ᠥᠪᠥᠷ ᠮᠣᠩᠭᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠠᠷᠠᠯᠲᠠ ᠵᠢᠨ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠦᠭᠰᠡᠨ᠎ᠨᠢ ᠪᠠᠶᠠᠷᠯᠠᠭᠤᠰᠢᠲᠠᠢ ᠪᠠᠶ᠋ᠢᠨ᠎ᠠ᠃ ᠶᠠᠳᠠᠭᠤ᠎ᠠᠴᠠ ᠠᠩᠭᠢᠵᠢᠷᠠᠭᠤᠯᠬᠤ᠎ᠨᠢ ᠡᠴᠦᠰ᠎ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ᠎ᠤᠨ ᠭᠠᠷᠤᠭ᠎ᠠ ᠪᠣᠯᠤᠨ᠎ᠠ᠃ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠥᠷᠢᠶ᠎ᠡ ᠵᠢ ᠪᠠᠭ᠋ᠠᠰᠬᠠᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠪᠠ ᠪᠦᠬᠦ ᠠᠷᠠᠳ ᠲᠦᠮᠡᠨ᠎ᠤ ᠬᠠᠮᠲᠤ ᠵᠢᠨ ᠴᠢᠨᠡᠭᠡᠯᠢᠭᠵᠢᠯ᠎ᠢ ᠪᠡᠶᠡᠯᠡᠭᠦᠯᠬᠦ᠎ᠳᠤ ᠮᠥᠨ ᠯᠡ ᠡᠭᠦᠷᠭᠡ ᠬᠦᠨᠳᠦ ᠵᠠᠮ ᠬᠤᠯᠠ ᠪᠠᠶ᠋ᠢᠭᠰᠠᠭ᠋ᠠᠷ᠃