ᠠ ᠡᠳᠦᠷ
ᠬᠥᠬᠡᠭᠴᠢᠨ ᠡᠳᠡᠭᠡᠳ᠎ᠤᠨ ᠭᠠᠷᠤᠨ ᠦᠰᠦᠭ (ᠲᠠᠮᠠᠭ᠎ᠠ)᠄ ᠣᠨ᠎ᠤ ᠰᠠᠷ᠎ᠠ ᠵᠢᠨ ᠡᠳᠦᠷ