ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠪᠦᠬᠦ ᠣᠷᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠥᠷᠭᠡᠳᠬᠡᠭᠰᠡᠨ ᠬᠤᠷᠠᠯ ᠬᠥᠬᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2022-08-05

      8 ᠳ᠋ᠤᠭ᠋ᠠᠷ ᠰᠠᠷ᠎ᠠ ᠵᠢᠨ 4᠎ᠤ ᠡᠳᠦᠷ᠂ ᠪᠥᠬᠥ ᠣᠷᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠥᠷᠭᠡᠳᠬᠡᠭᠰᠡᠨ ᠬᠤᠷᠠᠯ ᠬᠥᠬᠡᠬᠣᠲᠠ᠎ᠳᠤ ᠬᠤᠷᠠᠯᠳᠤᠪᠠ ᠃ ᠬᠤᠷᠠᠯ᠎ᠠᠴᠠ ᠥᠪᠥᠷ ᠮᠣᠩᠭᠣᠯ᠎ᠤᠨ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠵᠢᠨ ᠫᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠡᠭᠦᠷᠭᠡ ᠵᠢᠨ ᠬᠤᠪᠢᠶᠠᠷᠢᠯᠠᠯ᠎ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠠᠢ ᠱᠠᠨ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ 12 ᠪᠦᠷᠢᠯᠳᠦᠭᠦᠨ ᠨᠢᠭᠡᠴᠡ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠨᠥᠬᠥᠳ ᠪᠤᠶᠤ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 7 ᠰᠠᠷ᠎ᠠ ᠵᠢᠨ 22᠎ᠤᠨ ᠡᠳᠦᠷ ᠂ ᠪᠡᠭᠡᠵᠢᠩ ᠬᠣᠲᠠ ᠵᠢᠨ ᠨᠠᠮ ᠵᠠᠰᠠᠭ᠎ᠤᠨ ᠲᠥᠯᠥᠭᠡᠯᠡᠭᠴᠢᠳ᠎ᠤᠨ ᠪᠦᠯᠬᠦᠮ ᠰᠢᠯᠢ ᠵᠢᠨ ᠭᠣᠣᠯ ᠠᠢ᠌ᠮᠠᠭ᠎ᠲᠤ ᠬᠦᠷᠴᠦ ᠪᠡᠭᠡᠵᠢᠩ ᠮᠣᠩᠭᠣᠯ᠎ᠤᠨ ᠬᠠᠮᠵᠢᠯᠴᠠᠭ᠋ᠠᠨ᠎ᠤ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠪᠡᠭᠡᠵᠢᠩ ᠮᠣᠩᠭᠣᠯ᠎ᠤᠨ ᠬᠠᠮᠵᠢᠯᠴᠠᠭ᠋ᠠᠨ᠎ᠤ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠢ ᠬᠤᠷᠠᠯᠳᠤᠭᠤᠯᠵᠤ ᠂ ᠬᠤᠷᠠᠯ ᠳᠡᠭᠡᠷ᠎ᠡ ᠰᠦᠨ ᠱᠣᠣ ᠴᠧᠩ ᠱᠦᠵᠢ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢᠨ ᠲᠣᠭᠣᠷᠢᠨ᠎ᠳᠤ ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠣᠯᠣᠨ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠡᠷᠭᠡ ᠲᠠᠪᠤᠨ ᠵᠦᠢ᠍ᠯ᠎ᠤᠨ ᠡᠭᠦᠷᠭᠡ ᠵᠢᠨ ᠲᠤᠬᠠᠢ ᠨᠠᠢ᠌ᠳᠠᠪᠤᠷᠢᠵᠢᠭᠤᠯᠬᠤ ᠴᠢᠬᠤᠯᠠᠲᠠᠢ ᠪᠣᠳᠠᠲᠠᠢ ᠡᠭᠦᠷᠭᠡ ᠪᠣᠯᠣᠨ ᠪᠡᠭᠡᠵᠢᠩ᠎ᠲᠠᠢ ᠵᠣᠯᠭ᠋ᠠᠭᠤᠯᠵᠤ ᠳᠡᠮᠵᠢᠯᠭᠡ ᠣᠯᠬᠤ᠎ᠪᠠᠷ ᠴᠢᠷᠮᠠᠢ᠌ᠬᠤ ᠪᠣᠳᠠᠲᠠᠢ ᠠᠵᠢᠯ᠎ᠢ ᠳᠤᠷᠠᠳᠴᠠᠢ᠃ ᠡᠯ᠎ᠡ ᠰᠠᠯᠠᠭ᠎ᠠ ᠮᠥᠴᠢᠷ᠎ᠤᠨ᠎ᠬᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠤ ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠪᠣᠳᠠᠲᠠᠢ᠎ᠳᠤ ᠰᠠᠭᠤᠷᠢᠯᠠᠨ ᠨᠡᠩ ᠣᠨᠣᠪᠴᠢᠲᠠᠢ ᠪᠣᠳᠠᠲᠠᠢ ᠵᠢ ᠡᠷᠬᠢᠮᠯᠡᠬᠦ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠴᠤ᠂ ᠬᠠᠷᠠᠯᠲᠠ᠎ᠳᠠᠭᠠᠨ ᠠᠩᠬᠠᠷᠤᠯ ᠵᠶ᠋ᠠᠨ ᠲᠥᠪᠯᠡᠷᠡᠭᠦᠯᠦᠨ ᠨᠡᠩ ᠢᠳᠡᠪᠬᠢᠲᠡᠢ ᠠᠵᠢᠯᠯᠠᠭ᠎ᠠ ᠠᠪᠴᠤ᠂ ᠪᠡᠭᠡᠵᠢᠩ᠎ᠤᠨ ᠬᠠᠪᠰᠤᠷᠤᠨ ᠲᠡᠳᠬᠦᠬᠦ᠂ ᠲᠤᠰᠠᠯᠠᠬᠤ ᠵᠢ ᠥᠪᠥᠷ ᠮᠣᠩᠭᠣᠯ᠎ᠤᠨ ᠲᠤᠰ ᠪᠡᠶ᠎ᠡ ᠵᠢᠨ ᠬᠥᠭᠵᠢᠯᠲᠡ᠎ᠲᠠᠢ ᠨᠢᠭᠲᠠ ᠤᠶᠠᠯᠳᠤᠭᠤᠯᠵᠤ᠂ ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠠᠷ ᠵᠶ᠋ᠡᠨ ᠪᠡᠭᠡᠵᠢᠩ ᠬᠤᠳᠠ᠎ᠲᠠᠢ ᠭᠠᠷ ᠬᠣᠯᠪᠣᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ ᠲᠠᠰᠤᠷᠠᠯᠲᠠ ᠦᠭᠡᠢ ᠰᠢᠨ᠎ᠡ ᠪᠠᠢ᠌ᠳᠠᠯ᠎ᠢ ᠡᠭᠦᠳᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠲᠤᠰ ᠤᠳᠠᠭ᠎ᠠ ᠵᠢᠨ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠠᠴᠠ ᠳᠤᠷᠠᠳᠤᠭᠰᠠᠨ ᠠᠵᠢᠯ᠎ᠤᠨ ᠡᠭᠦᠷᠭᠡ᠎ᠲᠠᠢ ᠨᠢᠭᠲᠠ ᠤᠶᠠᠯᠳᠤᠭᠤᠯᠵᠤ᠂ ᠲᠤᠰ ᠰᠠᠯᠠᠭ᠎ᠠ ᠮᠥᠴᠢᠷ᠎ᠤᠨ ᠵᠶ᠋ᠡᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠤ ᠰᠠᠭᠤᠷᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠲᠥᠯᠥᠪᠵᠢᠭᠦᠯᠦᠨ ᠰᠤᠳᠤᠯᠵᠤ᠂ ᠪᠣᠳᠠᠲᠠᠢ ᠡᠭᠦᠷᠭᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠪᠡᠭᠡᠵᠢᠩ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠢ ᠠᠷᠭ᠎ᠠ ᠬᠡᠮᠵᠢᠶ᠎ᠡ᠎ᠲᠠᠢ᠂ ᠠᠷᠭ᠎ᠠ᠎ᠲᠠᠢ᠂ ᠬᠠᠷᠠᠯᠲᠠ᠎ᠲᠠᠢ᠂ ᠴᠠᠭ ᠬᠤᠭᠤᠴᠠᠭ᠎ᠠ᠎ᠲᠠᠢ᠎ᠪᠠᠷ ᠠᠬᠢᠭᠤᠯᠵᠤ᠂ ᠠᠵᠢᠯ᠎ᠢ ᠨᠢᠳᠦᠨ᠎ᠳᠤ ᠦᠵᠡᠭᠳᠡᠵᠦ᠂ ᠭᠠᠷ᠎ᠲᠤ ᠪᠠᠷᠢᠭᠳᠠᠵᠤ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠷᠢᠶ᠎ᠠ ᠰᠢᠰᠲ᠋ᠧᠮ᠎ᠤᠨ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠵᠤ᠂ ᠪᠡᠭᠡᠵᠢᠩ ᠬᠤᠳᠠ ᠵᠢᠨ ᠠᠵᠢᠯ ᠲᠦᠷᠦᠯ᠎ᠤᠨ ᠰᠠᠯᠠᠭ᠎ᠠ ᠮᠥᠴᠢᠷ᠎ᠲᠠᠢ ᠪᠠᠢ᠌ᠩᠭᠤ ᠵᠢᠨ ᠴᠢᠨᠠᠷᠲᠠᠢ ᠨᠡᠪᠲᠡᠷᠡᠯᠴᠡᠵᠦ ᠵᠣᠯᠭ᠋ᠠᠭᠤᠯᠬᠤ ᠲᠣᠭᠲᠠᠴᠠ ᠵᠢ ᠪᠠᠢ᠌ᠭᠤᠯᠵᠤ᠂ ᠲᠦᠷᠦᠯ ᠵᠦᠢ᠍ᠯ᠎ᠢ ᠨᠠᠢ᠌ᠳᠠᠪᠤᠷᠢᠵᠢᠭᠤᠯᠤᠨ ᠨᠠᠢ᠌ᠳᠠᠪᠤᠷᠢᠵᠢᠭᠤᠯᠬᠤ ᠵᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠡᠭᠦᠨ᠎ᠤ ᠬᠠᠮᠲᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ ᠂ ᠬᠥᠨᠳᠡᠯᠡᠨ ᠵᠶ᠋ᠡᠷ ᠨᠡᠪᠲᠡᠷᠡᠯᠴᠡᠬᠦ ᠵᠢ ᠴᠢᠩᠭ᠋ᠠᠳᠬᠠᠨ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠬᠤ ᠵᠢᠨ ᠬᠠᠮᠲᠤ ᠬᠦᠴᠦᠯᠡᠵᠦ ᠂ ᠠᠳᠠᠯᠢ ᠴᠢᠭᠯᠡᠯ ᠵᠶ᠋ᠡᠷ ᠬᠦᠴᠦᠯᠡᠵᠦ ᠂ ᠶᠡᠷᠦᠩᠬᠡᠢ᠌ᠯᠡᠨ ᠬᠦᠴᠦᠯᠡᠵᠦ ᠂ ᠠᠵᠢᠯ ᠵᠶ᠋ᠠᠨ ᠬᠠᠮᠲᠤ᠎ᠪᠠᠷ ᠰᠠᠢ᠌ᠲᠤᠷ ᠬᠢᠨ᠎ᠡ ᠃
      ᠬᠤᠷᠠᠯ᠎ᠠᠴᠠ ᠱᠠᠭ᠋ᠠᠷᠳᠠᠭᠰᠠᠨ᠎ᠨᠢ᠂ ᠳ᠋ᠦᠩᠨᠡᠨ ᠡᠮᠬᠢᠯᠡᠬᠦ ᠵᠢ ᠴᠢᠩᠭ᠋ᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠎ᠤᠳ ᠠᠵᠢᠯ᠎ᠤᠨ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠤᠨ ᠡᠭᠦᠷᠭᠡ ᠵᠢᠨ ᠨᠠᠷᠢᠨ ᠬᠠᠭᠤᠳᠠᠰᠤ ᠪᠠ ᠪᠡᠭᠡᠵᠢᠩ ᠬᠣᠲᠠ᠎ᠯᠤᠭ᠎ᠠ ᠵᠣᠯᠭ᠋ᠠᠭᠤᠯᠬᠤ ᠵᠦᠢ᠍ᠯᠡᠰ᠎ᠤᠨ ᠨᠠᠷᠢᠨ ᠬᠠᠭᠤᠳᠠᠰᠤ ᠵᠢ ᠪᠣᠶ ᠪᠣᠯᠭ᠋ᠠᠬᠤ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠠᠬᠢᠴᠠ ᠵᠢᠴᠢ ᠦᠷ᠎ᠡ ᠪᠦᠲᠦᠮᠵᠢ ᠵᠢ ᠴᠠᠭ ᠲᠤᠬᠠᠢ᠎ᠳᠤᠨᠢ ᠡᠮᠬᠢᠯᠡᠨ ᠳ᠋ᠦᠩᠨᠡᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠠᠰᠠᠭᠤᠳᠠᠯ᠎ᠢ ᠰᠠᠢ᠌ᠲᠤᠷ ᠠᠩᠬᠠᠷᠴᠤ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠣᠪᠣᠷ ᠰᠤᠷᠲᠠᠯ ᠵᠶ᠋ᠠᠷ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠢ ᠰᠠᠢ᠌ᠲᠤᠷ ᠬᠢᠵᠦ᠂ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠠᠷ ᠥᠪᠡᠷ᠎ᠤᠨ ᠪᠡᠶ᠎ᠡ ᠵᠢᠴᠢ ᠠᠵᠢᠯ᠎ᠤᠨ ᠦᠨ᠎ᠡ ᠦᠷᠳᠡᠭ ᠵᠶ᠋ᠡᠨ ᠢᠯᠡᠷᠡᠭᠦᠯᠬᠦ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ᠎ᠤ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠯ ᠬᠢᠬᠦ ᠠᠵᠢᠯ ᠡᠮᠬᠢ ᠵᠢᠷᠤᠮ᠎ᠲᠠᠢ ᠶᠠᠪᠤᠭᠳᠠᠵᠤ ᠪᠣᠶ
ᠨᠢᠩᠴᠧᠩ ᠰᠢᠶᠠᠨ ᠄ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ
ᠬᠥᠬᠡᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭ᠋ᠠᠨ᠎ᠤ ᠤᠨᠤᠯ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠤᠨ ᠠᠩᠭᠢ ᠡᠬᠢᠯᠡᠪᠡ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠡᠮᠨᠡᠯᠭᠡ 》 ᠵᠢᠨ ᠵᠠᠮ᠎ᠳᠤ ᠴᠡᠴᠡᠭ ᠳᠡᠯᠭᠡᠷᠡᠪᠡ
ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠪᠦᠲᠦᠭᠡᠯᠴᠢ ᠲᠥᠰᠥᠯ᠎ᠤᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠪᠡ
 
            