4 ᠳ᠋ᠤᠭᠡᠷ ᠰᠠᠷ᠎ᠠ ᠵᠢᠨ 9᠎ᠤ ᠡᠳᠦᠷ᠂ ᠲᠠᠶ᠋ᠢᠹᠤᠰᠸ ᠬᠣᠰᠢᠭᠤ 2022 ᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠥᠷᠥᠯ ᠵᠦᠢ᠍ᠯ᠎ᠢ ᠲᠦᠯᠬᠢᠨ ᠠᠬᠢᠭᠤᠯᠬᠤ ᠬᠤᠷᠠᠯ ᠬᠢᠪᠡ᠃
ᠬᠤᠷᠠᠯ᠎ᠠᠴᠠ᠂ ᠡᠯ᠎ᠡ ᠲᠦᠷᠦᠯ ᠵᠦᠢ᠍ᠯ᠎ᠢ ᠬᠡᠷᠡᠭᠵᠢᠭᠦᠯᠬᠦ ᠨᠢᠭᠡᠴᠡ᠎ᠨᠢ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠦᠷᠦᠯ ᠵᠦᠢ᠍ᠯ᠂ ᠡᠮᠦᠨᠡᠬᠢ ᠬᠤᠭᠤᠴᠠᠭ᠋ᠠᠨ᠎ᠤ ᠭᠠᠷ ᠭᠦᠢ᠍ᠴᠡᠳᠬᠡᠯ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠪᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠣᠯᠣᠯᠴᠠᠭ᠎ᠠ᠎ᠪᠠᠨ ᠴᠢᠩᠭ᠋ᠠᠳᠬᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠷᠲᠡ ᠠᠵᠢᠯ ᠡᠬᠢᠯᠡᠭᠦᠯᠵᠦ᠂ ᠡᠷᠲᠡ ᠦᠷ᠎ᠡ ᠪᠦᠲᠦᠮᠵᠢ ᠣᠯᠬᠤ᠎ᠪᠠᠷ ᠴᠢᠷᠮᠠᠢ᠌ᠵᠤ᠂ ᠲᠦᠷᠦᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠲᠦᠷᠦᠯ ᠵᠦᠢ᠍ᠯ᠎ᠤᠨ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ᠂ ᠰᠢᠯᠭ᠋ᠠᠨ ᠠᠪᠬᠤ ᠬᠢᠨᠠᠨ ᠪᠣᠳᠣᠯᠲᠠ ᠵᠢ ᠴᠢᠩᠭ᠋ᠠᠳᠬᠠᠵᠤ᠂ ᠲᠦᠷᠦᠯ ᠵᠦᠢ᠍ᠯ᠎ᠢ ᠪᠠᠢ᠌ᠭᠤᠯᠤᠭᠰᠠᠨ᠎ᠤ ᠳᠠᠷᠠᠭ᠎ᠠ ᠥᠮᠴᠢᠯᠡᠬᠦ ᠡᠷᠬᠡ ᠵᠢ ᠲᠣᠳᠣᠷᠬᠠᠢ᠌ᠯᠠᠵᠤ᠂ ᠡᠳ᠋ ᠬᠥᠷᠥᠩᠭᠡ ᠵᠢᠨ ᠠᠰᠢᠭ ᠣᠯᠵᠠᠪᠤᠷᠢ ᠵᠢ ᠵᠢᠷᠤᠮᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯ᠎ᠡ ᠬᠣᠯᠪᠣᠭᠳᠠᠯ ᠪᠦᠬᠦᠢ ᠨᠢᠭᠡᠴᠡ ᠵᠢᠨ᠎ᠬᠢᠨ ᠨᠠᠷᠢᠨ ᠬᠢᠨᠠᠮᠠᠭ᠋ᠠᠢ ᠲᠥᠯᠥᠪᠵᠢᠭᠦᠯᠵᠦ᠂ ᠵᠣᠬᠢᠰᠲᠠᠢ ᠲᠣᠬᠢᠷᠠᠭᠤᠯᠬᠤ ᠬᠡᠷᠡᠭᠲᠡᠢ᠂ ᠣᠨᠴᠠᠭ᠋ᠠᠢ᠌ᠯᠠᠨ ᠠᠵᠤ ᠦᠢ᠍ᠯᠡᠰ᠎ᠤᠨ ᠲᠦᠷᠦᠯ ᠵᠦᠢ᠍ᠯ᠎ᠤᠨ ᠠᠬᠢᠴᠠ ᠵᠢ ᠴᠢᠩᠭ᠎ᠠ ᠠᠳᠬᠤᠵᠤ᠂ 2021 ᠣᠨ᠎ᠤ ᠠᠵᠢᠯ ᠳᠠᠭᠤᠰᠤᠭ᠋ᠠᠳᠤᠢ ᠲᠦᠷᠦᠯ ᠵᠦᠢ᠍ᠯ᠎ᠢ ᠡᠨᠡ ᠵᠢᠯ᠎ᠤᠨ 6 ᠰᠠᠷ᠎ᠠ ᠵᠢᠨ ᠰᠡᠭᠦᠯᠴᠢ᠎ᠪᠠᠷ ᠡᠷᠬᠡᠪᠰᠢ ᠳᠠᠭᠤᠰᠬᠠᠵᠤ᠂ 2022 ᠣᠨ᠎ᠤ ᠲᠦᠷᠦᠯ ᠵᠦᠢ᠍ᠯ᠎ᠢ 9 ᠰᠠᠷ᠎ᠠ ᠵᠢᠨ ᠰᠡᠭᠦᠯᠴᠢ᠎ᠠᠴᠠ ᠡᠮᠦᠨ᠎ᠡ ᠳᠠᠭᠤᠰᠬᠠᠬᠤ᠎ᠪᠠᠷ ᠴᠢᠷᠮᠠᠢ᠌ᠬᠤ ᠬᠡᠷᠡᠭᠲᠡᠢ᠃ ᠲᠥᠷᠥᠯ ᠵᠦᠢ᠍ᠯ᠎ᠤᠨ ᠲᠤᠬᠠᠢ ᠵᠢᠨ ᠵᠢᠯ᠎ᠳᠤ ᠪᠠᠷᠢᠯᠭ᠎ᠠ ᠳᠠᠭᠤᠰᠴᠤ᠂ ᠲᠤᠬᠠᠢ ᠵᠢᠨ ᠵᠢᠯ᠎ᠳᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠵᠤ᠂ ᠡᠯ᠎ᠡ ᠲᠥᠷᠥᠯ ᠵᠦᠢ᠍ᠯ᠎ᠢ ᠬᠡᠷᠡᠭᠵᠢᠭᠦᠯᠬᠦ ᠨᠢᠭᠡᠴᠡ᠎ᠨᠦᠭᠦᠳ 2018 ᠣᠨ ᠠᠴᠠ ᠨᠠᠰᠢᠬᠢ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠥᠷᠥᠯ ᠵᠦᠢ᠍ᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠪᠠ ᠠᠰᠢᠭ ᠣᠷᠣᠯᠭ᠎ᠠ ᠵᠢᠨ ᠪᠠᠢ᠌ᠳᠠᠯ᠎ᠢ ᠨᠠᠷᠢᠨ ᠬᠢᠨᠠᠮᠠᠭ᠋ᠠᠢ ᠡᠮᠬᠢᠯᠡᠨ ᠳᠢᠭᠯᠡᠵᠦ᠂ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠡᠬᠡ ᠲᠠᠩᠰᠠ ᠵᠢ ᠲᠡᠭᠦᠯᠳᠡᠷᠵᠢᠭᠦᠯᠦᠨ᠂ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠨ᠎ᠠ᠃
ᠬᠤᠷᠠᠯ ᠠᠴᠠ ᠱᠠᠭ᠋ᠠᠷᠳᠠᠭᠰᠠᠨ᠎ᠨᠢ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠠᠵᠢᠯᠯᠠᠬᠤ ᠴᠠᠭ ᠪᠠᠴᠢᠮ᠂ ᠡᠭᠦᠷᠭᠡ ᠬᠦᠨᠳᠦ ᠪᠣᠯᠬᠣᠷ ᠡᠯ᠎ᠡ ᠲᠥᠷᠥᠯ ᠵᠦᠢ᠍ᠯ᠎ᠤᠨ ᠬᠠᠮᠢᠶ᠎ᠠ ᠪᠦᠬᠦᠢ ᠨᠢᠭᠡᠴᠡ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠲᠥᠷᠥᠯ ᠵᠦᠢ᠍ᠯ᠎ᠤᠨ ᠠᠵᠢᠯ ᠡᠬᠢᠯᠡᠬᠦ᠎ᠠᠴᠠ ᠡᠮᠦᠨᠡᠬᠢ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠱᠠᠯᠠᠪᠳᠠᠨ ᠬᠢᠵᠦ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠲᠠᠰ ᠳᠠᠷᠠᠭ᠋ᠠᠯᠠᠯ ᠵᠶ᠋ᠠᠨ ᠭᠦᠢ᠍ᠴᠡᠳᠬᠡᠵᠦ᠂ ᠲᠥᠷᠥᠯ ᠵᠦᠢ᠍ᠯ᠎ᠤᠨ ᠭᠠᠷᠳᠠᠮ᠎ᠤᠨ ᠲᠡᠭᠦᠯᠳᠡᠷᠵᠢᠬᠦ ᠵᠢ ᠪᠠᠲᠤᠯᠠᠬᠤ ᠬᠡᠷᠡᠭᠲᠡᠢ᠃ ᠡᠯ᠎ᠡ ᠲᠥᠷᠥᠯ ᠵᠦᠢ᠍ᠯ᠎ᠤᠨ ᠨᠢᠭᠡᠴᠡ᠎ᠨᠦᠭᠦᠳ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ ᠵᠶ᠋ᠡᠨ ᠲᠣᠳᠣᠷᠬᠠᠢ᠌ᠯᠠᠵᠤ᠂ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠵᠢᠨ ᠠᠬᠢᠴᠠ ᠵᠢ ᠪᠣᠳᠠᠲᠠᠢ ᠠᠳᠬᠤᠨ᠂ ᠯᠠᠪᠳᠠᠭᠤᠨ ᠵᠶ᠋ᠠᠷ ᠠᠬᠢᠭᠤᠯᠵᠤ᠂ ᠡᠯ᠎ᠡ ᠲᠥᠷᠥᠯ ᠵᠦᠢ᠍ᠯ᠎ᠢ ᠡᠮᠬᠢ ᠵᠢᠷᠤᠮ᠎ᠲᠠᠢ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃