ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠋ᠠᠨ᠎ᠤ ᠤᠨᠤᠯ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠤᠨ ᠠᠩᠭᠢ ᠡᠬᠢᠯᠡᠪᠡ
ᠨᠡᠶ᠋ᠢᠲᠡᠯᠡᠭᠰᠡᠨ ᠴᠠᠭ᠄ 2022-08-12

      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠰᠲ᠋ᠧᠮ᠎ᠤᠨ ᠺᠠᠳ᠋ᠷ᠎ᠤᠨ ᠤᠨᠤᠯ ᠲᠦᠷᠦ ᠵᠢᠨ ᠪᠣᠳᠣᠯᠭ᠎ᠠ ᠵᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠨᠡᠩ ᠰᠠᠢ᠌ᠲᠤᠷ ᠠᠬᠢᠭᠤᠯᠬᠤ ᠵᠢᠨ ᠲᠥᠯᠥᠭᠡ᠂ 8 ᠰᠠᠷ᠎ᠠ ᠵᠢᠨ 4 ᠎ᠤ ᠡᠳᠦᠷ᠂ ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠨᠤᠯ ᠲᠦᠷᠦ ᠵᠢᠨ ᠪᠣᠳᠣᠯᠭ᠎ᠠ ᠵᠢᠨ ᠬᠠᠮᠵᠢᠯᠴᠠᠭ᠋ᠠᠨ᠎ᠤ ᠪᠣᠯᠪᠠᠰᠤᠷᠠᠯ᠎ᠤᠨ ᠠᠩᠬᠢ ᠪᠡᠭᠡᠵᠢᠩ ᠬᠤᠳᠠ ᠵᠢᠨ ᠶᠠᠨᠴᠢᠩ ᠲᠣᠭᠣᠷᠢᠭ᠎ᠤᠨ ᠰᠢᠨᠬᠤᠸᠠ ᠳᠠᠭ᠋ᠠᠳᠬᠠᠯ᠎ᠤᠨ ᠪᠣᠯᠪᠠᠰᠤᠷᠠᠯ᠎ᠤᠨ ᠲᠥᠪ᠎ᠲᠤ ᠰᠤᠷᠤᠯᠭ᠎ᠠ ᠡᠬᠢᠯᠡᠪᠡ᠃
      ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠨᠢ 10 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ ᠂ ᠪᠢᠲᠡᠭᠦᠮᠵᠢᠯᠡᠭᠰᠡᠨ ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠦᠨ ᠂ ᠰᠤᠷᠤᠯᠴᠠᠵᠤ ᠪᠣᠯᠪᠠᠰᠤᠷᠠᠭᠤᠯᠬᠤ ᠪᠠ ᠠᠵᠢᠯ᠎ᠢ ᠠᠬᠢᠭᠤᠯᠬᠤ ᠵᠢ ᠤᠶᠠᠯᠳᠤᠭᠤᠯᠬᠤ ᠂ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ ᠂ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠰᠤᠷᠤᠯᠴᠠᠨ ᠰᠤᠳᠤᠯᠵᠤ ᠪᠡᠬᠢᠵᠢᠭᠦᠯᠬᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠣᠨᠣᠯ ᠲᠥᠷᠥ ᠵᠢᠨ ᠪᠣᠳᠣᠯᠭ᠎ᠠ ᠪᠠ ᠪᠣᠯᠪᠠᠰᠤᠷᠠᠩᠭᠤᠢ ᠲᠤᠷᠰᠢᠯᠭ᠎ᠠ ᠠᠷᠭ᠎ᠠ ᠬᠢᠳᠡᠯ᠎ᠢ ᠵᠣᠯᠭ᠋ᠠᠭᠤᠯᠬᠤ ᠵᠡᠷᠭᠡ ᠠᠷᠭ᠎ᠠ ᠬᠡᠮᠵᠢᠶ᠎ᠡ ᠵᠢ ᠰᠤᠷᠤᠯᠴᠠᠵᠤ ᠰᠤᠳᠤᠯᠤᠨ ᠶᠠᠷᠢᠯᠴᠠᠨ᠎ᠠ ᠃ ᠲᠤᠰ ᠤᠳᠠᠭ᠋ᠠᠨ᠎ᠤ ᠪᠣᠯᠪᠠᠰᠤᠷᠠᠯ᠎ᠨᠢ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠠᠵᠢᠯ᠎ᠤᠨ ᠲᠠᠪᠴᠠᠩ᠎ᠳᠤ ᠲᠦᠰᠢᠭᠯᠡᠵᠦ ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ ᠂ ᠪᠡᠭᠡᠵᠢᠩ᠎ᠤᠨ ᠲᠠᠷᠢᠶᠠᠯᠠᠩ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠡᠭᠡᠵᠢᠩ ᠬᠣᠲᠠ ᠵᠢᠨ ᠲᠤᠰᠠᠯᠠᠬᠤ ᠬᠠᠮᠲᠤᠷᠠᠯᠴᠠᠭ᠋ᠠᠨ᠎ᠤ ᠠᠯᠪᠠᠨ ᠭᠡᠷ ᠂ ᠪᠡᠭᠡᠵᠢᠩ ᠬᠣᠲᠠ ᠵᠢᠨ ᠲᠠᠷᠢᠶᠠᠯᠠᠩ ᠬᠥᠳᠡᠭᠡ ᠲᠣᠰᠬᠣᠨ᠎ᠤ ᠲᠣᠪᠴᠢᠶ᠎ᠠ ᠂ ᠪᠡᠭᠡᠵᠢᠩ ᠬᠣᠲᠠ ᠵᠢᠨ ᠠᠷᠠᠳ᠎ᠤᠨ ᠶᠠᠪᠤᠳᠠᠯ᠎ᠤᠨ ᠦᠨᠳᠦᠰᠦᠨ ᠱᠠᠲᠤᠨ᠎ᠤ ᠵᠠᠰᠠᠭ᠎ᠤᠨ ᠡᠷᠬᠡ ᠪᠠ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠣᠯᠳᠠᠯᠭ᠎ᠠ ᠎ᠲᠠᠢ ᠲᠤᠬᠠᠢ᠌ᠯᠠᠭᠰᠠᠨ ᠠᠵᠢᠯ᠎ᠤᠨ ᠬᠦᠷᠢᠶᠡᠨ᠎ᠤ ᠬᠠᠷᠢᠭᠤᠴᠠᠯᠭ᠋ᠠᠲᠠᠨ ᠨᠥᠬᠥᠳ᠎ᠢ ᠤᠷᠢᠵᠤ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠡᠢ ᠃ ᠡᠭᠦᠨ᠎ᠤ ᠬᠠᠮᠲᠤ ᠱᠦᠨ ᠢ ᠲᠣᠭᠣᠷᠢᠭ ᠪᠣᠯᠣᠨ ᠪᠡᠭᠡᠵᠢᠩ᠎ᠤᠨ ᠵᠢᠨ ᠯᠢᠦ ᠬᠤᠸᠠᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠂ ᠶᠠᠨᠴᠢᠩ᠎ᠤᠨ ᠬᠣᠢ᠌ᠲᠤ ᠬᠡᠰᠡᠭ᠎ᠤᠨ ᠢᠳᠡᠰᠢᠨ ᠨᠣᠭᠣᠭ᠎ᠠ ᠵᠢᠨ ᠬᠦᠷᠢᠶᠡᠯᠡᠩ᠂ ᠪᠡᠭᠡᠵᠢᠩ᠎ᠤᠨ ᠳ᠋ᠡ ᠳ᠋ᠢ ᠵᠢᠦᠢ ᠯᠦᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠡᠷᠭᠡ ᠭᠠᠵᠠᠷ᠎ᠲᠤ ᠬᠦᠷᠴᠦ ᠲᠤᠬᠠᠢ ᠵᠢᠨ ᠲᠠᠯᠠᠪᠠᠢ᠎ᠳᠤ ᠲᠣᠭᠣᠷᠢᠨ ᠦᠵᠡᠵᠦ᠂ ᠰᠢᠰᠲ᠋ᠧᠮ᠎ᠤᠨ ᠺᠠᠳ᠋ᠷ᠎ᠤᠨ ᠠᠵᠢᠯ᠎ᠤᠨ ᠬᠠᠷᠠᠭ᠎ᠠ ᠵᠢ ᠴᠢᠨᠠᠭᠰᠢᠳᠠ ᠥᠷᠭᠡᠳᠬᠡᠵᠦ᠂ ᠠᠵᠢᠯ᠎ᠤᠨ ᠰᠡᠳᠬᠢᠴᠡ᠎ᠪᠠᠨ ᠥᠷᠭᠡᠳᠬᠡᠵᠡᠢ᠃
      ᠪᠣᠯᠪᠠᠰᠤᠷᠠᠯ᠎ᠤᠨ ᠠᠩᠭᠢ ᠱᠠᠭ᠋ᠠᠷᠳᠠᠭᠰᠠᠨ᠎ᠨᠢ ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠢ ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠣᠯ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢᠨ ᠲᠤᠯᠭ᠋ᠠᠮ᠎ᠠ ᠱᠠᠭ᠋ᠠᠷᠳᠠᠯᠭ᠎ᠠ ᠪᠣᠯᠣᠨ᠎ᠠ᠃ ᠦᠨᠳᠦᠰᠦᠨ ᠱᠠᠲᠤᠨ᠎ᠤ ᠤᠳᠤᠷᠢᠳᠤᠮᠵᠢ ᠵᠢ ᠴᠢᠩᠭ᠋ᠠᠳᠬᠠᠵᠤ ᠂ ᠦᠨᠳᠦᠰᠦᠨ ᠱᠠᠲᠤᠨ᠎ᠤ ᠰᠠᠭᠤᠷᠢ ᠵᠢ ᠪᠠᠲᠤᠳᠬᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠯᠲᠠ ᠪᠠ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠳᠡᠭᠡᠳᠦ ᠬᠡᠮᠵᠢᠶᠡᠨ᠎ᠠᠴᠠ ᠰᠤᠷᠤᠯᠴᠠᠬᠤ ᠲᠠᠪᠴᠠᠩ ᠪᠠ ᠪᠣᠯᠪᠠᠰᠤᠷᠠᠭᠤᠯᠤᠯ᠎ᠤᠨ ᠠᠵᠠ ᠲᠣᠬᠢᠶᠠᠯ᠎ᠢ ᠨᠠᠨᠳᠢᠩᠨᠠᠨ ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠲᠡᠷᠢᠭᠦᠨ᠎ᠤ ᠭᠠᠵᠠᠷ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠡᠷᠢᠭᠦᠨ᠎ᠤ ᠲᠤᠷᠰᠢᠯᠭ᠎ᠠ ᠠᠷᠭ᠎ᠠ ᠬᠢᠳᠡᠯ᠎ᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ ᠂ ᠰᠤᠷᠤᠯᠴᠠᠬᠤ᠎ᠳᠠᠭᠠᠨ ᠰᠡᠳᠬᠢᠬᠦ ᠂ ᠰᠡᠳᠬᠢᠬᠦ᠎ᠳᠡᠭᠡᠨ ᠣᠯᠬᠤ ᠂ ᠣᠯᠬᠤ᠎ᠳᠠᠭᠠᠨ ᠣᠯᠬᠤ ᠶᠠᠪᠤᠳᠠᠯ᠎ᠢ ᠦᠨᠡᠨ ᠬᠦ᠌ ᠪᠡᠶᠡᠯᠡᠭᠦᠯᠬᠦ ᠬᠡᠷᠡᠭᠲᠡᠢ ᠃ ᠰᠤᠷᠬᠤ ᠪᠠ ᠬᠡᠷᠡᠭᠯᠡᠬᠦ ᠵᠢ ᠤᠶᠠᠯᠳᠤᠭᠤᠯᠬᠤ ᠵᠢ ᠴᠢᠬᠤᠯᠠᠴᠢᠯᠠᠬᠤ ᠬᠡᠷᠡᠭᠲᠡᠢ᠃ ᠪᠣᠳᠠᠲᠠᠢ ᠲᠤᠬᠠᠢ᠌ᠯᠠᠭᠰᠠᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠥᠪᠡᠷ᠎ᠤᠨ ᠠᠵᠢᠯ᠎ᠤᠨ ᠵᠶ᠋ᠠᠨ ᠪᠠᠭᠤᠷᠠᠢ ᠲᠠᠯ᠎ᠠ ᠵᠢᠴᠢ ᠬᠣᠢ᠌ᠰᠢᠳᠠ ᠵᠢᠨ ᠠᠵᠢᠯ᠎ᠤᠨ ᠬᠦᠴᠦᠯᠡᠬᠦ ᠴᠡᠭ ᠪᠠ ᠰᠢᠨ᠎ᠡ ᠵᠢ ᠡᠭᠦᠳᠬᠦ ᠴᠡᠭ᠎ᠢ ᠪᠣᠳᠣᠯᠬᠢᠯᠠᠬᠤ ᠬᠡᠷᠡᠭᠲᠡᠢ᠃ ᠲᠦᠷᠦ ᠵᠢᠨ ᠪᠣᠳᠣᠯᠭ᠎ᠠ ᠵᠢᠨ ᠤᠨᠤᠯ᠎ᠤᠨ ᠰᠤᠷᠤᠯᠴᠠᠯᠭ᠎ᠠ ᠵᠢ ᠴᠢᠬᠤᠯᠠᠴᠢᠯᠠᠵᠤ᠂ ᠲᠥᠪ᠎ᠠᠴᠠ ᠬᠡᠷᠬᠢᠨ ᠱᠠᠭ᠋ᠠᠷᠳᠠᠵᠤ ᠪᠠᠢ᠌ᠬᠤ᠂ ᠲᠦᠷᠦ ᠵᠢᠨ ᠪᠣᠳᠣᠯᠭ᠎ᠠ ᠵᠢ ᠬᠡᠷᠬᠢᠨ ᠲᠣᠭᠲᠠᠭ᠋ᠠᠵᠤ ᠪᠠᠢ᠌ᠬᠤ᠂ ᠪᠤᠰᠤᠳ ᠭᠠᠵᠠᠷ ᠣᠷᠣᠨ᠎ᠤ ᠠᠵᠢᠯ᠎ᠢ ᠬᠡᠷᠬᠢᠨ ᠥᠷᠨᠢᠭᠦᠯᠵᠦ ᠪᠠᠢ᠌ᠬᠤ᠂ ᠠᠵᠢᠯ ᠵᠶ᠋ᠠᠨ ᠥᠷᠨᠢᠭᠦᠯᠬᠦ᠎ᠳᠤ ᠬᠠᠮᠢᠭ᠎ᠠ᠎ᠠᠴᠠ ᠭᠠᠷᠳᠠᠬᠤ᠂ ᠶᠠᠭᠤ ᠵᠢ ᠠᠳᠬᠤᠬᠤ᠂ ᠶᠠᠭ᠋ᠠᠬᠢᠵᠤ ᠠᠳᠬᠤᠬᠤ᠂ ᠶᠠᠮᠠᠷ ᠬᠡᠮᠵᠢᠶᠡᠨ᠎ᠳᠤ ᠬᠦᠷᠲᠡᠯ᠎ᠡ ᠠᠳᠬᠤᠬᠤ ᠵᠢ ᠲᠣᠳᠣᠷᠬᠠᠢ᠌ᠯᠠᠵᠤ᠂ ᠬᠠᠷᠠᠯᠲᠠ᠎ᠲᠠᠢ᠎ᠪᠠᠷ ᠰᠤᠮᠤ ᠬᠠᠷᠪᠤᠵᠤ ᠠᠵᠢᠯ ᠵᠶ᠋ᠠᠨ ᠥᠷᠨᠢᠭᠦᠯᠬᠦ ᠬᠡᠷᠡᠭᠲᠡᠢ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠰᠠᠬᠢᠯᠭ᠎ᠠ ᠪᠠᠲᠤ ᠵᠢᠨ ᠦᠵᠡᠯ ᠤᠬᠠᠮᠰᠠᠷ ᠂ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠴᠢᠩᠭ᠋ᠠᠷᠠᠭᠤᠯᠬᠤ ᠳᠡᠭᠡᠳᠦ ᠬᠡᠮᠵᠢᠶᠡᠨ᠎ᠠᠴᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢ ᠬᠢᠨᠠᠮᠠᠭ᠋ᠠᠢ ᠲᠤ᠋

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠡᠮᠨᠡᠯᠭᠡ 》 ᠵᠢᠨ ᠵᠠᠮ᠎ᠳᠤ ᠴᠡᠴᠡᠭ ᠳᠡᠯᠭᠡᠷᠡᠪᠡ
ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠪᠦᠲᠦᠭᠡᠯᠴᠢ ᠲᠥᠰᠥᠯ᠎ᠤᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠪᠡ
ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠭᠠᠷ ᠭᠠᠷ ᠵᠶ᠋ᠠᠨ ᠬᠣᠯᠪᠣᠯᠴᠠᠨ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠢᠷᠡᠭᠡᠳᠦᠢ᠎ᠳᠤ ᠰᠡᠳᠬᠢᠯ ᠵᠢᠷᠦᠬᠡ᠎ᠪᠠᠨ ᠬᠣᠯᠪᠣᠵᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ 《ᠪᠦᠯᠬᠦᠮ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠥᠪᠡᠷᠲᠡᠭᠡᠨ ᠵᠠᠰᠠᠬᠤ ᠣᠷᠣᠨ᠎ᠳᠤ ᠭᠦᠨᠵᠡᠭᠡᠢ᠌ᠷᠡᠨ ᠠᠵᠢᠯ ᠥᠷᠨᠢᠭᠦᠯᠦᠨ᠎ᠡ
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠬᠥᠳᠡᠯᠮᠦᠷᠢ ᠦᠢ᠍ᠯᠡᠴᠢᠯᠡᠭᠡᠨ᠎ᠤ ᠲᠠᠪᠴᠠᠩ᠎ᠢ ᠰᠠᠢ᠌ᠲᠤᠷ ᠪᠠᠢ᠌ᠭᠤᠯᠵᠤ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ 《ᠬᠠᠢ ᠳ᠋ᠢᠶᠠᠨ᠎ᠤ ᠵᠠᠭᠪᠤᠷ 》᠎ᠢ ᠪᠣᠶ ᠪᠣᠯᠭ᠋ᠠᠨ᠎ᠠ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠷᠤᠭᠰᠢᠯᠠᠯᠲᠠ ᠵᠢᠨ ᠠᠶᠠᠰ᠎ᠢ ᠬᠠᠮᠲᠤᠪᠠᠷ ᠬᠥᠭᠵᠢᠮᠳᠡᠪᠡ
 
            