ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ᠎ᠤ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠯ ᠬᠢᠬᠦ ᠠᠵᠢᠯ ᠡᠮᠬᠢ ᠵᠢᠷᠤᠮ᠎ᠲᠠᠢ ᠶᠠᠪᠤᠭᠳᠠᠵᠤ ᠪᠣᠶ
ᠨᠡᠶ᠋ᠢᠲᠡᠯᠡᠭᠰᠡᠨ ᠴᠠᠭ᠄ 2022-08-12

      ᠦᠨᠳᠦᠰᠦᠨ  ᠡᠮ ᠡᠮᠨᠡᠯᠭᠡ ᠵᠢᠨ ᠪᠠᠲᠤᠯᠠᠭ᠎ᠠ ᠵᠢᠨ ᠦᠷ᠎ᠡ ᠪᠦᠲᠦᠭᠡᠯ᠎ᠢ ᠨᠡᠩ ᠰᠠᠢ᠌ᠲᠤᠷ ᠪᠡᠬᠢᠵᠢᠭᠦᠯᠦᠨ ᠥᠷᠭᠡᠳᠬᠡᠬᠦ ᠵᠢᠨ ᠲᠥᠯᠥᠭᠡ ᠂ ᠬᠥᠬᠡᠬᠣᠲᠠ ᠵᠢᠨ ᠦᠨᠳᠦᠰᠦᠨ ᠱᠠᠲᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠠᠪᠴᠠᠩ᠎ᠳᠤ ᠲᠦᠰᠢᠭᠯᠡᠨ ᠂ 2022 ᠣᠨ᠎ᠳᠤ ᠂ ᠬᠥᠬᠡᠬᠣᠲᠠ ᠵᠢᠨ᠎ᠬᠢᠨ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠂ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠪᠠᠷ ᠭᠣᠣᠯ ᠪᠣᠯᠭ᠋ᠠᠭᠰᠠᠨ 202 ᠭᠣᠣᠯᠯᠠᠭᠴᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠵᠢᠯᠲᠠᠨ᠎ᠢ ᠰᠣᠩᠭᠣᠨ ᠲᠣᠮᠢᠯᠠᠵᠤ᠂ 3 ᠬᠤᠭᠤᠴᠠᠭ᠎ᠠ ᠬᠤᠪᠢᠶᠠᠨ ᠪᠡᠭᠡᠵᠢᠩ ᠬᠣᠲᠠ ᠵᠢᠨ ᠨᠠᠷᠠᠲᠤ ᠭᠤᠷᠪᠠᠳᠤᠭ᠋ᠠᠷ ᠳᠡᠰ᠎ᠤᠨ ᠡᠮ ᠡᠮᠨᠡᠯᠭᠡ ᠵᠢᠨ ᠪᠠᠢ᠌ᠭᠤᠯᠤᠮᠵᠢ᠎ᠳᠤ ᠬᠦᠷᠴᠦ ᠪᠣᠯᠪᠠᠰᠤᠷᠠᠭᠤᠯᠤᠯ ᠥᠷᠨᠢᠭᠦᠯᠵᠦ ᠂ ᠦᠨᠳᠦᠰᠦᠨ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ ᠃ ᠣᠲᠣ ᠪᠣᠯᠲᠠᠯ᠎ᠠ ᠂ ᠨᠢᠭᠡᠳᠦᠭᠡᠷ ᠬᠤᠭᠤᠴᠠᠭ᠋ᠠᠨ᠎ᠤ ᠪᠣᠯᠪᠠᠰᠤᠷᠠᠭᠤᠯᠤᠯ ᠎ᠢ ᠨᠢᠭᠡᠨᠲᠡ ᠪᠡᠶᠡᠯᠡᠭᠦᠯᠵᠦ ᠂ ᠬᠣᠶᠠᠳᠤᠭ᠋ᠠᠷ ᠬᠤᠭᠤᠴᠠᠭ᠋ᠠᠨ᠎ᠤ ᠪᠣᠯᠪᠠᠰᠤᠷᠠᠭᠤᠯᠤᠯ ᠎ᠢ ᠶᠠᠭ ᠡᠮᠬᠢ ᠵᠢᠷᠤᠮ᠎ᠲᠠᠢ ᠲᠦᠯᠬᠢᠨ ᠠᠬᠢᠭᠤᠯᠵᠤ ᠂ 136 ᠬᠥᠮᠥᠨ ᠪᠣᠯᠪᠠᠰᠤᠷᠠᠭᠤᠯᠤᠯ᠎ᠳᠤ ᠣᠷᠣᠯᠴᠠᠵᠠᠢ ᠃

      6  ᠰᠠᠷ᠎ᠠ ᠵᠢᠨ 27᠎ᠤ ᠡᠳᠦᠷ᠎ᠠᠴᠠ 7 ᠰᠠᠷ᠎ᠠ ᠵᠢᠨ 16᠎ᠤ ᠡᠳᠦᠷ ᠪᠣᠯᠲᠠᠯ᠎ᠠ ᠂ ᠨᠢᠭᠡᠳᠦᠭᠡᠷ ᠬᠤᠭᠤᠴᠠᠭ᠋ᠠᠨ᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠪᠠᠢ᠌ᠷᠢ ᠳᠠᠭ᠋ᠠᠬᠤ ᠪᠣᠯᠪᠠᠰᠤᠷᠠᠭᠤᠯᠤᠯ᠎ᠢ ᠵᠣᠬᠢᠶᠠᠨ ᠪᠠᠢ᠌ᠭᠤᠯᠤᠨ ᠥᠷᠨᠢᠭᠦᠯᠵᠦ ᠂ 68 ᠨᠡᠷᠡᠰ ᠪᠣᠯᠪᠠᠰᠤᠷᠠᠭᠤᠯᠤᠯ᠎ᠳᠤ ᠣᠷᠣᠯᠴᠠᠭᠰᠠᠳ ᠪᠡᠭᠡᠵᠢᠩ᠎ᠤᠨ ᠬᠤᠸᠠ ᠰᠢᠨ ᠡᠮᠨᠡᠯᠭᠡ ᠵᠢᠨ ᠬᠣᠷᠢᠶ᠎ᠠ (ᠴᠢᠩᠬᠤᠸᠠ ᠶᠡᠬᠡ ᠰᠤᠷᠭ᠋ᠠᠭᠤᠯᠢ ᠵᠢᠨ ᠨᠢᠭᠡᠳᠦᠭᠡᠷ ᠬᠠᠷᠢᠶᠠᠲᠤ ᠡᠮᠨᠡᠯᠭᠡ ᠵᠢᠨ ᠬᠣᠷᠢᠶ᠎ᠠ ) ᠵᠢᠨ ᠬᠢᠲᠠᠳ ᠡᠸᠦ᠋ᠷᠦᠫᠡ ᠡᠮᠨᠡᠯᠭᠡ ᠵᠢᠨ ᠡᠮᠴᠢᠯᠡᠭᠡ ᠂ ᠡᠷᠡᠭᠦᠯᠵᠢᠯ ᠰᠤᠪᠢᠯᠠᠯᠲᠠ ᠂ ᠠᠨᠠᠭ᠋ᠠᠬᠤ ᠤᠬᠠᠭ᠋ᠠᠨ᠎ᠤ ᠰᠢᠯᠭ᠋ᠠᠨ ᠪᠠᠢ᠌ᠴᠠᠭ᠋ᠠᠯᠲᠠ ᠵᠡᠷᠭᠡ ᠰᠠᠯᠠᠭ᠎ᠠ ᠲᠠᠰᠤᠭ᠎ᠲᠤ ᠬᠦᠷᠴᠦ ᠪᠣᠯᠪᠠᠰᠤᠷᠠᠭᠤᠯᠤᠯ ᠬᠢᠵᠦ ᠂ ᠣᠲᠣ ᠨᠢᠭᠡᠨᠲᠡ ᠲᠡᠭᠦᠰ ᠠᠮᠵᠢᠯᠲᠠ᠎ᠲᠠᠢ ᠲᠡᠭᠦᠰᠪᠡ ᠃

      ᠬᠣᠶᠠᠳᠤᠭ᠋ᠠᠷ  ᠬᠤᠭᠤᠴᠠᠭ᠋ᠠᠨ᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠪᠠᠢ᠌ᠷᠢ ᠵᠢᠨ ᠪᠣᠯᠪᠠᠰᠤᠷᠠᠭᠤᠯᠤᠯ᠎ᠢ 2022 ᠣᠨ᠎ᠤ 8 ᠰᠠᠷ᠎ᠠ ᠵᠢᠨ 1᠎ᠤ ᠡᠳᠦᠷ᠎ᠠᠴᠠ 8 ᠰᠠᠷ᠎ᠠ ᠵᠢᠨ 20᠎ᠤ ᠡᠳᠦᠷ ᠪᠣᠯᠲᠠᠯ᠎ᠠ ᠦᠷᠭᠦᠯᠵᠢᠯᠡᠭᠦᠯᠵᠦ ᠂ ᠲᠦᠷ ᠴᠠᠭ᠎ᠤᠨ ᠨᠠᠮ᠎ᠤᠨ ᠡᠭᠦᠷ ᠪᠠᠶ᠋ᠢᠭᠤᠯᠬᠤ ᠵᠢᠨ ᠬᠠᠮᠲᠤ ᠪᠣᠯᠪᠠᠰᠤᠷᠠᠭᠤᠯᠤᠯ᠎ᠤᠨ ᠠᠩᠭᠢ ᠵᠢᠨ ᠭᠡᠰᠢᠭᠦᠨ᠎ᠢ ᠣᠨᠴᠠᠭ᠋ᠠᠢ᠌ᠯᠠᠨ ᠰᠣᠩᠭᠣᠨ ᠭᠠᠷᠭ᠋ᠠᠵᠤ ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ ᠂ ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠠᠬᠢ ᠡᠯ᠎ᠡ ᠵᠦᠢ᠍ᠯ᠎ᠤᠨ ᠠᠵᠢᠯ᠎ᠢ ᠢᠳᠡᠪᠬᠢᠲᠡᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠂ ᠪᠣᠯᠪᠠᠰᠤᠷᠠᠭᠤᠯᠤᠯ᠎ᠤᠨ ᠦᠷ᠎ᠡ ᠳ᠋ᠦᠩ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ ᠃

      ᠪᠣᠯᠪᠠᠰᠤᠷᠠᠭᠤᠯᠤᠯ᠎ᠤᠨ  ᠪᠣᠳᠠᠲᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ ᠂ 8 ᠰᠠᠷ᠎ᠠ ᠵᠢᠨ 1᠎ᠤ ᠡᠳᠦᠷ᠂ ᠬᠥᠬᠡᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠠᠩᠬᠠᠳᠤᠭ᠋ᠠᠷ ᠬᠤᠭᠤᠴᠠᠭ᠋ᠠᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠪᠡᠭᠡᠵᠢᠩ᠎ᠳᠤ ᠣᠷᠣᠵᠤ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠭᠤᠯᠤᠯ᠎ᠤᠨ ᠳ᠋ᠦᠩᠨᠡᠯᠲᠡ ᠵᠢᠨ ᠬᠤᠷᠠᠯ ᠵᠢᠴᠢ ᠬᠣᠶᠠᠳᠤᠭ᠋ᠠᠷ ᠬᠤᠭᠤᠴᠠᠭ᠋ᠠᠨ᠎ᠤ ᠠᠩᠭᠢ ᠡᠬᠢᠯᠡᠬᠦ ᠶᠣᠰᠣᠯᠠᠯ ᠶᠠᠪᠤᠭᠤᠯᠵᠤ ᠂ ᠨᠢᠭᠡᠳᠦᠭᠡᠷ ᠬᠤᠭᠤᠴᠠᠭ᠋ᠠᠨ᠎ᠤ ᠪᠣᠯᠪᠠᠰᠤᠷᠠᠭᠤᠯᠤᠯ᠎ᠳᠤ ᠣᠷᠣᠯᠴᠠᠭᠰᠠᠨ ᠰᠤᠷᠤᠭᠴᠢᠳ᠎ᠤᠨ ᠲᠥᠯᠥᠭᠡᠯᠡᠭᠴᠢᠳ᠎ᠤᠨ ᠰᠤᠷᠤᠯᠴᠠᠯᠭ᠎ᠠ ᠪᠣᠯᠪᠠᠰᠤᠷᠠᠭᠤᠯᠤᠯ᠎ᠤᠨ  ᠣᠯᠣᠯᠲᠠ᠎ᠪᠠᠨ ᠰᠣᠯᠢᠯᠴᠠᠪᠠ ᠃

 

 

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠨᠢᠩᠴᠧᠩ ᠰᠢᠶᠠᠨ ᠄ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠋ᠠᠨ᠎ᠤ ᠤᠨᠤᠯ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠤᠨ ᠠᠩᠭᠢ ᠡᠬᠢᠯᠡᠪᠡ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠡᠮᠨᠡᠯᠭᠡ 》 ᠵᠢᠨ ᠵᠠᠮ᠎ᠳᠤ ᠴᠡᠴᠡᠭ ᠳᠡᠯᠭᠡᠷᠡᠪᠡ
ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠪᠦᠲᠦᠭᠡᠯᠴᠢ ᠲᠥᠰᠥᠯ᠎ᠤᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠪᠡ
ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠭᠠᠷ ᠭᠠᠷ ᠵᠶ᠋ᠠᠨ ᠬᠣᠯᠪᠣᠯᠴᠠᠨ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠢᠷᠡᠭᠡᠳᠦᠢ᠎ᠳᠤ ᠰᠡᠳᠬᠢᠯ ᠵᠢᠷᠦᠬᠡ᠎ᠪᠠᠨ ᠬᠣᠯᠪᠣᠵᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ 《ᠪᠦᠯᠬᠦᠮ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠥᠪᠡᠷᠲᠡᠭᠡᠨ ᠵᠠᠰᠠᠬᠤ ᠣᠷᠣᠨ᠎ᠳᠤ ᠭᠦᠨᠵᠡᠭᠡᠢ᠌ᠷᠡᠨ ᠠᠵᠢᠯ ᠥᠷᠨᠢᠭᠦᠯᠦᠨ᠎ᠡ
 
            