ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠮᠠᠨ᠎ᠤ ᠣᠷᠣᠨ 150.5 ᠳ᠋ᠦᠩᠰᠢᠭᠤᠷ ᠲᠥᠭᠦᠷᠢᠭ᠎ᠤᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ ᠲᠠᠷᠬᠠᠭ᠋ᠠᠵᠤ ᠠᠮᠤᠷ ᠲᠦᠪᠰᠢᠨ᠎ᠢ ᠪᠠᠲᠤᠯᠠᠪᠠ
ᠨᠡᠶ᠋ᠢᠲᠡᠯᠡᠭᠰᠡᠨ ᠴᠠᠭ᠄ 2021-03-24

    ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ ᠨᠢᠳᠤᠨᠤᠨ ᠵᠢᠯ᠎ᠤᠨ ᠰᠡᠭᠦᠯᠴᠢ ᠪᠣᠯᠲᠠᠯ᠎ᠠ᠂ ᠮᠠᠨ᠎ᠤ ᠣᠷᠣᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ᠎ᠪᠠᠷ ᠳᠠᠮᠵᠢᠭᠤᠯᠤᠨ ᠨᠡᠶ᠋ᠢᠲᠡ 150.5 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ᠂ ᠪᠦᠬᠦ ᠣᠷᠣᠨ᠎ᠤ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠪᠠ᠃ 2016 ᠣᠨ᠎ᠳᠤ᠂ ᠮᠠᠨ᠎ᠤ ᠣᠷᠣᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ ᠵᠢ ᠪᠠᠶ᠋ᠢᠭᠤᠯᠪᠠ᠃ 4 ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠋ᠠᠲᠤ ᠬᠤᠷᠠᠯ᠎ᠤᠨ ᠪᠦᠷᠢᠯᠳᠦᠬᠦᠨ ᠨᠢᠭᠡᠴᠢ᠎ᠨᠦᠭᠦᠳ ᠬᠠᠮᠲᠤ᠎ᠪᠠᠷ ᠴᠢᠷᠮᠠᠶ᠋ᠢᠵᠤ᠂ ᠠᠷᠭ᠎ᠠ ᠬᠡᠮᠵᠢᠶ᠎ᠡ᠎ᠪᠠᠨ ᠴᠢᠩᠭ᠋ᠠᠳᠬᠠᠨ᠂ ᠳᠦᠷᠢᠮ ᠵᠶ᠋ᠠᠨ ᠪᠦᠷᠢᠨᠰᠢᠭᠦᠯᠵᠦ᠂ ᠰᠠᠭᠤᠷᠢ ᠮᠥᠩᠭᠦ ᠵᠢᠨ ᠠᠵᠢᠯᠯᠠᠭ᠋ᠠᠨ ᠶᠡᠷᠦᠩᠬᠡᠢ᠎ᠳᠤ᠎ᠪᠠᠨ ᠬᠡᠪ᠎ᠤᠨ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠤᠯᠤᠰ᠎ᠤᠨ ᠠᠮᠤ ᠪᠤᠳᠠᠭ᠋ᠠᠨ᠎ᠤ ᠬᠤᠷᠸ᠎ᠠ ᠲᠣᠬᠢᠷᠠᠭᠤᠯᠭ᠎ᠠ ᠡᠵᠡᠮᠳᠡᠯ᠎ᠤᠨ ᠲᠥᠷᠥ ᠵᠢᠨ ᠪᠣᠳᠣᠯᠭ᠎ᠠ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠮᠤᠵᠢ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠪᠦᠲᠦᠮᠵᠢᠲᠡᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠠᠪᠤᠴᠠ᠎ᠳᠤ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃ 2016 ᠣᠨ᠎ᠳᠤ ᠰᠠᠭᠤᠷᠢ ᠮᠥᠩᠭᠦ ᠪᠠᠶ᠋ᠢᠭᠤᠯᠤᠭᠰᠠᠨ᠎ᠠᠴᠠ 2020 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠬᠦᠷᠲᠡᠯ᠎ᠡ᠂ ᠰᠠᠭᠤᠷᠢ ᠮᠥᠩᠭᠦ ᠵᠢᠨ ᠵᠥᠪᠰᠢᠶᠡᠷᠡᠨ ᠲᠤᠰᠢᠶᠠᠭᠰᠠᠨ ᠵᠣᠭᠤᠰ᠎ᠤᠨ ᠲᠤᠭ᠎ᠠ 3.6 ᠳ᠋ᠦᠩᠰᠢᠭᠤᠷ ᠲᠥᠭᠦᠷᠢᠭ ᠪᠠᠶ᠋ᠢᠭᠰᠠᠨ᠎ᠠᠴᠠ 8.08 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠨᠡᠶ᠋ᠢᠲᠡ 379 ᠡᠷᠦᠬᠡ (ᠤᠳᠠᠭ᠎ᠠ)᠎ᠳᠤ ᠵᠢᠭᠡᠯᠡᠯᠭᠡ ᠲᠠᠯᠪᠢᠨ᠂ ᠨᠡᠶ᠋ᠢᠲᠡ 150.5 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ᠂ ᠠᠮᠤ ᠪᠤᠳᠠᠭ᠎ᠠ ᠬᠤᠳᠠᠯᠳᠤᠨ ᠠᠪᠬᠤ ᠵᠢ ᠳᠡᠮᠵᠢᠭᠰᠡᠨ ᠲᠤᠭ᠎ᠠ 1256 ᠲᠦᠮᠡᠨ ᠲᠣᠨ ᠬᠦᠷᠪᠡ᠃ 2020 ᠣᠨ᠎ᠳᠤ᠂ ᠵᠢᠭᠡᠯᠡᠯᠭᠡ ᠲᠠᠯᠪᠢᠭᠰᠠᠨ ᠲᠤᠭ᠎ᠠ ᠬᠢᠭᠡᠳ ᠠᠮᠤ ᠪᠤᠳᠠᠭ᠎ᠠ ᠬᠤᠳᠠᠯᠳᠤᠨ ᠠᠪᠬᠤ ᠵᠢ ᠳᠡᠮᠵᠢᠭᠰᠡᠨ ᠲᠤᠭ᠎ᠠ᠎ᠨᠢ 2016 ᠣᠨ᠎ᠤ᠎ᠬᠢ᠎ᠲᠠᠢ ᠬᠠᠷᠢᠴᠠᠭᠤᠯᠪᠠᠯ ᠲᠤᠰ ᠲᠤᠰ 3.49 ᠳᠠᠬᠢᠨ ᠪᠠ 2.94 ᠳᠠᠬᠢᠨ ᠵᠶ᠋ᠠᠷ ᠨᠡᠮᠡᠭᠳᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠭᠤᠷᠪᠠᠨ ᠠᠰᠠᠭᠤᠯᠲᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ᠎ᠤᠨ ᠠᠯᠪᠠᠨ ᠵᠠᠷ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠨᠡᠶ᠋ᠢᠭᠡᠮ ᠵᠢᠷᠤᠮ᠎ᠤᠨ ᠰᠣᠶᠣᠯ᠎ᠤᠨ ᠪᠦᠲᠦᠭᠡᠨ ᠪᠠᠢ᠌ᠭᠤᠯᠤᠯᠲᠠ ᠵᠢ ᠬᠠᠤᠯᠢ᠎ᠪᠠᠷ ᠵᠠᠰᠠᠬᠤ ᠵᠢ ᠴᠢᠩᠭ᠋ᠠᠳᠬᠠᠬᠤ ᠲᠤᠬᠠᠢ ᠰᠠᠨᠠᠯ ᠳᠠᠷᠤᠮᠠᠯᠯᠠᠨ ᠲᠠᠷᠬᠠᠭ᠋ᠠᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠦ ᠵᠢ ᠰᠢᠭᠤᠳ ᠬᠦᠷᠭᠡᠬᠦ ᠪᠠᠶ᠋ᠢᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠶ᠋ᠢᠲᠤᠷ ᠬᠡᠷᠡᠭᠵᠢᠭᠦᠯᠬᠦ ᠲᠤᠬᠠᠶ ᠪᠠᠶ᠋ᠢᠷᠢᠯᠠᠭᠤᠯᠪᠠ
ᠠᠯᠪᠠᠨ ᠨᠡᠢ᠌ᠳᠡᠯᠡᠯ! ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢ ᠬᠣᠲᠠ ᠬᠥᠳᠡᠭᠡ ᠭᠡᠵᠦ ᠢᠯᠭ᠋ᠠᠬᠤ ᠦᠭᠡᠢ ᠪᠤᠯᠵᠠᠢ
 
            