ᠣᠢ᠌ᠷ᠎ᠠ ᠵᠢᠨ ᠵᠢᠯ᠎ᠠᠴᠠ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠨᠢ ᠥᠪᠥᠷ ᠮᠣᠩᠭᠣᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠬᠦᠴᠦ ᠨᠡᠮᠡᠷᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠃
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠥᠷᠨᠢᠭᠦᠯᠦᠭᠰᠡᠨ᠎ᠠᠴᠠ ᠨᠠᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠢᠮᠠᠭᠲᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠴᠢᠩᠭ᠋ᠠᠳᠬᠠᠬᠤ ᠵᠢ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠪᠣᠳᠣᠯᠭ᠎ᠠ ᠪᠣᠯᠭ᠋ᠠᠵᠤ᠂ ᠪᠡᠭᠡᠵᠢᠩ ᠬᠤᠳᠠ ᠵᠢᠨ ᠠᠵᠤ ᠠᠬᠤᠢ᠌ᠯᠠᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤᠮᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠢᠳᠡᠪᠬᠢᠲᠡᠢ᠎ᠪᠠᠷ ᠵᠣᠯᠭ᠋ᠠᠭᠤᠯᠵᠤ᠂ ᠨᠢᠭᠡ ᠪᠦᠯᠦᠭ ᠶᠠᠳᠠᠭᠤ ᠵᠢ ᠳᠠᠭ᠋ᠠᠭᠤᠯᠵᠤ ᠦᠷ᠎ᠡ ᠪᠦᠲᠦᠮᠵᠢ᠎ᠪᠠᠷ ᠰᠠᠢ᠌ᠨ ᠠᠵᠤ ᠠᠬᠤᠢ᠌ᠯᠠᠯ᠎ᠢ ᠥᠪᠥᠷ ᠮᠣᠩᠭᠣᠯ᠎ᠳᠤ ᠦᠨᠳᠦᠰᠦᠯᠡᠭᠦᠯᠵᠡᠢ᠃
2021 ᠣᠨ᠎ᠠᠴᠠ ᠨᠠᠰᠢ᠂ ᠥᠪᠥᠷ ᠮᠣᠩᠭᠣᠯ ᠨᠢᠭᠡᠨᠲᠡ 170 ᠭᠠᠷᠤᠢ ᠳ᠋ᠦᠩᠰᠢᠭᠤᠷ ᠲᠥᠭᠥᠷᠢᠭ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠤ ᠪᠣᠷᠣᠯᠠᠭᠤᠯᠵᠤ ᠪᠤᠢ᠃ 2022 ᠣᠨ᠎ᠤ 9 ᠰᠠᠷ᠎ᠠ ᠪᠣᠯᠲᠠᠯ᠎ᠠ ᠂ ᠪᠡᠭᠡᠵᠢᠩ᠎ᠠᠴᠠ ᠢᠷᠡᠭᠰᠡᠨ 117 ᠠᠵᠤ ᠠᠬᠤᠢ᠌ᠯᠠᠯ ᠥᠪᠥᠷ ᠮᠣᠩᠭᠣᠯ᠎ᠳᠤ ᠨᠢᠭᠡᠨᠲᠡ 53.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ ᠂ ᠬᠥᠳᠡᠭᠡ ᠲᠣᠰᠬᠣᠨ᠎ᠤ 5119 ᠬᠥᠳᠡᠯᠮᠦᠷᠢ ᠵᠢᠨ ᠬᠦᠴᠦᠨ᠎ᠳᠤ ᠠᠵᠢᠯ ᠣᠯᠭᠣᠪᠠ ᠂ ᠡᠭᠦᠨ᠎ᠳᠤ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ 1143 ᠬᠥᠮᠥᠨ ᠪᠣᠶ ; ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ 55 ᠪᠠᠢ᠌ᠭᠤᠯᠵᠤ ᠂ ᠬᠥᠳᠡᠭᠡ ᠲᠣᠰᠬᠣᠨ᠎ᠤ 3756 ᠬᠥᠳᠡᠯᠮᠦᠷᠢ ᠵᠢᠨ ᠬᠦᠴᠦᠨ᠎ᠳᠤ ᠠᠵᠢᠯ ᠣᠯᠭᠣᠪᠠ ᠂ ᠡᠭᠦᠨ᠎ᠳᠤ 801 ᠶᠠᠳᠠᠭᠤ ᠠᠴᠠ ᠠᠩᠭᠢᠵᠢᠷᠠᠭᠰᠠᠨ ᠡᠷᠦᠬᠡ ᠪᠣᠶ ᠃
ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠭᠤᠰᠤᠯᠴᠠᠨ ᠬᠥᠭᠵᠢᠬᠦ ᠵᠢ ᠠᠬᠢᠭᠤᠯᠤᠨ᠎ᠠ
《ᠤᠶᠠᠩᠭ᠋ᠠᠲᠤ ᠮᠣᠳᠣ ᠵᠢ ᠵᠠᠢ᠌ᠯᠠᠵᠤ᠂ ᠠᠯᠳᠠᠨ ᠭᠠᠷᠤᠳᠢ ᠵᠢ ᠲᠠᠲᠠᠵᠤ ᠠᠪᠴᠢᠷᠠᠪᠠ》᠃ ᠥᠪᠥᠷ ᠮᠣᠩᠭᠣᠯ ᠠᠵᠤ ᠠᠬᠤᠢ᠌ᠯᠠᠯ᠎ᠤᠨ ᠪᠡᠯᠡ ᠣᠷᠣᠭᠤᠯᠤᠨ ᠦᠢ᠍ᠯᠡᠳᠪᠦᠷᠢᠯᠡᠵᠦ ᠡᠵᠡᠩᠨᠡᠬᠦ ᠵᠡᠷᠭᠡ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠲᠣᠭᠣᠷᠢᠨ᠎ᠳᠤ ᠂ ᠠᠵᠤ ᠠᠬᠤᠢ᠌ᠯᠠᠯ ᠡᠷᠭᠢᠯᠡᠬᠦ ᠂ ᠪᠠᠷᠢᠯᠭ᠎ᠠ ᠵᠢᠨ ᠵᠥᠪᠰᠢᠶᠡᠷᠡᠯ ᠣᠯᠭᠣᠬᠤ ᠂ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠡᠷᠭᠡ 20 ᠲᠠᠯ᠎ᠠ᠎ᠪᠠᠷ ᠭᠣᠣᠯᠳᠠᠯᠭ᠎ᠠ ᠪᠣᠯᠭ᠋ᠠᠨ ᠂ 《 ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ 》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ ᠂ ᠪᠡᠭᠡᠵᠢᠩ ᠬᠣᠲᠠ ᠵᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠬᠤ ᠲᠥᠷᠥ ᠵᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠪᠡᠶ᠎ᠡ ᠵᠢᠨ ᠪᠠᠢ᠌ᠳᠠᠯᠳᠤᠨᠢ ᠲᠣᠬᠢᠷᠠᠭᠤᠯᠤᠨ ᠪᠣᠶ ᠪᠣᠯᠭ᠋ᠠᠵᠤ ᠂ 《 ᠭᠡᠷ᠎ᠲᠡᠭᠡᠨ ᠰᠠᠭᠤᠬᠤ ᠬᠡᠯᠪᠡᠷᠢ 》 ᠵᠢᠨ ᠣᠷᠴᠢᠨ ᠲᠣᠭᠣᠷᠢᠨ᠎ᠢ ᠪᠣᠶ ᠪᠣᠯᠭ᠋ᠠᠵᠤ ᠂ 《 ᠠᠰᠠᠷᠠᠭᠴᠢ ᠬᠡᠯᠪᠡᠷᠢ 》 ᠵᠢᠨ ᠦᠢ᠍ᠯᠡᠴᠢᠯᠡᠭᠡ ᠬᠠᠩᠭ᠋ᠠᠵᠤ ᠂ 《 ᠨᠡᠭᠡᠭᠡᠯᠲᠡᠲᠤ ᠬᠡᠯᠪᠡᠷᠢ 》 ᠵᠢᠨ ᠲᠠᠪᠴᠠᠩ᠎ᠢ ᠪᠠᠢ᠌ᠭᠤᠯᠵᠤ ᠪᠠᠢ᠌ᠨ᠎ᠠ ᠃
ᠬᠣᠩ ᠹᠦ᠋ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠬᠦᠷᠴᠦ ᠂ 《 ᠬᠣᠩ ᠹᠦ᠋ ᠱᠠᠪᠲᠠᠯ᠎ᠠ 》 《 ᠬᠤᠪᠠ ᠵᠢᠮᠢᠰ 》 ᠵᠡᠷᠭᠡ ᠡᠯ᠎ᠡ ᠵᠦᠢ᠍ᠯ᠎ᠤᠨ ᠠᠮᠤᠷ ᠲᠦᠪᠰᠢᠨ ᠵᠢᠮᠢᠰ ᠢᠳᠡᠰᠢᠨ ᠨᠣᠭᠣᠭ᠎ᠠ ᠵᠢᠨ ᠢᠳᠡᠭᠡᠨ᠎ᠤ ᠵᠦᠢ᠍ᠯ ᠨᠢᠭᠡᠨᠲᠡ ᠬᠤᠷᠢᠶᠠᠯᠲᠠ ᠵᠢᠨ ᠬᠤᠭᠤᠴᠠᠭ᠋ᠠᠨ᠎ᠳᠠᠭᠠᠨ ᠣᠷᠣᠵᠤ ᠂ ᠪᠡᠭᠡᠵᠢᠩ᠎ᠤᠨ ᠬᠤᠳᠠᠯᠳᠤᠭ᠋ᠠᠨ᠎ᠤ ᠬᠡᠲᠦ ᠳᠡᠯᠭᠡᠭᠦᠷ᠎ᠲᠤ ᠰᠢᠭᠤᠳ ᠬᠠᠩᠭ᠋ᠠᠬᠤ 《 ᠵᠢᠦᠢ ᠦ᠋ ᠪᠠ 》 ᠢᠳᠡᠰᠢᠨ ᠨᠣᠭᠣᠭ᠎ᠠ ᠵᠢᠨ ᠰᠠᠭᠰᠤ ᠪᠣᠯᠤᠭᠰᠠᠨ᠎ᠤ ᠬᠤᠪᠢ᠎ᠳᠤ ᠂ ᠪᠡᠯᠡᠳᠭᠡᠮᠵᠢᠳᠤ ᠲᠠᠷᠢᠶᠠᠯᠠᠩ᠎ᠢ ᠭᠣᠣᠯᠯᠠᠨ ᠡᠷᠭᠢᠯᠡᠬᠦ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠩ ᠹᠦ᠋ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠨᠢ ᠣᠶᠤᠨᠲᠤ ᠬᠦᠯᠡᠮᠵᠢ᠎ᠪᠠᠷ ᠳᠡᠮᠵᠢᠨ ᠬᠡᠲᠦ ᠶᠡᠬᠡ ᠬᠡᠪᠴᠢᠶ᠎ᠡ᠎ᠲᠠᠢ ᠂ ᠬᠡᠲᠦ ᠶᠡᠬᠡ ᠭᠠᠷᠤᠯᠲᠠ᠎ᠲᠠᠢ ᠬᠠᠩᠭ᠋ᠠᠯᠭ᠎ᠠ ᠵᠢ ᠪᠡᠶᠡᠯᠡᠭᠦᠯᠵᠦ ᠂ ᠵᠢᠯ᠎ᠤᠨ ᠦᠢ᠍ᠯᠡᠳᠬᠦᠨ᠎ᠤ ᠥᠷᠲᠡᠭ᠎ᠨᠢ ᠵᠢᠱ᠌ᠢᠯᠲᠡ᠎ᠪᠠᠷ 12.6 ᠳ᠋ᠦᠩᠰᠢᠭᠤᠷ ᠲᠥᠭᠥᠷᠢᠭ᠎ᠲᠤ ᠬᠦᠷᠴᠦ ᠂ 6800 ᠬᠥᠮᠥᠨ᠎ᠢ ᠳᠠᠶ᠋ᠢᠴᠢᠯᠠᠨ ᠣᠷᠣᠯᠭ᠎ᠠ ᠵᠢ᠎ᠨᠢ ᠲᠣᠭᠲᠠᠭᠤᠨ ᠵᠶ᠋ᠠᠷ ᠨᠡᠮᠡᠭᠳᠡᠭᠦᠯᠬᠦ ᠪᠣᠯᠣᠨ᠎ᠠ ᠃
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠠᠪᠴᠠᠩ᠎ᠢ ᠠᠰᠢᠭᠯᠠᠨ᠂ ᠪᠡᠭᠡᠵᠢᠩ ᠬᠤᠳᠠ ᠵᠢᠨ ᠹᠠᠩᠱ᠌ᠠᠨ ᠲᠣᠭᠣᠷᠢᠭ ᠪᠣᠯᠣᠨ ᠥᠪᠥᠷ ᠮᠣᠩᠭᠣᠯ᠎ᠤᠨ ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ ᠬᠠᠮᠲᠤ᠎ᠪᠠᠷ ᠬᠥᠳᠡᠭᠡ ᠠᠵᠤ ᠠᠬᠤᠢ ᠵᠤᠭ᠋ᠠᠴᠠᠯ᠎ᠢ ᠠᠭᠤᠰᠤᠯᠴᠠᠭᠤᠯᠤᠭᠰᠠᠨ ᠱᠣ᠋ ᠭᠤᠸᠠᠩ ᠤᠳᠤ ᠦᠶ᠎ᠡ ᠵᠢᠨ ᠲᠠᠷᠢᠶᠠᠯᠠᠩ᠎ᠤᠨ ᠣᠷᠴᠢᠯ ᠠᠵᠤ ᠠᠬᠤᠢ ᠵᠢᠨ ᠬᠦᠷᠢᠶᠡᠯᠡᠩ ᠲᠣᠭᠣᠷᠢᠭ᠎ᠢ ᠪᠠᠢ᠌ᠭᠤᠯᠵᠤ᠂ 《ᠵᠤᠭ᠋ᠠᠴᠠᠯ +》《ᠲᠠᠷᠢᠶᠠᠯᠠᠩ +》《 ᠢᠨᠲᠸᠷ ᠰᠦᠯᠵᠢᠶ᠎ᠡ +》 ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢᠨ ᠵᠠᠭᠪᠤᠷ᠎ᠢ ᠰᠦᠪᠡᠭᠴᠢᠯᠡᠬᠦ᠎ᠪᠠᠷ ᠳᠠᠮᠵᠢᠭᠤᠯᠵᠤ᠂ ᠬᠥᠳᠡᠭᠡ ᠲᠣᠰᠬᠣᠨ᠎ᠢ ᠴᠡᠴᠡᠷᠯᠢᠭ᠂ ᠪᠦᠲᠦᠭᠡᠭᠳᠡᠬᠦᠨ᠎ᠢ ᠲᠠᠸᠠᠷ᠂ ᠭᠠᠷᠤᠯᠲᠠ ᠵᠢᠨ ᠣᠷᠣᠨ᠎ᠢ ᠦᠵᠡᠮᠵᠢ ᠵᠢᠨ ᠣᠷᠣᠨ ᠪᠣᠯᠭ᠋ᠠᠨ ᠬᠤᠪᠢᠷᠠᠭᠤᠯᠵᠠᠢ᠃ 2020 ᠣᠨ᠎ᠳᠤ ᠲᠣᠰ ᠬᠦᠷᠢᠶᠡᠯᠡᠩ ᠲᠣᠭᠣᠷᠢᠭ᠎ᠨᠢ ᠤᠯᠤᠰ᠎ᠤᠨ ᠲᠠᠰ᠎ᠤᠨ ᠠᠵᠤ ᠦᠢ᠍ᠯᠡᠰ᠎ᠤᠨ ᠠᠭᠤᠰᠤᠯᠴᠠᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠪᠠ ᠤᠯᠤᠰ᠎ᠤᠨ ᠲᠠᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠃
ᠠᠵᠤ ᠦᠢ᠍ᠯᠡᠰ᠎ᠢ ᠣᠷᠣᠭᠤᠯᠤᠨ ᠠᠪᠴᠢᠷᠠᠬᠤ ᠵᠢᠨ ᠬᠠᠮᠲᠤ᠂ ᠪᠡᠭᠡᠵᠢᠩ᠎ᠤᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠰᠣᠶᠣᠯ ᠡᠷᠡᠭᠦᠯ ᠬᠠᠮᠠᠭ᠋ᠠᠯᠠᠯ᠎ᠤᠨ ᠰᠢᠯᠢᠳᠡᠭ ᠡᠬᠢ ᠪᠠᠶᠠᠯᠢᠭ ᠴᠤ᠌ ᠥᠪᠥᠷ ᠮᠣᠩᠭᠣᠯ᠎ᠤᠨ ᠡᠬᠡ ᠭᠠᠵᠠᠷ᠎ᠲᠤ ᠲᠠᠰᠤᠷᠠᠯᠲᠠ ᠦᠭᠡᠢ ᠣᠷᠣᠵᠤ ᠢᠷᠡᠪᠡ᠃
ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠥᠷᠨᠢᠭᠦᠯᠦᠭᠰᠡᠨ᠎ᠠᠴᠠ ᠨᠠᠰᠢ ᠂ ᠪᠡᠭᠡᠵᠢᠩ ᠬᠣᠲᠠ ᠪᠣᠯᠣᠨ ᠥᠪᠥᠷ ᠮᠣᠩᠭᠣᠯ ᠶᠠᠪᠤᠯᠴᠠᠭ᠎ᠠ ᠂ ᠰᠣᠯᠢᠯᠴᠠᠭ᠎ᠠ ᠂ ᠠᠭᠤᠰᠤᠯᠴᠠᠭ᠎ᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ ᠂ ᠲᠤᠰᠠᠯᠠᠮᠵᠢ ᠬᠦᠷᠳᠡᠬᠦ ᠭᠠᠵᠠᠷ ᠣᠷᠣᠨ᠎ᠤ ᠳᠤᠲᠠᠭᠤᠳᠠᠯ ᠪᠠᠭᠤᠷᠠᠢ ᠵᠦᠢ᠍ᠯ ᠵᠢᠴᠢ ᠤᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠵᠢᠯᠴᠠᠬᠤ ᠬᠦᠷᠢᠶ᠎ᠡ᠎ᠪᠠᠨ ᠢᠳᠡᠪᠬᠢᠲᠡᠢ ᠥᠷᠭᠡᠳᠬᠡᠵᠦ᠂ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠠᠵᠢᠯ ᠲᠦᠷᠦᠯ ᠵᠶ᠋ᠡᠷ ᠵᠶ᠋ᠡᠨ ᠬᠠᠮᠵᠢᠯᠴᠠᠬᠤ ᠪᠦᠳᠦᠭᠦᠪᠴᠢ ᠵᠥᠪᠯᠡᠯᠴᠡᠭᠡᠷ (2021 — 2025 ᠣᠨ)》᠎ᠲᠤ ᠭᠠᠷᠤᠨ ᠦᠰᠦᠭ ᠵᠢᠷᠤᠬᠤ᠎ᠪᠠᠷ ᠳᠠᠮᠵᠢᠭᠤᠯᠵᠤ᠂ ᠬᠣᠶᠠᠷ ᠭᠠᠵᠠᠷ᠎ᠤᠨ᠎ᠬᠢᠨ ᠪᠠᠭᠰᠢ ᠵᠢᠨ ᠰᠣᠯᠢᠯᠴᠠᠭ᠎ᠠ ᠪᠣᠯᠪᠠᠰᠤᠷᠠᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠡᠮᠵᠢᠯᠭᠡ᠂ ᠲᠣᠭ᠋ᠠᠴᠢᠯᠠᠭᠰᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ 8 ᠲᠠᠯ᠎ᠠ᠎ᠪᠠᠷ ᠰᠠᠨᠠᠯ ᠨᠢᠭᠡᠳᠴᠡᠢ᠃
ᠣᠲᠣ ᠪᠣᠯᠲᠠᠯ᠎ᠠ ᠂ ᠪᠡᠭᠡᠵᠢᠩ ᠬᠣᠲᠠ ᠨᠡᠶ᠋ᠢᠲᠡ 6.66 ᠳ᠋ᠦᠩᠰᠢᠭᠤᠷ ᠲᠥᠭᠥᠷᠢᠭ᠎ᠤᠨ ᠰᠤᠷᠭ᠋ᠠᠨ ᠬᠥᠮᠦᠵᠢᠯ ᠡᠮ ᠡᠮᠨᠡᠯᠭᠡ ᠵᠢᠨ ᠬᠠᠪᠰᠤᠷᠤᠨ ᠲᠡᠳᠬᠦᠬᠦ ᠪᠡᠯᠡ ᠮᠥᠩᠭᠥ ᠣᠷᠣᠭᠤᠯᠵᠤ ᠂ ᠰᠤᠷᠭ᠋ᠠᠭᠤᠯᠢ ᠂ ᠬᠡᠤᠬᠡᠳ᠎ᠤᠨ ᠴᠡᠴᠡᠷᠯᠢᠭ 171 ᠂ ᠡᠮᠨᠡᠯᠭᠡ ᠵᠢᠨ ᠬᠣᠷᠢᠶ᠎ᠠ ᠂ ᠡᠷᠡᠭᠦᠯ ᠬᠠᠮᠠᠭ᠋ᠠᠯᠠᠯ᠎ᠤᠨ ᠲᠠᠰᠤᠭ ᠂ ᠨᠠᠰᠤᠲᠠᠨ᠎ᠢ ᠠᠰᠠᠷᠠᠬᠤ ᠬᠦᠷᠢᠶᠡᠯᠡᠩ 493 ᠂ ᠥᠪᠥᠷ ᠮᠣᠩᠭᠣᠯ᠎ᠤᠨ 424 ᠰᠤᠷᠭ᠋ᠠᠭᠤᠯᠢ ᠂ 290 ᠡᠮᠨᠡᠯᠭᠡ ᠵᠢᠨ ᠬᠣᠷᠢᠶ᠎ᠠ᠎ᠨᠢ ᠪᠡᠭᠡᠵᠢᠩ ᠬᠣᠲᠠ ᠵᠢᠨ 335 ᠰᠤᠷᠭ᠋ᠠᠭᠤᠯᠢ ᠂ 255 ᠡᠮᠨᠡᠯᠭᠡ ᠵᠢᠨ ᠬᠣᠷᠢᠶ᠎ᠠ᠎ᠲᠠᠢ ᠬᠠᠮᠵᠢᠯᠴᠠᠬᠤ ᠬᠠᠷᠢᠴᠠᠭ᠎ᠠ ᠪᠠᠢ᠌ᠭᠤᠯᠤᠭᠰᠠᠨ ᠪᠠᠢ᠌ᠨ᠎ᠠ ᠃
ᠲᠡᠷᠢᠭᠦᠨ᠎ᠤ ᠣᠢ᠌ᠯᠠᠭ᠋ᠠᠭᠳᠠᠬᠤᠨ᠎ᠢ ᠰᠤᠷᠤᠯᠴᠠᠨ ᠣᠷᠣᠭᠤᠯᠵᠤ ᠵᠢᠱ᠌ᠢᠶ᠎ᠡ ᠦᠵᠡᠭᠦᠯᠬᠦ ᠬᠡᠪ ᠵᠠᠭᠪᠤᠷ᠎ᠢ ᠪᠣᠶ ᠪᠣᠯᠭ᠋ᠠᠨ᠎ᠠ
ᠭᠠᠴᠠᠭ᠎ᠠ ᠲᠣᠰᠬᠣᠨ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠭᠣᠣᠯ ᠴᠣᠭᠴᠠ ᠪᠣᠯᠤᠭᠰᠠᠨ᠎ᠤ ᠬᠤᠪᠢ᠎ᠳᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠨᠳᠦᠰᠦᠨ ᠡᠯᠧᠮᠧᠨ᠋ᠲ ᠪᠣᠯᠣᠨ ᠭᠣᠣᠯᠯᠠᠭᠴᠢ ᠴᠢᠳᠠᠪᠬᠢ ᠵᠢ ᠠᠴᠢᠶᠠᠯᠠᠵᠤ᠂ 2021 ᠣᠨ᠎ᠠᠴᠠ ᠨᠠᠰᠢ᠂ ᠥᠪᠥᠷ ᠮᠣᠩᠭᠣᠯ ᠪᠡᠭᠡᠵᠢᠩ ᠬᠤᠳᠠ ᠵᠢᠨ ᠲᠡᠷᠢᠭᠦᠨ᠎ᠤ ᠲᠤᠷᠰᠢᠯᠭ᠎ᠠ ᠪᠣᠯᠣᠨ ᠣᠢ᠌ᠯᠠᠭ᠋ᠠᠭᠳᠠᠬᠤᠨ᠎ᠢ ᠢᠳᠡᠪᠬᠢᠲᠡᠢ ᠰᠢᠩᠭᠡᠬᠡᠨ ᠠᠪᠴᠤ ᠲᠣᠯᠢ ᠪᠣᠯᠭ᠋ᠠᠵᠤ᠂ ᠪᠦᠬᠦ ᠲᠣᠰᠬᠣᠨ ᠵᠶ᠋ᠠᠷ ᠪᠦᠲᠦᠭᠡᠨ ᠪᠠᠶ᠋ᠢᠭᠤᠯᠬᠤ᠎ᠪᠠᠷ ᠦᠨᠳᠦᠰᠦᠨ ᠵᠠᠭᠪᠤᠷ ᠪᠣᠯᠭ᠋ᠠᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠎ᠪᠠᠷ ᠦᠨᠳᠦᠰᠦᠨ ᠠᠷᠭ᠎ᠠ ᠵᠠᠮ ᠪᠣᠯᠭ᠋ᠠᠵᠤ᠂ ᠤᠯᠠᠨ ᠲᠦᠮᠡᠨ᠎ᠳᠤ ᠦᠢ᠍ᠯᠡᠴᠢᠯᠡᠬᠦ᠎ᠪᠠᠷ ᠦᠨᠳᠦᠰᠦᠨ ᠴᠢᠭᠯᠡᠯ ᠪᠣᠯᠭ᠋ᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠪᠡᠯᠡ ᠮᠥᠩᠭᠥ ᠵᠢ 4.25 ᠳ᠋ᠦᠩᠰᠢᠭᠤᠷ ᠲᠥᠭᠥᠷᠢᠭ ᠣᠷᠣᠭᠤᠯᠵᠤ᠂ 103 ᠲᠦᠷᠦᠯ ᠵᠦᠢ᠍ᠯ᠎ᠢ ᠬᠡᠷᠡᠭᠵᠢᠭᠦᠯᠵᠦ᠂《ᠵᠠᠭᠤᠨ ᠲᠣᠰᠬᠣᠨ᠎ᠤ ᠵᠢᠱ᠌ᠢᠶ᠎ᠡ ᠦᠵᠡᠭᠦᠯᠬᠦ ᠢᠨᠵᠧᠨᠧᠷᠢᠩ》 ᠢ ᠪᠠᠢ᠌ᠭᠤᠯᠪᠠ᠃
ᠥᠪᠥᠷ ᠮᠣᠩᠭᠣᠯ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠲᠤᠰᠬᠠᠢ ᠮᠡᠷᠭᠡᠵᠢᠯ᠎ᠤᠨ ᠪᠦᠯᠬᠦᠮ᠎ᠢ ᠤᠷᠢᠬᠤ᠎ᠪᠠᠷ ᠳᠠᠮᠵᠢᠭᠤᠯᠤᠨ ᠂ ᠣᠯᠠᠨ ᠲᠥᠯᠦᠪᠵᠢᠭᠦᠯᠭᠡ ᠵᠢ ᠨᠢᠭᠡᠳᠬᠡᠭᠰᠡᠨ ᠬᠡᠷᠡᠭᠯᠡᠭᠡᠨ᠎ᠤ ᠴᠢᠨᠠᠷᠲᠠᠢ ᠠᠢ᠌ᠯ ᠲᠣᠰᠬᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠪᠠ ᠃ ᠲᠦᠩᠯᠢᠶᠣᠣ ᠬᠤᠲᠠ ᠵᠢᠨ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤ ᠪᠡᠭᠡᠵᠢᠩ ᠬᠤᠲᠠ ᠵᠢᠨ ᠴᠣᠣᠶᠠᠩ ᠲᠣᠭᠣᠷᠢᠭ᠎ᠤᠨ ᠬᠠᠪᠰᠤᠷᠤᠯᠭ᠎ᠠ ᠳᠣᠣᠷ᠎ᠠ᠂ ᠪᠦᠬᠦ ᠲᠣᠰᠬᠣᠨ ᠵᠶ᠋ᠠᠷ ᠵᠶ᠋ᠠᠨ ᠬᠥᠮᠥᠨ ᠮᠠᠯ᠎ᠢ ᠰᠠᠯᠭ᠋ᠠᠬᠤ ᠵᠢ ᠠᠬᠢᠭᠤᠯᠵᠤ᠂ ᠲᠠᠷᠢᠶᠠᠴᠢᠨ ᠡᠷᠦᠬᠡ ᠵᠢᠨ ᠨᠢᠭᠡᠳᠦᠯᠲᠡᠢ ᠬᠠᠮᠢᠶᠠᠷᠬᠤ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠵᠢ ᠪᠡᠶᠡᠯᠡᠭᠦᠯᠪᠡ; ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠦᠨ ᠴᠢᠤᠸᠠᠨ ᠲᠣᠰᠬᠣᠨ᠎ᠳᠤ 《 ᠨᠣᠭᠣᠭ᠋ᠠᠨ ᠪᠣᠷᠳᠣᠭ᠎ᠠ ᠳᠠᠷᠢᠬᠤ + ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ + ᠦᠨᠢᠶᠡᠨ ᠰᠦ ᠨᠠᠷᠢᠯᠢᠭ ᠡᠳ᠋ᠰᠢᠭᠦᠯᠬᠦ + ᠭᠦᠢ᠍ᠯᠭᠡᠭᠡᠨ᠎ᠳᠤ ᠪᠣᠷᠣᠯᠠᠭᠤᠯᠬᠤ 》 ᠪᠥᠬᠥ ᠬᠡᠯᠬᠢᠶᠡᠨ᠎ᠤ ᠬᠥᠭᠵᠢᠯᠲᠡ ᠵᠢᠨ ᠪᠠᠢ᠌ᠷᠢᠰᠢᠯ᠎ᠢ ᠪᠣᠶ ᠪᠣᠯᠭ᠋ᠠᠪᠠ ᠃
ᠬᠥᠳᠡᠭᠡ ᠲᠣᠰᠬᠣᠨ᠎ᠢ ᠤᠳᠤ ᠦᠶ᠎ᠡ ᠵᠢᠨ ᠠᠮᠢᠳᠤᠷᠠᠯ᠎ᠤᠨ ᠨᠥᠬᠥᠴᠡᠯ᠎ᠲᠠᠢ ᠪᠣᠯᠭ᠋ᠠᠵᠤ᠂ ᠬᠤᠳᠠ ᠵᠢᠨ ᠴᠢᠬᠤᠯᠠ ᠡᠯᠧᠮᠧᠨ᠋ᠲ᠎ᠲᠠᠢ ᠡᠷᠬᠡ ᠲᠡᠭᠰᠢ᠎ᠪᠠᠷ ᠰᠣᠯᠢᠯᠴᠠᠬᠤ ᠵᠢ ᠪᠡᠶᠡᠯᠡᠭᠦᠯᠬᠦ ᠵᠢᠨ ᠲᠥᠯᠥᠭᠡ᠂ ᠪᠡᠭᠡᠵᠢᠩ ᠬᠤᠳᠠ ᠵᠢᠨ 17 ᠲᠣᠭᠣᠷᠢᠭ ᠪᠣᠯᠣᠨ ᠥᠪᠥᠷ ᠮᠣᠩᠭᠣᠯ᠎ᠤᠨ 31 ᠬᠣᠣᠰᠯᠠᠯ ᠪᠠᠢ᠌ᠭᠤᠯᠤᠭᠰᠠᠨ ᠬᠣᠰᠢᠭᠤ ᠰᠢᠶᠠᠨ《ᠬᠤᠳᠠ ᠬᠥᠳᠡᠭᠡ ᠵᠢ ᠠᠭᠤᠰᠤᠯᠴᠠᠭᠤᠯᠬᠤ᠂ ᠬᠤᠳᠠ᠎ᠪᠠᠷ ᠬᠥᠳᠡᠭᠡ ᠲᠣᠰᠬᠣᠨ᠎ᠢ ᠳᠠᠢ᠌ᠴᠢᠯᠠᠬᠤ》ᠵᠠᠷᠴᠢᠮ ᠶᠣᠰᠣᠭ᠋ᠠᠷ᠂ ᠪᠡᠭᠡᠵᠢᠩ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠤᠨ ᠠᠮᠢᠳᠤᠷᠠᠯ᠎ᠤᠨ ᠲᠦᠷᠦᠯ ᠵᠦᠢ᠍ᠯ᠎ᠤᠨ ᠬᠠᠮᠢᠶᠠᠷᠤᠯᠲᠠ ᠡᠵᠡᠩᠨᠡᠯᠲᠡ ᠵᠡᠷᠭᠡ ᠲᠠᠯ᠎ᠠ ᠵᠢᠨ ᠲᠡᠷᠢᠭᠦᠨ᠎ᠤ ᠣᠢ᠌ᠯᠠᠭ᠋ᠠᠭᠳᠠᠬᠤᠨ᠎ᠢ ᠣᠷᠣᠭᠤᠯᠤᠨ ᠠᠪᠴᠢᠷᠠᠵᠤ᠂ ᠥᠨᠳᠥᠷ ᠪᠠᠷᠢᠮᠵᠢᠶ᠎ᠠ ᠥᠨᠳᠥᠷ ᠭᠠᠷᠤᠭ᠎ᠠ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠣᠰᠬᠣᠨ᠎ᠢ ᠪᠠᠶ᠋ᠢᠭᠤᠯᠬᠤ ᠵᠢ ᠠᠬᠢᠭᠤᠯᠪᠠ᠃
ᠬᠡᠷᠡᠭᠯᠡᠭᠡ ᠵᠢ ᠬᠠᠪᠰᠤᠷᠤᠨ ᠲᠡᠳᠬᠦᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠳᠣᠲᠣᠭ᠋ᠠᠳᠤ ᠬᠥᠳᠡᠯᠭᠡᠭᠦ ᠬᠦᠴᠦᠨ᠎ᠢ ᠬᠥᠭᠵᠢᠭᠡᠨ᠎ᠡ
ᠨᠡᠢ᠌ᠰᠯᠡᠯ᠎ᠤᠨ 《 ᠨᠣᠭᠣᠭ᠎ᠠ ᠵᠢᠨ ᠰᠠᠭᠰᠤ 》 《 ᠬᠦᠨᠡᠰᠦᠨ᠎ᠤ ᠤᠭᠤᠲᠠ 》 《 ᠵᠢᠮᠢᠰ᠎ᠤᠨ ᠫᠢᠯᠠ 》 ᠪᠣᠯᠤᠭᠰᠠᠨ᠎ᠤ ᠬᠤᠪᠢ᠎ᠳᠤ ᠂ ᠥᠪᠥᠷ ᠮᠣᠩᠭᠣᠯ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠡᠭᠡᠵᠢᠩ᠎ᠳᠤ ᠣᠷᠣᠵᠤ ᠪᠣᠷᠣᠯᠠᠭᠤᠯᠬᠤ ᠰᠠᠭ᠋ᠠᠳ ᠦᠭᠡᠢ ᠵᠠᠮ ᠮᠥᠷ᠎ᠲᠤ ᠲᠦᠰᠢᠭᠯᠡᠨ ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠪᠠ ᠃
2021 ᠣᠨ᠎ᠠᠴᠠ ᠨᠠᠰᠢ᠂ ᠪᠡᠭᠡᠵᠢᠩ ᠪᠣᠯᠣᠨ ᠥᠪᠥᠷ ᠮᠣᠩᠭᠣᠯ ᠬᠠᠮᠲᠤ᠎ᠪᠠᠷ ᠡᠨᠧᠷᠭᠢ ᠵᠢᠨ ᠬᠠᠩᠭ᠋ᠠᠯᠭ᠎ᠠ ᠵᠢᠨ ᠰᠠᠭᠤᠷᠢᠨ ᠂ ᠬᠣᠯᠢᠰᠢᠨ ᠢᠳᠡᠭᠡᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠠᠢ᠌ᠭᠤᠯᠵᠤ᠂ ᠪᠡᠭᠡᠵᠢᠩ᠎ᠤᠨ ᠨᠢᠭᠡ ᠪᠦᠯᠦᠭ ᠡᠨᠧᠷᠭᠢ ᠵᠢᠨ ᠠᠵᠤ ᠠᠬᠤᠢ᠌ᠯᠠᠯ᠂ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠢ᠌ᠯᠠᠯ ᠥᠪᠥᠷ ᠮᠣᠩᠭᠣᠯ᠎ᠳᠤ ᠨᠤᠲᠤᠭᠰᠢᠪᠠ᠃ ᠬᠣᠶᠠᠷ ᠲᠠᠯ᠎ᠠ᠎ᠪᠠᠷ ᠵᠶ᠋ᠠᠨ ᠪᠡᠭᠡᠵᠢᠩ᠎ᠤᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠲᠥᠪ᠎ᠤᠨ ᠥᠪᠥᠷ ᠮᠣᠩᠭᠣᠯ᠎ᠤᠨ ᠦᠵᠡᠭᠦᠯᠦᠯᠭᠡ ᠵᠢᠨ ᠲᠢᠩᠬᠢᠮ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠵᠢ ᠲᠠᠨᠢᠯᠴᠠᠭᠤᠯᠬᠤ ᠬᠤᠷᠠᠯ ᠵᠡᠷᠭᠡ ᠲᠠᠪᠴᠠᠩ᠎ᠢ ᠠᠰᠢᠭᠯᠠᠨ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠥᠷᠨᠢᠭᠦᠯᠵᠦ᠂ ᠬᠢᠩᠭ᠋ᠠᠨ ᠠᠢ᠌ᠮᠠᠭ᠎ᠤᠨ ᠲᠤᠲᠤᠷᠭ᠎ᠠ᠂ ᠪᠣᠷᠣᠳᠣᠬᠣᠢ ᠵᠢᠨ ᠨᠡᠷᠡᠨ ᠬᠤᠸᠠᠷ᠂ ᠤᠯᠠᠭ᠋ᠠᠨᠴᠠᠪ᠎ᠤᠨ ᠲᠥᠮᠥᠰᠥ᠂ ᠰᠢᠯᠢ ᠵᠢᠨ ᠭᠣᠣᠯ᠎ᠤᠨ ᠬᠤᠨᠢᠨ ᠮᠢᠬ᠎ᠠ ᠵᠡᠷᠭᠡ 《ᠮᠣᠩᠭᠣᠯ ᠨᠡᠷᠡᠮᠵᠢᠲᠦ》 ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠡᠷᠭᠡ᠎ᠪᠡᠷ ᠬᠥᠭᠵᠢᠪᠡ᠃
2022 ᠣᠨ᠎ᠤ 9 ᠰᠠᠷ᠎ᠠ ᠵᠢᠨ 13᠎ᠤ ᠡᠳᠦᠷ᠂ ᠥᠪᠥᠷ ᠮᠣᠩᠭᠣᠯ ᠪᠣᠯᠣᠨ ᠪᠡᠭᠡᠵᠢᠩ᠎ᠤᠨ ᠵᠡᠷᠭᠡᠴᠡᠭᠡ ᠱᠤᠭᠤᠮ ᠳᠡᠭᠡᠷ᠎ᠡ 《 ᠪᠡᠭᠡᠵᠢᠩ ᠥᠪᠥᠷ ᠮᠣᠩᠭᠣᠯ᠎ᠤᠨ ᠵᠠᠭᠤᠨ ᠠᠵᠤ ᠠᠬᠤᠢ᠌ᠯᠠᠯ᠎ᠤᠨ ᠪᠠᠢ᠌ᠳᠠᠯ 》 ᠵᠢᠴᠢ 2022 ᠣᠨ᠎ᠤ ᠪᠡᠭᠡᠵᠢᠩ ᠥᠪᠥᠷ ᠮᠣᠩᠭᠣᠯ᠎ᠤᠨ ᠠᠵᠤ ᠦᠢ᠍ᠯᠡᠰ᠎ᠢ ᠵᠣᠯᠭ᠋ᠠᠭᠤᠯᠬᠤ ᠡᠬᠢᠯᠡᠯᠲᠡ ᠵᠢᠨ ᠶᠣᠰᠣᠯᠠᠯ ᠶᠠᠪᠤᠭᠤᠯᠪᠠ ᠃ ᠬᠣᠶᠠᠷ ᠭᠠᠵᠠᠷ᠎ᠤᠨ ᠳᠠᠪᠠᠭᠤᠯᠢᠭ ᠡᠬᠢ ᠪᠠᠶᠠᠯᠢᠭ ᠪᠠ ᠳᠠᠯᠳᠠ ᠬᠡᠷᠡᠭᠴᠡᠭᠡ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠵᠤ ᠂ ᠪᠡᠭᠡᠵᠢᠩ ᠬᠣᠲᠠ ᠵᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠤᠨ ᠦᠢ᠍ᠯᠡᠰ ᠬᠥᠭᠵᠢᠭᠦᠯᠬᠦ ᠵᠢ ᠬᠥᠲᠥᠯᠥᠨ ᠵᠢᠯᠤᠭᠣᠳᠴᠤ ᠂ ᠲᠤᠬᠠᠢ ᠵᠢᠨ ᠲᠠᠯᠠᠪᠤᠷ᠎ᠲᠤ 31 ᠲᠥᠷᠥᠯ ᠵᠦᠢ᠍ᠯ᠎ᠤᠨ ᠭᠡᠷ᠎ᠡ ᠲᠣᠭᠲᠠᠵᠤ ᠂ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ᠎ᠨᠢ 1464 ᠳ᠋ᠦᠩᠰᠢᠭᠤᠷ ᠲᠥᠭᠥᠷᠢᠭ᠎ᠲᠤ ᠬᠦᠷᠴᠦ ᠂ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠯᠪᠠᠰᠤᠷᠠᠭᠤᠯᠤᠯᠲᠠ ᠂ ᠰᠣᠶᠣᠯ ᠵᠢᠭᠤᠯᠴᠢᠯᠠᠯ ᠂ ᠬᠡᠷᠡᠭᠯᠡᠭᠡ ᠭᠦᠢ᠍ᠯᠭᠡᠭᠡ ᠵᠡᠷᠭᠡ ᠣᠯᠠᠨ ᠬᠦᠷᠢᠶᠡᠨ᠎ᠳᠤ ᠬᠣᠯᠪᠣᠭᠳᠠᠵᠠᠢ ᠃
《ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ》 ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ ᠂ ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠂ ᠵᠡᠭᠦᠨ ᠪᠠᠷᠠᠭᠤᠨ ᠣᠷᠣᠨ᠎ᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ ᠂ ᠥᠪᠥᠷ ᠮᠣᠩᠭᠣᠯ᠎ᠤᠨ ᠰᠢᠰᠲ᠋ᠧᠮ᠎ᠤᠨ᠎ᠬᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠪᠡᠯᠡ ᠮᠥᠩᠭᠥ ᠪᠠ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠢ ᠲᠡᠭᠦᠯᠳᠡᠷᠵᠢᠭᠦᠯᠵᠦ ᠂ ᠤᠷᠢᠳ ᠬᠣᠵᠢᠳ ᠠᠵᠤ ᠦᠢ᠍ᠯᠡᠰ᠎ᠤᠨ ᠠᠵᠢᠯ ᠣᠯᠭᠣᠯᠲᠠ ᠂ ᠰᠤᠷᠭ᠋ᠠᠨ ᠬᠥᠮᠦᠵᠢᠯ ᠡᠮ ᠡᠮᠨᠡᠯᠭᠡ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠵᠦ ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠡᠬᠢᠵᠢᠭᠦᠯᠬᠦ ᠂ ᠠᠵᠤ ᠦᠢ᠍ᠯᠡᠰ᠎ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠂ ᠺᠠᠳ᠋ᠷ ᠴᠢᠳᠠᠪᠤᠷᠢᠲᠠᠨ ᠢ ᠰᠣᠯᠢᠯᠴᠠᠬᠤ ᠂ ᠬᠥᠳᠡᠯᠮᠦᠷᠢ ᠦᠢ᠍ᠯᠡᠴᠢᠯᠡᠭᠡ᠎ᠪᠠᠷ ᠬᠠᠮᠵᠢᠯᠴᠠᠬᠤ ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠡᠷᠭᠡ 《 ᠶᠢᠰᠦᠨ ᠶᠡᠬᠡ ᠢᠨᠵᠧᠨᠧᠷᠢᠩ 》 ᠢ ᠬᠡᠷᠡᠭᠵᠢᠭᠦᠯᠵᠦ ᠂ 《 ᠪᠡᠭᠡᠵᠢᠩ᠎ᠤᠨ ᠠᠵᠤ ᠠᠬᠤᠢ᠌ᠯᠠᠯ + ᠥᠪᠥᠷ ᠮᠣᠩᠭᠣᠯ᠎ᠤᠨ ᠡᠬᠢ ᠪᠠᠶᠠᠯᠢᠭ 》 《 ᠪᠡᠭᠡᠵᠢᠩ᠎ᠤᠨ ᠵᠠᠬ᠎ᠠ ᠳᠡᠯᠭᠡᠭᠦᠷ + ᠥᠪᠥᠷ ᠮᠣᠩᠭᠣᠯ᠎ᠤᠨ ᠪᠦᠲᠦᠭᠡᠭᠳᠡᠬᠦᠨ 》 《 ᠪᠡᠭᠡᠵᠢᠩ᠎ᠤᠨ ᠶᠡᠷᠦᠩᠬᠡᠢ ᠬᠡᠯᠲᠡᠰ + ᠥᠪᠥᠷ ᠮᠣᠩᠭᠣᠯ᠎ᠤᠨ ᠰᠠᠭᠤᠷᠢᠨ ᠭᠠᠵᠠᠷ 》 《 ᠪᠡᠭᠡᠵᠢᠩ᠎ᠤᠨ ᠰᠤᠳᠤᠯᠤᠨ ᠨᠡᠭᠡᠭᠡᠬᠦ + ᠥᠪᠥᠷ ᠮᠣᠩᠭᠣᠯ᠎ᠤᠨ ᠦᠢᠯᠡᠳᠬᠦ ᠦᠢ᠍ᠯᠡᠰ 》 ᠵᠡᠷᠭᠡ ᠵᠠᠭᠪᠤᠷ᠎ᠢ ᠯᠠᠪᠳᠠᠭᠤᠨ ᠵᠶ᠋ᠠᠷ ᠠᠬᠢᠭᠤᠯᠵᠤ ᠂ ᠬᠣᠶᠠᠷ ᠭᠠᠵᠠᠷ᠎ᠤᠨ ᠬᠠᠮᠵᠢᠯᠴᠠᠬᠤ ᠠᠵᠤ ᠦᠢ᠍ᠯᠡᠰ᠎ᠤᠨ ᠬᠦᠷᠢᠶᠡᠯᠡᠩ᠎ᠢ ᠪᠡᠭᠡᠵᠢᠩ ᠥᠪᠥᠷ ᠮᠣᠩᠭᠣᠯ᠎ᠤᠨ ᠠᠵᠤ ᠠᠬᠤᠢ ᠵᠢᠨ ᠬᠥᠭᠵᠢᠯᠲᠡ ᠵᠢᠨ ᠨᠡᠮᠡᠭᠳᠡᠯ᠎ᠤᠨ ᠲᠤᠢ᠌ᠯ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠨ᠎ᠠ ᠃