7 ᠰᠠᠷ᠎ᠠ ᠵᠢᠨ 31᠎ᠤ ᠡᠳᠦᠷ᠎ᠤᠨ ᠦᠳᠡ ᠵᠢᠨ ᠡᠮᠦᠨ᠎ᠡ᠂ 2022 ᠣᠨ᠎ᠤ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠤᠨ ᠣᠷᠣᠨ ᠪᠦᠰᠡ ᠠᠯᠤᠰᠯᠠᠭᠰᠠᠨ ᠠᠵᠢᠯ ᠣᠯᠭᠣᠯᠲᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ ᠰᠢᠷᠢᠰ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠢ ᠢᠦᠢ ᠪᠣᠯᠣᠨ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠬᠠᠮᠲᠤ᠎ᠪᠠᠷ ᠠᠵᠢᠯ ᠣᠯᠭᠣᠬᠤ ᠦᠢ᠍ᠯᠡᠰ ᠪᠣᠰᠬᠠᠬᠤ ᠰᠢᠷᠢᠰ ᠠᠵᠢᠯᠯᠠᠭ᠎ᠠ ᠵᠢ ᠡᠬᠢᠯᠡᠭᠦᠯᠵᠡᠢ᠃
ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠰᠢᠷᠢᠰ ᠠᠵᠢᠯᠯᠠᠭ᠎ᠠ 3 ᠰᠠᠷ᠎ᠠ ᠦᠷᠭᠦᠯᠵᠢᠯᠡᠵᠦ᠂ ᠢᠨᠲ᠋ᠧᠷ ᠰᠦᠯᠵᠢᠶᠡᠨ᠎ᠤ ᠠᠵᠤ ᠠᠬᠤᠢ᠌ᠯᠠᠯ ᠪᠠ ᠨᠡᠢ᠌ᠭᠡᠮ᠎ᠤᠨ ᠠᠵᠢᠯ ᠣᠯᠭᠣᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠦᠴᠦᠨ᠎ᠢ ᠤᠷᠢᠨ ᠬᠡᠷᠡᠭᠯᠡᠬᠦ ᠵᠢ ᠭᠦᠢ᠍ᠴᠡᠳ ᠳᠠᠶ᠋ᠢᠴᠢᠯᠠᠨ ᠂ ᠰᠦᠯᠵᠢᠶᠡᠨ ᠭᠠᠳᠠᠨ᠎ᠠ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠵᠢ ᠡᠬᠢᠯᠡᠭᠦᠯᠬᠦ ᠠᠷᠭ᠎ᠠ ᠮᠠᠶᠢᠭ ᠵᠶ᠋ᠠᠷ ᠥᠷᠨᠢᠭᠦᠯᠦᠨ᠎ᠡ ᠃ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠎ᠳᠤ ᠠᠵᠢᠯᠴᠢᠨ E ᠵᠢᠨ ᠠᠵᠢᠯ ᠣᠯᠭᠣᠯᠲᠠ ᠂ ᠥᠪᠥᠷ ᠮᠣᠩᠭᠣᠯ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠨᠡᠶ᠋ᠢᠲᠡ ᠵᠢᠨ ᠳ᠋ᠤᠭ᠋ᠠᠷ ᠡᠭᠦᠯᠡᠨ ᠰᠢᠯᠭ᠋ᠠᠯᠲᠠ ᠵᠢᠨ ᠠᠵᠢᠯᠲᠠᠨ ᠡᠯᠰᠡᠬᠦ ᠵᠡᠷᠭᠡ ᠰᠦᠯᠵᠢᠶᠡᠨ ᠳᠡᠭᠡᠷᠡᠬᠢ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠠᠩᠬᠠᠨ᠎ᠤ ᠪᠦᠯᠦᠭ᠎ᠤᠨ ᠵᠣᠬᠢᠶᠠᠨ ᠪᠠᠢ᠌ᠭᠤᠯᠤᠯᠲᠠ᠎ᠨᠢ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ 854 ᠠᠵᠤ ᠠᠬᠤᠢ᠌ᠯᠠᠯ᠎ᠢ ᠰᠦᠯᠵᠢᠶᠡᠨ᠎ᠳᠤ ᠣᠷᠣᠭᠤᠯᠵᠤ ᠂ 2863 ᠠᠵᠢᠯ᠎ᠤᠨ ᠪᠠᠢ᠌ᠷᠢ ᠬᠠᠩᠭ᠋ᠠᠵᠤ ᠂ 32969 ᠬᠥᠮᠥᠨ᠎ᠢ ᠡᠯᠰᠡᠪᠡ; ᠡᠬᠢᠯᠡᠯᠲᠡ ᠵᠢᠨ ᠶᠣᠰᠣᠯᠠᠯ᠎ᠤᠨ ᠲᠤᠬᠠᠢ ᠵᠢᠨ ᠡᠳᠦᠷ᠎ᠲᠤ ᠨᠡᠶ᠋ᠢᠲᠡ 80 ᠠᠵᠤ ᠠᠬᠤᠢ᠌ᠯᠠᠯ ᠲᠤᠬᠠᠢ ᠵᠢᠨ ᠲᠠᠯᠠᠪᠤᠷ᠎ᠤᠨ 4 ᠲᠤᠰᠬᠠᠢ ᠰᠢᠭᠤᠳ ᠨᠡᠪᠲᠡᠷᠡᠭᠦᠯᠭᠡ ᠵᠢᠨ ᠲᠠᠰᠤᠭ᠎ᠲᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠵᠢᠨ ᠠᠵᠢᠯ᠎ᠤᠨ ᠪᠠᠢ᠌ᠷᠢ ᠬᠦᠷᠭᠡᠬᠦ ᠠᠵᠢᠯᠯᠠᠭ᠎ᠠ ᠵᠢ ᠵᠡᠷᠭᠡ᠎ᠪᠠᠷ ᠥᠷᠨᠢᠭᠦᠯᠵᠦ ᠂ 330 ᠠᠵᠢᠯ᠎ᠤᠨ ᠪᠠᠢ᠌ᠷᠢ ᠬᠠᠩᠭ᠋ᠠᠵᠤ ᠂ 4929 ᠬᠥᠮᠥᠨ ᠠᠵᠢᠯᠴᠢᠨ ᠬᠡᠷᠡᠭᠯᠡᠬᠦ᠎ᠳᠤ ᠬᠡᠷᠡᠭᠰᠡᠬᠦ ᠬᠥᠮᠥᠨ᠎ᠤ ᠲᠣᠭ᠎ᠠ 4929 ᠪᠣᠯᠵᠤ ᠂ ᠠᠵᠢᠯ᠎ᠤᠨ ᠪᠠᠢ᠌ᠷᠢ ᠵᠢᠨ ᠲᠠᠰ ᠳᠠᠪᠬᠤᠷᠭ᠎ᠠ᠎ᠨᠢ ᠪᠠᠶᠠᠯᠢᠭ ᠂ ᠬᠠᠮᠤᠷᠬᠤ ᠬᠡᠪᠴᠢᠶ᠎ᠡ᠎ᠨᠢ ᠥᠷᠭᠡᠨ ᠪᠣᠯᠤᠭᠰᠠᠨ ᠪᠠᠢ᠌ᠨ᠎ᠠ ᠃ ᠪᠦᠷᠢᠳᠬᠡᠯ᠎ᠢ ᠦᠨᠳᠦᠰᠦᠯᠡᠪᠡᠯ ᠂ ᠡᠬᠢᠯᠡᠯᠲᠡ ᠵᠢᠨ ᠶᠣᠰᠣᠯᠠᠯ᠎ᠤᠨ ᠲᠤᠬᠠᠢ ᠵᠢᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠡᠭᠦᠯᠡᠨ ᠡᠯᠰᠡᠯᠲᠡ ᠵᠢᠨ ᠰᠢᠭᠤᠳ ᠨᠡᠪᠲᠡᠷᠡᠭᠦᠯᠭᠡ ᠵᠢᠨ ᠲᠠᠰᠤᠭ᠎ᠲᠤ ᠨᠡᠶ᠋ᠢᠲᠡ 44.61 ᠲᠦᠮᠡᠨ ᠬᠥᠮᠥᠨ ᠤᠳᠠᠭ᠎ᠠ ᠰᠣᠨᠢᠷᠬᠠᠨ ᠂ ᠰᠢᠨ ᠯᠠᠩ ᠢᠵᠢᠯ ᠠᠯᠬᠤᠮ ᠵᠶ᠋ᠠᠷ ᠰᠢᠭᠤᠳ ᠨᠡᠪᠲᠡᠷᠡᠭᠦᠯᠭᠡ ᠵᠢ ᠨᠡᠶ᠋ᠢᠲᠡ 10.2 ᠲᠦᠮᠡᠨ ᠬᠥᠮᠥᠨ ᠤᠳᠠᠭ᠎ᠠ ᠰᠣᠨᠢᠷᠬᠠᠨ ᠂ ᠰᠦᠯᠵᠢᠶᠡᠨ ᠳᠡᠭᠡᠷᠡᠬᠢ ᠡᠯᠰᠡᠯᠲᠡ ᠵᠢᠨ ᠠᠵᠢᠯᠯᠠᠭ᠎ᠠ᠎ᠳᠤ ᠣᠷᠣᠯᠴᠠᠭᠰᠠᠨ ᠲᠣᠭ᠎ᠠ 78697 ᠬᠥᠮᠥᠨ ᠤᠳᠠᠭ᠎ᠠ ᠬᠦᠷᠴᠦ ᠂ ᠰᠢᠨ᠎ᠡ᠎ᠪᠠᠷ ᠳᠠᠩᠰᠠᠯᠠᠭᠤᠯᠤᠭᠰᠠᠨ ᠠᠵᠢᠯ ᠡᠷᠢᠭᠰᠡᠳ 1901 ᠬᠥᠮᠥᠨ ᠂ ᠦᠨᠡᠨ ᠨᠡᠷ᠎ᠡ᠎ᠪᠠᠷ ᠠᠵᠢᠯ ᠣᠯᠭᠣᠬᠤ ᠦᠢ᠍ᠯᠡᠴᠢᠯᠡᠭᠡ 5055 ᠬᠥᠮᠥᠨ ᠤᠳᠠᠭ᠎ᠠ ᠂ ᠲᠣᠪᠴᠢ ᠨᠠᠮᠲᠠᠷ ᠬᠦᠷᠭᠡᠭᠰᠡᠨ ᠲᠣᠭ᠎ᠠ 6015 ᠬᠥᠮᠥᠨ ᠤᠳᠠᠭ᠎ᠠ ᠂ ᠠᠵᠢᠯ ᠣᠯᠭᠣᠯᠲᠠ ᠵᠢᠨ ᠵᠥᠪᠯᠡᠯᠭᠡ ᠥᠭᠭᠦᠭᠰᠡᠨ ᠬᠥᠮᠥᠨ᠎ᠤ ᠲᠣᠭ᠎ᠠ 1978 ᠬᠥᠮᠥᠨ ᠬᠦᠷᠴᠡᠢ ᠃
ᠲᠣᠰ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ᠎ᠳᠤ ᠭᠤᠷᠪᠠᠨ ᠶᠡᠬᠡ ᠬᠢᠯᠠᠰ ᠴᠡᠭ᠎ᠤᠨ ᠦᠵᠡᠭᠦᠯᠦᠯᠭᠡ ᠭᠠᠷᠭ᠋ᠠᠵᠠᠢ ᠃ ᠨᠢᠭᠡ᠎ᠳᠤ ᠠᠵᠢᠯᠴᠢᠨ᠎ᠤ ᠡᠪᠯᠡᠯ᠎ᠤᠨ ᠦᠢ᠍ᠯᠡᠴᠢᠯᠡᠭᠡᠨ᠎ᠤ ᠦᠷ᠎ᠡ ᠡᠭᠦᠨ᠎ᠳᠤ ᠰᠦᠯᠵᠢᠶᠡᠨ ᠳᠡᠭᠡᠷᠡᠬᠢ ᠠᠵᠢᠯ ᠣᠯᠭᠣᠬᠤ ᠪᠠ ᠤᠷᠢᠬᠤ ᠦᠢ᠍ᠯᠡᠴᠢᠯᠡᠭᠡᠨ᠎ᠤ ᠦᠵᠡᠭᠦᠯᠦᠯᠭᠡ ᠵᠢᠨ ᠲᠣᠭᠣᠷᠢᠭ᠂ ᠰᠢᠨ᠎ᠡ ᠠᠵᠢᠯ ᠣᠯᠭᠣᠬᠤ ᠬᠡᠯᠪᠡᠷᠢ ᠵᠢᠨ ᠬᠥᠳᠡᠯᠮᠦᠷᠢᠴᠢᠳ᠎ᠲᠤ ᠦᠢ᠍ᠯᠡᠴᠢᠯᠡᠬᠦ ᠦᠵᠡᠭᠦᠯᠦᠯᠭᠡ ᠵᠢᠨ ᠲᠣᠭᠣᠷᠢᠭ᠂ ᠢᠯᠡ᠎ᠪᠠᠷ ᠠᠵᠢᠯ ᠣᠯᠭᠣᠬᠤ ᠦᠢ᠍ᠯᠡᠴᠢᠯᠡᠭᠡᠨ᠎ᠤ ᠦᠵᠡᠭᠦᠯᠦᠯᠭᠡ ᠵᠢᠨ ᠲᠣᠭᠣᠷᠢᠭ ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠦᠢ᠍ᠯᠡᠴᠢᠯᠡᠬᠦ ᠦᠵᠡᠭᠦᠯᠦᠯᠭᠡ ᠵᠢᠨ ᠲᠣᠭᠣᠷᠢᠭ ᠪᠠᠭᠲᠠᠨ᠎ᠠ ᠃ ᠪᠥᠬᠥ ᠤᠯᠤᠰ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ ᠬᠢᠭᠡᠳ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠣᠷᠣᠨ ᠪᠦᠰᠡ ᠠᠯᠤᠰᠯᠠᠨ ᠬᠠᠮᠵᠢᠯᠴᠠᠨ ᠠᠵᠢᠯ ᠣᠯᠭᠣᠯᠲᠠ ᠵᠢ ᠠᠬᠢᠭᠤᠯᠬᠤ ᠬᠠᠮᠢᠶ᠎ᠠ ᠪᠦᠬᠦᠢ ᠠᠵᠢᠯ᠂ ᠪᠥᠬᠥ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠢ᠌ᠳᠠᠯ᠎ᠤᠨ ᠬᠥᠳᠡᠯᠮᠦᠷᠢᠴᠢᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠬᠦ ᠂ ᠠᠵᠢᠯ ᠣᠯᠭᠣᠯᠲᠠ ᠵᠢᠨ ᠢᠯᠡ ᠠᠵᠢᠯᠯᠠᠭ᠎ᠠ ᠵᠢ ᠨᠢᠭᠡ ᠨᠢᠭᠡ᠎ᠪᠠᠷ ᠥᠷᠨᠢᠭᠦᠯᠬᠦ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠦᠢ᠍ᠯᠡᠴᠢᠯᠡᠬᠦ ᠠᠵᠢᠯ᠎ᠤᠨ ᠬᠠᠮᠢᠶ᠎ᠠ ᠪᠦᠬᠦᠢ ᠠᠭᠤᠯᠭ᠎ᠠ ᠵᠢ ᠲᠥᠪᠯᠡᠷᠡᠭᠦᠯᠦᠨ ᠳᠡᠯᠭᠡᠨ ᠦᠵᠡᠭᠦᠯᠪᠡ ;
ᠬᠣᠶᠠᠷ᠎ᠲᠤ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠦᠵᠡᠭᠦᠯᠦᠯᠭᠡ ᠵᠢᠨ ᠲᠣᠭᠣᠷᠢᠭ ᠃ ᠶᠡᠬᠡ ᠰᠤᠷᠭ᠋ᠠᠭᠤᠯᠢ ᠵᠢᠨ ᠣᠶᠤᠲᠠᠳ᠎ᠤᠨ ᠨᠤᠲᠤᠭ᠎ᠲᠠᠭᠠᠨ ᠪᠤᠴᠠᠵᠤ ᠦᠢ᠍ᠯᠡᠰ ᠪᠣᠰᠬᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠦᠯᠢᠬᠡᠷ ᠵᠢᠱ᠌ᠢᠶ᠎ᠡ ᠪᠣᠯᠬᠤ ᠰᠣᠳᠧᠨᠤ ᠴᠠᠭ᠋ᠠᠨ ᠢᠳᠡᠭᠡᠨ᠎ᠤ ᠭᠡᠷ ᠪᠦᠯᠢ ᠵᠢᠨ ᠮᠠᠯᠵᠢᠯ᠎ᠤᠨ ᠲᠠᠯᠠᠪᠠᠢ ᠵᠢᠨ ᠦᠢ᠍ᠯᠡᠰ ᠪᠣᠰᠬᠠᠬᠤ ᠲᠦᠷᠦᠯ ᠵᠦᠢ᠍ᠯ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠭᠰᠠᠨ ᠮᠣᠩᠭᠣᠯ ᠬᠥᠪᠡᠭᠡᠲᠦ ᠤᠷᠠᠯᠠᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠲᠦᠷᠦᠯ ᠵᠦᠢ᠍ᠯ ᠪᠣᠯᠣᠨ ᠤᠷ᠎ᠠ ᠮᠡᠷᠭᠡᠵᠢᠯ᠎ᠤᠨ ᠪᠣᠯᠪᠠᠰᠤᠷᠠᠯ ᠵᠶ᠋ᠠᠷ ᠠᠵᠢᠯ ᠣᠯᠭᠣᠯᠲᠠ ᠵᠢ ᠠᠬᠢᠭᠤᠯᠬᠤ ᠰᠢᠯᠢᠳᠡᠭ ᠲᠥᠯᠥᠭᠡᠯᠡᠭᠴᠢ ᠯᠢ ᡁᠢ ᠶᠤᠸᠠᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠵᠢᠨ ᠬᠠᠭᠰᠠᠭ᠋ᠠᠬᠤ ᠪᠠ ᠨᠡᠬᠡᠬᠦ ᠲᠦᠷᠦᠯ ᠵᠦᠢ᠍ᠯ᠎ᠢ ᠳᠡᠯᠭᠡᠨ ᠦᠵᠡᠭᠦᠯᠵᠡᠢ᠃ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠨᠤᠲᠤᠭ᠎ᠲᠠᠭᠠᠨ ᠪᠤᠴᠠᠵᠤ ᠠᠳᠠᠯ ᠦᠢ᠍ᠯᠡᠰ ᠴᠣᠭᠴᠠᠯᠠᠬᠤ ᠂ ᠦᠨᠳᠦᠰᠦᠨ ᠱᠠᠲᠤᠨ᠎ᠤ ᠤᠷᠠᠨ ᠳᠠᠷᠬᠠᠴᠤᠳ᠎ᠤᠨ ᠤᠯᠠᠮᠵᠢᠯᠠᠯᠲᠤ ᠭᠠᠷ ᠤᠷᠠᠯᠠᠯ᠎ᠢ ᠤᠯᠠᠮᠵᠢᠯᠠᠨ ᠵᠠᠯᠭ᠋ᠠᠮᠵᠢᠯᠠᠬᠤ ᠂ ᠠᠵᠢᠯᠴᠢᠨ᠎ᠤ ᠡᠪᠯᠡᠯ ᠬᠢᠭᠡᠳ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠠᠮᠲᠤᠷᠠᠨ ᠰᠦᠢ᠍ᠳᠬᠡᠯ ᠥᠯᠥ ᠬᠤᠷᠢᠶᠠᠬᠤ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠠᠮᠢᠳᠤᠯᠢᠭ ᠵᠶ᠋ᠠᠷ ᠠᠵᠢᠯ ᠣᠯᠭᠣᠬᠤ ᠦᠢ᠍ᠯᠡᠴᠢᠯᠡᠭᠡ ᠥᠷᠨᠢᠭᠦᠯᠬᠦ ᠳᠥᠷᠪᠡᠨ ᠭᠠᠷᠳᠠᠬᠤ ᠴᠡᠭ᠎ᠢ ᠭᠦᠢ᠍ᠴᠡᠳ ᠢᠯᠡᠷᠡᠭᠦᠯᠵᠦ ᠂ ᠠᠵᠢᠯᠴᠢᠨ᠎ᠤ ᠡᠪᠯᠡᠯ᠎ᠤᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠦᠷ᠎ᠡ ᠪᠦᠲᠦᠭᠡᠯ᠎ᠢ ᠳᠡᠯᠭᠡᠨ ᠦᠵᠡᠭᠦᠯᠦᠨ᠎ᠡ;
ᠭᠤᠷᠪᠠ᠎ᠳᠤ ᠠᠵᠢᠯ᠎ᠤᠨ ᠪᠠᠢ᠌ᠷᠢ ᠬᠦᠷᠭᠡᠬᠦ ᠲᠤᠰᠬᠠᠢ ᠣᠷᠣᠨ᠎ᠢ ᠰᠢᠭᠤᠳ ᠨᠡᠪᠲᠡᠷᠡᠭᠦᠯᠦᠨ᠎ᠡ ᠃ ᠨᠢᠳᠤᠨᠤᠨ᠎ᠤ ᠠᠮᠵᠢᠯᠲᠠ᠎ᠲᠠᠢ ᠲᠤᠷᠰᠢᠯᠭ᠎ᠠ᠎ᠪᠠᠨ ᠦᠷᠭᠦᠯᠵᠢᠯᠡᠭᠦᠯᠦᠨ ᠠᠵᠢᠯᠴᠢᠨ᠎ᠤ ᠡᠪᠯᠡᠯ᠎ᠤᠨ ᠠᠵᠢᠯ ᠣᠯᠭᠣᠯᠲᠠ ᠵᠢ ᠲᠤᠰᠠᠯᠠᠬᠤ ᠰᠢᠭᠤᠳ ᠨᠡᠪᠲᠡᠷᠡᠭᠦᠯᠭᠡ ᠵᠢᠨ ᠠᠵᠢᠯ᠎ᠤᠨ ᠪᠠᠢ᠌ᠷᠢ᠎ᠳᠤ ᠬᠦᠷᠭᠡᠬᠦ ᠲᠤᠰᠬᠠᠢ ᠣᠷᠣᠨ᠎ᠢ ᠦᠷᠭᠦᠯᠵᠢᠯᠡᠨ ᠲᠣᠬᠢᠷᠠᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠢ ᠲᠠᠨᠢᠯᠴᠠᠭᠤᠯᠬᠤ᠂ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠢ᠌ᠳᠠᠯ᠂ ᠬᠥᠳᠡᠯᠮᠦᠷᠢ ᠵᠢᠨ ᠵᠢᠱ᠌ᠢᠶᠡᠴᠢ ᠤᠷᠠᠨ ᠲᠠᠷᠬᠠᠨ᠂ ᠠᠵᠤ ᠠᠬᠤᠢ᠌ᠯᠠᠯ (ᠬᠦᠷᠢᠶᠡᠯᠡᠩ ᠲᠣᠭᠣᠷᠢᠭ) ᠵᠡᠷᠭᠡ ᠠᠵᠢᠯ᠎ᠤᠨ ᠪᠠᠢ᠌ᠷᠢ᠎ᠳᠤ ᠬᠦᠷᠭᠡᠬᠦ ᠰᠢᠭᠤᠳ ᠨᠡᠪᠲᠡᠷᠡᠭᠦᠯᠭᠡ ᠵᠢᠨ ᠲᠠᠰᠤᠭ᠎ᠢ ᠨᠡᠢ᠍ᠢ᠍ᠳᠡ 4 ᠭᠠᠷᠭ᠋ᠠᠪᠠ᠃ ᠬᠥᠳᠡᠯᠮᠦᠷᠢ ᠵᠢᠨ ᠵᠢᠱ᠌ᠢᠶᠡᠴᠢ ᠤᠷᠠᠨ ᠳᠠᠷᠬᠠᠨ᠎ᠤ ᠲᠥᠯᠥᠭᠡᠯᠡᠭᠴᠢ᠂ ᠶᠡᠬᠡ ᠳᠡᠭᠡᠳᠦ ᠰᠤᠷᠭ᠋ᠠᠭᠤᠯᠢ ᠵᠢᠴᠢ ᠠᠵᠢᠯ ᠣᠯᠭᠣᠯᠲᠠ ᠵᠢᠨ ᠪᠣᠯᠪᠠᠰᠤᠷᠠᠭᠤᠯᠤᠯ᠎ᠤᠨ ᠰᠤᠷᠭ᠋ᠠᠭᠤᠯᠢ ᠵᠢᠨ ᠲᠥᠯᠥᠭᠡᠯᠡᠭᠴᠢ ᠂ ᠠᠵᠤ ᠠᠬᠤᠢ᠌ᠯᠠᠯ HR ᠂ ᠠᠵᠢᠯᠴᠢᠨ᠎ᠤ ᠡᠪᠯᠡᠯ ᠬᠢᠭᠡᠳ ᠬᠣᠯᠪᠣᠭᠳᠠᠯ ᠪᠦᠬᠦᠢ ᠲᠢᠩᠬᠢᠮ ᠲᠣᠪᠴᠢᠶ᠎ᠠ ᠵᠢᠨ ᠺᠠᠳ᠋ᠷᠴᠤᠳ᠎ᠢ ᠤᠷᠢᠵᠤ ᠰᠢᠭᠤᠳ ᠨᠡᠪᠲᠡᠷᠡᠭᠦᠯᠬᠦ ᠲᠠᠰᠤᠭ᠎ᠲᠤ ᠣᠴᠢᠭᠤᠯᠤᠨ ᠠᠵᠢᠯ᠎ᠤᠨ ᠪᠠᠢ᠌ᠷᠢ ᠬᠦᠷᠭᠡᠵᠦ ᠠᠵᠢᠯ ᠣᠯᠭᠣᠯᠲᠠ ᠵᠢ ᠠᠬᠢᠭᠤᠯᠤᠨ᠎ᠠ ᠃
ᠡᠬᠢᠯᠡᠯᠲᠡ ᠵᠢᠨ ᠶᠣᠰᠣᠯᠠᠯ᠎ᠤᠨ ᠳᠠᠷᠠᠭ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠᠰᠠ ᠰᠦᠯᠵᠢᠶᠡᠨ ᠳᠡᠭᠡᠷᠡᠬᠢ ᠲᠤᠰᠬᠠᠢ ᠠᠵᠢᠯᠲᠠᠨ ᠡᠯᠰᠡᠬᠦ ᠴᠤᠭᠯᠠᠭ᠋ᠠᠨ᠎ᠢ 6 ᠤᠳᠠᠭ᠎ᠠ ᠦᠷᠭᠦᠯᠵᠢᠯᠡᠨ ᠡᠷᠭᠢᠯᠡᠨ᠎ᠡ ᠂ ᠡᠭᠦᠨ᠎ᠳᠤ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠲᠤᠰᠬᠠᠢ ᠲᠠᠯᠠᠪᠤᠷ᠂ ᠢᠯᠡ᠎ᠪᠠᠷ ᠠᠵᠢᠯ ᠣᠯᠭᠣᠬᠤ ᠪᠠ ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠋ᠠᠨ᠎ᠤ ᠲᠤᠰᠬᠠᠢ ᠲᠠᠯᠠᠪᠤᠷ ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ᠎ᠤ ᠲᠤᠰᠬᠠᠢ ᠲᠠᠯᠠᠪᠤᠷ ᠂ ᠠᠯᠲᠠᠨ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ ᠰᠠᠷ᠎ᠠ ᠵᠢᠨ ᠵᠢᠵᠢᠭ ᠪᠢᠴᠢᠯ ᠠᠵᠤ ᠠᠬᠤᠢ᠌ᠯᠠᠯ᠎ᠤᠨ ᠲᠤᠰᠬᠠᠢ ᠲᠠᠯᠠᠪᠤᠷ ᠂ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠲᠤᠰᠬᠠᠢ ᠲᠠᠯᠠᠪᠤᠷ ᠂ ᠴᠡᠷᠢᠭ᠎ᠠᠴᠠ ᠬᠠᠯᠠᠭᠳᠠᠭᠰᠠᠳ᠎ᠤᠨ ᠲᠤᠰᠬᠠᠢ ᠲᠠᠯᠠᠪᠤᠷ ᠪᠠᠭᠲᠠᠨ᠎ᠠ ᠃ ᠡᠭᠦᠨ᠎ᠤ ᠬᠠᠮᠲᠤ ᠠᠳᠠᠯ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠲᠠᠨᠢᠯᠴᠠᠭᠤᠯᠭ᠎ᠠ ᠂ ᠠᠵᠢᠯ ᠣᠯᠭᠣᠯᠲᠠ ᠵᠢᠨ ᠰᠡᠳᠬᠦᠯ ᠂ ᠠᠵᠤ ᠠᠬᠤᠢ᠌ᠯᠠᠯ᠎ᠤᠨ ᠠᠭ᠋ᠠᠷ ᠳᠡᠭᠡᠷᠡᠬᠢ ᠤᠬᠠᠭᠤᠯᠤᠨ ᠲᠠᠢ᠌ᠯᠪᠤᠷᠢᠯᠠᠯᠲᠠ᠂ ᠠᠵᠢᠯ ᠣᠯᠭᠣᠯᠲᠠ ᠵᠢᠨ ᠣᠳᠣᠨ News ᠵᠡᠷᠭᠡ ᠬᠡᠯᠪᠡᠷᠢ᠎ᠪᠠᠷ ᠳᠠᠮᠵᠢᠭᠤᠯᠤᠨ ᠂ ᠰᠦᠯᠵᠢᠶᠡᠨ ᠳᠡᠭᠡᠷᠡᠬᠢ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠲᠠᠰᠤᠷᠠᠯᠲᠠ ᠦᠭᠡᠢ ᠥᠷᠨᠢᠭᠦᠯᠦᠨ᠎ᠡ ᠃