1 ᠳ᠋ᠤᠭᠡᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ 2023 ᠣᠨ᠎ᠤ ᠠᠩᠬᠠᠳᠤᠭ᠋ᠠᠷ ᠤᠳᠠᠭ᠎ᠠ ᠵᠢᠨ ᠰᠤᠷᠤᠯᠴᠠᠯᠭ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠵᠤ ᠂ 2022 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢ᠌ᠴᠠᠭ᠋ᠠᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠬᠤᠷᠠᠯ ᠠᠴᠠ ᠡᠮᠦᠨᠡᠬᠢ ᠰᠤᠷᠤᠯᠴᠠᠯᠭ᠎ᠠ ᠬᠢᠵᠦ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠵᠢᠶᠠ ᠶᠤᠸᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠵᠢᠶᠠ ᠶᠤᠸᠠᠢ ᠹᠸᠩ᠂ 2022 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢ᠌ᠴᠠᠭ᠋ᠠᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠬᠤ᠎ᠠᠴᠠ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠎ᠨᠢ ᠪᠢᠳᠡᠨ᠎ᠤ ᠦᠵᠡᠯ ᠰᠠᠨᠠᠭ᠎ᠠ᠎ᠪᠠᠨ ᠨᠢᠭᠡᠳᠬᠡᠬᠦ᠂ ᠲᠠᠨᠢᠯᠲᠠ᠎ᠪᠠᠨ ᠳᠡᠭᠡᠭᠰᠢᠯᠡᠭᠦᠯᠬᠦ᠂ ᠵᠣᠭᠰᠣᠯᠲᠠ᠎ᠪᠠᠨ ᠪᠠᠲᠤᠳᠬᠠᠬᠤ᠂ ᠴᠢᠭᠯᠡᠯ ᠵᠶ᠋ᠡᠨ ᠣᠨᠣᠪᠴᠢᠲᠠᠢ ᠡᠵᠡᠮᠰᠢᠬᠦ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ ᠂ ᠤᠨᠤᠯ ᠵᠶ᠋ᠠᠷ ᠵᠡᠪᠰᠡᠭᠯᠡᠬᠦ ᠵᠢ ᠭᠦᠨᠵᠡᠭᠡᠢ᠌ᠷᠡᠭᠦᠯᠬᠦ ᠳᠤᠮᠳᠠ ᠤᠯᠤᠰ ᠲᠦᠷᠦ ᠵᠢᠨ ᠦᠨᠡᠨᠴᠢ ᠰᠢᠳᠤᠷᠭᠤ ᠵᠢ ᠪᠠᠲᠤᠳᠬᠠᠵᠤ᠂ ᠤᠬᠠᠮᠰᠠᠷ᠎ᠠᠴᠠ᠎ᠪᠠᠨ ᠤᠨᠤᠯ᠎ᠤᠨ ᠰᠡᠷᠭᠡᠭ ᠴᠢᠨᠠᠷ ᠵᠶ᠋ᠠᠷ ᠤᠯᠤᠰ ᠲᠦᠷᠦ ᠵᠢᠨ ᠡᠷᠡᠰ ᠪᠠᠲᠤ ᠪᠠᠢ᠌ᠬᠤ ᠵᠢ ᠪᠠᠲᠤᠯᠠᠵᠤ᠂ ᠨᠠᠮᠴᠢ ᠴᠢᠨᠠᠷ᠎ᠤᠨ ᠴᠡᠪᠡᠷ ᠴᠢᠨᠠᠷ ᠵᠶ᠋ᠠᠷ ᠠᠵᠢᠯᠯᠠᠭ᠎ᠠ ᠵᠢᠨ ᠵᠥᠪ ᠣᠨᠣᠪᠴᠢᠲᠠᠢ ᠪᠠᠢ᠌ᠬᠤ ᠵᠢ ᠪᠠᠲᠤᠯᠠᠵᠤ᠂ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠬᠤ ᠵᠢ ᠪᠠᠲᠤᠯᠠᠵᠤ᠂ 《ᠬᠣᠶᠠᠷ᠎ᠢ ᠬᠠᠮᠠᠭ᠋ᠠᠯᠠᠬᠤ》 ᠵᠢ ᠦᠨᠡᠨᠬᠦ ᠪᠡᠶᠡᠯᠡᠭᠦᠯᠬᠦ ᠬᠡᠷᠡᠭᠲᠡᠢ᠃
ᠵᠢᠶᠠ ᠶᠤᠸᠠᠢ ᠹᠧᠩ ᠴᠢᠬᠤᠯᠠᠴᠢᠯᠠᠭᠰᠠᠨ᠎ᠨᠢ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠪᠠ ᠰᠢ ᠵᠢᠨ ᠫᠢᠩ ᠶᠡᠷᠦᠩᠬᠡᠢ ᠱᠦᠵᠢ ᠵᠢᠨ ᠰᠢᠷᠢᠰ ᠴᠢᠬᠤᠯᠠ ᠶᠠᠷᠢᠶ᠎ᠠ᠎ᠨᠢ ᠪᠢᠳᠡᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ ᠬᠦᠴᠦᠯᠡᠬᠦ ᠭᠣᠣᠯᠳᠠᠯᠭ᠎ᠠ ᠪᠠ ᠦᠢ᠍ᠯᠡᠳᠦᠯᠭᠡ ᠵᠢᠨ ᠬᠠᠷᠠᠯᠲᠠ ᠵᠢ ᠰᠠᠢ᠌ᠲᠤᠷ ᠡᠵᠡᠮᠳᠡᠬᠦ ᠬᠡᠷᠡᠭᠲᠡᠢ ᠭᠡᠳᠡᠭ᠎ᠢ ᠭᠦᠨᠵᠡᠭᠡᠢ ᠵᠢᠭ᠋ᠠᠵᠤ ᠭᠠᠷᠭ᠋ᠠᠵᠠᠢ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠦᠷᠦ ᠵᠢᠨ ᠳᠡᠭᠡᠳᠦ ᠬᠡᠮᠵᠢᠶᠡᠨ᠎ᠠᠴᠠ 《ᠤᠯᠤᠰ᠎ᠤᠨ ᠲᠣᠮᠣ ᠬᠥᠮᠥᠰ》᠎ᠢ ᠪᠠᠲᠤ ᠴᠡᠭᠡᠵᠢᠯᠡᠵᠦ᠂ ᠡᠷᠳᠡᠮ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠲᠡᠮᠡᠴᠡᠯ᠎ᠤᠨ ᠵᠣᠷᠢᠭ ᠰᠠᠨᠠᠭ᠎ᠠ᠎ᠪᠠᠨ ᠴᠢᠩᠭ᠋ᠠᠳᠬᠠᠵᠤ᠂ ᠲᠥᠪ ᠭᠣᠣᠯᠴᠢ ᠠᠷᠢᠭᠤᠨ ᠴᠢᠬᠡᠴᠢ ᠪᠠᠢ᠌ᠬᠤ ᠵᠢ ᠪᠠᠲᠤᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠪᠦᠬᠦ ᠲᠠᠯ᠎ᠠ ᠵᠢᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠲᠤ ᠰᠠᠢ᠌ᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠲᠣᠳᠣᠷᠬᠠᠢ ᠪᠥᠭᠡᠳ ᠪᠣᠳᠠᠲᠠᠢ 《ᠴᠠᠭ᠎ᠤᠨ ᠬᠦᠰᠦᠨᠦᠭᠲᠦ》 《ᠵᠠᠮ ᠱᠤᠭᠤᠮ᠎ᠤᠨ ᠵᠢᠷᠤᠭ》》᠎ᠢ ᠲᠣᠭᠲᠠᠭ᠋ᠠᠵᠤ᠂ ᠭᠣᠣᠯᠳᠠᠯᠭ᠎ᠠ᠎ᠲᠠᠢ ᠠᠵᠢᠯ᠎ᠢ ᠲᠦᠷᠦᠯ ᠵᠦᠢ᠍ᠯᠴᠢᠯᠡᠬᠦ᠂ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠨᠠᠷᠢᠨ ᠲᠠᠩᠰᠠᠵᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠭᠦᠨᠵᠡᠭᠡᠢ ᠰᠤᠷᠤᠯᠴᠠᠵᠤ ᠨᠠᠷᠢᠨ ᠣᠢ᠌ᠯᠠᠭ᠋ᠠᠵᠤ ᠯᠠᠪᠳᠠᠭᠤᠨ ᠪᠠᠲᠤᠲᠠᠢ ᠬᠡᠷᠡᠭᠵᠢᠭᠦᠯᠬᠦ ᠳᠤᠮᠳᠠ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠢᠶᠠ ᠶᠤᠸᠠᠢ ᠹᠧᠩ ᠱᠠᠭ᠋ᠠᠷᠳᠠᠭᠰᠠᠨ᠎ᠨᠢ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠂ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠠᠮ᠎ᠤᠨ ᠭᠡᠰᠢᠭᠦᠨ ᠺᠠᠳ᠋ᠷᠴᠤᠳ᠎ᠤᠨ ᠬᠦᠰᠡᠯᠡᠩ ᠢᠲᠡᠭᠡᠯ ᠵᠣᠷᠢᠭ᠂ ᠤᠯᠤᠰ ᠲᠥᠷᠥ ᠵᠢᠨ ᠵᠣᠭᠰᠣᠯᠲᠠ᠂ ᠨᠠᠮᠴᠢ ᠴᠢᠨᠠᠷ᠎ᠤᠨ ᠪᠣᠯᠪᠠᠰᠤᠷᠠᠯ ᠪᠠ ᠴᠢᠳᠠᠪᠤᠷᠢ ᠰᠤᠷᠲᠠᠯ᠎ᠢ ᠰᠢᠯᠭ᠋ᠠᠬᠤ ᠰᠢᠯᠭ᠋ᠠᠭᠤᠷ ᠪᠣᠯᠭ᠋ᠠᠵᠤ᠂ ᠥᠪᠡᠷ᠎ᠤᠨ ᠪᠡᠶ᠎ᠡ᠎ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠣᠷᠣᠭᠤᠯᠵᠤ᠂ ᠠᠵᠢᠯ ᠵᠶ᠋ᠠᠨ ᠣᠷᠣᠭᠤᠯᠵᠤ᠂ ᠴᠠᠭ ᠢᠮᠠᠭᠲᠠ ᠤᠬᠠᠮᠰᠠᠷ᠎ᠠᠴᠠ᠎ᠪᠠᠨ ᠪᠠᠷᠢᠮᠵᠢᠶ᠎ᠠ᠎ᠲᠠᠢ ᠬᠠᠷᠢᠴᠠᠭᠤᠯᠵᠤ ᠂ ᠦᠵᠡᠯ ᠰᠠᠨᠠᠭ᠋ᠠᠨ᠎ᠤ ᠲᠠᠯ᠎ᠠ᠎ᠪᠠᠷ ᠦᠨᠳᠦᠰᠦ ᠰᠤᠷᠪᠤᠯᠵᠢ ᠵᠢ ᠡᠷᠢᠵᠦ᠂ ᠲᠠᠨᠢᠯᠲᠠ ᠵᠢᠨ ᠲᠠᠯ᠎ᠠ᠎ᠪᠠᠷ ᠵᠥᠷᠢᠶ᠎ᠡ ᠵᠢ ᠡᠷᠢᠵᠦ᠂ ᠠᠵᠢᠯᠯᠠᠭ᠎ᠠ ᠵᠢᠨ ᠲᠠᠯ᠎ᠠ᠎ᠪᠠᠷ ᠵᠥᠷᠢᠶ᠎ᠡ ᠵᠢ ᠡᠷᠢᠵᠦ᠂ ᠬᠠᠷᠠᠯᠲᠠ᠎ᠪᠠᠨ ᠲᠣᠭᠲᠠᠭ᠋ᠠᠵᠤ ᠨᠠᠢ᠌ᠳᠠᠪᠤᠷᠢᠵᠢᠭᠤᠯᠤᠯᠲᠠ ᠵᠢ ᠠᠳᠬᠤᠬᠤ ᠳᠤᠮᠳᠠ ᠵᠣᠷᠢᠭᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠵᠦ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠬᠦ ᠬᠤᠪᠢᠰᠬᠠᠯ᠎ᠤᠨ ᠮᠥᠨ ᠴᠢᠨᠠᠷ᠎ᠢ ᠢᠯᠡᠷᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠦᠨᠡᠨᠬᠦ ᠠᠵᠢᠯ ᠵᠶ᠋ᠠᠨ ᠠᠬᠢᠭᠤᠯᠬᠤ ᠬᠦᠴᠦᠷᠬᠡᠭ ᠶᠡᠬᠡ ᠬᠥᠳᠡᠯᠭᠡᠭᠦ ᠬᠦᠴᠦᠨ ᠪᠣᠯᠭ᠋ᠠᠨ ᠬᠤᠪᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠢ ᠰᠠᠢ᠌ᠲᠤᠷ ᠬᠢᠬᠦ ᠲᠤᠬᠠᠢ ᠪᠣᠳᠠᠲᠠᠢ ᠲᠣᠬᠢᠷᠠᠭᠤᠯᠤᠯᠲᠠ ᠬᠢᠵᠡᠢ᠃
ᠤᠳᠤᠷᠢᠳᠬᠤ ᠪᠠᠭ᠎ᠤᠨ ᠪᠦᠷᠢᠯᠳᠦᠭᠦᠨ ᠶᠠᠷᠢᠶ᠎ᠠ ᠲᠠᠯᠪᠢᠵᠤ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠢᠴᠢᠭ ᠵᠶ᠋ᠡᠷ ᠶᠠᠷᠢᠶ᠎ᠠ ᠲᠠᠯᠪᠢᠵᠤ᠂ ᠪᠠᠢ᠌ᠭᠤᠯᠤᠯᠭ᠎ᠠ ᠵᠢᠨ ᠡᠯ᠎ᠡ ᠭᠠᠵᠠᠷ᠂ ᠠᠵᠢᠯ ᠦᠢ᠍ᠯᠡᠰ᠎ᠤᠨ ᠨᠢᠭᠡᠴᠡ ᠵᠢᠨ ᠬᠠᠷᠢᠭᠤᠴᠠᠯᠭ᠋ᠠᠲᠠᠨ ᠬᠤᠷᠠᠯ᠎ᠳᠤ ᠰᠤᠯᠠ ᠣᠷᠣᠯᠴᠠᠪᠠ᠃