ᠤᠷᠢᠬᠠᠨ ᠬᠠᠪᠤᠷ᠎ᠤᠨ ᠭᠤᠷᠪᠠᠨ ᠰᠠᠷ᠎ᠠ᠎ᠳᠤ᠂ ᠲᠦᠴᠢᠦᠸᠠᠨ ᠰᠢᠶᠠᠨ᠎ᠤ ᠱᠦᠢ ᠴᠢᠦᠸᠠᠨ ᠪᠠᠯᠭ᠋ᠠᠰᠤᠨ᠎ᠤ ᠾᠧ ᠹᠠ ᠲᠣᠰᠬᠣᠨ ᠵᠶ᠋ᠠᠷ ᠶᠠᠪᠤᠬᠤ᠎ᠳᠤ᠂ ᠲᠣᠰᠬᠣᠨ᠎ᠤ ᠵᠠᠮ ᠳᠡᠭᠡᠷᠡᠬᠢ ᠴᠡᠪᠡᠷ ᠴᠡᠮᠴᠡᠭᠡᠷ ᠣᠷᠴᠢᠨ ᠲᠣᠭᠣᠷᠢᠨ᠎ᠤ ᠠᠷᠢᠭᠤᠨ ᠴᠡᠪᠡᠷ᠂ ᠭᠤᠶᠤ ᠰᠠᠢ᠌ᠬᠠᠨ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠣᠷᠣᠨ ᠰᠠᠭᠤᠴᠠ᠎ᠨᠢ ᠬᠥᠳᠡᠭᠡ ᠲᠣᠰᠬᠣᠨ᠎ᠤ ᠦᠵᠡᠰᠬᠦᠯᠡᠩᠲᠦ ᠰᠠᠢ᠌ᠬᠠᠨ ᠵᠢᠷᠤᠭ᠎ᠢ ᠵᠢᠷᠤᠭᠯᠠᠵᠤ᠂ ᠠᠷᠢᠭᠤᠨ ᠴᠡᠪᠡᠷᠴᠢ ᠨᠠᠷ᠎ᠤᠨ ᠶᠠᠭ᠋ᠠᠷᠠᠯᠲᠠᠢ ᠪᠠᠷ᠎ᠠ ᠰᠡᠭᠦᠳᠡᠷ᠎ᠨᠢ ᠴᠦ᠍ ᠠᠳᠠᠯᠢᠬᠠᠨ ᠭᠤᠶᠤ ᠰᠠᠢ᠌ᠬᠠᠨ ᠪᠠᠢ᠌ᠵᠤ᠂ ᠲᠡᠳᠡ ᠨᠠᠷ ᠦᠭᠡ ᠳᠠᠭᠤᠨ ᠦᠭᠡᠢ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠲᠥᠯᠥᠭᠡ ᠥᠪᠡᠷ᠎ᠤᠨ ᠬᠦᠴᠦᠨ ᠴᠢᠳᠠᠯ ᠵᠶ᠋ᠠᠨ ᠡᠷᠭᠦᠵᠡᠢ᠃
ᠥᠷᠯᠥᠭᠡ ᠵᠢᠨ ᠵᠢᠷᠭᠤᠭ᠋ᠠᠨ ᠴᠠᠭ ᠭᠠᠷᠤᠢ᠎ᠳᠤ ᠂ ᠴᠡᠪᠡᠷᠯᠡᠭᠴᠢ ᠰᠢᠦᠢ ᠱᠣ᠋ ᠰᠢᠶᠠ ᠨᠢᠭᠡᠨᠲᠡ ᠱᠦᠭᠦᠷ ᠂ ᠬᠤᠰᠤᠭᠤᠷ ᠂ ᠬᠣᠭ᠎ᠤᠨ ᠲᠡᠷᠭᠡ᠎ᠪᠠᠨ ᠲᠦᠯᠬᠢᠵᠦ ᠂ ᠰᠢᠨ᠎ᠡ ᠨᠢᠭᠡᠨ ᠡᠳᠦᠷ᠎ᠤᠨ ᠴᠡᠪᠡᠷᠯᠡᠭᠡ ᠵᠢᠨ ᠠᠵᠢᠯ ᠵᠶ᠋ᠠᠨ ᠡᠬᠢᠯᠡᠭᠦᠯᠵᠦ ᠂ ᠲᠣᠰᠬᠣᠨ᠎ᠤ ᠨᠥᠭᠥᠭᠡ ᠬᠣᠶᠠᠷ ᠴᠡᠪᠡᠷᠯᠡᠭᠴᠢ᠎ᠲᠠᠢ ᠬᠠᠮᠲᠤ᠎ᠪᠠᠷ ᠲᠣᠰᠬᠣᠨ᠎ᠤ ᠳᠣᠲᠣᠷᠠᠬᠢ ᠲᠠᠪᠤᠨ ᠺᠢᠯᠣᠮᠧᠲᠷ᠎ᠤᠨ ᠵᠠᠮ᠎ᠤᠨ ᠴᠡᠪᠡᠷᠯᠡᠭᠡ ᠵᠢᠨ ᠠᠵᠢᠯ᠎ᠢ ᠬᠠᠷᠢᠭᠤᠴᠠᠪᠠ ᠃
ᠣᠢ᠌ᠷ᠎ᠠ ᠵᠢᠨ ᠵᠢᠯ᠎ᠠᠴᠠ᠂ ᠡᡁᠸ᠋ ᠹᠠ ᠲᠣᠰᠬᠣᠨ᠎ᠤ᠎ᠬᠢᠨ ᠰᠡᠯᠡᠭᠦᠴᠡᠨ ᠵᠤᠭ᠋ᠠᠴᠠᠵᠤ ᠲᠡᠭᠦᠵᠦ ᠲᠡᠭᠦᠬᠦ ᠦᠢ᠍ᠯᠡᠰ᠎ᠢ ᠶᠡᠬᠡᠪᠡᠷ ᠬᠥᠭᠵᠢᠭᠦᠯᠵᠦ᠂ ᠲᠣᠰᠬᠣᠨ᠎ᠤ ᠬᠥᠮᠥᠨ ᠠᠮᠠ ᠵᠢᠨ ᠴᠤᠪᠤᠷᠠᠯ᠎ᠤᠨ ᠬᠡᠮᠵᠢᠶ᠎ᠡ ᠤᠯᠠᠮ ᠵᠶ᠋ᠠᠷ ᠨᠡᠮᠡᠭᠳᠡᠵᠦ᠂ ᠬᠣᠭ ᠨᠣᠪᠰᠢ ᠴᠤ᠌ ᠡᠳᠦᠷ ᠢᠷᠡᠬᠦᠶ᠎ᠡ ᠨᠡᠮᠡᠭᠳᠡᠵᠦ ᠪᠠᠢ᠌ᠨ᠎ᠠ᠃ 2019 ᠣᠨ᠎ᠳᠤ ᠲᠣᠰᠬᠣᠨ᠎ᠤ ᠴᠡᠪᠡᠷᠯᠡᠭᠴᠢ ᠪᠣᠯᠤᠭᠰᠠᠨ᠎ᠤ ᠲᠠᠷᠠᠭ᠎ᠠ᠂ ᠰᠢᠦᠢ ᠱᠣ᠋ ᠰᠢᠶᠠ ᠬᠠᠮᠲᠤ ᠠᠵᠢᠯᠯᠠᠭᠰᠠᠳ᠎ᠲᠠᠢ᠎ᠪᠠᠨ ᠡᠨᠡ ᠵᠠᠮ ᠳᠡᠭᠡᠷ᠎ᠡ ᠶᠠᠳᠠᠷᠠᠯ ᠵᠦᠳᠡᠷᠡᠯ᠎ᠠᠴᠠ ᠠᠶᠤᠬᠤ ᠦᠭᠡᠢ᠎ᠪᠠᠷ ᠲᠡᠭᠦᠵᠦ ᠴᠡᠪᠡᠷᠯᠡᠵᠦ᠂ ᠡᠳᠦᠷ ᠪᠦᠷᠢ ᠵᠢᠨ ᠴᠡᠪᠡᠷᠯᠡᠭᠡ ᠳᠤᠮᠳᠠ᠂ ᠵᠠᠮ᠎ᠤᠨ ᠬᠠᠵᠠᠭᠤ᠂ ᠨᠠᠯᠠᠤ ᠬᠣᠩᠬᠣᠷ᠎ᠤᠨ ᠥᠨᠴᠥᠭ ᠪᠤᠯᠤᠩᠤᠳᠢ ᠰᠢᠦᠢ ᠱᠣ᠋ ᠰᠢᠶᠠ ᠶᠡᠷᠦ᠎ᠠᠴᠠ ᠲᠠᠯᠪᠢᠵᠤ ᠶᠠᠪᠤᠭᠤᠯᠳᠠᠭ ᠦᠭᠡᠢ᠂ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠵᠦ᠂ ᠨᠠᠷᠢᠨ ᠬᠢᠨᠠᠮᠠᠭ᠋ᠠᠢ ᠴᠡᠪᠡᠷᠯᠡᠵᠦ᠂ ᠬᠤᠪᠠᠬᠠᠢ ᠮᠣᠳᠣᠨ᠎ᠤ ᠰᠠᠯᠠᠭ᠎ᠠ᠂ ᠴᠠᠭ᠋ᠠᠰᠤᠨ ᠦᠷᠦᠪᠳᠡᠰᠦ᠂ ᠬᠣᠭ ᠨᠣᠪᠰᠢ ᠵᠢ ᠨᠢᠭᠡᠳ ᠨᠢᠭᠡ᠎ᠪᠠᠷ ᠴᠡᠪᠡᠷᠯᠡᠪᠡ᠃
ᠰᠢᠦᠢ ᠱᠣ᠋ ᠰᠢᠶᠠ ᠄ 《ᠵᠤᠨ᠎ᠤ ᠤᠯᠠᠷᠢᠯ᠎ᠳᠤ ᠮᠠᠨ᠎ᠤ ᠴᠡᠪᠡᠷᠯᠡᠭᠴᠢ ᠵᠢᠷᠭᠤᠭ᠋ᠠᠨ ᠴᠠᠭ ᠬᠠᠭ᠋ᠠᠰ᠎ᠲᠤ ᠠᠵᠢᠯᠯᠠᠨ᠎ᠠ ᠂ ᠡᠪᠦᠯ᠎ᠤᠨ ᠤᠯᠠᠷᠢᠯ᠎ᠳᠤ ᠨᠠᠢ᠍ᠮᠠᠨ ᠴᠠᠭ᠎ᠲᠤ ᠠᠵᠢᠯᠯᠠᠨ᠎ᠠ ᠂ ᠨᠠᠮᠤᠷ᠎ᠤᠨ ᠤᠯᠠᠷᠢᠯ᠎ᠳᠤ ᠨᠠᠪᠴᠢ ᠠᠷᠪᠢᠨ ᠤᠨᠠᠬᠤ ᠦᠶ᠎ᠡ᠎ᠳᠤ ᠂ ᠠᠩᠬᠠᠨ᠎ᠤ ᠤᠳᠠᠭ᠎ᠠ ᠱᠦᠭᠦᠷᠳᠡᠵᠦ ᠪᠠᠷᠠᠭᠰᠠᠨ᠎ᠤ ᠳᠠᠷᠠᠭ᠎ᠠ ᠪᠠᠰᠠ ᠳᠠᠬᠢᠨ ᠬᠡᠳᠦ ᠤᠳᠠᠭ᠎ᠠ ᠴᠡᠪᠡᠷᠯᠡᠨ᠎ᠡ ᠂ ᠪᠢᠳᠡ ᠨᠢᠭᠡ ᠦᠳᠡ ᠵᠢᠨ ᠡᠮᠦᠨ᠎ᠡ ᠴᠡᠪᠡᠷᠯᠡᠭᠡᠳ ᠪᠠᠷᠠᠬᠤ ᠦᠭᠡᠢ᠂ ᠦᠳᠡ᠎ᠳᠤ ᠲᠣᠰᠬᠣᠨ᠎ᠤ ᠵᠠᠬᠢᠷᠭ᠎ᠠ᠎ᠳᠤ ᠨᠢᠭᠡ ᠡᠮᠬᠦ ᠪᠡᠯᠡᠨ ᠶᠠᠭᠤᠮ᠎ᠠ ᠢᠳᠡᠵᠦ ᠂ ᠵᠠᠯᠭ᠋ᠠᠭ᠋ᠠᠳ ᠬᠢᠨ᠎ᠡ》 ᠭᠡᠵᠦ ᠬᠡᠯᠡᠪᠡ ᠃
ᠰᠢᠦᠢ ᠱᠣ᠋ ᠰᠢᠶᠠ ᠪᠣᠯ ᠲᠣᠰᠬᠣᠨ᠎ᠤ 2020 ᠣᠨ᠎ᠤ ᠶᠠᠳᠠᠭᠤ᠎ᠠᠴᠠ ᠠᠩᠭᠢᠵᠢᠷᠠᠭᠰᠠᠨ ᠡᠷᠦᠬᠡ ᠪᠣᠯᠣᠨ᠎ᠠ᠂ ᠴᠡᠪᠡᠷᠯᠡᠭᠴᠢ ᠵᠢᠨ ᠠᠵᠢᠯ ᠬᠡᠳᠦᠢ᠌ᠪᠡᠷ ᠵᠢᠭ᠋ᠠᠬᠠᠨ ᠵᠦᠳᠡᠷᠡᠯᠲᠡᠢ ᠪᠣᠯᠪᠠᠴᠤ ᠣᠷᠣᠯᠭ᠎ᠠ᠎ᠲᠠᠢ ᠪᠥᠭᠡᠳ ᠭᠡᠷ᠎ᠤᠨ ᠵᠶ᠋ᠡᠨ ᠲᠠᠷᠢᠶᠠᠨ ᠠᠵᠢᠯ᠎ᠢ ᠴᠤ᠌ ᠰᠠᠭ᠋ᠠᠲᠠᠭ᠋ᠠᠬᠤ ᠦᠭᠡᠢ ᠶᠤᠮ᠂ ᠡᠢ᠌ᠮᠦ᠎ᠠᠴᠠ ᠲᠡᠷᠡ ᠴᠡᠪᠡᠷᠯᠡᠭᠴᠢ ᠵᠢᠨ ᠡᠨᠡ ᠠᠵᠢᠯ᠎ᠳᠤ ᠮᠠᠰᠢ ᠬᠠᠨᠤᠮᠵᠢᠲᠠᠢ ᠪᠠᠢ᠌ᠵᠤ᠂ ᠲᠣᠰᠬᠣᠨ᠎ᠤ ᠴᠡᠪᠡᠷᠯᠡᠭᠳᠡᠭᠰᠡᠨᠢ ᠴᠡᠪᠡᠷᠯᠡᠵᠦ᠂ ᠲᠣᠰᠬᠣᠨ᠎ᠤ ᠠᠷᠠᠳ ᠲᠠᠭ᠋ᠠᠲᠠᠢ ᠰᠠᠭᠤᠵᠤ ᠪᠠᠢ᠌ᠬᠤ ᠵᠢ ᠦᠵᠡᠬᠦ ᠪᠣᠯᠭ᠋ᠠᠨ ᠲᠡᠭᠦᠨ᠎ᠤ ᠰᠡᠳᠬᠢᠯ ᠵᠢᠷᠦᠬᠡᠨ᠎ᠳᠤ ᠴᠢᠩ ᠰᠡᠳᠬᠢᠯ᠎ᠠᠴᠠ᠎ᠪᠠᠨ ᠪᠠᠶᠠᠷᠯᠠᠳᠠᠭ᠃
《ᠠᠷᠢᠭᠤᠨ ᠴᠡᠪᠡᠷᠴᠢ ᠪᠣᠯᠤᠭᠰᠠᠨ᠎ᠳᠠᠭᠠᠨ ᠪᠢ ᠮᠠᠰᠢ ᠠᠵᠠ ᠵᠠᠪᠰᠢᠶᠠᠨ᠎ᠲᠠᠢ ᠪᠠᠢ᠌ᠨ᠎ᠠ᠂ ᠪᠢ ᠳᠤᠷᠠᠲᠠᠶ᠎ᠠ ᠪᠤᠢ ᠪᠦᠬᠦᠢ ᠠᠷᠢᠭᠤᠨ ᠴᠡᠪᠡᠷᠴᠢ᠎ᠲᠠᠢ ᠬᠠᠮᠲᠤ᠎ᠪᠠᠷ ᠲᠣᠰᠬᠣᠨ᠎ᠤ ᠠᠷᠠᠳ᠎ᠲᠤ ᠲᠠᠭ᠋ᠠᠯᠠᠮᠵᠢᠲᠠᠢ᠂ ᠬᠠᠯᠠᠭᠤᠨ ᠳᠤᠯᠠᠭ᠋ᠠᠨ ᠠᠮᠢᠳᠤᠷᠠᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠵᠤ ᠥᠭᠭᠦᠨ᠎ᠡ᠂ ᠤᠯᠠᠨ᠎ᠤ ᠲᠠᠭ᠋ᠠᠲᠠᠢ ᠰᠠᠭᠤᠵᠤ ᠪᠠᠢ᠌ᠬᠤ ᠵᠢ ᠬᠠᠷᠠᠭ᠋ᠠᠳ ᠪᠢ ᠪᠠᠶᠠᠷᠯᠠᠨ᠎ᠠ!》ᠭᠡᠵᠦ ᠬᠡᠯᠡᠪᠡ᠃ ᠬᠡᠳᠦᠢ᠌ᠪᠡᠷ ᠶᠠᠳᠠᠷᠠᠭ᠋ᠠᠨᠲᠠᠢ ᠪᠥᠭᠡᠳ ᠪᠤᠵᠠᠷ ᠠᠷᠢᠭᠤᠨ ᠴᠡᠪᠡᠷ᠎ᠤᠨ ᠠᠵᠢᠯ ᠬᠢᠵᠦ ᠪᠠᠢ᠌ᠭᠰᠠᠨ ᠪᠣᠯᠪᠠᠴᠤ ᠰᠢᠦᠢ ᠱᠣ᠋ ᠰᠢᠶᠠ ᠵᠢᠨ ᠴᠢᠷᠠᠢ᠎ᠳᠤ ᠬᠡᠵᠢᠶᠡᠳᠡ ᠢᠨᠢᠶᠡᠮᠰᠦᠭᠯᠡᠯ ᠲᠣᠳᠣᠷᠠᠵᠤ ᠂ ᠰᠡᠳᠬᠢᠯ᠎ᠳᠤ᠎ᠨᠢ ᠪᠠᠶᠠᠷ ᠪᠠᠶᠠᠰᠤᠯ ᠪᠢᠯᠬᠠᠵᠤ ᠪᠠᠢ᠌ᠯ᠎ᠠ ᠃
ᠲᠣᠰᠬᠣᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ ᠤᠯᠠᠮ᠎ᠠᠴᠠ ᠤᠯᠠᠮ ᠴᠡᠪᠡᠷᠰᠢᠬᠦ ᠵᠢ ᠬᠠᠷᠠᠭ᠋ᠠᠳ᠂ ᠲᠣᠰᠬᠣᠨ᠎ᠤ ᠠᠷᠠᠳ᠎ᠤᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠬᠠᠮᠠᠭ᠋ᠠᠯᠠᠬᠤ ᠢᠳᠡᠪᠬᠢᠵᠢᠯ ᠴᠦ᠍ ᠳᠠᠢ᠌ᠴᠢᠯᠠᠭᠳᠠᠵᠤ᠂ ᠡᠳᠦᠷ ᠪᠦᠷᠢ ᠵᠢᠨ ᠬᠣᠭ ᠨᠣᠪᠰᠢ ᠵᠢᠨ ᠲᠡᠷᠭᠡ ᠥᠪᠡᠷ᠎ᠤᠨ ᠭᠡᠷ᠎ᠤᠨ ᠡᠭᠦᠳᠡ᠎ᠪᠠᠷ ᠥᠩᠭᠡᠷᠡᠬᠦ ᠦᠶ᠎ᠡ᠎ᠳᠤ᠂ ᠭᠡᠷ᠎ᠲᠡᠭᠡᠨ ᠪᠠᠢ᠌ᠭ᠎ᠠ ᠲᠣᠰᠬᠣᠨ᠎ᠤ ᠠᠷᠠᠳ ᠴᠥᠮ ᠲᠦᠷᠦᠯ ᠬᠤᠪᠢᠶᠠᠭᠰᠠᠨ ᠬᠣᠭ ᠨᠣᠪᠰᠢ᠎ᠪᠠᠨ ᠬᠣᠭ ᠨᠣᠪᠰᠢ ᠵᠢᠨ ᠲᠡᠷᠭᠡᠨ᠎ᠳᠤ ᠣᠷᠣᠭᠤᠯᠳᠠᠭ ᠪᠠᠢ᠌ᠯ᠎ᠠ᠃
ᠾᠧ ᠹᠠ ᠲᠣᠰᠬᠣᠨ᠎ᠤ ᠠᠷᠠᠳ ᠵᠧᠦ ᠴᠢᠤᠸᠠᠨ᠂ ᠴᠡᠪᠡᠷᠯᠡᠭᠴᠢ᠎ᠲᠠᠢ ᠪᠣᠯᠤᠭᠰᠠᠨ᠎ᠠᠴᠠ ᠲᠣᠰᠬᠣᠨ᠎ᠤ ᠠᠷᠢᠭᠤᠨ ᠴᠡᠪᠡᠷ ᠤᠯᠠᠮ᠎ᠠᠴᠠ ᠤᠯᠠᠮ ᠴᠡᠪᠡᠷᠰᠢᠵᠦ᠂ ᠴᠡᠪᠡᠷᠯᠡᠭᠴᠢ ᠨᠠᠷ ᠲᠤᠢ᠌ᠯ᠎ᠤᠨ ᠵᠦᠳᠡᠷᠡᠯᠲᠡᠢ ᠪᠣᠯᠵᠤ᠂ ᠤᠯᠠᠨ ᠵᠶ᠋ᠠᠷ ᠵᠶ᠋ᠠᠨ ᠪᠦᠷ ᠦᠵᠡᠵᠦ ᠪᠠᠢ᠌ᠬᠤ ᠪᠥᠭᠡᠳ ᠤᠬᠠᠮᠰᠠᠷ᠎ᠠᠴᠠ᠎ᠪᠠᠨ ᠲᠣᠰᠬᠣᠨ᠎ᠤ᠎ᠪᠠᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠡᠯ᠎ᠡ ᠭᠡᠷ᠎ᠤᠨ ᠠᠷᠤ ᠥᠪᠥᠷ᠎ᠲᠤ ᠳᠤᠷ᠎ᠠ᠎ᠪᠠᠷ ᠵᠶ᠋ᠠᠨ ᠬᠣᠭ᠎ᠤᠨ ᠣᠪᠣᠭ᠎ᠠ ᠠᠰᠬᠠᠭᠰᠠᠨ ᠦᠭᠡᠢ ᠭᠡᠵᠦ ᠬᠡᠯᠡᠪᠡ᠃
ᠨᠢᠭᠡᠨ ᠱᠦᠭᠦᠷ ᠂ ᠨᠢᠭᠡᠨ ᠬᠣᠭ᠎ᠤᠨ ᠲᠡᠷᠭᠡ ᠂ ᠰᠠᠯᠬᠢ ᠪᠣᠷᠣᠭ᠋ᠠᠨ᠎ᠳᠤ ᠨᠣᠷᠣᠭᠳᠠᠭᠰᠠᠨ ᠲᠣᠭ᠎ᠠ ᠲᠣᠮᠰᠢ ᠦᠭᠡᠢ ᠡᠳᠦᠷ᠎ᠤᠳ᠎ᠲᠤ ᠰᠢᠦᠢ ᠱᠣ᠋ ᠰᠢᠶᠠ ᠬᠠᠮᠲᠤ ᠠᠵᠢᠯᠯᠠᠭᠴᠢ ᠨᠠᠷ᠎ᠲᠠᠢ᠎ᠪᠠᠨ ᠠᠷᠢᠭᠤᠨ ᠴᠡᠪᠡᠷᠴᠢ ᠵᠢᠨ ᠡᠨᠡᠬᠦ ᠡᠭᠡᠯ ᠵᠢᠷ᠎ᠤᠨ ᠠᠵᠢᠯ᠎ᠤᠨ ᠪᠠᠢ᠌ᠷᠢ᠎ᠪᠠᠨ ᠪᠠᠲᠤ ᠰᠠᠬᠢᠵᠤ ᠪᠠᠢ᠌ᠯ᠎ᠠ ᠃ ᠲᠦᠴᠢᠦᠸᠠᠨ ᠰᠢᠶᠠᠨ᠎ᠤ 188 ᠵᠠᠰᠠᠭ ᠵᠠᠬᠢᠷᠭ᠋ᠠᠨ᠎ᠤ ᠲᠣᠰᠬᠣᠨ᠎ᠳᠤ᠂ 3368 ᠴᠡᠪᠡᠷᠯᠡᠭᠴᠢ ᠠᠵᠢᠯᠴᠢ ᠬᠥᠳᠡᠯᠮᠦᠷᠢᠴᠢ ᠬᠦᠴᠦ ᠬᠥᠯᠥᠰᠦ᠎ᠪᠠᠷ ᠵᠶ᠋ᠡᠨ ᠲᠣᠰᠬᠣᠨ᠎ᠤ ᠵᠡᠭᠡᠯᠢ ᠭᠤᠳᠤᠮᠵᠢᠨᠤᠭᠤᠳᠢ ᠭᠡᠷᠡᠯᠲᠦᠭᠦᠯᠪᠡ᠃ ᠲᠦᠴᠢᠦᠸᠠᠨ ᠰᠢᠶᠠᠨ᠎ᠤ 188 ᠵᠠᠰᠠᠭ ᠵᠠᠬᠢᠷᠭ᠋ᠠᠨ᠎ᠤ ᠲᠣᠰᠬᠣᠨ᠎ᠳᠤ᠂ 3368 ᠴᠡᠪᠡᠷᠯᠡᠭᠴᠢ ᠠᠵᠢᠯᠴᠢ ᠬᠥᠳᠡᠯᠮᠦᠷᠢᠴᠢ ᠬᠦᠴᠦ ᠬᠥᠯᠥᠰᠦ᠎ᠪᠠᠷ ᠵᠶ᠋ᠡᠨ ᠴᠢᠷᠮᠠᠢ᠌ᠵᠤ ᠪᠠᠢ᠌ᠭ᠋ᠠᠳ ᠲᠣᠰᠬᠣᠨ᠎ᠤ ᠵᠡᠭᠡᠯᠢ ᠭᠤᠳᠤᠮᠵᠢᠨᠤᠭᠤᠳᠢ ᠴᠡᠪᠡᠷᠯᠡᠪᠡ᠃