ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠠᠮᠤᠷ ᠠᠮᠤᠭᠤᠯᠠᠩ ᠬᠠᠢ᠌ᠷ᠎ᠠ ᠬᠠᠯᠠᠮᠵᠢ ᠵᠢ ᠠᠬᠢᠭᠤᠯᠵᠤ ᠬᠣᠣᠷ᠎ᠠ ᠴᠠᠭ᠋ᠠᠵᠠᠯᠠᠬᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠨ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠣᠣᠷ ᠴᠠᠭ᠋ᠠᠵᠠᠯᠠᠬᠤ ᠰᠡᠳᠦᠪᠲᠦ ᠺᠢᠨᠣ᠋ 《ᠲᠠᠨ᠎ᠢ ᠭᠡᠷ᠎ᠲᠡᠭᠡᠨ ᠳᠠᠭ᠋ᠠᠭᠤᠯᠵᠤ ᠠᠪᠠᠴᠢᠶ᠎ᠠ》 ᠭᠡᠬᠦ ᠺᠢᠨᠣ᠋ ᠵᠢ ᠦᠵᠡᠭᠦᠯᠪᠡ
ᠨᠡᠶ᠋ᠢᠲᠡᠯᠡᠭᠰᠡᠨ ᠴᠠᠭ᠄ 2022-07-19

     ᠰᠢ ᠵᠢᠨ ᠫᠢᠩ ᠶᠡᠷᠦᠩᠬᠡᠢ ᠱᠦᠵᠢ ᠵᠢᠨ ᠬᠣᠣᠷ ᠴᠠᠭ᠋ᠠᠵᠠᠯᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠬᠤᠤᠷ ᠴᠠᠭ᠋ᠠᠵᠠᠯᠠᠬᠤ ᠺᠣᠮᠢᠰ᠎ᠤᠨ ᠬᠣᠣᠷ ᠲᠠᠲᠠᠭᠰᠠᠳ᠎ᠤᠨ 《  ᠠᠮᠤᠷ ᠲᠠᠢ᠌ᠪᠤᠩ᠎ᠢ ᠬᠠᠯᠠᠮᠵᠢᠯᠠᠨ ᠬᠠᠢ᠌ᠷᠠᠯᠠᠬᠤ 》 ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠂ ᠬᠣᠣᠷ ᠴᠠᠭ᠋ᠠᠵᠠᠯᠠᠬᠤ ᠵᠢ ᠤᠷᠢᠳᠴᠢᠯᠠᠨ ᠰᠡᠷᠭᠡᠢ᠌ᠯᠡᠬᠦ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠦᠨ ᠭᠦᠨᠵᠡᠭᠡᠢ᠌ᠷᠡᠭᠦᠯᠵᠦ ᠂ 7 ᠰᠠᠷ᠎ᠠ ᠵᠢᠨ 13᠎ᠤ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠬᠣᠣᠷ ᠴᠠᠭ᠋ᠠᠵᠠᠯᠠᠬᠤ ᠬᠥᠮᠦᠵᠢᠯ᠎ᠤᠨ ᠺᠢᠨᠣ᠋ 《  ᠲᠠᠨ᠎ᠢ ᠭᠡᠷ᠎ᠲᠡᠭᠡᠨ ᠠᠪᠠᠴᠢᠨ᠎ᠠ 》 ᠵᠢ ᠰᠣᠨᠢᠷᠬᠠᠭᠤᠯᠪᠠ ᠃
      ᠲᠣᠰ ᠺᠢᠨᠣ᠋᠎ᠳᠤ ᠵᠢᠶᠠᠩᠰᠢ ᠮᠤᠵᠢ ᠵᠢᠨ ᠫᠢᠩᠰᠢᠶᠠᠩ ᠬᠣᠲᠠ ᠵᠢᠨ ᠬᠣᠣᠷ ᠴᠠᠭ᠋ᠠᠵᠠᠯᠠᠬᠤ ᠰᠠᠢ᠌ᠨ ᠳᠤᠷ᠎ᠠ ᠵᠢᠨ ᠠᠵᠢᠯᠯᠠᠭᠴᠢ ᠵᠢᠨ ᠨᠡᠢ᠌ᠭᠡᠮᠯᠢᠭ᠎ᠤᠨ ᠳᠠᠷᠤᠭ᠎ᠠ ᠳ᠋ᠤᠸᠠᠨ ᠬᠤᠸᠠ ᠱᠧᠩ ᠨᠥᠬᠥᠷ ᠵᠶ᠋ᠡᠷ ᠤᠭ ᠳᠦᠷᠢ ᠪᠣᠯᠭ᠋ᠠᠵᠤ ᠂ ᠳ᠋ᠤᠸᠠᠨ ᠬᠤᠸᠠ ᠱᠧᠩ᠎ᠤᠨ ᠳᠥᠴᠢᠨ ᠵᠢᠯ᠎ᠢ ᠨᠢᠭᠡ ᠡᠳᠦᠷ ᠮᠡᠲᠦ᠎ᠪᠠᠷ 300 ᠭᠠᠷᠤᠢ ᠬᠣᠣᠷ ᠲᠠᠲᠠᠭᠴᠢ ᠵᠢ ᠬᠠᠪᠰᠤᠷᠤᠨ ᠰᠤᠷᠭ᠋ᠠᠵᠤ ᠰᠢᠨ᠎ᠡ ᠠᠮᠢᠳᠤᠷᠠᠯ᠎ᠳᠤ ᠣᠷᠣᠭᠤᠯᠤᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠵᠢ ᠶᠠᠷᠢᠵᠠᠢ ᠃ ᠺᠢᠨᠣ᠋᠎ᠳᠤ ᠬᠣᠣᠷᠠᠲᠤ ᠡᠳ᠋᠎ᠤᠨ ᠬᠤᠪᠢ ᠬᠥᠮᠥᠨ᠂ ᠭᠡᠷ ᠪᠦᠯᠢ ᠪᠠ ᠨᠡᠢ᠌ᠭᠡᠮ᠎ᠳᠤ ᠦᠵᠡᠭᠦᠯᠬᠦ ᠬᠦᠨᠳᠦ ᠨᠣᠴᠢᠲᠠᠢ ᠬᠣᠣᠷ ᠬᠥᠨᠥᠭᠡᠯ᠎ᠢ ᠳᠡᠯᠭᠡᠨ ᠦᠵᠡᠭᠦᠯᠵᠦ᠂ ᠲᠥᠪ ᠶᠣᠰᠣ ᠵᠢ ᠲᠡᠳᠬᠦᠵᠦ ᠰᠠᠢ᠌ᠨ᠎ᠢ ᠮᠠᠨᠳᠤᠭᠤᠯᠬᠤ᠂ ᠠᠶᠤᠯ᠎ᠠᠴᠠ ᠠᠪᠤᠷᠠᠵᠤ ᠬᠦᠴᠢᠷᠳᠡᠯ᠎ᠢ ᠲᠡᠳᠬᠦᠬᠦ ᠳᠤᠮᠳᠠᠳᠤ ᠵᠢᠨ ᠤᠯᠠᠮᠵᠢᠯᠠᠯᠲᠤ ᠰᠠᠢ᠌ᠬᠠᠨ ᠰᠤᠷᠲᠠᠯ᠎ᠢ ᠪᠠᠳᠠᠷᠠᠭᠤᠯᠵᠤ᠂ ᠡᠪ ᠬᠠᠮᠲᠤᠴᠤᠳ᠎ᠤᠨ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠰᠢᠯᠢᠳᠡᠭ ᠵᠠᠩ ᠴᠢᠨᠠᠷ᠎ᠢ ᠢᠯᠡᠷᠡᠭᠦᠯᠪᠡ᠃
      ᠡᠨᠡ ᠤᠳᠠᠭ᠎ᠠ ᠵᠢᠨ ᠦᠵᠡᠭᠦᠯᠦᠯᠭᠡ᠎ᠪᠠᠷ ᠳᠡᠮᠵᠢᠨ ᠂ ᠤᠯᠠᠨ ᠵᠶ᠋ᠠᠷ ᠵᠶ᠋ᠠᠨ ᠬᠣᠣᠷ᠎ᠠ ᠴᠠᠭ᠋ᠠᠵᠠᠯᠠᠬᠤ ᠠᠵᠢᠯ᠎ᠨᠢ ᠤᠯᠤᠰ᠎ᠤᠨ ᠠᠮᠤᠷ ᠲᠦᠪᠰᠢᠨ᠂ ᠦᠨᠳᠦᠰᠦᠲᠡᠨ᠎ᠤ ᠮᠠᠨᠳᠤᠯ ᠪᠠᠭᠤᠷᠠᠯ᠂ ᠠᠷᠠᠳ ᠲᠦᠮᠡᠨ᠎ᠤ ᠪᠤᠶᠠᠨ ᠬᠡᠰᠢᠭ᠎ᠲᠠᠢ ᠬᠣᠯᠪᠣᠭᠳᠠᠬᠤ ᠵᠢ ᠨᠡᠩ ᠭᠦᠨᠵᠡᠭᠡᠢ ᠲᠠᠨᠢᠵᠤ᠂ ᠠᠮᠢᠳᠤᠷᠠᠯ᠎ᠤᠨ ᠳᠤᠮᠳᠠ᠎ᠪᠠᠨ ᠬᠣᠣᠷ᠎ᠢ ᠡᠰᠡᠷᠭᠦᠴᠡᠨ ᠬᠣᠣᠷ᠎ᠢ ᠰᠡᠷᠭᠡᠢ᠌ᠯᠡᠬᠦ ᠤᠬᠠᠮᠰᠠᠷ ᠵᠶ᠋ᠠᠨ ᠳᠡᠭᠡᠭᠰᠢᠯᠡᠭᠦᠯᠬᠦ ᠵᠢ ᠠᠩᠬᠠᠷᠴᠤ᠂ ᠵᠥᠪ ᠶᠢᠷᠲᠢᠨᠴᠦ ᠵᠢᠨ ᠦᠵᠡᠯᠲᠡ᠂ ᠦᠷᠳᠡᠭ᠎ᠤᠨ ᠦᠵᠡᠯᠲᠡ᠂ ᠠᠮᠢᠳᠤᠷᠠᠬᠤᠢ ᠵᠢᠨ ᠦᠵᠡᠯᠲᠡ ᠵᠢ ᠪᠤᠢ ᠪᠣᠯᠭ᠋ᠠᠵᠤ᠂ 《ᠠᠮᠢ ᠨᠠᠰᠤ᠎ᠪᠠᠨ ᠨᠠᠨᠳᠢᠩᠨᠠᠵᠤ᠂ ᠬᠣᠣᠷᠠᠲᠤ ᠡᠳ᠋᠎ᠠᠴᠠ ᠬᠤᠯᠠ ᠵᠠᠢ᠌ᠳᠠᠬᠤ》ᠦᠵᠡᠯᠲᠡ ᠵᠢ ᠪᠠᠲᠤ ᠪᠤᠢ ᠪᠣᠯᠭ᠋ᠠᠵᠤ᠂ ᠬᠣᠣᠷᠠᠲᠤ ᠡᠳ᠋᠎ᠲᠠᠢ ᠲᠡᠮᠡᠴᠡᠬᠦ ᠵᠣᠷᠢᠭ ᠪᠠ ᠢᠲᠡᠭᠡᠯ ᠵᠶ᠋ᠡᠨ ᠪᠠᠲᠤᠳᠬᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠡᠶ᠎ᠡ ᠵᠣᠬᠢᠴᠠᠩᠭᠤᠢ ᠤᠮᠠᠷᠠᠲᠤ ᠬᠢᠯᠢ ᠵᠢ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠤᠨ ᠣᠷᠣᠨ ᠪᠦᠰᠡ ᠠᠯᠤᠰᠯᠠᠨ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ ᠰᠢᠷᠢᠰ ᠠᠵᠢᠯᠯᠠᠭ᠎ᠠ ᠵᠢ ᠡᠬᠢᠯᠡᠭᠦᠯᠪᠡ
ᠪᠦᠬᠦ ᠣᠷᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠥᠷᠭᠡᠳᠬᠡᠭᠰᠡᠨ ᠬᠤᠷᠠᠯ ᠬᠥᠬᠡᠬᠣᠲᠠ᠎ᠳᠤ ᠬᠤᠷᠠᠯᠳᠤᠪᠠ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ᠎ᠤ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠯ ᠬᠢᠬᠦ ᠠᠵᠢᠯ ᠡᠮᠬᠢ ᠵᠢᠷᠤᠮ᠎ᠲᠠᠢ ᠶᠠᠪᠤᠭᠳᠠᠵᠤ ᠪᠣᠶ
ᠨᠢᠩᠴᠧᠩ ᠰᠢᠶᠠᠨ ᠄ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠋ᠠᠨ᠎ᠤ ᠤᠨᠤᠯ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠤᠨ ᠠᠩᠭᠢ ᠡᠬᠢᠯᠡᠪᠡ
 
            