ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠲᠠᠷᠠᠭ᠎ᠠ᠂ ᠥᠪᠥᠷ ᠮᠣᠩᠭᠣᠯ 《ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢ ᠪᠠᠶ᠋ᠢᠭᠤᠯᠬᠤ》 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠣᠷᠣᠬᠤ》 ᠵᠡᠷᠭᠡ ᠲᠡᠦᠬᠡ ᠵᠢᠨ ᠰᠠᠶ᠋ᠢᠬᠠᠨ ᠳᠠᠭᠤᠷᠢᠰᠬᠠᠯᠢ ᠡᠭᠦᠳᠴᠡᠢ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠤᠮᠳᠠ ᠡᠳᠡᠭᠡᠷ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠭᠯᠠᠵᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠨᠠᠮ᠎ᠤᠨ ᠲᠡᠦᠬᠡ ᠵᠢ ᠭᠣᠣᠯᠳᠠᠯᠭ᠎ᠠ᠎ᠲᠠᠢ ᠰᠤᠷᠤᠯᠴᠠᠨ᠎ᠠ᠃ ᠡᠭᠦᠨ᠎ᠤ ᠬᠠᠮᠲᠤ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢ ᠰᠤᠷᠤᠯᠴᠠᠵᠤ᠂ ᠲᠡᠦᠬᠡ ᠵᠢ ᠰᠤᠷᠤᠯᠴᠠᠵᠤ ᠶᠣᠰᠣ ᠤᠴᠢᠷ᠎ᠢ ᠮᠡᠳᠡᠬᠦ᠂ ᠲᠡᠦᠬᠡ ᠵᠢ ᠰᠤᠷᠤᠯᠴᠠᠵᠤ ᠢᠲᠡᠭᠡᠯ ᠵᠶ᠋ᠠᠨ ᠨᠡᠮᠡᠭᠳᠡᠭᠦᠯᠬᠦ᠂ ᠲᠡᠦᠬᠡ ᠵᠢ ᠰᠤᠷᠤᠯᠴᠠᠵᠤ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ ᠵᠢ ᠰᠤᠷᠤᠯᠴᠠᠵᠤ ᠴᠢᠳᠠᠮᠠᠭ᠋ᠠᠶ᠎ᠪᠠᠷ ᠬᠡᠷᠡᠭᠵᠢᠭᠦᠯᠬᠦ ᠵᠢ ᠪᠡᠶᠡᠯᠡᠭᠦᠯᠵᠦ᠂ ᠨᠠᠮ᠎ᠤᠨ ᠲᠡᠦᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠨᠡᠭᠡᠭᠡᠬᠦ ᠵᠢ ᠪᠡᠶᠡᠯᠡᠭᠦᠯᠵᠦ᠂ ᠢᠯᠠᠩᠭᠤᠶ᠎ᠠ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ ᠵᠶ᠋ᠠᠷ ᠵᠠᠮᠨᠠᠬᠤ᠂ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠡᠷᠭᠡ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠵᠡᠯ ᠰᠠᠨᠠᠭ᠋ᠠᠨ᠎ᠤ ᠲᠠᠨᠢᠯᠲᠠ ᠪᠠ ᠠᠵᠢᠯ᠎ᠤᠨ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃