9 ᠳ᠋ᠦ᠍ᠭᠡᠷ ᠰᠠᠷ᠎ᠠ ᠵᠢᠨ 15᠎ᠤ ᠡᠳᠦᠷ ᠂ ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠪᠦᠲᠦᠭᠡᠯᠴᠢ ᠲᠥᠰᠥᠪᠯᠡᠯ᠎ᠤᠨ ᠤᠷᠤᠯᠳᠤᠭ᠋ᠠᠨ ᠬᠥᠬᠡᠬᠣᠲᠠ᠎ᠳᠤ ᠠᠮᠵᠢᠯᠲᠠ᠎ᠲᠠᠢ ᠶᠠᠪᠤᠭᠳᠠᠪᠠ ᠃ ᠤᠷᠤᠯᠳᠤᠭ᠋ᠠᠨ᠎ᠨᠢ 《ᠡᠯᠸᠺᠲᠷᠤᠨ ᠬᠤᠳᠠᠯᠳᠤᠭ᠋ᠠᠨ᠎ᠤ ᠦᠢ᠍ᠯᠡᠰ᠎ᠤᠨ ᠬᠥᠭᠵᠢᠯᠲᠡ ᠵᠢ ᠬᠠᠪᠰᠤᠷᠴᠤ᠂ ᠦᠢ᠍ᠯᠡᠰ ᠪᠣᠰᠬᠠᠬᠤ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ》᠎ᠪᠠᠷ ᠭᠣᠣᠯ ᠰᠡᠳᠦᠪ ᠪᠣᠯᠭ᠋ᠠᠵᠤ᠂ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠷᠤᠯᠠᠭᠤᠯᠭ᠎ᠠ᠂ ᠲᠠᠪᠴᠠᠩ᠎ᠤᠨ ᠦᠢ᠍ᠯᠡᠴᠢᠯᠡᠭᠡ ᠭᠡᠵᠦ ᠬᠣᠶᠠᠷ ᠲᠦᠷᠦᠯ ᠬᠤᠪᠢᠶᠠᠵᠤ᠂ 10 ᠠᠢ᠌ᠮᠠᠭ ᠬᠤᠳᠠ ᠵᠢᠨ 28 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃
ᠲᠣᠰ ᠬᠤᠭᠤᠴᠠᠭ᠋ᠠᠨ᠎ᠤ ᠤᠷᠤᠯᠳᠤᠭ᠋ᠠᠨ᠎ᠨᠢ ᠮᠠᠯᠵᠢᠬᠤ ᠲᠠᠷᠢᠶᠠᠯᠠᠬᠤ ᠣᠷᠣᠨ᠎ᠤ ᠡᠯᠧᠺᠲᠷᠣᠨ ᠬᠤᠳᠠᠯᠳᠤᠭ᠎ᠠ᠎ᠪᠠᠷ ᠦᠢ᠍ᠯᠡᠰ ᠴᠣᠭᠴᠠᠯᠠᠬᠤ ᠲᠥᠷᠥᠯ ᠵᠦᠢ᠍ᠯ᠎ᠤᠨ ᠳᠠᠭ᠋ᠠᠭᠤᠯᠤᠭᠴᠢ ᠵᠢ ᠬᠥᠮᠥᠵᠢᠭᠦᠯᠬᠦ ᠠᠵᠢᠯᠯᠠᠭ᠎ᠠ᠎ᠲᠠᠢ ᠨᠢᠭᠲᠠ ᠤᠶᠠᠯᠳᠤᠭᠤᠯᠤᠨ ᠂ ᠮᠠᠯᠵᠢᠬᠤ ᠲᠠᠷᠢᠶᠠᠯᠠᠬᠤ ᠣᠷᠣᠨ᠎ᠤ ᠡᠯᠧᠺᠲᠷᠣᠨ ᠬᠤᠳᠠᠯᠳᠤᠭ᠎ᠠ᠎ᠪᠠᠷ ᠲᠠᠷᠢᠶᠠᠯᠠᠩ᠎ᠢ ᠲᠤᠰᠠᠯᠠᠬᠤ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠵᠦ ᠂ ᠤᠷᠤᠯᠳᠤᠭ᠋ᠠᠨ᠎ᠤ ᠲᠥᠷᠥᠯ ᠵᠦᠢ᠍ᠯ᠎ᠨᠢ ᠡᠯᠧᠺᠲᠷᠣᠨ ᠬᠤᠳᠠᠯᠳᠤᠭ᠎ᠠ ᠵᠢᠨ ᠦᠢ᠍ᠯᠡᠴᠢᠯᠡᠭᠡᠨ᠎ᠤ ᠴᠢᠳᠠᠪᠤᠷᠢ᠎ᠲᠠᠢ ᠪᠠᠢ᠌ᠬᠤ ᠵᠢᠨ ᠬᠠᠮᠲᠤ ᠂ ᠣᠲᠣ ᠦᠶ᠎ᠡ ᠵᠢᠨ ᠳᠠᠷᠢᠵᠤ ᠲᠡᠵᠢᠭᠡᠨ ᠦᠷᠡᠵᠢᠭᠦᠯᠬᠦ ᠲᠥᠷᠥᠯ ᠵᠦᠢ᠍ᠯ ᠂ ᠬᠠᠮᠤᠭ᠎ᠤᠨ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠢ ᠬᠡᠷᠡᠭᠯᠡᠭᠰᠡᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠲᠥᠷᠥᠯ ᠵᠦᠢ᠍ᠯ ᠂ ᠪᠣᠬᠢᠷᠳᠤᠯ ᠦᠭᠡᠢ ᠬᠥᠭᠵᠢᠯᠲᠡ ᠵᠢᠨ ᠣᠷᠴᠢᠯ ᠲᠠᠷᠢᠶᠠᠯᠠᠩ ᠮᠠᠯ ᠠᠵᠤ ᠠᠬᠤᠢ ᠵᠢᠨ ᠲᠥᠷᠥᠯ ᠵᠦᠢ᠍ᠯ ᠵᠡᠷᠭᠡ ᠵᠢ ᠬᠠᠮᠤᠷᠴᠠᠢ ᠃ ᠲᠠᠮᠢᠷᠴᠢᠳ᠎ᠨᠢ ᠨᠤᠲᠤᠭ᠎ᠲᠠᠭᠠᠨ ᠪᠤᠴᠠᠭᠰᠠᠨ ᠬᠥᠯᠥᠰᠦᠨ ᠠᠵᠢᠯᠴᠢᠨ ᠂ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠂ ᠴᠡᠷᠢᠭ᠎ᠠᠴᠠ ᠬᠠᠯᠠᠭᠳᠠᠭᠰᠠᠳ ᠂ ᠬᠥᠳᠡᠭᠡ ᠲᠣᠰᠬᠣᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠭᠣᠣᠯᠯᠠᠭᠴᠢ ᠬᠦᠴᠦᠨ ᠂ ᠦᠢ᠍ᠯᠡᠳᠪᠦᠷᠢ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠠᠴᠠ ᠢᠷᠡᠯᠲᠡ᠎ᠲᠠᠢ ᠃
ᠤᠷᠤᠯᠳᠤᠭ᠋ᠠᠨ᠎ᠢ ᠸᠢᠳᠢᠤ᠋ ᠵᠢᠨ ᠬᠡᠯᠪᠡᠷᠢ᠎ᠪᠠᠷ ᠶᠠᠪᠤᠭᠳᠠᠭᠤᠯᠵᠤ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠠᠴᠠ ᠲᠤᠰᠬᠠᠢ ᠮᠡᠷᠭᠡᠵᠢᠯᠲᠡᠨ᠎ᠤ ᠰᠢᠯᠭ᠋ᠠᠷᠠᠭᠤᠯᠬᠤ ᠺᠣᠮᠢᠰ᠎ᠢ ᠵᠣᠬᠢᠶᠠᠨ ᠪᠠᠢ᠌ᠭᠤᠯᠵᠤ ᠤᠷᠤᠯᠳᠤᠭ᠋ᠠᠨ᠎ᠳᠤ ᠣᠷᠤᠯᠴᠠᠬᠤ ᠲᠦᠷᠦᠯ ᠵᠦᠢ᠍ᠯ᠎ᠤᠨ PPT ᠢ ᠰᠣᠨᠢᠷᠬᠠᠭᠤᠯᠵᠤ᠂ ᠰᠢᠯᠭ᠋ᠠᠷᠠᠭᠤᠯᠬᠤ ᠺᠣᠮᠢᠰ᠎ᠠᠴᠠ ᠲᠦᠷᠦᠯ ᠵᠦᠢ᠍ᠯ᠎ᠤᠨ ᠭᠣᠣᠯᠯᠠᠭᠴᠢ ᠮᠡᠷᠭᠡᠵᠢᠯ᠂ ᠠᠵᠢᠯ ᠲᠦᠷᠦᠯ᠎ᠤᠨ ᠡᠪᠡᠷᠰᠢᠶᠡᠯ᠎ᠤᠨ ᠴᠡᠭ᠂ ᠬᠤᠳᠠᠯᠳᠤᠭ᠋ᠠᠨ᠎ᠤ ᠵᠠᠭᠪᠤᠷ᠂ ᠲᠦᠷᠦᠯ ᠵᠦᠢ᠍ᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠴᠢ ᠲᠥᠯᠦᠪᠵᠢᠭᠦᠯᠭᠡ ᠵᠡᠷᠭᠡ ᠲᠠᠯ᠎ᠠ᠎ᠳᠤ ᠴᠢᠭᠯᠡᠭᠦᠯᠦᠨ ᠠᠰᠠᠭᠤᠯᠲᠠ ᠳᠤᠷᠠᠳᠴᠤ᠂ ᠲᠠᠮᠢᠷᠴᠢᠳ ᠸᠢᠳᠢᠤ᠋᠎ᠪᠠᠷ ᠳᠠᠮᠵᠢᠨ ᠲᠤᠬᠠᠢ ᠵᠢᠨ ᠲᠠᠯᠠᠪᠠᠢ᠎ᠳᠤ ᠤᠲᠠᠰᠤ ᠵᠠᠯᠭ᠋ᠠᠵᠤ ᠬᠠᠷᠢᠭᠤᠯᠲᠠ ᠥᠭᠴᠡᠢ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠰᠢᠯᠭ᠋ᠠᠷᠠᠭᠤᠯᠤᠯᠲᠠ᠎ᠪᠠᠷ ᠳᠡᠮᠵᠢᠨ ᠂ ᠬᠠᠮᠤᠭ ᠡᠴᠦᠰ᠎ᠲᠤ ᠨᠢᠭᠡᠳᠦᠭᠡᠷ ᠳᠡᠰ᠎ᠤᠨ ᠱᠠᠩᠨᠠᠯ᠎ᠳᠤ 2 ᠨᠡᠷᠡᠰ ᠂ ᠬᠣᠶᠠᠳᠤᠭ᠋ᠠᠷ ᠳᠡᠰ᠎ᠤᠨ ᠱᠠᠩᠨᠠᠯ᠎ᠳᠤ 4 ᠨᠡᠷᠡᠰ ᠂ ᠭᠤᠷᠪᠠᠳᠤᠭ᠋ᠠᠷ ᠳᠡᠰ᠎ᠤᠨ ᠱᠠᠩᠨᠠᠯ᠎ᠳᠤ 6 ᠨᠡᠷᠡᠰ ᠂ ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ᠎ᠳᠤ 6 ᠨᠡᠷᠡᠰ ᠰᠢᠯᠭ᠋ᠠᠷᠠᠭᠤᠯᠪᠠ ᠃ 《 ᠨᠠᠷᠢᠮᠤ ᠵᠢᠨ ᠪᠤᠳᠠᠭ᠎ᠠ ᠵᠢᠨ ᠶᠡᠬᠡ ᠶᠠᠪᠤᠳᠠᠯ᠎ᠳᠤ ᠂ ᠲᠠᠷᠢᠶᠠᠨ ᠦᠵᠦᠭᠦᠷ᠎ᠠᠴᠠ ᠬᠡᠯᠡᠨ᠎ᠳᠤ ᠬᠦᠷᠲᠡᠯ᠎ᠡ ᠬᠣᠶᠠᠷ ᠬᠥᠭᠥᠷᠭᠡ ᠵᠢ ᠪᠣᠰᠬᠠᠨ᠎ᠠ 》 《 ᠰᠢᠯᠢ ᠵᠢᠨ ᠭᠣᠣᠯ ᠠᠢ᠌ᠮᠠᠭ᠎ᠤᠨ ᠮᠠᠯᠴᠢᠳ᠎ᠤᠨ ᠥᠪᠡᠷ᠎ᠤᠨ ᠡᠯᠧᠺᠲᠷᠣᠨ ᠬᠤᠳᠠᠯᠳᠤᠭ᠋ᠠᠨ᠎ᠤ ᠲᠠᠪᠴᠠᠩ 》᠎ᠨᠢ ᠲᠣᠰ ᠲᠣᠰ ᠦᠢ᠍ᠯᠡᠳᠪᠦᠷᠢᠯᠡᠯ ᠪᠣᠷᠤᠯᠠᠭᠤᠯᠭ᠎ᠠ ᠪᠠ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠤᠨ ᠦᠢ᠍ᠯᠡᠴᠢᠯᠡᠭᠡᠨ᠎ᠤ ᠲᠥᠷᠥᠯ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠲᠤᠰ ᠤᠳᠠᠭ᠎ᠠ ᠵᠢᠨ ᠤᠷᠤᠯᠳᠤᠭ᠋ᠠᠨ᠎ᠠᠴᠠ 4 ᠰᠢᠯᠢᠳᠡᠭ ᠦᠢ᠍ᠯᠡᠰ ᠪᠣᠰᠬᠠᠬᠤ ᠲᠦᠷᠦᠯ ᠵᠦᠢ᠍ᠯ᠎ᠢ ᠰᠣᠩᠭᠣᠨ ᠭᠠᠷᠭ᠋ᠠᠵᠤ ᠪᠦᠬᠦ ᠤᠯᠤᠰ᠎ᠤᠨ ᠤᠷᠤᠯᠳᠤᠭ᠋ᠠᠨ᠎ᠳᠤ ᠣᠷᠣᠯᠴᠠᠭᠤᠯᠤᠨ᠎ᠠ᠃
ᠲᠣᠰ ᠤᠳᠠᠭ᠋ᠠᠨ᠎ᠤ ᠤᠷᠤᠯᠳᠤᠭ᠋ᠠᠨ᠎ᠢ ᠡᠷᠭᠢᠯᠡᠭᠰᠡᠨ᠎ᠨᠢ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠦᠵᠡᠭᠦᠯᠦᠯᠭᠡ ᠵᠢᠨ ᠲᠠᠪᠴᠠᠩ᠂ ᠤᠷᠮᠠᠰᠢᠭᠤᠯᠤᠨ ᠵᠣᠷᠢᠭᠵᠢᠭᠤᠯᠬᠤ ᠥᠯᠢᠭᠡᠷ᠎ᠤᠨ ᠶᠠᠷᠢᠶᠠᠨ᠎ᠤ ᠲᠠᠪᠴᠠᠩ᠂ ᠪᠦᠲᠦᠭᠡᠯᠴᠢ ᠦᠵᠡᠯᠴᠡᠭᠡᠨ᠎ᠤ ᠤᠷᠤᠯᠳᠤᠭ᠋ᠠᠨ᠎ᠤ ᠲᠠᠪᠴᠠᠩ᠎ᠢ ᠪᠠᠢ᠌ᠭᠤᠯᠵᠤ ᠂ ᠰᠢᠨ᠎ᠡ ᠪᠦᠲᠦᠭᠡᠯᠴᠢ ᠠᠪᠢᠶᠠᠰ ᠪᠢᠯᠢᠭ᠂ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠲᠥᠷᠥᠯ ᠬᠡᠯᠪᠡᠷᠢ ᠵᠢ ᠬᠤᠷᠠᠮᠳᠤᠭᠤᠯᠤᠨ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠡᠢ ᠃