5 ᠳ᠋ᠤᠭ᠋ᠠᠷ ᠰᠠᠷ᠎ᠠ ᠵᠢᠨ 9᠎ᠤ ᠡᠳᠦᠷ᠂ ᠳᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭᠯᠡᠭᠡ ᠵᠢᠨ ᠵᠦᠢ᠍ᠯ᠎ᠤᠨ ᠦᠵᠡᠭᠦᠯᠭᠡ ᠵᠢᠨ ᠴᠤᠭᠯᠠᠭ᠋ᠠᠨ᠎ᠤ ᠥᠪᠥᠷ ᠮᠣᠩᠭᠤᠯ᠎ᠤᠨ ᠦᠵᠡᠭᠦᠯᠭᠡ ᠵᠢᠨ ᠲᠣᠭᠤᠷᠢᠭ ᠶᠡᠭᠡ ᠬᠥᠯ ᠬᠥᠭᠵᠢᠶᠡᠨ᠎ᠲᠠᠢ ᠪᠣᠯᠪᠠ᠃ ᠲᠤᠬᠠᠶ ᠵᠢᠨ ᠲᠠᠯᠠᠪᠠᠶ᠎ᠳᠤ᠂ ᠦᠵᠡᠭᠦᠯᠭᠡ ᠵᠢᠨ ᠲᠣᠭᠤᠷᠢᠭ᠎ᠲᠠᠬᠢ ᠴᠠᠪᠠᠤᠯᠢᠭ ᠤᠭᠤᠷᠠᠭ᠂ ᠨᠣᠯᠤᠤᠷ᠎ᠤᠨ ᠬᠠᠨᠲᠠᠭ᠋ᠠᠵᠠ᠂ ᠴᠠᠭ᠋ᠠᠨ ᠮᠥᠭᠦ ᠵᠢᠨ ᠵᠢᠶᠠᠩ ᠵᠡᠷᠭᠡ ᠪᠦᠲᠦᠭᠡᠭᠳᠡᠬᠦᠨ᠎ᠨᠢ ᠬᠥᠮᠦᠰ᠎ᠤᠨ ᠲᠠᠭ᠋ᠠᠰᠢᠶᠠᠯ᠎ᠢ ᠶᠡᠬᠡᠳᠡ ᠣᠯᠪᠠ᠃ ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠤᠯ 《ᠨᠠᠷᠠᠲᠤ᠂ ᠰᠢᠯᠢᠳᠡᠭ᠂ ᠣᠨᠴᠠᠯᠢᠭᠲᠤ᠂ ᠰᠢᠨ᠎ᠡ》 ᠬᠡᠷᠡᠭᠯᠡᠭᠡ ᠵᠢᠨ ᠰᠣᠳᠣᠨ ᠪᠦᠲᠦᠭᠡᠭᠳᠡᠬᠦᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 22 ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠩᠬᠠᠳᠤᠭ᠋ᠠᠷ ᠬᠤᠭᠤᠴᠠᠭ᠋ᠠᠨ᠎ᠤ ᠬᠡᠷᠡᠭᠯᠡᠭᠴᠢᠳ᠎ᠤᠨ ᠬᠡᠷᠡᠭᠯᠡᠭᠡ ᠵᠢᠨ ᠦᠵᠡᠰᠬᠦᠯᠡᠩ᠎ᠳᠤ ᠣᠷᠣᠯᠴᠠᠭᠤᠯᠵᠤ᠂ ᠦᠵᠡᠰᠬᠦᠯᠡᠩ᠎ᠳᠤ ᠣᠷᠣᠯᠴᠠᠭᠰᠠᠨ ᠠᠵᠤ ᠠᠬᠤᠶ᠋ᠢᠯᠠᠯ᠎ᠨᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠭᠳᠡᠬᠦᠨ᠂ ᠣᠶ ᠵᠢᠨ ᠪᠦᠲᠦᠭᠡᠭᠳᠡᠬᠦᠨ᠂ ᠨᠡᠬᠡᠮᠡᠯ᠎ᠤᠨ ᠪᠦᠲᠦᠭᠡᠭᠳᠡᠬᠦᠨ᠂ ᠭᠠᠷ ᠤᠷᠠᠯᠠᠯ᠎ᠤᠨ ᠪᠦᠲᠦᠭᠡᠭᠳᠡᠬᠦᠨ᠂ ᠰᠤᠪᠤᠳ ᠡᠷᠳᠡᠨᠢ᠂ ᠦᠨᠳᠦᠰᠦᠲᠡᠨ᠎ᠤ ᠰᠣᠶᠣᠯ᠎ᠤᠨ ᠪᠦᠲᠦᠭᠡᠭᠳᠡᠬᠦᠨ ᠵᠡᠷᠭᠡ ᠲᠥᠷᠥᠯᠤᠳᠢ ᠬᠠᠮᠤᠷᠤᠭᠰᠠᠨ ᠪᠠᠶ᠋ᠢᠨ᠎ᠠ᠃