5 ᠰᠠᠷ᠎ᠠ ᠵᠢᠨ 24᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠤᠴᠢᠨ ᠲᠠᠪᠤᠳᠤᠭ᠋ᠠᠷ ᠬᠤᠷᠠᠯ ᠬᠣᠶᠠᠳᠤᠭ᠋ᠠᠷ ᠤᠳᠠᠭ᠎ᠠ ᠵᠢᠨ ᠪᠥᠬᠦᠳᠡ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ ᠳᠤ ᠣᠲᠣ 63 ᠪᠦᠷᠢᠯᠳᠦᠭᠦᠨ᠎ᠲᠠᠢ᠂ 59 ᠬᠥᠮᠥᠨ᠎ᠨᠢ ᠲᠣᠰ ᠤᠳᠠᠭ᠋ᠠᠨ᠎ᠤ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠪᠠᠢ᠌ᠩᠭᠤ ᠵᠢᠨ ᠳᠡᠳ᠋ ᠡᠷᠬᠢᠯᠡᠭᠴᠢ ᠯᠢᠨ ᠱᠤᠤ ᠴᠦᠨ ᠬᠤᠷᠠᠯ᠎ᠢ ᠡᠷᠭᠢᠯᠡᠵᠦ᠂ ᠳᠡᠳ᠋ ᠡᠷᠬᠢᠯᠡᠭᠴᠢ ᠯᠢ ᠷᠦᠡᠭ ᠰᠢ᠂ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ᠎ᠤᠨ ᠳᠠᠷᠤᠭ᠎ᠠ ᠱ᠌ᠢ ᠸᠧᠨ ᠰᠢᠤᠸᠠᠢ ᠵᠢᠴᠢ ᠪᠠᠢ᠌ᠩᠭᠤ ᠵᠢᠨ ᠬᠣᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶᠠᠨ᠎ᠤ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠪᠠᠢ᠌ᠴᠠᠭ᠋ᠠᠬᠤ ᠳᠠᠷᠤᠭ᠎ᠠ ᠯᠢ ᠴᠢ ᠯᠢᠨ ᠬᠤᠷᠠᠯ᠎ᠳᠤ ᠰᠤᠯᠠ ᠣᠷᠣᠯᠴᠠᠵᠠᠢ᠃
ᠬᠤᠷᠠᠯ᠎ᠠᠴᠠ ᠾᠧ ᠶᠠᠨ ᠯᠢᠩ᠎ᠤᠨ ᠬᠢᠭᠰᠡᠨ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠳᠦᠷᠢᠮ》᠎ᠢ ᠬᠡᠷᠡᠭᠵᠢᠭᠦᠯᠦᠭᠰᠡᠨ ᠪᠠᠢ᠌ᠳᠠᠯ᠎ᠢ ᠪᠠᠢ᠌ᠴᠠᠭ᠋ᠠᠭᠰᠠᠨ ᠲᠤᠬᠠᠢ ᠮᠡᠳᠡᠭᠦᠯᠦᠯᠲᠡ ᠵᠢ ᠰᠣᠨᠣᠰᠪᠠ; ᠶᠠᠩ ᠽᠥᠩ ᠷᠧᠨᠤ ᠬᠢᠭᠰᠡᠨ ᠮᠥᠩᠭᠥᠨ ᠭᠦᠢ᠍ᠯᠭᠡᠭᠡᠨ᠎ᠤ ᠰᠢᠭᠦᠨ ᠲᠠᠰᠤᠯᠬᠤ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠭᠦᠩ ᠮᠢᠩ ᠵᠦ᠍ ᠵᠢᠨ ᠬᠢᠭᠰᠡᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠠᠬᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ; ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ ᠵᠢᠨ ᠬᠣᠯᠪᠣᠭ᠋ᠠᠲᠤ ᠬᠤᠷᠰᠢᠶ᠎ᠠ ᠵᠢᠨ ᠬᠡᠷᠡᠭ ᠡᠷᠬᠢᠯᠡᠭᠴᠢᠳ᠎ᠤᠨ ᠳᠠᠷᠤᠭ᠎ᠠ ᠭᠦᠸᠧ ᠳ᠋ᠡ ᠶᠦᠩ᠎ᠤᠨ ᠬᠢᠭᠰᠡᠨ ᠪᠥᠬᠦ ᠣᠷᠣᠨ᠎ᠤ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ ᠵᠢᠨ ᠥᠭᠡᠷᠡᠴᠢᠯᠡᠯᠲᠡ ᠬᠥᠭᠵᠢᠯᠲᠡ ᠵᠢᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ; ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠳᠡᠳ᠋ ᠳᠠᠷᠤᠭ᠎ᠠ ᠵᠣᠣ ᠶᠦᠩ ᠬᠤᠸᠠ ᠵᠢᠨ ᠬᠢᠭᠰᠡᠨ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠮᠠᠯ ᠠᠵᠤ ᠠᠬᠤᠢ ᠵᠢᠨ ᠬᠠᠤᠯᠢ》 ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠣᠣ ᠬᠤᠶ ᠵᠢᠨ ᠬᠢᠭᠰᠡᠨ 2021 ᠣᠨ᠎ᠤ ᠣᠷᠴᠢᠨ ᠲᠣᠭᠣᠷᠢᠨ᠎ᠤ ᠪᠠᠢ᠌ᠳᠠᠯ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠵᠢᠯ᠎ᠤᠨ ᠪᠠᠢ᠌ᠭᠤᠯᠤᠮᠵᠢ᠂ ᠠᠢ᠌ᠮᠠᠭ᠎ᠤᠨ ᠠᠵᠢᠯ᠎ᠤᠨ ᠵᠥᠪᠯᠡᠯ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠲᠣᠭᠣᠷᠢᠭ ᠪᠠᠢ᠌ᠭᠤᠯᠤᠭᠰᠠᠨ ᠬᠤᠳᠠ ᠪᠣᠯᠣᠨ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃