ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠨᠢᠩᠴᠧᠩ ᠰᠢᠶᠠᠨ ᠄ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2022-08-12

      ᠵᠢᠯ᠎ᠤᠨ ᠡᠬᠢᠨ᠎ᠠᠴᠠ ᠨᠠᠰᠢ᠂ ᠨᠢᠩᠴᠧᠩ ᠰᠢᠶᠠᠨ᠎ᠤ᠎ᠬᠢᠨ ᠶᠡᠷᠦᠩᠬᠡᠢ ᠱᠦᠵᠢ ᠰᠢ ᠵᠢᠨ ᠫᠢᠩ ᠎ᠤ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠶᠡᠷᠦᠩᠬᠡᠢ ᠵᠢᠯᠣᠭᠣᠳᠤᠯᠭ᠎ᠠ ᠪᠣᠯᠭ᠋ᠠᠵᠤ᠂ ᠱ᠌ᠢ ᠵᠢᠩ ᠱᠠᠨ ᠲᠣᠭᠣᠷᠢᠭ᠎ᠲᠠᠢ ᠨᠢᠭᠲᠠ ᠭᠠᠷ ᠬᠣᠯᠪᠣᠯᠴᠠᠨ ᠨᠢᠭᠲᠠ ᠬᠠᠮᠵᠢᠯᠴᠠᠵᠤ᠂ 《ᠳᠥᠷᠪᠡ ᠵᠢ ᠪᠠᠷᠢᠮᠲᠠᠯᠠᠬᠤ》᠎ᠪᠠᠷ ᠳᠠᠮᠵᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠲᠠᠰᠤᠷᠠᠯᠳᠡ ᠦᠭᠡᠢ ᠭᠦᠨᠵᠡᠭᠡᠢ᠌ᠷᠡᠭᠦᠯᠦᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠲᠠᠬᠢᠨ ᠰᠢᠨ᠎ᠡ ᠳᠡᠭᠲᠡᠷ᠎ᠲᠤ ᠭᠠᠷᠭ᠋ᠠᠭᠰᠠᠨ ᠪᠠᠢ᠌ᠨ᠎ᠠ᠃
      ᠥᠨᠳᠥᠷ ᠪᠠᠢ᠌ᠷᠢᠨ᠎ᠳᠤ ᠠᠬᠢᠭᠤᠯᠬᠤ ᠵᠢ ᠪᠠᠷᠢᠮᠲᠠᠯᠠᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠎ᠡ ᠃ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠬᠤ᠎ᠪᠠᠨ ᠴᠢᠩᠭ᠋ᠠᠳᠬᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠰᠢᠶᠠᠨ᠎ᠤ ᠭᠣᠣᠯᠳᠠᠯᠭ᠎ᠠ᠎ᠲᠠᠢ ᠠᠵᠢᠯ᠎ᠳᠤ ᠣᠷᠣᠭᠤᠯᠤᠨ ᠨᠢᠭᠡᠳᠦᠯᠲᠡᠢ ᠲᠥᠯᠥᠪᠯᠡᠨ ᠠᠬᠢᠭᠤᠯᠵᠤ ᠂ 36 ᠲᠦᠮᠡᠨ ᠲᠥᠭᠥᠷᠢᠭ᠎ᠤᠨ ᠪᠡᠯᠡ ᠮᠥᠩᠭᠥ ᠭᠤᠶᠤᠴᠢᠯᠠᠵᠤ ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠦᠨ᠎ᠡ ᠃ ᠰᠢᠶᠠᠨ᠎ᠤ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠠᠴᠠ 2 ᠤᠳᠠᠭ᠎ᠠ ᠲᠤᠰᠬᠠᠢ ᠰᠡᠳᠦᠪ ᠵᠶ᠋ᠡᠷ ᠬᠢᠨᠠᠨ ᠵᠥᠪᠯᠡᠵᠦ᠂ ᠰᠢᠶᠠᠨ᠎ᠤ ᠱᠠᠲᠤᠨ᠎ᠤ ᠤᠳᠤᠷᠢᠳᠬᠤ ᠳᠤᠭᠤᠢ᠌ᠯᠠᠩ᠎ᠤᠨ ᠬᠤᠷᠠᠯ᠎ᠠᠴᠠ 3 ᠤᠳᠠᠭ᠎ᠠ ᠲᠤᠰᠬᠠᠢ ᠰᠡᠳᠦᠪ ᠵᠶ᠋ᠡᠷ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠠᠵᠢᠯ᠎ᠢ ᠠᠬᠢᠭᠤᠯᠵᠤ᠂ ᠠᠵᠢᠯ᠎ᠤᠨ ᠪᠠᠢ᠌ᠷᠢᠯᠠᠭᠤᠯᠤᠯᠲᠠ ᠵᠢᠨ ᠬᠦᠴᠦᠨ᠎ᠲᠠᠢ᠂ ᠠᠬᠢᠭᠤᠯᠤᠯᠲᠠ ᠵᠢᠨ ᠪᠦᠲᠦᠮᠵᠢᠲᠡᠢ ᠪᠠᠢ᠌ᠬᠤ ᠵᠢ ᠪᠠᠲᠤᠯᠠᠵᠠᠢ᠃ ᠬᠠᠷᠢᠯᠴᠠᠨ ᠠᠢ᠌ᠯᠴᠢᠯᠠᠵᠤ ᠵᠣᠯᠭ᠋ᠠᠭᠤᠯᠬᠤ᠎ᠪᠠᠨ ᠨᠢᠭᠲᠠᠷᠠᠭᠤᠯᠵᠤ᠂ ᠱ᠌ᠢ ᠵᠢᠩ ᠱᠠᠨ ᠲᠣᠭᠣᠷᠢᠭ᠎ᠤᠨ ᠳᠠᠷᠤᠭ᠎ᠠ 1 ᠰᠠᠷ᠎ᠠ᠎ᠳᠤ ᠨᠢᠩᠰᠢᠶᠠ᠎ᠳᠤ ᠢᠷᠡᠵᠦ᠂ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ 8 ᠰᠠᠷ᠎ᠠ᠎ᠳᠤ ᠨᠢᠩᠰᠢᠶᠠ᠎ᠳᠤ ᠢᠷᠡᠵᠦ᠂ ᠨᠢᠩᠴᠧᠩ ᠰᠢᠶᠠᠨ᠎ᠤ ᠨᠠᠮ᠎ᠤᠨ ᠬᠣᠷᠢᠶᠠᠨ᠎ᠤ ᠱᠦᠵᠢ 7 ᠰᠠᠷ᠎ᠠ᠎ᠳᠤ ᠬᠣᠶᠠᠷ ᠤᠳᠠᠭ᠎ᠠ ᠬᠠᠷᠢᠭᠤ ᠠᠶ᠋ᠢᠯᠴᠢᠯᠠᠯᠲᠠ ᠬᠢᠵᠦ᠂ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠨᠡᠪᠲᠡᠷᠡᠯᠴᠡᠬᠦ᠎ᠪᠠᠨ ᠴᠢᠨᠠᠭᠰᠢᠳᠠ ᠴᠢᠩᠭ᠋ᠠᠳᠬᠠᠵᠤ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠪᠠ᠃ ᠬᠠᠷᠢᠯᠴᠠᠨ ᠰᠣᠯᠢᠯᠴᠠᠬᠤ ᠵᠢ ᠴᠢᠩᠭ᠋ᠠᠳᠬᠠᠵᠤ᠂ ᠱ᠌ᠢ ᠵᠢᠩ ᠱᠠᠨ ᠲᠣᠭᠣᠷᠢᠭ᠎ᠤᠨ 59 ᠬᠣᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠢ᠌ᠯᠠᠯ ᠵᠡᠷᠭᠡ᠎ᠨᠢ ᠲᠤᠰ ᠲᠤᠰ ᠨᠢᠩᠴᠧᠩ ᠰᠢᠶᠠᠨ᠎ᠤ ᠬᠣᠯᠪᠣᠭᠳᠠᠯ ᠪᠦᠬᠦᠢ ᠨᠢᠭᠡᠴᠢ᠎ᠲᠠᠢ ᠬᠣᠣᠰᠯᠠᠯ ᠪᠠᠶ᠋ᠢᠭᠤᠯᠬᠤ ᠬᠠᠷᠢᠴᠠᠭ᠎ᠠ ᠪᠠᠢ᠌ᠭᠤᠯᠵᠤ᠂ ᠬᠣᠣᠰᠯᠠᠯ ᠪᠠᠢ᠌ᠭᠤᠯᠵᠤ ᠬᠠᠪᠰᠤᠷᠤᠨ ᠲᠡᠳᠬᠦᠬᠦ ᠠᠵᠢᠯ᠎ᠢ ᠭᠦᠨᠵᠡᠭᠡᠢ ᠥᠷᠨᠢᠭᠦᠯᠬᠦ ᠵᠢ ᠠᠬᠢᠭᠤᠯᠪᠠ᠃ ᠡᠭᠦᠨ᠎ᠤ ᠵᠡᠷᠭᠡ᠎ᠳᠤ ᠂ ᠣᠨ᠎ᠤ ᠳᠣᠲᠣᠷ᠎ᠠ ᠬᠠᠷᠢᠯᠴᠠᠨ ᠲᠤᠰᠢᠶᠠᠯ ᠡᠭᠦᠷᠭᠡᠯᠡᠬᠦ ᠺᠠᠳ᠋ᠷ 6 ᠬᠥᠮᠥᠨ ᠲᠣᠮᠢᠯᠠᠵᠤ ᠂ ᠲᠤᠰᠢᠶᠠᠯ ᠡᠭᠦᠷᠭᠡᠯᠡᠬᠦ ᠲᠤᠰᠬᠠᠢ ᠮᠡᠷᠭᠡᠵᠢᠯ᠎ᠤᠨ ᠴᠢᠳᠠᠪᠤᠷᠢᠲᠠᠨ 6 ᠬᠥᠮᠥᠨ᠎ᠢ ᠭᠥᠯᠢᠶᠡᠨ ᠠᠪᠴᠤ ᠂ ᠲᠤᠰᠬᠠᠢ ᠮᠡᠷᠭᠡᠵᠢᠯ᠎ᠤᠨ 28 ᠴᠢᠳᠠᠪᠤᠷᠢᠲᠠᠨ ᠎ᠢ ᠪᠡᠭᠡᠵᠢᠩ᠎ᠳᠤ ᠲᠣᠮᠢᠯᠠᠨ ᠣᠴᠢᠭᠤᠯᠵᠤ ᠠᠵᠢᠯ᠎ᠤᠨ ᠪᠠᠢ᠌ᠷᠢ ᠵᠢ ᠳᠠᠭ᠋ᠠᠵᠤ ᠰᠤᠷᠤᠯᠴᠠᠭᠤᠯᠤᠨ᠎ᠠ ᠂ ᠴᠢᠳᠠᠪᠤᠷᠢᠲᠠᠨ᠎ᠤ ᠬᠣᠣᠰ ᠴᠢᠭᠯᠡᠯ ᠵᠶ᠋ᠡᠷ ᠰᠣᠯᠢᠯᠴᠠᠬᠤ ᠡᠷᠴᠢᠮ ᠎ᠢ ᠰᠤᠯᠠᠷᠠᠭᠤᠯᠬᠤ ᠦᠭᠡᠢ᠂ ᠪᠠᠷᠢᠮᠵᠢᠶ᠎ᠠ ᠵᠢ ᠪᠠᠭᠤᠷᠠᠭᠤᠯᠬᠤ ᠦᠭᠡᠢ ᠃
      ᠤᠨᠢᠨ ᠳᠡᠭᠡᠷ᠎ᠡ᠎ᠨᠢ ᠬᠠᠪᠰᠤᠷᠤᠨ ᠲᠡᠳᠬᠦᠬᠦ ᠵᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ᠃ 540 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠪᠠ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠬᠡᠷᠡᠭᠵᠢᠭᠦᠯᠪᠡ ᠃ ᠬᠤᠷᠰᠢᠭᠰᠠᠨ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ ᠣᠷᠣᠭᠤᠯᠤᠨ ᠠᠪᠴᠢᠷᠠᠬᠤ᠂ ᠠᠵᠢᠯ ᠣᠯᠭᠣᠯᠲᠠ ᠵᠢᠨ ᠨᠥᠬᠥᠪᠦᠷᠢ ᠥᠭᠬᠦ ᠵᠡᠷᠭᠡ ᠤᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠬᠥᠳᠡᠭᠡ ᠲᠣᠰᠬᠣᠨ᠎ᠤ 3474 ᠬᠥᠳᠡᠯᠮᠦᠷᠢ ᠵᠢᠨ ᠬᠦᠴᠦᠨ᠎ᠤ ᠠᠵᠢᠯ ᠣᠯᠭᠣᠯᠲᠠ ᠵᠢ ᠪᠡᠶᠡᠯᠡᠭᠦᠯᠪᠡ᠂ ᠡᠭᠦᠨ᠎ᠤ ᠳᠣᠲᠣᠷ᠎ᠠ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ᠎ᠤ ᠠᠵᠢᠯ ᠣᠯᠣᠭᠰᠠᠨ ᠬᠥᠮᠥᠨ 2294 ᠪᠠᠢ᠌ᠨ᠎ᠠ᠃ 150 ᠲᠦᠮᠡᠨ ᠲᠥᠭᠥᠷᠢᠭ ᠣᠷᠣᠭᠤᠯᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠬᠡᠷᠡᠭᠯᠡᠬᠦ ᠵᠢ ᠬᠠᠪᠰᠤᠷᠤᠨ ᠲᠡᠳᠬᠦᠬᠦ ᠲᠥᠷᠥᠯ ᠵᠦᠢ᠍ᠯ᠎ᠢ ᠬᠡᠷᠡᠭᠵᠢᠭᠦᠯᠵᠦ ᠂ ᠪᠥᠬᠥ ᠰᠢᠶᠠᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠵᠡᠩᠨᠡᠵᠦ ᠪᠠᠢ᠌ᠭ᠎ᠠ ᠠᠵᠤ ᠠᠬᠤᠢ᠌ᠯᠠᠯ ᠂ ᠬᠣᠷᠰᠢᠶ᠎ᠠ᠎ᠳᠤ ᠵᠣᠬᠢᠬᠤ ᠬᠠᠷᠢᠴᠠᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠨᠥᠬᠥᠪᠦᠷᠢ ᠣᠯᠭᠣᠵᠤ ᠂ ᠪᠡᠭᠡᠵᠢᠩ᠎ᠳᠤ ᠣᠷᠣᠵᠤ ᠪᠣᠷᠣᠯᠠᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠨ ᠂ ᠪᠡᠭᠡᠵᠢᠩ᠎ᠳᠤ ᠣᠷᠣᠵᠤ ᠪᠣᠷᠣᠯᠠᠭᠤᠯᠤᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ 1.5 ᠳ᠋ᠦᠩᠰᠢᠭᠤᠷ ᠲᠥᠭᠥᠷᠢᠭ᠎ᠲᠤ ᠬᠥᠷᠪᠡ ᠃
      ᠭᠤᠷᠪᠠ ᠵᠢ ᠠᠳᠬᠤᠵᠤ ᠭᠤᠷᠪᠠ ᠵᠢ ᠠᠬᠢᠭᠤᠯᠬᠤ ᠵᠢ ᠪᠠᠷᠢᠮᠲᠠᠯᠠᠵᠤ᠂ ᠬᠠᠮᠵᠢᠯᠴᠠᠨ ᠬᠥᠭᠵᠢᠬᠦ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ 《  ᠭᠤᠷᠪᠠ ᠵᠢ ᠠᠳᠬᠤᠵᠤ ᠭᠤᠷᠪᠠ ᠵᠢ ᠠᠬᠢᠭᠤᠯᠬᠤ 》 ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠨᠢᠩᠴᠧᠩ ᠬᠣᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠪᠣᠳᠠᠲᠠᠢ᠎ᠲᠠᠢ ᠤᠶᠠᠯᠳᠤᠭᠤᠯᠤᠨ ᠂ ᠪᠡᠭᠡᠵᠢᠩ᠎ᠤᠨ ᠠᠵᠤ ᠠᠬᠤᠢ᠌ᠯᠠᠯ ᠂ ᠬᠤᠪᠢ ᠬᠥᠮᠥᠨ ᠵᠡᠷᠭᠡ ᠨᠡᠢ᠌ᠭᠡᠮ᠎ᠤᠨ ᠬᠦᠴᠦᠨ᠎ᠤ ᠨᠢᠩᠴᠧᠩ ᠰᠢᠶᠠᠨ᠎ᠳᠤ ᠬᠦᠷᠴᠦ ᠪᠡᠯᠡ ᠣᠷᠣᠭᠤᠯᠤᠨ ᠦᠢ᠍ᠯᠡᠰ ᠬᠥᠭᠵᠢᠭᠦᠯᠬᠦ ᠵᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠂ ᠬᠣᠶᠠᠷ ᠭᠠᠵᠠᠷ᠎ᠤᠨ ᠭᠦᠨᠵᠡᠭᠡᠢ ᠵᠣᠬᠢᠴᠠᠩᠭᠤᠢ ᠬᠥᠭᠵᠢᠬᠦ ᠂ ᠬᠠᠮᠵᠢᠯᠴᠠᠨ ᠬᠥᠭᠵᠢᠬᠦ ᠂ ᠬᠠᠮᠲᠤᠪᠠᠷ ᠬᠥᠭᠵᠢᠬᠦ ᠵᠢ ᠠᠬᠢᠭᠤᠯᠤᠨ᠎ᠠ ᠃ ᠳᠠᠪᠠᠭᠤᠯᠢᠭ ᠭᠣᠣᠯᠯᠠᠬᠤ ᠠᠵᠤ ᠦᠢ᠍ᠯᠡᠰ᠎ᠲᠤ ᠰᠠᠭᠤᠷᠢᠯᠠᠵᠤ᠂ ᠱ᠌ᠢ ᠵᠢᠩ ᠱᠠᠨ ᠲᠣᠭᠣᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ᠎ᠢ ᠢᠳᠡᠪᠬᠢᠲᠡᠢ᠎ᠪᠠᠷ ᠵᠣᠯᠭ᠋ᠠᠭᠤᠯᠤᠨ ᠵᠣᠬᠢᠴᠠᠭᠤᠯᠬᠤ᠎ᠪᠠᠷ ᠳᠠᠮᠵᠢᠭᠤᠯᠵᠤ᠂ ᠵᠢᠢ ᠤᠣ ᠵᠢᠨ ᠾᠧ ᠲᠠᠷᠢᠶᠠᠯᠠᠩ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠡᠷᠭᠡ 3 ᠺᠣᠮᠫᠠᠨᠢ ᠵᠢ ᠨᠢᠩᠴᠧᠩ᠎ᠳᠤ ᠣᠷᠣᠭᠤᠯᠤᠨ ᠠᠪᠴᠢᠷᠠᠵᠤ᠂ 2120 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ 3 ᠠᠵᠤ ᠦᠢ᠍ᠯᠡᠰ᠎ᠤᠨ ᠲᠦᠷᠦᠯ ᠵᠦᠢ᠍ᠯ᠎ᠢ ᠪᠦᠲᠦᠭᠡᠨ ᠪᠠᠢ᠌ᠭᠤᠯᠵᠤ᠂ 200 ᠭᠠᠷᠤᠢ ᠬᠥᠳᠡᠭᠡ ᠲᠣᠰᠬᠣᠨ᠎ᠤ ᠬᠥᠳᠡᠯᠮᠦᠷᠢ ᠬᠦᠴᠦᠨ᠎ᠢ ᠣᠷᠣᠭᠤᠯᠤᠨ ᠠᠵᠢᠯ ᠣᠯᠭᠣᠬᠤ᠎ᠪᠠᠷ ᠲᠥᠯᠥᠪᠯᠡᠵᠦ ᠪᠤᠢ᠂ ᠡᠭᠦᠨ᠎ᠳᠤ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ 50 ᠪᠤᠢ᠃ ᠬᠠᠪᠰᠤᠷᠤᠨ ᠲᠡᠳᠬᠦᠬᠦ ᠲᠠᠰᠤᠭ᠎ᠢ 5 ᠠᠵᠢᠯ ᠡᠬᠢᠯᠡᠭᠦᠯᠵᠦ᠂ ᠬᠥᠳᠡᠭᠡ ᠲᠣᠰᠬᠣᠨ᠎ᠤ 62 ᠬᠥᠳᠡᠯᠮᠦᠷᠢ ᠵᠢᠨ ᠬᠦᠴᠦᠨ᠎ᠢ ᠰᠢᠩᠭᠡᠬᠡᠨ ᠠᠪᠴᠠᠢ᠂ ᠡᠭᠦᠨ᠎ᠤ ᠳᠣᠲᠣᠷ᠎ᠠ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ 32 ᠬᠥᠮᠥᠨ ᠪᠠᠢ᠌ᠨ᠎ᠠ᠃
      ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠪᠡᠯᠡ ᠮᠥᠩᠭᠥ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ ᠂ ᠪᠡᠭᠡᠵᠢᠩ ᠬᠣᠲᠠ ᠂ ᠱ᠌ᠢ ᠵᠢᠩ ᠱᠠᠨ ᠲᠣᠭᠣᠷᠢᠭ ᠬᠣᠶᠠᠷ ᠱᠠᠲᠤᠨ᠎ᠳᠤ 6591.3 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠴᠡᠪᠡᠷ ᠨᠣᠭᠣᠭ᠎ᠠ ᠡᠳ᠋ᠰᠢᠭᠦᠯᠬᠦ ᠵᠡᠷᠭᠡ 5 ᠠᠵᠤ ᠦᠢ᠍ᠯᠡᠰ᠎ᠤᠨ ᠲᠥᠷᠥᠯ ᠵᠦᠢ᠍ᠯ᠎ᠢ ᠪᠦᠲᠦᠭᠡᠨ ᠪᠠᠢ᠌ᠭᠤᠯᠵᠤ᠂ ᠲᠠᠷᠢᠶᠠᠯᠠᠩ᠎ᠤᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠠᠭᠤᠰᠤᠯᠴᠠᠭᠤᠯᠬᠤ ᠵᠢ ᠠᠬᠢᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠨ᠎ᠠ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠ ᠵᠢᠨ ᠲᠣᠭᠣᠷᠢᠨ᠎ᠳᠤ ᠤᠨᠢᠨ ᠳᠡᠭᠡᠷ᠎ᠡ᠎ᠨᠢ ᠬᠦᠴᠦᠯᠡᠵᠦ᠂ 2396 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠬᠣᠶᠠᠷ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠪᠣᠯᠣᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠵᠠᠰᠠᠯᠲᠠ ᠵᠢᠨ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ᠎ᠳᠤ ᠬᠡᠷᠡᠭᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠪᠡ᠃ 230 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠠᠩᠭᠢ ᠵᠢ 2 ᠬᠤᠭᠤᠴᠠᠭ᠎ᠠ ᠡᠷᠭᠢᠯᠡᠵᠦ ᠂ 130 ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠣᠶᠤᠨ᠎ᠤ ᠴᠢᠳᠠᠪᠤᠷᠢᠲᠠᠨ᠎ᠢ ᠬᠤᠷᠠᠮᠳᠤᠭᠤᠯᠪᠠ᠃

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠋ᠠᠨ᠎ᠤ ᠤᠨᠤᠯ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠤᠨ ᠠᠩᠭᠢ ᠡᠬᠢᠯᠡᠪᠡ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠡᠮᠨᠡᠯᠭᠡ 》 ᠵᠢᠨ ᠵᠠᠮ᠎ᠳᠤ ᠴᠡᠴᠡᠭ ᠳᠡᠯᠭᠡᠷᠡᠪᠡ
ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠪᠦᠲᠦᠭᠡᠯᠴᠢ ᠲᠥᠰᠥᠯ᠎ᠤᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠪᠡ
ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠭᠠᠷ ᠭᠠᠷ ᠵᠶ᠋ᠠᠨ ᠬᠣᠯᠪᠣᠯᠴᠠᠨ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠢᠷᠡᠭᠡᠳᠦᠢ᠎ᠳᠤ ᠰᠡᠳᠬᠢᠯ ᠵᠢᠷᠦᠬᠡ᠎ᠪᠠᠨ ᠬᠣᠯᠪᠣᠵᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ 《ᠪᠦᠯᠬᠦᠮ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠥᠪᠡᠷᠲᠡᠭᠡᠨ ᠵᠠᠰᠠᠬᠤ ᠣᠷᠣᠨ᠎ᠳᠤ ᠭᠦᠨᠵᠡᠭᠡᠢ᠌ᠷᠡᠨ ᠠᠵᠢᠯ ᠥᠷᠨᠢᠭᠦᠯᠦᠨ᠎ᠡ
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠬᠥᠳᠡᠯᠮᠦᠷᠢ ᠦᠢ᠍ᠯᠡᠴᠢᠯᠡᠭᠡᠨ᠎ᠤ ᠲᠠᠪᠴᠠᠩ᠎ᠢ ᠰᠠᠢ᠌ᠲᠤᠷ ᠪᠠᠢ᠌ᠭᠤᠯᠵᠤ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ 《ᠬᠠᠢ ᠳ᠋ᠢᠶᠠᠨ᠎ᠤ ᠵᠠᠭᠪᠤᠷ 》᠎ᠢ ᠪᠣᠶ ᠪᠣᠯᠭ᠋ᠠᠨ᠎ᠠ
 
            