ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠪᠦᠬᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ ᠵᠢᠴᠢ ᠵᠧᠩᠵᠧᠦ ᠵᠢᠨ 《7 · 20》·᠎ᠤ ᠣᠨᠴᠠ ᠶᠡᠬᠡ ᠰᠢᠷᠦᠭᠦᠨ ᠪᠣᠷᠣᠭ᠋ᠠᠨ᠎ᠤ ᠭᠠᠮᠰᠢᠭ᠎ᠤᠨ ᠬᠡᠷᠡᠭ᠎ᠤᠨ ᠵᠢᠱ᠌ᠢᠶ᠎ᠡ᠎ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠯᠢ ᠪᠢᠩ ᠷᠦᠩ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2022-06-16

     6 ᠳ᠋ᠤᠭ᠋ᠠᠷ ᠰᠠᠷ᠎ᠠ ᠵᠢᠨ 13᠎ᠤ ᠡᠳᠦᠷ᠂ ᠪᠥᠬᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ ᠵᠢᠴᠢ ᠵᠧᠩᠵᠧᠦ ᠵᠢᠨ 《7 · 20》·᠎ᠤ ᠣᠨᠴᠠ ᠶᠡᠬᠡ ᠰᠢᠷᠦᠭᠦᠨ ᠪᠣᠷᠣᠭ᠋ᠠᠨ᠎ᠤ ᠭᠠᠮᠰᠢᠭ᠎ᠤᠨ ᠬᠡᠷᠡᠭ᠎ᠤᠨ ᠵᠢᠱ᠌ᠢᠶ᠎ᠡ᠎ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠵᠤ᠂ ᠪᠥᠬᠦ ᠣᠷᠣᠨ᠎ᠤ ᠭᠠᠩ ᠤᠰᠤᠲᠤᠯ᠎ᠤᠨ ᠭᠠᠮᠰᠢᠭ᠎ᠤᠨ ᠪᠠᠢ᠌ᠳᠠᠯ᠎ᠢ ᠵᠠᠳᠠᠯᠵᠤ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ᠎ᠢ ᠡᠷᠬᠢᠯᠡᠪᠡ᠃ ᠬᠤᠸᠠᠩ ᡁᠢ ᠴᠢᠶᠠᠩ ᠶᠠᠷᠢᠬᠤ᠎ᠳᠤ᠎ᠪᠠᠨ᠂ ᠮᠠᠨ᠎ᠤ ᠣᠷᠣᠨ ᠪᠦᠬᠦ ᠲᠠᠯ᠎ᠠ᠎ᠪᠠᠷ ᠦᠶᠡᠷ᠎ᠤᠨ ᠬᠤᠭᠤᠴᠠᠭ᠋ᠠᠨ᠎ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ 《ᠴᠠᠭ ᠢᠮᠠᠭᠲᠠ ᠠᠩᠬᠠᠷᠤᠯ ᠲᠠᠯᠪᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠨᠡ ᠬᠦ᠌ ᠬᠥᠪᠴᠢ ᠵᠢ ᠴᠢᠩᠭ᠋ᠠᠯᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠷᠣᠨ᠎ᠤ ᠳᠣᠲᠣᠷ᠎ᠠ ᠭᠠᠳᠠᠨᠠᠬᠢ ᠭᠠᠮᠰᠢᠭ᠎ᠠᠴᠠ ᠭᠦᠨᠵᠡᠭᠡᠢ  ᠰᠤᠷᠭ᠋ᠠᠮᠵᠢ ᠠᠪᠴᠤ᠂ 《ᠶᠠᠪᠤᠳᠠᠯ ᠪᠦᠬᠦᠨ᠎ᠢ ᠭᠠᠷ᠎ᠲᠤ᠎ᠪᠠᠨ ᠠᠳᠬᠤᠬᠤ》 ᠬᠡᠷᠡᠭᠵᠢᠭᠦᠯᠬᠦ ᠬᠦᠴᠦᠨ ᠵᠶ᠋ᠠᠷ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃

     ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠢ᠌ᠵᠢᠭᠤᠯᠵᠤ᠂ 《ᠬᠥᠮᠥᠨ ᠪᠦᠬᠦᠨ ᠬᠠᠷᠢᠭᠤᠴᠠᠯᠭ᠎ᠠ ᠡᠭᠦᠷᠭᠡᠯᠡᠬᠦ》 ᠵᠣᠷᠢᠭ ᠰᠠᠨᠠᠭ᠎ᠠ᠎ᠪᠠᠷ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃ ᠬᠤᠷᠠᠯ᠎ᠢ ᠸᠢᠳᠢᠤ᠋ ᠬᠡᠯᠪᠡᠷᠢ᠎ᠪᠠᠷ ᠠᠢ᠌ᠮᠠᠭ ᠬᠤᠳᠠ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠲᠤ ᠬᠦᠷᠲᠡᠯ᠎ᠡ ᠬᠤᠷᠠᠯᠳᠤᠪᠠ᠃

 

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠮᠤᠷ ᠠᠮᠤᠭᠤᠯᠠᠩ ᠬᠠᠢ᠌ᠷ᠎ᠠ ᠬᠠᠯᠠᠮᠵᠢ ᠵᠢ ᠠᠬᠢᠭᠤᠯᠵᠤ ᠬᠣᠣᠷ᠎ᠠ ᠴᠠᠭ᠋ᠠᠵᠠᠯᠠᠬᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠨ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠣᠣᠷ ᠴᠠᠭ᠋ᠠᠵᠠᠯᠠᠬᠤ ᠰᠡᠳᠦᠪᠲᠦ ᠺᠢᠨᠣ᠋ 《ᠲᠠᠨ᠎ᠢ ᠭᠡᠷ᠎ᠲᠡᠭᠡᠨ ᠳᠠᠭ᠋ᠠᠭᠤᠯᠵᠤ ᠠᠪᠠᠴᠢᠶ᠎ᠠ》 ᠭᠡᠬᠦ ᠺᠢᠨᠣ᠋ ᠵᠢ ᠦᠵᠡᠭᠦᠯᠪᠡ
2022 ᠣᠨ᠎ᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠤᠨ ᠣᠷᠣᠨ ᠪᠦᠰᠡ ᠠᠯᠤᠰᠯᠠᠨ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ ᠰᠢᠷᠢᠰ ᠠᠵᠢᠯᠯᠠᠭ᠎ᠠ ᠵᠢ ᠡᠬᠢᠯᠡᠭᠦᠯᠪᠡ
ᠪᠦᠬᠦ ᠣᠷᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠥᠷᠭᠡᠳᠬᠡᠭᠰᠡᠨ ᠬᠤᠷᠠᠯ ᠬᠥᠬᠡᠬᠣᠲᠠ᠎ᠳᠤ ᠬᠤᠷᠠᠯᠳᠤᠪᠠ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ᠎ᠤ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠯ ᠬᠢᠬᠦ ᠠᠵᠢᠯ ᠡᠮᠬᠢ ᠵᠢᠷᠤᠮ᠎ᠲᠠᠢ ᠶᠠᠪᠤᠭᠳᠠᠵᠤ ᠪᠣᠶ
ᠨᠢᠩᠴᠧᠩ ᠰᠢᠶᠠᠨ ᠄ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ
 
            