ᠥᠪᠥᠷ ᠮᠣᠩᠭᠣᠯ᠎ᠤᠨ ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ᠂ ᠮᠠᠯᠴᠢᠨ ᠲᠠᠷᠢᠶᠠᠴᠢᠨ᠎ᠤ ᠠᠮᠢᠳᠤᠷᠠᠯ ᠣᠷᠣᠨ ᠰᠠᠭᠤᠴᠠ ᠨᠡᠯᠢᠶᠡᠳ ᠲᠠᠷᠠᠬᠠᠢ ᠪᠤᠲᠠᠷᠬᠠᠢ᠂ ᠠᠮᠢ ᠠᠬᠤᠢ ᠵᠢᠨ ᠣᠷᠴᠢᠨ ᠲᠣᠭᠣᠷᠢᠨ ᠬᠡᠪᠡᠷᠡᠭ ᠪᠠᠶ᠋ᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯ᠎ᠠ᠎ᠪᠠᠷ ᠬᠦᠴᠢᠷᠳᠡᠯ ᠶᠡᠬᠡ᠂ ᠥᠷᠢᠰᠥᠯᠳᠦᠭᠡᠨ ᠤᠯᠠᠨ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃ ᠳᠠᠪᠠᠭᠤᠯᠢᠭ ᠤᠨᠴᠠᠯᠢᠭᠳᠤ ᠠᠵᠤ ᠦᠢ᠍ᠯᠡᠰ᠎ᠢ ᠬᠥᠭᠵᠢᠭᠦᠯᠵᠦ᠂ ᠵᠣᠬᠢᠬᠤ ᠬᠡᠪᠴᠢᠶᠡᠲᠦ ᠡᠵᠡᠩᠨᠡᠯᠲᠡ ᠵᠢ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠶ᠋ᠢᠯᠡᠰᠵᠢᠯᠲᠡ᠂ ᠨᠠᠷᠠᠲᠤ ᠲᠥᠷᠥᠯ ᠲᠡᠮᠳᠡᠭᠵᠢᠯᠲᠡ ᠵᠢ ᠠᠬᠢᠭᠤᠯᠬᠤ ᠵᠢᠨ ᠬᠠᠮᠲᠤ᠂ ᠰᠣᠶᠣᠯ᠎ᠤᠨ ᠵᠢᠭᠤᠯᠴᠢᠯᠠᠯ᠂ ᠬᠥᠳᠡᠭᠡ ᠲᠣᠰᠬᠣᠨ᠎ᠤ ᠵᠢᠭᠤᠯᠴᠢᠯᠠᠯ᠎ᠢ ᠬᠥᠭᠵᠢᠭᠦᠯᠬᠦᠯᠦᠭᠡ ᠤᠶᠠᠯᠳᠤᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠬᠡᠷᠡᠭᠲᠡᠶ᠃