5 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠬᠥᠬᠡᠬᠤᠲᠠ ᠵᠢᠨ ᠸᠠᠨ ᠳ᠋ᠠ ᠶᠠᠪᠠᠭ᠋ᠠᠨ ᠵᠡᠭᠡᠯᠢ᠎ᠳᠤ ᠬᠦᠷᠴᠦ᠂ ᠵᠡᠭᠡᠯᠢ ᠳᠠᠭ᠋ᠠᠤ ᠵᠢᠨ ᠬᠤᠳᠠᠯᠳᠤᠭ᠎ᠠ ᠳᠡᠯᠭᠡᠭᠦᠷ ᠵᠶ᠋ᠠᠷ ᠲᠣᠭᠣᠷᠢᠨ ᠦᠵᠡᠵᠦ᠂ ᠢᠳᠡᠭᠡᠨ ᠤᠮᠳᠠᠭ᠋ᠠᠨ᠂ ᠵᠢᠵᠢᠭᠯᠡᠨ ᠪᠣᠷᠣᠯᠠᠭᠤᠯᠬᠤ ᠵᠡᠷᠭᠡ ᠦᠢ᠍ᠯᠡᠳᠪᠦᠷᠢ ᠬᠤᠳᠠᠯᠳᠤᠭ᠋ᠠᠨ᠎ᠤ ᠬᠤᠪᠢ ᠡᠷᠦᠬᠡ ᠵᠢᠨ ᠡᠵᠡᠩᠨᠡᠯᠲᠡ ᠵᠢᠨ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃ ᠰᠦᠨ ᠱᠤᠤ ᠴᠧᠩ ᠵᠠᠮ ᠳᠠᠭ᠋ᠠᠤ ᠲᠠᠭ᠋ᠠᠷᠠᠬᠰᠠᠨ ᠬᠣᠭᠣᠯᠠᠨ ᠭᠡᠷ᠂ ᠬᠠᠮ ᠳᠡᠯᠭᠡᠭᠦᠷ᠂ ᠬᠤᠪᠴᠠᠰᠤᠨ᠎ᠤ ᠳᠡᠯᠭᠡᠭᠦᠷ᠂ ᠵᠢᠮᠢᠰ᠎ᠤᠨ ᠳᠡᠯᠭᠡᠭᠦᠷ ᠵᠡᠷᠭᠡ ᠬᠤᠳᠠᠯᠳᠤᠭ᠎ᠠ ᠳᠡᠯᠭᠡᠭᠦᠷ ᠵᠶ᠋ᠠᠷ ᠬᠦᠷᠴᠦ᠂ ᠳᠡᠯᠭᠡᠭᠦᠷ᠎ᠤᠨ ᠡᠵᠡᠨ᠂ ᠳᠡᠯᠭᠡᠭᠦᠷ᠎ᠤᠨ ᠠᠵᠢᠯᠲᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
ᠬᠡᠷᠡᠭᠯᠡᠭᠴᠢᠳ ᠤᠯᠠᠨ ᠪᠠᠢ᠌ᠬᠤ ᠡᠰᠡᠬᠦ᠂ ᠡᠳᠦᠷ ᠪᠦᠷᠢ ᠵᠢᠨ ᠳᠤᠮᠳᠠᠴᠢ ᠪᠣᠷᠣᠯᠠᠭᠤᠯᠤᠯᠲᠠ ᠬᠡᠳᠦᠢ ᠬᠦᠷᠴᠦ ᠪᠠᠢ᠌ᠬᠤ᠂ ᠭᠡᠷ᠎ᠤᠨ ᠲᠦᠷᠢᠶᠡᠰᠦᠨ ᠮᠥᠩᠭᠥ ᠵᠢ᠎ᠨᠢ ᠬᠠᠰᠤᠵᠤ ᠬᠡᠯᠲᠦᠷᠢᠭᠦᠯᠦᠭᠰᠡᠨ ᠡᠰᠡᠬᠦ᠂ ᠰᠠᠷ᠎ᠠ ᠵᠢᠨ ᠴᠠᠯᠢᠩ ᠬᠡᠳᠦᠢ ᠣᠯᠵᠤ ᠳᠡᠶ᠋ᠢᠯᠬᠦ᠂ ᠬᠦᠷᠦᠭᠰᠡᠨ ᠭᠠᠵᠠᠷ ᠪᠣᠯᠭ᠋ᠠᠨ᠎ᠳᠤ ᠲᠡᠷᠡ ᠴᠥᠮ ᠶᠠᠮᠠᠷ ᠶᠠᠮᠠᠷ ᠪᠣᠳᠠᠲᠠᠢ ᠬᠦᠴᠢᠷᠳᠡᠯ ᠪᠠᠢ᠌ᠬᠤ ᠲᠤᠬᠠᠢ ᠬᠠᠯᠠᠮᠵᠢᠯᠠᠨ ᠠᠰᠠᠭᠤᠵᠤ᠂ ᠤᠯᠠᠨ᠎ᠲᠠᠢ ᠬᠠᠮᠲᠤ ᠨᠠᠷᠢᠨ ᠲᠠᠩᠰᠠ ᠪᠤᠳᠤᠵᠤ᠂ ᠠᠷᠭ᠋ᠠᠴᠠᠭ᠋ᠠᠬᠤ ᠠᠷᠭ᠎ᠠ ᠪᠤᠳᠤᠵᠠᠢ᠃ ᠲᠡᠷᠡ᠂ ᠬᠢᠵᠢᠭ᠎ᠤᠨ ᠪᠠᠢ᠌ᠳᠠᠯ᠎ᠤᠨ ᠳᠠᠭ᠋ᠠᠷᠢᠯᠲᠠ ᠵᠢ ᠠᠷᠭ᠋ᠠᠴᠠᠭ᠋ᠠᠬᠤ ᠵᠢᠨ ᠲᠥᠯᠥᠭᠡ ᠵᠠᠰᠠᠭ᠎ᠤᠨ ᠣᠷᠳᠣᠨ᠎ᠠᠴᠠ ᠵᠠᠷᠢᠮ ᠭᠠᠢ᠌ᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠪᠠ᠂ ᠣᠯᠠᠨ᠎ᠤ ᠦᠵᠡᠬᠦ᠎ᠪᠠᠷ ᠵᠠᠰᠠᠭ᠎ᠤᠨ ᠣᠷᠳᠣᠨ᠎ᠤ ᠬᠢᠬᠦ ᠴᠢᠬᠤᠯᠠᠲᠠᠢ ᠵᠦᠢ᠍ᠯ ᠶᠠᠭᠤ ᠪᠠᠢ᠌ᠨ᠎ᠠ᠂ ᠶᠠᠮᠠᠷ ᠰᠠᠢ᠌ᠨ ᠰᠠᠨᠠᠭᠤᠯᠭ᠎ᠠ ᠪᠠᠢ᠌ᠪᠠᠯ ᠳᠤᠷᠠᠳᠴᠤ ᠪᠣᠯᠣᠨ᠎ᠠ᠂ ᠪᠢᠳᠡ ᠬᠠᠮᠲᠤ᠎ᠪᠠᠷ ᠠᠷᠭ᠎ᠠ ᠪᠣᠳᠣᠵᠤ ᠠᠰᠠᠭᠤᠳᠠᠯ᠎ᠢ ᠰᠢᠢ᠍ᠳᠪᠦᠷᠢᠯᠡᠵᠦ᠂ ᠬᠦᠴᠢᠷ ᠪᠡᠷᠬᠡᠰᠢᠶᠡᠯ᠎ᠢ ᠳᠠᠪᠠᠶ᠎ᠠ ᠭᠡᠵᠡᠢ᠃
ᠰᠦᠨ ᠱᠤᠤ ᠴᠧᠩ᠂ ᠪᠠᠭ᠎ᠠ ᠵᠢᠵᠢᠭ ᠠᠵᠤ ᠠᠬᠤᠢ᠌ᠯᠠᠯ ᠪᠣᠯᠣᠨ ᠦᠢ᠍ᠯᠡᠳᠪᠦᠷᠢ ᠬᠤᠳᠠᠯᠳᠤᠭ᠋ᠠᠨ᠎ᠤ ᠬᠤᠪᠢ ᠡᠷᠦᠬᠡ ᠪᠣᠯ ᠲᠦᠭ ᠲᠦᠮᠡᠨ ᠠᠢ᠌ᠯ ᠡᠷᠦᠬᠡ᠎ᠲᠠᠢ ᠬᠣᠯᠪᠣᠭᠳᠠᠨ᠎ᠠ᠂ ᠡᠯ᠎ᠡ ᠱᠠᠲᠤ ᠡᠯ᠎ᠡ ᠬᠣᠯᠪᠣᠭᠳᠠᠯ ᠪᠦᠬᠦᠢ ᠲᠠᠯ᠎ᠠ ᠵᠢᠨ᠎ᠬᠢᠨ ᠡᠯ᠎ᠡ ᠵᠦᠢ᠍ᠯ᠎ᠤᠨ ᠲᠡᠳᠬᠦᠨ ᠳᠡᠮᠵᠢᠬᠦ ᠲᠦᠷᠦ ᠵᠢᠨ ᠪᠣᠳᠣᠯᠭ᠎ᠠ ᠵᠢ ᠴᠠᠭ ᠲᠤᠬᠠᠢᠳᠤᠨᠢ ᠪᠦᠬᠦ ᠲᠠᠯ᠎ᠠ᠎ᠪᠠᠷ ᠪᠣᠳᠠᠲᠠᠢ ᠨᠠᠢ᠌ᠳᠠᠪᠤᠷᠢᠵᠢᠭᠤᠯᠵᠤ᠂ ᠰᠢᠨ᠎ᠡ ᠪᠠᠢ᠌ᠳᠠᠯ᠎ᠢ ᠮᠦᠷᠳᠡᠨ ᠠᠩᠬᠠᠷᠴᠤ᠂ ᠰᠢᠨ᠎ᠡ ᠠᠰᠠᠭᠤᠳᠠᠯ᠎ᠢ ᠰᠢᠢ᠍ᠳᠪᠦᠷᠢᠯᠡᠵᠦ᠂ ᠬᠢᠵᠢᠭ᠎ᠤᠨ ᠪᠠᠢ᠌ᠳᠠᠯ᠎ᠤᠨ ᠲᠡᠳᠡᠨ᠎ᠤ ᠬᠡᠪ᠎ᠤᠨ ᠡᠵᠡᠩᠨᠡᠯᠲᠡ᠎ᠳᠤ ᠠᠪᠴᠢᠷᠠᠭᠰᠠᠨ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ ᠭᠡᠵᠡᠢ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ᠎ᠳᠤ ᠣᠷᠣᠯᠴᠠᠪᠠ᠃