1 ᠳ᠋ᠦ᠍ᠭᠡᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠳᠠᠷᠤᠭ᠎ᠠ ᠴᠧᠨ ᠯᠢ ᠪᠧᠨ ᠨᠠᠷ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠭᠣᠸ᠋ ᠯᠢᠪᠠᠨ ᠪᠠᠯᠭ᠋ᠠᠰᠤᠨ᠎ᠤ ᠭᠦᠸᠧ ᠭᠤᠸᠠᠩ ᠭᠠᠴᠠᠭ᠎ᠠ᠎ᠳᠤ ᠭᠦᠨᠵᠡᠭᠡᠢ᠌ᠷᠡᠨ᠂ ᠬᠥᠮᠥᠨ ᠮᠠᠯ᠎ᠢ ᠰᠠᠯᠭ᠋ᠠᠬᠤ ᠲᠤᠷᠰᠢᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠬᠡᠷᠡᠭᠯᠡᠯᠲᠡ᠂ ᠠᠵᠤ ᠦᠢ᠍ᠯᠡᠰ᠎ᠤᠨ ᠬᠥᠭᠵᠢᠯᠲᠡ᠂ ᠬᠠᠪᠰᠤᠷᠤᠨ ᠲᠡᠳᠬᠦᠬᠦ ᠠᠵᠢᠯ ᠵᠡᠷᠭᠡ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠬᠤ ᠵᠢᠨ ᠬᠠᠮᠲᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠲᠣᠰᠬᠣᠨ᠎ᠳᠤ ᠰᠠᠭᠤᠭ᠎ᠠ ᠺᠠᠳ᠋ᠷᠴᠤᠳ᠎ᠲᠤ 《ᠬᠠᠢ᠌ᠷ᠎ᠠ ᠬᠠᠯᠠᠮᠵᠢ ᠬᠦᠷᠭᠡᠬᠦ》 ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠨᠡᠢ᠌ᠭᠡᠮᠯᠢᠭ᠎ᠤᠨ ᠳᠡᠳ᠋ ᠳᠠᠷᠤᠭ᠎ᠠ ᠴᠧᠨ ᠯᠢ ᠪᠧᠨ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠼᠠᠢ ᠪᠦᠦ ᠵᠢᠶᠦ᠋ᠨ ᠵᠡᠷᠭᠡ ᠤᠳᠤᠷᠢᠳᠤᠯᠭ᠎ᠠ᠎ᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠰᠠᠭᠤᠭ᠎ᠠ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ 19 ᠲᠣᠰᠬᠣᠨ᠎ᠳᠤ ᠰᠠᠭᠤᠭ᠎ᠠ ᠺᠠᠳ᠋ᠷᠴᠤᠳ᠎ᠲᠤ 《ᠬᠠᠢ᠌ᠷ᠎ᠠ ᠬᠠᠯᠠᠮᠵᠢ ᠬᠦᠷᠭᠡᠬᠦ》 ᠡᠳ᠋ ᠪᠣᠳᠠᠰ ᠲᠦᠭᠡᠭᠡᠵᠦ᠂ ᠲᠣᠰᠬᠣᠨ᠎ᠳᠤ ᠰᠠᠭᠤᠭ᠎ᠠ ᠥᠷᠭᠡᠨ ᠤᠯᠠᠨ ᠺᠠᠳ᠋ᠷᠴᠤᠳ᠎ᠤᠨ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠡᠯ᠎ᠡ ᠵᠦᠢ᠍ᠯ᠎ᠤᠨ ᠠᠵᠢᠯ᠎ᠤᠨ ᠰᠢᠨ᠎ᠡ ᠳᠡᠭᠲᠡᠷ᠎ᠲᠤ ᠭᠠᠷᠬᠤ᠂ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠬᠤ ᠵᠢ ᠤᠯᠠᠮ ᠴᠢᠨᠠᠭᠰᠢᠳᠠ ᠵᠣᠷᠢᠭᠵᠢᠭᠤᠯᠪᠠ᠃
ᠲᠠᠷᠠᠭ᠎ᠠ᠎ᠳᠤᠨᠢ᠂ ᠴᠧᠨ ᠯᠢ ᠪᠧᠨ ᠪᠣᠯᠣᠨ ᠠᠢ᠌ᠮᠠᠭ᠂ ᠬᠣᠰᠢᠭᠤ᠂ ᠪᠠᠯᠭ᠋ᠠᠰᠤ ᠭᠤᠷᠪᠠᠨ ᠱᠠᠲᠤᠨ᠎ᠤ ᠤᠳᠤᠷᠢᠳᠤᠯᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠍ᠢ᠍ᠳᠠᠨ᠎ᠤ ᠨᠡᠢ᠌ᠭᠡᠮᠯᠢᠭ᠎ᠤᠨ ᠳᠠᠭ᠋ᠠᠭ᠋ᠠᠴᠢᠯᠠᠨ ᠬᠣᠯᠪᠣᠭ᠋ᠠᠯᠠᠬᠤ ᠴᠡᠭ᠎ᠤᠨ ᠭᠦᠸᠧ ᠭᠤᠸᠠᠩ ᠭᠠᠴᠠᠭ᠎ᠠ ᠵᠢᠨ 《ᠬᠣᠶᠠᠷ ᠵᠥᠪᠯᠡᠯ》 ᠤᠨ ᠪᠠᠭ᠎ᠤᠨ ᠪᠦᠷᠢᠯᠳᠦᠭᠦᠨ᠂ ᠨᠠᠮ᠎ᠤᠨ ᠭᠡᠰᠢᠭᠦᠨ᠂ ᠤᠯᠠᠨ ᠲᠦᠮᠡᠨ᠎ᠤ ᠲᠥᠯᠥᠭᠡᠯᠡᠭᠴᠢ᠎ᠲᠠᠢ ᠶᠠᠷᠢᠯᠴᠠᠵᠤ᠂ ᠭᠠᠴᠠᠭ᠎ᠠ ᠵᠢᠨ 2023 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠲᠥᠯᠥᠪᠯᠡᠭᠡ ᠪᠣᠯᠣᠨ ᠣᠷᠣᠰᠢᠵᠤ ᠪᠠᠢ᠌ᠭ᠎ᠠ ᠬᠦᠴᠢᠷᠳᠡᠯ᠎ᠢ ᠨᠠᠷᠢᠨ ᠣᠢ᠌ᠯᠠᠭ᠋ᠠᠬᠤ ᠵᠢᠨ ᠬᠠᠮᠲᠤ ᠭᠠᠴᠠᠭ᠎ᠠ ᠵᠢᠨ ᠠᠬᠠᠮᠠᠳ ᠨᠠᠮ᠎ᠤᠨ ᠭᠡᠰᠢᠭᠦᠨ ᠪᠣᠯᠣᠨ ᠬᠦᠴᠢᠷᠳᠡᠯᠲᠡᠢ ᠤᠯᠠᠨ ᠲᠦᠮᠡᠨ᠎ᠳᠤ ᠲᠣᠬᠣᠨᠢᠭᠤᠯᠬᠤ ᠮᠥᠩᠭᠥ ᠲᠠᠷᠬᠠᠭ᠋ᠠᠵᠤ᠂ ᠲᠡᠳᠡᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠪᠡ᠃