ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠬᠡᠬᠡᠯᠳᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠬᠠᠭ᠋ᠠᠭᠰᠠᠨ [2020] 4 ᠲᠣᠭ᠋ᠠᠲᠤ
ᠡᠯ᠎ᠡ ᠠᠶ᠋ᠢᠮᠠᠭ ᠬᠣᠲᠠ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠢ᠄
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ 《ᠳᠠᠬᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠵᠢ ᠬᠢᠨᠠᠨ ᠰᠢᠯᠭ᠋ᠠᠬᠤ ᠪᠠ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠬᠤ ᠲᠤᠬᠠᠶ ᠵᠢᠯᠣᠭᠣᠳᠬᠤ ᠰᠠᠨᠠᠯ》᠎ᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠤᠷᠲᠤ ᠬᠤᠭᠤᠴᠠᠭ᠋ᠠᠨ᠎ᠤ ᠪᠦᠲᠦᠮᠵᠢᠲᠤ ᠲᠣᠭᠲᠠᠴᠠ ᠵᠢ ᠪᠠᠶ᠋ᠢᠭᠤᠯᠬᠤ ᠵᠢᠴᠢ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠢᠯ ᠪᠠ ᠲᠣᠪᠣᠢ᠍ᠢ᠍ᠮ᠎ᠠ ᠠᠰᠠᠭᠤᠳᠠᠯ᠎ᠢ ᠠᠩᠬᠠᠷᠤᠨ ᠰᠢᠶᠳᠪᠦᠷᠢᠯᠡᠬᠦ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠪᠡᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠡᠷᠦᠬᠡ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠳᠤ ᠬᠠᠪᠢᠳᠠᠭᠰᠠᠨ ᠡᠷᠦᠬᠡ ᠵᠢᠨ ᠶᠠᠳᠠᠭᠤᠷᠠᠬᠤ ᠵᠢ ᠰᠡᠷᠭᠡᠶ᠋ᠢᠯᠡᠵᠦ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠣᠳᠠᠲᠤ ᠪᠠᠢ᠍ᠢ᠍ᠳᠠᠯ᠎ᠲᠠᠢ ᠤᠶᠠᠯᠳᠤᠭᠤᠯᠤᠨ᠂ ᠡᠳᠦᠭᠡ ᠶᠠᠳᠠᠭᠤᠷᠠᠬᠤ ᠪᠠ ᠳᠠᠬᠢᠨ ᠶᠠᠳᠠᠭᠤᠷᠠᠬᠤ᠎ᠠᠴᠠ ᠰᠡᠷᠬᠡᠢ᠍ᠢ᠍ᠯᠡᠬᠦ ᠵᠢ ᠬᠢᠨᠠᠨ ᠰᠢᠯᠭ᠋ᠠᠬᠤ ᠪᠠ ᠬᠠᠪᠰᠤᠷᠤᠨ ᠲᠡᠳᠬᠦᠬᠦ ᠠᠵᠢᠯ᠎ᠤᠨ ᠲᠣᠭᠲᠠᠴᠠ ᠵᠢ ᠪᠠᠶ᠋ᠢᠭᠤᠯᠬᠤ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠲᠣᠭᠲᠠᠭ᠋ᠠᠪᠠ᠃
ᠨᠢᠭᠡ᠂ ᠵᠢᠯᠣᠭᠣᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠶᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠲᠥᠪ᠎ᠠᠴᠠ ᠨᠢᠭᠡᠳᠦᠯᠲᠡᠶ ᠲᠥᠯᠥᠪᠯᠡᠬᠦ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠠᠶ᠋ᠢᠮᠠᠭ ᠬᠣᠲᠠ ᠬᠣᠰᠢᠭᠤ ᠰᠢᠶᠠᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠷᠢᠮᠲᠠᠯᠠᠵᠤ᠂ ᠤᠨᠢᠨ ᠳᠡᠬᠡᠷ᠎ᠡ᠎ᠨᠢ ᠶᠠᠳᠠᠭᠤ ᠵᠢ ᠲᠡᠳᠬᠦᠬᠦ ᠤᠨᠢᠨ ᠳᠡᠬᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠵᠢ ᠪᠠᠷᠢᠮᠲᠠᠯᠠᠵᠤ᠂ ᠳᠠᠬᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠶᠠᠪᠤᠳᠠᠯ᠎ᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠶᠠᠳᠠᠭᠤ ᠵᠢ ᠲᠡᠳᠬᠦᠬᠦ ᠠᠵᠢᠯ᠎ᠤᠨ ᠴᠢᠬᠤᠯᠠ ᠡᠭᠦᠷᠭᠡ ᠪᠣᠯᠭ᠋ᠠᠵᠤ᠂ 《ᠬᠣᠶᠠᠷ᠎ᠲᠤ ᠵᠣᠪᠠᠬᠤ ᠦᠭᠡᠢ ᠭᠤᠷᠪᠠ ᠵᠢ ᠪᠠᠲᠤᠯᠠᠬᠤ》 ᠭᠣᠣᠯ ᠭᠦᠢ᠍ᠴᠡᠳᠬᠡᠯ ᠲᠣᠭ᠎ᠠ ᠵᠢᠨ ᠲᠣᠭᠣᠷᠢᠨ᠎ᠳᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ ᠪᠣᠯᠤᠨ ᠨᠡᠶ᠋ᠢᠭᠡᠮ᠎ᠤᠨ ᠡᠬᠢ ᠪᠠᠶᠠᠯᠢᠭ᠎ᠢ ᠨᠢᠭᠡᠳᠦᠯᠲᠡᠶ ᠲᠦᠯᠦᠪᠵᠢᠬᠦᠯᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ᠎ᠠᠴᠠ ᠰᠡᠷᠬᠡᠢ᠍ᠢ᠍ᠯᠡᠬᠦ ᠵᠢ ᠬᠢᠨᠠᠨ ᠰᠢᠯᠭ᠋ᠠᠬᠤ ᠪᠠ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠴᠢᠨᠠᠷ ᠰᠠᠶ᠋ᠢᠲᠠᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠪᠦᠬᠦ ᠲᠠᠯ᠎ᠠ᠎ᠪᠠᠷ ᠤᠯᠬᠤ ᠵᠢ ᠪᠠᠲᠤᠯᠠᠨ᠎ᠠ᠃
ᠬᠣᠶᠠᠷ᠂ ᠦᠨᠳᠦᠰᠦᠨ ᠵᠠᠷᠴᠢᠮ
(ᠨᠢᠭᠡ) ᠤᠷᠢᠳ ᠵᠶ᠋ᠠᠷ ᠬᠢᠨᠠᠨ ᠰᠢᠯᠭ᠋ᠠᠬᠤ ᠪᠠ ᠳᠠᠷᠠᠭ᠎ᠠ᠎ᠨᠢ ᠬᠠᠪᠰᠤᠷᠤᠨ ᠲᠡᠳᠬᠦᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠎ᠠ᠃ ᠲᠠᠪᠤᠨ ᠱᠠᠲᠤ ᠬᠠᠮᠲᠤᠷᠠᠨ ᠬᠥᠳᠡᠯᠦᠯᠴᠡᠵᠦ ᠬᠢᠨᠠᠨ ᠰᠢᠯᠭ᠋ᠠᠬᠤ ᠰᠢᠰᠲ᠋ᠧᠮ ᠪᠠ ᠶᠠᠳᠠᠭᠤᠷᠠᠬᠤ ᠪᠠ ᠳᠠᠬᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠭᠣᠣᠯᠳᠠᠯᠭ᠎ᠠ᠎ᠲᠠᠢ ᠡᠲᠡᠭᠡᠳ᠎ᠢ ᠴᠠᠭ ᠲᠤᠬᠠᠶ᠎ᠳᠤᠨᠢ ᠬᠢᠨᠠᠨ ᠰᠢᠯᠭ᠋ᠠᠵᠤ᠂ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠢ᠍ᠶᠭ᠎ᠠ ᠬᠥᠮᠦᠨ ᠠᠮᠠ ᠵᠢ ᠤᠷᠢᠳᠴᠢᠯᠠᠨ ᠢᠯᠡᠷᠡᠭᠦᠯᠬᠦ ᠵᠢᠨ ᠬᠠᠮᠲᠤ ᠢᠯᠭ᠋ᠠᠨ ᠲᠠᠨᠢᠵᠤ᠂ ᠬᠠᠨᠳᠤᠯᠭ᠋ᠠᠲᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠲᠦᠭᠰᠢᠭᠦᠷᠢ ᠵᠢ ᠡᠵᠡᠮᠳᠡᠬᠦ ᠪᠣᠭᠣᠮᠲᠠ᠎ᠪᠠᠨ ᠤᠷᠤᠭᠰᠢ ᠰᠢᠯᠵᠢᠭᠦᠯᠬᠦ ᠵᠢ ᠡᠵᠡᠮᠳᠡᠵᠦ᠂ ᠶᠠᠳᠠᠭᠤ᠎ᠠᠴᠠ ᠠᠩᠭᠢᠵᠢᠷᠠᠭᠤᠯᠬᠤ ᠬᠥᠮᠦᠨ ᠠᠮᠠ ᠵᠢᠨ ᠳᠠᠬᠢᠨ ᠶᠠᠳᠠᠭᠤᠷᠠᠬᠤ᠂ ᠶᠠᠳᠠᠭᠤᠷᠠᠬᠤ᠎ᠳᠤ ᠬᠠᠪᠢᠳᠠᠵᠤ ᠪᠠᠢ᠍ᠢ᠍ᠭ᠎ᠠ ᠬᠥᠮᠦᠨ ᠠᠮᠠ ᠵᠢᠨ ᠶᠠᠳᠠᠭᠤᠷᠠᠬᠤ ᠵᠢ ᠰᠡᠷᠭᠡᠶ᠋ᠢᠯᠡᠨ᠎ᠡ᠃ ᠳᠠᠬᠢᠨ ᠶᠠᠳᠠᠭᠤᠷᠠᠭᠰᠠᠨ ᠪᠠ ᠰᠢᠨ᠎ᠡ᠎ᠪᠠᠷ ᠶᠠᠳᠠᠭᠤᠷᠠᠭᠰᠠᠨ ᠡᠲᠡᠭᠡᠳ᠎ᠢ ᠴᠠᠭ ᠲᠤᠬᠠᠶ᠎ᠳᠤᠨᠢ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠨ ᠬᠡᠪᠴᠢᠶᠡᠨ᠎ᠳᠤ ᠣᠷᠣᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠦᠷᠲᠡᠭᠡᠵᠦ᠂ ᠤᠨᠢᠨ ᠳᠡᠭᠡᠷ᠎ᠡ᠎ᠨᠢ ᠬᠠᠪᠰᠤᠷᠤᠨ ᠲᠡᠳᠬᠦᠬᠦ ᠵᠢ ᠬᠡᠷᠡᠭᠵᠢᠭᠦᠯᠵᠦ᠂ ᠳᠠᠬᠢᠨ ᠶᠠᠳᠠᠭᠤᠷᠠᠬᠤ ᠪᠠ ᠰᠢᠨ᠎ᠡ᠎ᠪᠠᠷ ᠶᠠᠳᠠᠭᠤᠷᠠᠬᠤ ᠡᠲᠡᠭᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠲᠠᠢ ᠪᠠᠶ᠋ᠢᠬᠤ ᠵᠢ ᠦᠨᠡᠨᠬᠦ ᠪᠠᠲᠤᠯᠠᠨ᠎ᠠ᠃
(ᠬᠣᠶᠠᠷ) ᠨᠡᠭᠡᠭᠡᠯᠲᠡ ᠬᠢᠬᠦ ᠮᠠᠶᠢᠭ᠎ᠤᠨ ᠬᠠᠪᠰᠤᠷᠤᠨ ᠲᠡᠳᠬᠦᠬᠦ ᠬᠢᠭᠡᠳ ᠪᠠᠲᠤᠯᠠᠭ᠎ᠠ ᠵᠢᠨ ᠴᠢᠨᠠᠷᠲᠠᠶ ᠠᠷᠭ᠎ᠠ ᠬᠡᠮᠵᠢᠶ᠎ᠡ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠳᠠᠯᠠᠨ᠎ᠠ᠃ ᠬᠥᠮᠦᠨ ᠪᠠ ᠡᠷᠦᠬᠡ ᠵᠢᠨ ᠪᠠᠶ᠋ᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠵᠢ ᠣᠨᠣᠪᠴᠢᠲᠠᠶ᠎ᠪᠠᠷ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ᠎ᠲᠠᠢ ᠬᠢᠨᠠᠨ ᠰᠢᠯᠭ᠋ᠠᠬᠤ ᠡᠲᠡᠭᠡᠳ᠎ᠲᠤ ᠭᠣᠤᠯᠳᠠᠭᠤ ᠨᠡᠭᠡᠭᠡᠨ ᠬᠥᠭᠵᠢᠭᠦᠯᠬᠦ ᠮᠠᠶᠢᠭ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠠᠪᠴᠤ᠂ ᠠᠵᠤ ᠦᠶᠯᠡᠰ᠎ᠢ ᠬᠥᠭᠵᠢᠭᠦᠯᠬᠦ᠂ ᠰᠢᠯᠵᠢᠭᠦᠯᠦᠨ ᠠᠵᠢᠯ ᠣᠯᠭᠣᠬᠤ ᠵᠢ ᠳᠠᠮᠵᠢᠵᠤ᠂ ᠬᠥᠳᠡᠯᠮᠦᠷᠢᠯᠡᠬᠦ᠎ᠪᠠᠷ ᠳᠠᠮᠵᠢᠨ ᠣᠷᠣᠯᠭ᠎ᠠ ᠵᠢ᠎ᠨᠢ ᠨᠡᠮᠡᠭᠳᠡᠬᠦᠯᠵᠦ ᠪᠠᠶᠠᠵᠢᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠦᠭᠡᠶ ᠬᠢᠨᠠᠨ ᠬᠡᠮᠵᠢᠬᠦ ᠡᠲᠡᠭᠡᠳ᠎ᠲᠤ ᠶᠡᠷᠦᠩᠬᠡᠶ᠋ᠢᠯᠡᠭᠰᠡᠨ ᠴᠢᠨᠠᠷᠲᠠᠶ ᠨᠡᠶ᠋ᠢᠭᠡᠮ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃
(ᠭᠤᠷᠪᠠ) ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ ᠬᠢᠭᠡᠳ ᠵᠠᠬ᠎ᠠ ᠳᠡᠯᠭᠡᠭᠦᠷ ᠪᠣᠯᠤᠨ ᠨᠡᠶ᠋ᠢᠭᠡᠮ᠎ᠤᠨ᠎ᠬᠢᠨ᠎ᠤ ᠣᠷᠣᠯᠴᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠳᠠᠯᠠᠨ᠎ᠠ᠃ ᠵᠠᠰᠠᠭ᠎ᠤᠨ ᠣᠷᠳᠣᠨ᠂ ᠵᠠᠬ᠎ᠠ ᠳᠡᠯᠭᠡᠭᠦᠷ ᠪᠣᠯᠤᠨ ᠨᠡᠶ᠋ᠢᠭᠡᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ ᠪᠠ ᠨᠡᠶ᠋ᠢᠭᠡᠮ᠎ᠤᠨ ᠬᠠᠮᠵᠢᠯᠴᠠᠨ ᠬᠦᠴᠦᠯᠡᠬᠦ ᠵᠢ ᠬᠥᠲᠥᠯᠥᠨ ᠵᠢᠯᠣᠭᠣᠳᠴᠤ᠂ ᠤᠷᠢᠳᠠᠪᠠᠷ ᠪᠠᠶᠠᠵᠢᠭᠰᠠᠨ᠎ᠨᠢ ᠰᠡᠭᠦᠯᠡᠷ ᠪᠠᠶᠠᠵᠢᠬᠤ᠎ᠪᠠᠨ ᠳᠡᠮᠵᠢᠬᠦ᠂ ᠰᠠᠬᠢᠨ ᠪᠠᠷᠠᠭ᠋ᠠᠯᠠᠵᠤ ᠬᠠᠷᠢᠯᠴᠠᠨ ᠬᠠᠪᠰᠤᠷᠤᠯᠴᠠᠬᠤ ᠵᠢ ᠵᠣᠷᠢᠭᠵᠢᠭᠤᠯᠵᠤ᠂ ᠶᠠᠳᠠᠭᠤᠷᠠᠬᠤ᠂ ᠲᠠᠬᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃
(ᠳᠥᠷᠪᠡ) ᠭᠠᠳᠠᠨ᠎ᠠ᠎ᠠᠴᠠ ᠬᠠᠪᠰᠤᠷᠤᠨ ᠲᠡᠳᠬᠦᠬᠦ ᠬᠢᠭᠡᠳ ᠣᠯᠠᠨ ᠲᠦᠮᠡᠨ᠎ᠤ ᠭᠣᠤᠯ ᠴᠣᠭᠴᠠ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠳᠠᠯᠠᠨ᠎ᠠ᠃ ᠭᠠᠳᠠᠨᠠᠬᠢ ᠬᠠᠪᠰᠤᠷᠤᠨ ᠲᠡᠳᠬᠦᠬᠦ ᠪᠠ ᠥᠪᠡᠷ᠎ᠤᠨ ᠴᠢᠷᠮᠠᠶ᠋ᠢᠯᠭ᠎ᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠠᠵᠢᠯᠴᠢ ᠬᠥᠳᠡᠯᠮᠦᠷᠢᠴᠢ᠎ᠪᠠᠷ ᠪᠠᠶᠠᠵᠢᠨ ᠴᠢᠨᠡᠭᠡᠯᠢᠭᠵᠢᠬᠦ ᠤᠳᠤᠷᠢᠳᠤᠮᠵᠢ ᠵᠢ ᠴᠢᠩᠭ᠋ᠠᠳᠬᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠪᠠ ᠬᠢᠨᠠᠨ ᠰᠢᠯᠭ᠋ᠠᠬᠤ ᠡᠲᠡᠭᠡᠳ᠎ᠤᠨ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ ᠦᠵᠡᠯ ᠤᠬᠠᠮᠰᠠᠷ᠎ᠢ ᠴᠢᠬᠤᠯᠠᠴᠢᠯᠠᠨ᠂ ᠥᠪᠡᠷ᠎ᠤᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ ᠪᠠ ᠴᠢᠳᠠᠪᠤᠷᠢ ᠵᠢ ᠳᠡᠭᠡᠭᠰᠢᠯᠡᠭᠦᠯᠦᠨ᠎ᠡ᠃
ᠭᠤᠷᠪᠠ᠂ ᠬᠢᠨᠠᠨ ᠰᠢᠯᠭ᠋ᠠᠬᠤ ᠡᠲᠡᠭᠡᠳ ᠪᠠ ᠬᠢᠨᠠᠨ ᠰᠢᠯᠭ᠋ᠠᠬᠤ ᠭᠣᠤᠯ ᠴᠣᠭᠴᠠ
(ᠨᠢᠭᠡ) ᠬᠢᠨᠠᠨ ᠰᠢᠯᠭ᠋ᠠᠬᠤ ᠡᠲᠡᠭᠡᠳ᠃ ᠬᠡᠷ ᠪᠦᠯᠢ᠎ᠪᠠᠷ ᠨᠢᠭᠡᠴᠢ ᠪᠣᠯᠭ᠋ᠠᠵᠤ᠂ ᠳᠠᠩᠰᠠᠯᠠᠨ ᠺᠠᠷᠲᠯᠠᠭᠰᠠᠨ ᠨᠢᠭᠡᠨᠲᠡ ᠶᠠᠳᠠᠭᠤ᠎ᠠᠴᠠ ᠠᠩᠭᠢᠵᠢᠷᠠᠭᠰᠠᠨ ᠪᠣᠯᠪᠠᠴᠤ ᠲᠣᠭᠲᠠᠭᠤᠨ ᠪᠤᠰᠤ ᠡᠷᠦᠬᠡ᠂ ᠣᠷᠣᠯᠭ᠎ᠠ᠎ᠨᠢ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠎ᠠᠴᠠ ᠵᠢᠭ᠋ᠠᠬᠠᠨ ᠥᠨᠳᠥᠷ ᠪᠠᠢ᠍ᠢ᠍ᠬᠤ ᠡᠷᠦᠬᠡ᠎ᠳᠤ ᠬᠢᠨᠠᠨ ᠰᠢᠯᠭ᠋ᠠᠯᠳᠠ ᠬᠢᠨ᠎ᠡ᠃
(ᠬᠣᠶᠠᠷ) ᠬᠢᠨᠠᠨ ᠰᠢᠯᠭ᠋ᠠᠬᠤ ᠬᠦᠷᠢᠶ᠎ᠡ ᠬᠡᠪᠴᠢᠶ᠎ᠡ᠃ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠎ᠨᠢ ᠤᠯᠤᠰ᠎ᠤᠨ ᠶᠠᠳᠠᠭᠤ ᠵᠢ ᠲᠡᠳᠬᠦᠬᠦ ᠪᠠᠷᠢᠮᠵᠢᠶ᠎ᠡ ᠵᠢᠨ 1.5 ᠳᠠᠬᠢᠨ ᠣᠷᠴᠢᠮ᠎ᠠᠴᠠ ᠳᠤᠤᠷ᠎ᠠ ᠪᠠᠢ᠍ᠢ᠍ᠬᠤ ᠭᠡᠷ ᠪᠦᠯᠢ ᠵᠢᠴᠢ ᠡᠪᠡᠳᠴᠢᠨ᠂ ᠵᠡᠮᠳᠡᠭ᠂ ᠭᠠᠮᠰᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠨᠥᠯᠥᠭᠡ᠎ᠠᠴᠠ ᠪᠣᠯᠤᠭᠰᠠᠨ ᠵᠠᠷᠤᠯᠭ᠎ᠠ᠎ᠨᠢ ᠳᠡᠭᠡᠷ᠎ᠡ ᠵᠢᠯ᠎ᠤᠨ ᠣᠷᠣᠯᠭ᠎ᠠ᠎ᠠᠴᠠ᠎ᠪᠠᠨ ᠢᠯᠡᠷᠬᠡᠢ ᠳᠠᠪᠠᠭᠰᠠᠨ ᠪᠤᠶᠤ ᠣᠷᠣᠯᠭ᠎ᠠ᠎ᠨᠢ ᠶᠡᠬᠡ᠎ᠪᠠᠷ ᠬᠠᠰᠤᠭᠳᠠᠭᠰᠠᠨ ᠬᠡᠷ ᠪᠦᠯᠢ ᠪᠤᠯᠤᠨ᠎ᠠ᠃ ᠬᠣᠰᠢᠭᠤ ᠰᠢᠶᠠᠨ ᠵᠶ᠋ᠠᠷ ᠨᠢᠭᠡᠴᠢ ᠪᠣᠯᠭ᠋ᠠᠨ ᠬᠢᠨᠠᠨ ᠰᠢᠯᠭ᠋ᠠᠬᠤ ᠡᠲᠡᠭᠡᠳ᠎ᠢ ᠲᠣᠭᠲᠠᠭ᠋ᠠᠵᠤ᠂ ᠬᠢᠨᠠᠨ ᠰᠢᠯᠭ᠋ᠠᠬᠤ ᠡᠲᠡᠭᠡᠳ᠎ᠤᠨ ᠬᠡᠪᠴᠢᠶ᠎ᠡ᠎ᠨᠢ ᠡᠩ᠎ᠤᠨ ᠪᠠᠢ᠍ᠢ᠍ᠳᠠᠯ᠎ᠳᠤ ᠶᠠᠳᠠᠭᠤ ᠵᠢ ᠲᠡᠳᠬᠦᠬᠦ ᠨᠡᠬᠡᠬᠡᠯᠳᠡ ᠬᠢᠬᠦ ᠮᠡᠳᠡᠭᠡ ᠵᠠᠩᠭᠢ ᠵᠢᠨ ᠰᠢᠰᠲ᠋ᠧᠮ᠎ᠳᠠᠬᠢ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ 5% ᠣᠷᠴᠢᠮ ᠪᠣᠯᠤᠨ᠎ᠠ᠃
(ᠭᠤᠷᠪᠠ) ᠬᠢᠨᠠᠨ ᠰᠢᠯᠭ᠋ᠠᠬᠤ ᠳᠡᠰ ᠳᠠᠷᠠᠭ᠋ᠠᠯᠠᠯ᠃ ᠰᠢᠨ᠎ᠡ᠎ᠪᠠᠷ ᠳᠤᠭᠳᠠᠭ᠋ᠠᠭᠰᠨ ᠬᠢᠨᠠᠨ ᠰᠢᠯᠭ᠋ᠠᠬᠤ ᠡᠲᠡᠭᠡᠳ᠎ᠤᠨ ᠪᠣᠳᠠᠲᠠᠶ ᠳᠡᠰ ᠳᠠᠷᠠᠭ᠋ᠠᠯᠠᠯ ᠪᠤᠯ ᠮᠠᠯᠴᠢᠨ ᠳᠠᠷᠢᠶᠠᠴᠢᠨ ᠡᠷᠦᠬᠡ ᠭᠤᠶᠤᠴᠢᠯᠠᠵᠤ᠂ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢ ᠠᠢ᠍ᠢ᠍ᠯᠴᠢᠯᠠᠨ ᠲᠣᠭᠣᠷᠢᠨ ᠪᠠᠶ᠋ᠢᠴᠠᠭ᠋ᠠᠵᠤ᠂ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠷᠢᠴᠠᠭᠤᠯᠵᠤ᠂ ᠰᠤᠮᠤ ᠰᠢᠶᠠᠩ ᠪᠠᠯᠭ᠋ᠠᠰᠤ ᠬᠢᠨᠠᠨ ᠬᠠᠷᠭᠤᠭᠤᠯᠵᠤ᠂ ᠬᠣᠰᠢᠭᠤ ᠰᠢᠶᠠᠨ ᠨᠤᠲᠠᠯᠠᠵᠤ᠂ ᠶᠠᠳᠠᠭᠤ ᠵᠢ ᠲᠡᠳᠬᠦᠵᠦ ᠨᠡᠬᠡᠬᠡᠯᠳᠡ ᠬᠢᠬᠦ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠵᠤ᠂ ᠬᠢᠨᠠᠨ ᠰᠢᠯᠭ᠋ᠠᠬᠤ ᠬᠠᠷᠢᠭᠤᠴᠠᠯᠭ᠎ᠠ ᠡᠭᠦᠷᠭᠡᠯᠡᠭᠴᠢ ᠵᠢ ᠲᠣᠭᠲᠠᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠯᠭ᠋ᠠᠬᠤ ᠵᠢᠨ ᠬᠠᠮᠲᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ᠎ᠲᠠᠢ ᠬᠢᠨᠠᠨ ᠰᠢᠯᠭ᠋ᠠᠬᠤ ᠡᠲᠡᠭᠡᠳ᠎ᠲᠤ ᠬᠠᠨᠳᠤᠯᠭ᠎ᠠ᠎ᠲᠠᠢ ᠬᠠᠪᠰᠤᠷᠤᠨ ᠲᠡᠳᠬᠦᠬᠦ ᠵᠢ ᠥᠷᠨᠢᠭᠦᠯᠦᠨ᠎ᠡ᠃
(ᠳᠥᠷᠪᠡ) ᠬᠢᠨᠠᠨ ᠰᠢᠯᠭ᠋ᠠᠬᠤ ᠭᠣᠤᠯ ᠴᠣᠭᠴᠠ᠃ ᠬᠢᠨᠠᠨ ᠰᠢᠯᠭ᠋ᠠᠬᠤ ᠭᠣᠤᠯ ᠴᠣᠭᠴᠠ᠎ᠨᠢ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠂ ᠲᠣᠰᠬᠣᠨ᠎ᠳᠤ ᠰᠠᠭᠤᠭ᠎ᠠ᠎ᠨᠢ ᠨᠢᠭᠡᠳᠦᠭᠡᠷ ᠱᠦᠵᠢ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠂ ᠶᠠᠳᠠᠭᠤ ᠵᠢ ᠲᠡᠳᠬᠦᠬᠦ ᠮᠡᠳᠡᠭᠡ ᠵᠠᠩᠭᠢ ᠵᠢᠨ ᠠᠵᠢᠯᠲᠠᠨ ᠵᠢᠴᠢ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠵᠢᠨ ᠬᠠᠪᠰᠤᠷᠤᠨ ᠲᠡᠳᠬᠦᠬᠦ ᠬᠠᠷᠢᠭᠤᠴᠠᠯᠭ᠋ᠠᠲᠠᠨ ᠪᠤᠯᠭ᠋ᠠᠨ᠎ᠠ᠃
ᠳᠥᠷᠪᠡ᠂ ᠬᠢᠨᠠᠨ ᠰᠢᠯᠭ᠋ᠠᠬᠤ ᠠᠭᠤᠯᠭ᠎ᠠ
ᠬᠢᠨᠠᠨ ᠰᠢᠯᠭ᠋ᠠᠬᠤ ᠡᠲᠡᠭᠡᠳ᠎ᠤᠨ ᠭᠡᠷ ᠪᠦᠯᠢ ᠵᠢᠨ ᠣᠷᠣᠯᠭ᠎ᠠ᠂ 《ᠬᠣᠶᠠᠷ᠎ᠲᠤ ᠵᠣᠪᠠᠬᠤ ᠦᠭᠡᠢ᠂ ᠭᠤᠷᠪᠠ ᠵᠢ ᠪᠠᠲᠤᠯᠠᠬᠤ》 ᠪᠠᠢ᠍ᠢ᠍ᠳᠠᠯ᠎ᠳᠤ ᠴᠠᠭ ᠲᠤᠬᠠᠶ᠎ᠳᠤᠨᠢ ᠬᠢᠨᠠᠨ ᠰᠢᠯᠭ᠋ᠠᠯᠳᠠ ᠬᠢᠬᠦ᠎ᠪᠠᠷ ᠳᠠᠮᠵᠢᠭᠤᠯᠤᠨ᠂ ᠬᠢᠨᠠᠨ ᠰᠢᠯᠭ᠋ᠠᠬᠤ ᠡᠲᠡᠭᠡᠳ᠎ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠵᠢᠨ ᠬᠤᠪᠢᠷᠠᠯᠲᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠬᠦ ᠬᠡᠷᠡᠭᠲᠡᠶ᠃
(ᠨᠢᠭᠡ) ᠣᠷᠣᠯᠭ᠎ᠠ ᠵᠢ ᠬᠢᠨᠠᠨ ᠰᠢᠯᠭ᠋ᠠᠬᠤ
ᠤᠯᠠᠷᠢᠯ ᠪᠦᠷᠢ ᠵᠢᠨ ᠰᠡᠭᠦᠯᠴᠢ᠎ᠪᠠᠷ ᠬᠢᠨᠠᠨ ᠰᠢᠯᠭ᠋ᠠᠬᠤ ᠡᠲᠡᠭᠡᠳ᠎ᠤᠨ ᠭᠡᠷ ᠪᠦᠯᠢ ᠵᠢᠨ ᠠᠵᠢᠯ ᠣᠯᠵᠤ ᠬᠦᠴᠦ ᠶᠠᠪᠤᠭᠰᠠᠨ ᠪᠠᠶ᠋ᠢᠳᠠᠯ᠂ ᠨᠢᠭᠡᠨᠲᠡ ᠬᠤᠳᠠᠯᠳᠤᠭᠰᠠᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠣᠷᠣᠯᠭ᠎ᠠ ᠵᠢᠨ ᠪᠠᠶ᠋ᠢᠳᠠᠯ᠂ ᠲᠠᠷᠢᠮᠠᠯ᠎ᠤᠨ ᠤᠷᠭᠤᠯᠲᠠ ᠵᠢᠨ ᠪᠠᠶ᠋ᠢᠳᠠᠯ᠂ ᠮᠠᠯ᠎ᠤᠨ ᠤᠨᠳᠤᠷᠤᠯᠲᠠ ᠵᠢᠨ ᠪᠠᠶ᠋ᠢᠳᠠᠯ᠂ ᠨᠡᠶ᠋ᠢᠭᠡᠮ᠎ᠤᠨ ᠪᠠᠲᠤᠯᠠᠭ᠎ᠠ ᠵᠢᠨ ᠪᠠᠶ᠋ᠢᠳᠠᠯ ᠵᠡᠷᠭᠡ ᠵᠢ ᠬᠢᠨᠠᠨ ᠰᠢᠯᠭ᠋ᠠᠨ᠎ᠠ᠃ ᠣᠷᠣᠯᠭ᠎ᠠ᠎ᠨᠢ ᠪᠠᠷᠢᠮᠵᠢᠶ᠎ᠠ᠎ᠳᠤ ᠬᠦᠷᠬᠦ ᠦᠭᠡᠢ ᠪᠤᠶᠤ ᠢᠯᠡᠳᠲᠡ ᠪᠠᠭᠤᠷᠠᠭᠰᠠᠨ᠂ ᠢᠷᠡᠯᠲᠡ᠎ᠨᠢ ᠲᠣᠭᠲᠠᠭᠤᠨ ᠪᠤᠰᠤ᠂ ᠪᠦᠲᠦᠴᠡ᠎ᠨᠢ ᠵᠦᠶ ᠵᠣᠬᠢᠰ ᠦᠭᠡᠢ ᠵᠡᠷᠭᠡ 《ᠬᠣᠶᠠᠷ᠎ᠲᠤ ᠵᠣᠪᠠᠬᠤ ᠦᠭᠡᠢ ᠪᠠᠢ᠍ᠶᠬᠤ》 ᠵᠢ ᠨᠥᠯᠥᠭᠡᠯᠡᠬᠦ ᠲᠦᠭᠰᠢᠭᠦᠷᠢ ᠣᠷᠣᠰᠢᠵᠤ ᠪᠠᠶ᠋ᠢᠬᠤ ᠡᠰᠡᠬᠦ ᠵᠢ ᠤᠷᠢᠳᠴᠢᠯᠠᠨ ᠮᠠᠭ᠋ᠠᠳᠯᠠᠯᠳᠠ ᠬᠢᠨ᠎ᠡ᠃
(ᠬᠣᠶᠠᠷ) ᠵᠠᠷᠤᠯᠭ᠎ᠠ ᠵᠢ ᠬᠢᠨᠠᠨ ᠬᠡᠮᠵᠢᠬᠦ
1. ᠭᠡᠷ ᠪᠦᠯᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠴᠢᠨᠠᠷᠲᠠᠶ ᠵᠠᠷᠤᠯᠭ᠎ᠠ ᠵᠢᠨ ᠪᠠᠶ᠋ᠢᠳᠠᠯ᠎ᠢ ᠬᠢᠨᠠᠨ ᠰᠢᠯᠭ᠋ᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠵᠠᠷᠤᠯᠭ᠎ᠠ ᠨᠡᠮᠡᠭᠳᠡᠬᠦ ᠪᠠ ᠣᠷᠣᠯᠭ᠎ᠠ ᠪᠠᠭᠤᠷᠠᠬᠤ ᠲᠦᠭᠰᠢᠭᠦᠷᠢ ᠵᠢ ᠵᠠᠳᠠᠯᠤᠨ ᠮᠠᠭ᠋ᠠᠳᠯᠠᠨ᠎ᠠ᠃
2. ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠬᠠᠲᠠᠭᠤ ᠵᠠᠷᠤᠯᠭ᠎ᠠ ᠪᠣᠯᠤᠨ ᠥᠷᠢ ᠥᠭᠴᠡᠭᠡ ᠵᠢᠨ ᠪᠠᠶ᠋ᠢᠳᠠᠯ᠎ᠢ ᠬᠢᠨᠠᠨ ᠰᠢᠯᠭ᠋ᠠᠵᠤ᠂ ᠤᠷᠲᠤ ᠬᠤᠭᠤᠴᠠᠭ᠎ᠠ᠎ᠪᠠᠷ ᠡᠪᠡᠳᠴᠢᠯᠡᠭᠰᠡᠨ ᠪᠤᠶᠤ ᠭᠡᠨᠡᠳᠲᠡ ᠵᠢᠨ ᠬᠦᠨᠳᠦ ᠡᠪᠡᠳᠴᠢᠨ᠎ᠤ ᠡᠮ ᠡᠮᠨᠡᠯᠭᠡ ᠵᠢᠨ ᠵᠠᠷᠤᠯᠭ᠎ᠠ ᠵᠢᠨ ᠳᠠᠷᠤᠭ᠋ᠠᠰᠤ ᠬᠡᠲᠦ ᠬᠦᠨᠳᠦ ᠪᠠᠢ᠍ᠶᠬᠤ ᠪᠠ ᠰᠤᠷᠭ᠋ᠠᠨ ᠬᠥᠮᠦᠵᠢᠯ᠎ᠤᠨ ᠵᠠᠷᠤᠯᠭ᠎ᠠ ᠢᠯᠠᠩᠭᠤᠶ᠎ᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠷᠤᠯᠭ᠎ᠠ ᠵᠢᠨ ᠳᠠᠷᠤᠭ᠋ᠠᠰᠤ ᠬᠦᠨᠳᠦ ᠪᠠᠢ᠍ᠢ᠍ᠬᠤ᠂ ᠥᠷᠢ ᠥᠭᠴᠡᠭᠡ ᠵᠢ ᠠᠷᠢᠯᠭ᠋ᠠᠬᠤ ᠴᠢᠳᠠᠯ ᠦᠭᠡᠢ ᠪᠠᠶ᠋ᠢᠬᠤ ᠵᠡᠷᠭᠡ 《ᠬᠣᠶᠠᠷ᠎ᠲᠤ ᠵᠣᠪᠠᠬᠤ ᠦᠭᠡᠢ ᠪᠠᠶ᠋ᠢᠬᠤ》 ᠲᠦᠭᠰᠢᠭᠦᠷᠢ ᠵᠢ ᠴᠠᠭ ᠲᠤᠬᠠᠶ᠎ᠳᠤᠨᠢ ᠢᠯᠡᠷᠡᠬᠦᠯᠦᠨ᠎ᠡ᠃
(ᠭᠤᠷᠪᠠ) ᠠᠶᠤᠯ ᠦᠭᠡᠶ ᠤᠰᠤ ᠤᠮᠳᠠ ᠵᠢᠴᠢ 《ᠭᠤᠷᠪᠠᠨ ᠪᠠᠲᠤᠯᠠᠭ᠎ᠠ》 ᠵᠢᠨ ᠬᠢᠨᠠᠨ ᠰᠢᠯᠭ᠋ᠠᠯᠳᠠ
ᠠᠶᠤᠯ ᠦᠭᠡᠢ ᠤᠰᠤ ᠤᠮᠳᠠ ᠵᠢᠨ ᠪᠠᠢ᠍ᠢ᠍ᠳᠠᠯ᠎ᠤᠨ ᠬᠤᠪᠢᠷᠠᠯᠲᠠ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤ ᠦᠶ᠎ᠠ ᠵᠢᠨ ᠰᠤᠷᠤᠯᠭ᠎ᠠ ᠠᠯᠳᠠᠵᠤ ᠰᠤᠷᠤᠯᠭ᠎ᠠ᠎ᠪᠠᠨ ᠳᠣᠷᠭᠣᠨ ᠵᠣᠭᠰᠣᠭᠰᠠᠨ ᠪᠠᠢ᠍ᠢ᠍ᠳᠠᠯ᠂ ᠭᠡᠷ ᠪᠦᠯᠢ ᠵᠢᠨ ᠪᠦᠷᠢᠯᠳᠦᠬᠦᠨ᠎ᠤ ᠡᠪᠡᠳᠴᠢᠯᠡᠭᠰᠡᠨ ᠪᠠᠢ᠍ᠢ᠍ᠳᠠᠯ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠳᠤ ᠣᠷᠣᠯᠴᠠᠭᠰᠠᠨ ᠪᠠᠢ᠍ᠢ᠍ᠳᠠᠯ᠂ ᠠᠶᠤᠯ ᠦᠭᠡᠢ ᠣᠷᠣᠨ ᠰᠠᠭᠤᠴᠠ ᠵᠢᠨ ᠪᠠᠢ᠍ᠢ᠍ᠳᠠᠯ᠎ᠤᠨ ᠬᠤᠪᠢᠷᠠᠯᠲᠠ ᠵᠡᠷᠭᠡ ᠲᠦᠭᠰᠢᠭᠦᠷᠢ ᠵᠢ ᠬᠢᠨᠠᠨ ᠰᠢᠯᠭ᠋ᠠᠨ᠎ᠠ᠃
( ᠲᠦᠷᠪᠡ) ᠠᠵᠤ ᠦᠢ᠍ᠯᠡᠰ᠎ᠤᠨ ᠠᠵᠢᠯ ᠣᠯᠭᠣᠯᠲᠠ ᠵᠢ ᠬᠢᠨᠠᠨ ᠰᠢᠯᠭ᠋ᠠᠬᠤ
1. ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ ᠣᠷᠣᠰᠢᠵᠤ ᠪᠠᠶ᠋ᠢᠭ᠎ᠠ ᠪᠠᠶ᠋ᠢᠭ᠋ᠠᠯᠢ ᠵᠢᠨ ᠭᠠᠮᠰᠢᠭ᠂ ᠠᠵᠤ ᠦᠶᠯᠡᠰ᠎ᠤᠨ ᠰᠣᠩᠭᠣᠯᠲᠠ ᠵᠦᠶ ᠵᠣᠬᠢᠰ ᠦᠭᠡᠶ᠂ ᠡᠵᠡᠩᠨᠡᠯᠲᠡ᠎ᠨᠢ ᠮᠠᠭᠤ᠂ ᠵᠠᠬ᠎ᠠ ᠳᠡᠯᠭᠡᠭᠦᠷ᠎ᠤᠨ ᠬᠡᠯᠪᠡᠯᠳᠡ ᠵᠡᠷᠭᠡ᠎ᠠᠴᠠ ᠪᠣᠯᠵᠤ ᠠᠵᠤ ᠦᠶᠯᠡᠰ᠎ᠤᠨ ᠬᠥᠭᠵᠢᠯᠲᠡ ᠢᠯᠠᠭᠳᠠᠬᠤ ᠲᠦᠭᠰᠢᠭᠦᠷᠢ ᠵᠢ ᠬᠢᠨᠠᠨ ᠰᠢᠯᠭ᠋ᠠᠨ᠎ᠠ᠃
2. ᠠᠵᠢᠯ ᠬᠢᠵᠦ ᠠᠵᠢᠯ ᠣᠯᠭᠣᠬᠤ ᠶᠠᠪᠤᠴᠠ᠎ᠳᠤ ᠣᠷᠣᠰᠢᠵᠤ ᠪᠠᠶ᠋ᠢᠭ᠎ᠠ ᠠᠵᠢᠯ ᠣᠯᠭᠣᠬᠤ ᠠᠵᠢᠯ᠎ᠤᠨ ᠪᠠᠶ᠋ᠢᠷᠢ ᠪᠠᠭ᠋ᠠᠰᠤᠭᠰᠠᠨ᠂ ᠬᠥᠳᠡᠯᠮᠦᠷᠢᠯᠡᠬᠦ ᠴᠢᠳᠠᠪᠤᠷᠢ ᠪᠠᠭᠤᠷᠠᠭᠰᠠᠨ ᠵᠡᠷᠭᠡ᠎ᠠᠴᠠ ᠪᠣᠯᠵᠤ ᠠᠵᠢᠯ ᠠᠯᠳᠠᠬᠤ ᠲᠦᠭᠰᠢᠭᠦᠷᠢ᠎ᠳᠤ ᠬᠢᠨᠠᠯᠳᠠ ᠬᠢᠨ᠎ᠡ᠃
ᠲᠠᠪᠤ᠂ ᠬᠢᠨᠠᠨ ᠰᠢᠯᠭ᠋ᠠᠬᠤ ᠠᠷᠭ᠎ᠠ ᠮᠠᠶᠢᠭ
ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠵᠡᠷᠭᠡ᠎ᠪᠡᠷ ᠬᠢᠨᠠᠨ ᠰᠢᠯᠭ᠋ᠠᠬᠤ ᠠᠷᠭ᠎ᠠ ᠮᠠᠶᠢᠭ᠎ᠢ ᠠᠪᠴᠤ᠂ ᠬᠢᠨᠠᠨ ᠬᠡᠮᠵᠢᠬᠦ ᠡᠲᠡᠭᠡᠳ᠎ᠢ ᠤᠯᠠᠷᠢᠯ ᠪᠦᠷᠢ ᠨᠢᠭᠡ ᠤᠳᠠᠭ᠎ᠠ ᠬᠢᠨᠠᠨ ᠰᠢᠯᠭ᠋ᠠᠨ᠎ᠠ᠃
(ᠨᠢᠭᠡ) ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠠᠰᠢᠭᠯᠠ ᠲᠣᠭ᠎ᠠ ᠪᠠᠷᠢᠮᠲᠠ᠎ᠳᠤ ᠬᠥᠳᠡᠯᠦᠩᠭᠦᠶ ᠬᠢᠨᠠᠨ ᠰᠢᠯᠭ᠋ᠠᠯᠳᠠ ᠬᠢᠨ᠎ᠡ᠃ ᠡᠯ᠎ᠡ ᠱᠠᠲᠤᠨ᠎ᠤ ᠶᠠᠳᠠᠭᠤ ᠵᠢ ᠲᠡᠳᠬᠦᠬᠦ ᠰᠠᠯᠠᠭ᠎ᠠ ᠮᠥᠴᠢᠷ᠎ᠤᠳ ᠪᠦᠬᠦ ᠤᠯᠤᠰ᠎ᠤᠨ ᠶᠠᠳᠠᠭᠤ ᠵᠢ ᠲᠡᠳᠬᠦᠬᠦ ᠨᠡᠬᠡᠬᠡᠯᠳᠡ ᠵᠢᠨ ᠮᠡᠳᠡᠭᠡ ᠵᠠᠩᠭᠢ ᠵᠢᠨ ᠰᠢᠰᠲ᠋ᠧᠮ ᠪᠣᠯᠤᠨ ᠥᠪᠡᠷᠲᠡᠭᠡᠨ ᠵᠠᠰᠠᠬᠤ ᠣᠷᠣᠨ᠎ᠤ ᠤᠨᠢᠨ ᠳᠡᠬᠡᠷ᠎ᠡ᠎ᠨᠢ ᠶᠠᠳᠠᠭᠤ ᠵᠢ ᠲᠡᠳᠬᠦᠬᠦ ᠲᠣᠮᠣ ᠲᠣᠭ᠎ᠠ ᠪᠠᠷᠢᠮᠲᠠ ᠵᠢᠨ ᠲᠠᠪᠴᠠᠩ᠎ᠢ ᠠᠰᠢᠭᠯᠠ᠂ ᠬᠢᠨᠠᠨ ᠰᠢᠯᠭ᠋ᠠᠬᠤ ᠡᠲᠡᠭᠡᠳ᠎ᠤᠨ ᠣᠷᠣᠯᠭ᠎ᠠ ᠪᠣᠯᠤᠨ 《ᠬᠣᠶᠠᠷ᠎ᠲᠤ ᠵᠣᠪᠠᠬᠤ ᠦᠭᠡᠢ᠂ ᠭᠤᠷᠪᠠ ᠵᠢ ᠪᠠᠲᠤᠯᠠᠬᠤ》 ᠲᠣᠭ᠎ᠠ ᠪᠠᠷᠢᠮᠲᠠ ᠵᠢᠨ ᠮᠡᠳᠡᠭᠡ ᠵᠠᠩᠭᠢ᠎ᠳᠤ ᠬᠥᠳᠡᠯᠦᠩᠭᠦᠶ ᠬᠢᠨᠠᠨ ᠰᠢᠯᠭ᠋ᠠᠯᠳᠠ ᠬᠢᠨ᠎ᠡ᠃ ᠬᠢᠨᠠᠨ ᠬᠡᠮᠵᠢᠬᠦ ᠡᠲᠡᠭᠡᠳ᠎ᠤᠨ ᠣᠷᠣᠯᠭ᠎ᠠ ᠵᠢᠨ ᠪᠦᠲᠦᠴᠡ ᠪᠠ ᠲᠣᠭᠲᠠᠪᠤᠷᠢᠲᠤ ᠴᠢᠨᠠᠷ᠂ ᠶᠠᠳᠠᠭᠤ᠎ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠬᠦᠷᠲᠡᠬᠦ ᠵᠦᠶ ᠵᠣᠬᠢᠰᠲᠠᠶ ᠪᠠᠢ᠍ᠢ᠍ᠳᠠᠯ᠎ᠳᠤ ᠭᠣᠤᠯᠳᠠᠯᠭ᠎ᠠ᠎ᠲᠠᠢ ᠵᠠᠳᠠᠯᠤᠯᠲᠠ ᠬᠢᠵᠦ᠂ ᠲᠣᠭ᠎ᠠ ᠪᠠᠷᠢᠮᠲᠠ ᠵᠢᠨ ᠵᠠᠳᠠᠯᠤᠯᠲᠠ᠎ᠪᠠᠷ ᠳᠠᠮᠵᠢᠨ ᠣᠷᠣᠰᠢᠵᠤ ᠮᠡᠳᠡᠬᠦ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠵᠢ ᠡᠷᠢᠨ᠎ᠡ᠃
(ᠬᠣᠶᠠᠷ) ᠱᠠᠳᠤ ᠬᠤᠪᠢᠶᠠᠨ ᠲᠣᠭ᠎ᠠ ᠪᠠᠷᠢᠮᠲᠠ ᠵᠢ ᠬᠠᠷᠢᠴᠠᠭᠤᠯᠤᠨ ᠬᠠᠷᠭᠤᠭᠤᠯᠤᠨ᠎ᠠ᠃ ᠬᠣᠰᠢᠭᠤ ᠰᠢᠶᠠᠨ ᠱᠠᠲᠤ ᠬᠤᠪᠢᠶᠠᠨ ᠬᠠᠷᠢᠴᠠᠭᠤᠯᠬᠤ ᠠᠷᠭ᠎ᠠ ᠵᠢ ᠠᠪᠴᠤ᠂ ᠬᠢᠨᠠᠨ ᠰᠢᠯᠭ᠋ᠠᠭᠰᠠᠨ ᠡᠲᠡᠭᠡᠳ᠎ᠤᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠡᠷᠡᠭᠦᠯ ᠬᠠᠮᠠᠭ᠋ᠠᠯᠠᠯ᠂ ᠡᠮ ᠡᠮᠨᠡᠯᠭᠡ ᠵᠢᠨ ᠳᠠᠭ᠋ᠠᠳᠬᠠᠯ᠂ ᠠᠷᠠᠳ᠎ᠤᠨ ᠶᠠᠪᠤᠳᠠᠯ ᠵᠡᠷᠭᠡ ᠠᠵᠢᠯ ᠲᠥᠷᠥᠯ᠎ᠤᠨ ᠰᠠᠯᠠᠭ᠎ᠠ ᠮᠥᠴᠢᠷ᠎ᠯᠦᠭᠡ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠴᠠᠭᠤᠯᠤᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠳᠤ ᠣᠷᠣᠯᠴᠠᠭᠰᠠᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠭᠰᠡᠨ ᠵᠡᠷᠭᠡ ᠪᠠᠶ᠋ᠢᠳᠠᠯ᠎ᠢ ᠡᠵᠡᠮᠰᠢᠵᠦ᠂ ᠡᠮ ᠡᠮᠨᠡᠯᠭᠡ ᠵᠢᠨ ᠳᠠᠭ᠋ᠠᠳᠬᠠᠯ ᠲᠤᠰᠢᠶᠠᠭᠰᠠᠨ ᠦᠭᠡᠢ᠂ ᠦᠨᠳᠦᠰᠦᠨ ᠵᠦᠶᠯ ᠵᠶ᠋ᠠᠷ ᠡᠷᠦᠬᠡ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠭᠰᠡᠨ ᠦᠭᠡᠢ ᠵᠡᠷᠭᠡ ᠪᠠᠢ᠍ᠢ᠍ᠳᠠᠯ᠎ᠳᠤ ᠵᠠᠳᠠᠯᠤᠯᠲᠠ ᠬᠢᠵᠦ ᠰᠡᠷᠡᠮᠵᠢᠯᠡᠭᠦᠯᠬᠦ ᠬᠡᠷᠡᠭᠲᠡᠶ᠃
(ᠭᠤᠷᠪᠠ) ᠲᠤᠬᠠᠶ ᠵᠢᠨ ᠭᠠᠵᠠᠷ᠎ᠲᠤᠨᠢ ᠬᠢᠨᠠᠨ ᠰᠢᠯᠭ᠋ᠠᠬᠤ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃ ᠬᠣᠶᠠᠷ ᠲᠠᠯ᠎ᠠ᠎ᠪᠠᠷ ᠵᠶ᠋ᠠᠨ ᠬᠢᠨᠠᠨ ᠬᠡᠮᠵᠢᠬᠦ ᠠᠷᠭ᠎ᠠ ᠮᠠᠶᠢᠭ᠎ᠢ ᠠᠪᠬᠤ ᠬᠡᠷᠡᠭᠲᠡᠶ᠂ ᠨᠢᠭᠡ᠎ᠳᠤ ᠬᠢᠨᠠᠨ ᠬᠡᠮᠵᠢᠬᠦ ᠡᠲᠡᠭᠡᠳ᠎ᠨᠢ ᠬᠢᠨᠠᠨ ᠬᠡᠮᠵᠢᠬᠦ ᠭᠣᠤᠯ ᠴᠣᠭᠴᠠ᠎ᠳᠤ ᠭᠡᠷ ᠪᠦᠯᠢ ᠵᠢᠨ ᠴᠢᠬᠤᠯᠠ ᠶᠡᠬᠡ ᠬᠤᠪᠢᠷᠠᠯᠲᠠ ᠭᠠᠷᠤᠭᠰᠠᠨ᠎ᠠᠴᠠ ᠪᠣᠯᠵᠤ 《ᠬᠣᠶᠠᠷ᠎ᠲᠤ ᠵᠣᠪᠠᠬᠤ ᠦᠭᠡᠢ᠂ ᠭᠤᠷᠪᠠ ᠵᠢ ᠪᠠᠲᠤᠯᠠᠬᠤ》 ᠪᠠ ᠣᠷᠣᠯᠭ᠎ᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠲᠤᠰᠬᠠᠬᠤ ᠬᠡᠷᠡᠭᠲᠡᠶ᠃ ᠬᠣᠶᠠᠷ᠎ᠲᠤ ᠰᠤᠮᠤ ᠰᠢᠶᠠᠩ ᠪᠠᠯᠭ᠋ᠠᠰᠤ᠎ᠠᠴᠠ ᠬᠢᠨᠠᠨ ᠬᠡᠮᠵᠢᠬᠦ ᠭᠣᠤᠯ ᠴᠣᠭᠴᠠ ᠵᠢ ᠵᠣᠬᠢᠶᠠᠨ ᠪᠠᠶ᠋ᠢᠭᠤᠯᠵᠤ᠂ ᠤᠯᠠᠷᠢᠯ ᠪᠦᠷᠢ ᠬᠢᠨᠠᠨ ᠬᠡᠮᠵᠢᠬᠦ ᠡᠲᠡᠭᠡᠳ᠎ᠤᠨ 《ᠬᠣᠶᠠᠷ᠎ᠲᠤ ᠵᠣᠪᠠᠬᠤ ᠦᠭᠡᠢ᠂ ᠭᠤᠷᠪᠠ ᠵᠢ ᠪᠠᠲᠤᠯᠠᠬᠤ》 ᠵᠢᠴᠢ ᠣᠷᠣᠯᠭ᠍ ᠠ ᠵᠢᠨ ᠪᠠᠢ᠍ᠳᠠᠯ᠎ᠳᠤ ᠬᠢᠨᠠᠨ ᠬᠡᠮᠵᠢᠯᠲᠡ ᠬᠢᠨ᠎ᠡ᠃ ᠶᠠᠳᠠᠭᠤᠷᠠᠬᠤ ᠠᠶᠤᠯ ᠲᠦᠭᠰᠢᠭᠦᠷᠢ ᠵᠢᠨ ᠴᠡᠭ᠎ᠢ ᠴᠠᠭ ᠲᠤᠬᠠᠶ᠎ᠳᠤᠨᠢ ᠢᠯᠡᠷᠡᠭᠦᠯᠦᠨ᠎ᠡ᠃ ᠬᠢᠨᠠᠨ ᠰᠢᠯᠭ᠋ᠠᠬᠤ ᠡᠲᠡᠭᠡᠳ᠎ᠤᠨ ᠲᠤᠰᠬᠠᠭᠰᠠᠨ ᠪᠠ ᠡᠷᠦᠬᠡ᠎ᠳᠤ ᠬᠦᠷᠴᠦ ᠬᠢᠨᠠᠨ ᠰᠢᠯᠭ᠋ᠠᠭᠰᠠᠨ ᠪᠠᠢ᠍ᠢ᠍ᠳᠠᠯ᠎ᠲᠠᠢ ᠤᠶᠠᠯᠳᠤᠭᠤᠯᠵᠤ᠂ ᠬᠣᠰᠢᠭᠤ ᠰᠢᠶᠠᠨ᠎ᠤ ᠶᠠᠳᠠᠭᠤ ᠵᠢ ᠲᠡᠳᠬᠦᠬᠦ ᠰᠠᠯᠠᠭ᠎ᠠ ᠮᠥᠴᠢᠷ ᠬᠢᠨᠠᠨ ᠬᠡᠮᠵᠢᠭᠰᠡᠨ ᠡᠲᠡᠭᠡᠳ᠎ᠤᠨ ᠬᠤᠪᠢᠷᠠᠯᠲᠠ᠎ᠲᠠᠢ ᠮᠡᠳᠡᠭᠡ ᠵᠠᠩᠭᠢ ᠵᠢ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠵᠢᠨ ᠰᠢᠰᠲ᠋ᠧᠮ᠎ᠳᠤ ᠴᠠᠭ ᠲᠤᠬᠠᠶ᠎ᠳᠤᠨᠢ ᠰᠢᠨᠡᠳᠬᠡᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ᠎ᠳᠤ ᠲᠣᠬᠢᠷᠠᠭᠤᠯᠤᠯᠲᠠ ᠬᠢᠵᠦ᠂ ᠲᠡᠷᠡᠴᠢᠯᠡᠨ ᠲᠦᠭᠰᠢᠭᠦᠷᠢ ᠵᠢᠨ ᠳᠡᠰ᠎ᠢ ᠤᠷᠢᠳᠴᠢᠯᠠᠨ ᠰᠡᠷᠡᠮᠵᠢᠯᠡᠭᠦᠯᠬᠦ ᠬᠡᠪᠴᠢᠶᠡᠨ᠎ᠳᠤ ᠤᠷᠤᠭᠤᠯᠤᠨ ᠮᠠᠭ᠋ᠠᠳᠯᠠᠯᠳᠠ ᠬᠢᠨ᠎ᠡ᠃
ᠵᠢᠷᠭᠤᠭ᠎ᠠ᠂ ᠰᠡᠷᠡᠮᠵᠢᠯᠡᠭᠦᠯᠬᠦ ᠠᠷᠭ᠎ᠠ ᠮᠠᠶᠢᠭ
(ᠨᠢᠭᠡ) ᠱᠠᠳᠤ ᠬᠤᠪᠢᠶᠠᠨ ᠰᠡᠷᠡᠮᠵᠢᠯᠡᠭᠦᠯᠬᠦ ᠲᠣᠭᠲᠠᠴᠠ ᠵᠢ ᠪᠠᠢ᠍ᠢ᠍ᠭᠤᠯᠤᠨ᠎ᠠ᠃
ᠥᠪᠡᠷᠲᠡᠭᠡᠨ ᠵᠠᠰᠠᠬᠤ ᠣᠷᠣᠨ ᠲᠣᠮᠣ ᠳ᠋ᠠᠶ᠋ᠢᠲ᠋ᠠ ᠵᠢᠨ ᠲᠠᠪᠴᠠᠩ ᠳᠡᠭᠡᠷ᠎ᠡ ᠨᠢᠭᠡᠳᠦᠯᠲᠡᠶ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠤᠷᠢᠳᠴᠢᠯᠠᠨ ᠰᠡᠷᠡᠮᠵᠢᠯᠡᠭᠦᠯᠬᠦ ᠬᠡᠰᠡᠭ ᠨᠡᠮᠡᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠵᠢᠨ ᠬᠦᠨᠳᠦ ᠨᠣᠴᠢᠲᠠᠶ ᠬᠡᠮᠵᠢᠶ᠎ᠡ ᠵᠢ ᠦᠨᠳᠦᠰᠦᠯᠡᠨ ᠬᠢᠨᠠᠨ ᠰᠢᠯᠭ᠋ᠠᠬᠤ ᠡᠲᠡᠭᠡᠳ᠎ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠵᠢ 3 ᠳᠡᠰ ᠬᠤᠪᠢᠶᠠᠵᠤ᠂ ᠲᠥᠷᠥᠯ ᠬᠤᠪᠢᠶᠠᠨ ᠬᠠᠮᠢᠶᠠᠷᠬᠤ᠃
1. ᠤᠯᠠᠭ᠋ᠠᠨ ᠥᠩᠭᠡ ᠵᠢᠨ ᠰᠡᠷᠡᠮᠵᠢᠯᠡᠭᠦᠯᠦᠯ᠃ ᠭᠣᠤᠯᠳᠠᠭᠤ ᠬᠥᠳᠡᠯᠮᠦᠷᠢᠯᠡᠬᠦ ᠴᠢᠳᠠᠪᠤᠷᠢ᠎ᠪᠠᠨ ᠪᠦᠷᠢᠮᠦᠰᠦᠨ ᠠᠯᠳᠠᠵᠤ᠂ ᠠᠳᠠᠯᠢ ᠬᠤᠭᠤᠴᠠᠭ᠋ᠠᠨ᠎ᠤ ᠭᠡᠷ ᠪᠦᠯᠢ ᠵᠢᠨ ᠣᠷᠣᠯᠭ᠎ᠠ ᠢᠯᠡᠳᠲᠡ ᠪᠠᠭ᠋ᠠᠰᠴᠤ᠂ ᠡᠪᠡᠳᠴᠢᠨ ᠡᠮᠭᠡᠭ᠂ ᠭᠠᠶ ᠭᠠᠮᠰᠢᠭ᠂ ᠪᠠᠢ᠍ᠢ᠍ᠭ᠋ᠠᠯᠢ ᠵᠢᠨ ᠭᠠᠮᠰᠢᠭ᠂ ᠰᠤᠷᠭ᠋ᠠᠭᠤᠯᠢ ᠵᠡᠷᠭᠡ ᠣᠨᠴᠠᠭ᠋ᠠᠶ ᠰᠢᠯᠲᠠᠭ᠋ᠠᠨ᠎ᠠᠴᠠ ᠪᠣᠯᠵᠣ ᠨᠡᠯᠢᠶᠡᠳ ᠶᠡᠬᠡ ᠵᠠᠷᠤᠯᠭ᠎ᠠ ᠭᠠᠷᠴᠤ᠂ ᠬᠡᠷ ᠪᠦᠯᠢ ᠵᠢᠨ ᠣᠷᠣᠯᠭ᠎ᠠ ᠵᠢᠨ ᠵᠢᠱ᠌ᠢᠯᠲᠡ᠎ᠨᠢ ᠶᠠᠳᠠᠭᠤ ᠬᠦᠴᠢᠷᠳᠡᠯ᠎ᠢ ᠢᠯᠭ᠋ᠠᠬᠤ ᠪᠠᠷᠢᠮᠵᠢᠶ᠎ᠠ᠎ᠠᠴᠠ ᠳᠣᠤᠷ᠎ᠠ ᠪᠣᠯᠤᠭᠰᠠᠨ ᠪᠤᠶᠤ 《ᠬᠣᠶᠠᠷ᠎ᠲᠤ ᠵᠣᠪᠠᠬᠤ ᠥᠬᠡᠶ᠂ ᠭᠤᠷᠪᠠ ᠵᠢ ᠪᠠᠲᠤᠯᠠᠬᠤ》᠎ᠨᠢ ᠪᠦᠲᠦᠮᠵᠢᠲᠡᠶ ᠪᠠᠲᠤᠯᠠᠭ᠎ᠠ ᠥᠬᠡᠶ ᠪᠤᠯᠤᠭᠰᠠᠨ ᠶᠠᠳᠠᠭᠤ᠎ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠪᠠ ᠶᠠᠳᠠᠭᠤᠷᠠᠯ᠎ᠳᠤ ᠬᠠᠪᠢᠳᠠᠭᠰᠠᠨ ᠡᠷᠦᠬᠡ ᠪᠤᠯᠤᠨ᠎ᠠ᠃
2. ᠰᠢᠷ᠎ᠠ ᠥᠩᠭᠡ ᠵᠢᠨ ᠰᠡᠷᠡᠮᠵᠢᠯᠡᠭᠦᠯᠦᠯ᠃ ᠡᠭᠦᠨ᠎ᠳᠤ ᠭᠣᠣᠯᠳᠠᠭᠤ ᠬᠡᠰᠡᠭ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ᠂ ᠠᠳᠠᠯ ᠦᠢ᠍ᠯᠡᠰ ᠪᠦᠲᠦᠭᠡᠬᠦ ᠴᠢᠳᠠᠪᠤᠷᠢ ᠦᠭᠡᠢ᠂ ᠣᠷᠳᠣ ᠬᠤᠭᠤᠴᠠᠭ᠎ᠠ᠎ᠪᠠᠷ ᠲᠣᠭᠲᠠᠪᠤᠷᠢᠲᠠᠶ ᠠᠵᠢᠯ ᠣᠯᠵᠤ ᠳᠡᠶ᠋ᠢᠯᠬᠦ ᠥᠬᠡᠶ᠂ ᠲᠣᠭᠲᠠᠭᠤᠨ ᠣᠷᠣᠯᠭ᠎ᠠ ᠵᠢᠨ ᠢᠷᠡᠯᠲᠡ ᠥᠬᠡᠶ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠶᠠᠳᠠᠭᠤᠷᠠᠯ᠎ᠳᠤ ᠬᠠᠪᠢᠳᠠᠭᠰᠠᠨ ᠡᠷᠦᠬᠡ᠃
3. ᠬᠥᠬᠡ ᠥᠩᠭᠡ ᠵᠢᠨ ᠰᠡᠷᠡᠮᠵᠢᠯᠡᠭᠦᠯᠦᠯ᠃ ᠡᠭᠦᠨ᠎ᠳᠤ ᠭᠣᠤᠯᠳᠠᠭᠤ ᠡᠪᠡᠳᠴᠢᠨ ᠵᠡᠷᠭᠡ ᠰᠢᠯᠲᠠᠭ᠋ᠠᠨ᠎ᠠᠴᠠ ᠪᠤᠯᠵᠤ ᠬᠥᠳᠡᠯᠮᠦᠷᠢᠯᠡᠬᠦ ᠴᠢᠳᠠᠪᠤᠷᠢ᠎ᠪᠠᠨ ᠲᠦᠷ ᠠᠯᠳᠠᠵᠤ᠂ ᠣᠷᠣᠯᠭ᠎ᠠ ᠵᠢᠨ ᠢᠷᠡᠯᠲᠡ᠎ᠨᠢ ᠲᠣᠭᠲᠠᠭᠤᠨ ᠪᠤᠰᠤ ᠪᠠᠶ᠋ᠢᠬᠤ; ᠳᠣᠲᠣᠭ᠋ᠠᠳᠤ ᠬᠥᠭᠵᠢᠯᠲᠡ ᠵᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠦᠢ᠍ᠯᠡᠰ ᠪᠤᠰᠬᠠᠬᠤ ᠰᠡᠳᠬᠢᠮᠵᠢ ᠲᠣᠳᠣᠷᠬᠠᠢ ᠦᠭᠡᠢ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠶᠠᠳᠠᠭᠤᠷᠠᠯ᠎ᠳᠤ ᠬᠠᠪᠢᠳᠠᠭᠰᠠᠨ ᠡᠷᠦᠬᠡ ᠪᠣᠯᠤᠨ᠎ᠠ᠃
(ᠬᠣᠶᠠᠷ) ᠬᠢᠨᠠᠨ ᠰᠢᠯᠭ᠋ᠠᠬᠤ ᠡᠲᠡᠭᠡᠳ᠎ᠤᠨ ᠬᠥᠳᠡᠯᠦᠯ ᠪᠠᠶ᠋ᠢᠳᠠᠯ᠎ᠤᠨ ᠬᠠᠮᠢᠶᠠᠷᠤᠯᠲᠠ
1. ᠲᠡᠰ᠎ᠤᠨ ᠬᠥᠳᠡᠯᠦᠩᠭᠦᠶ ᠬᠠᠮᠢᠶᠠᠷᠤᠯᠲᠠ᠃ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠯᠭ᠋ᠠᠬᠤ᠎ᠪᠠᠷ ᠳᠠᠮᠵᠢᠨ᠂ ᠬᠢᠨᠠᠨ ᠰᠢᠯᠭ᠋ᠠᠬᠤ ᠡᠲᠡᠭᠡᠳ᠎ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠵᠢᠨ ᠵᠡᠷᠭᠡ ᠳᠡᠰ᠎ᠲᠤ ᠬᠥᠳᠡᠯᠦᠩᠭᠦᠶ ᠬᠠᠮᠢᠶᠠᠷᠤᠯᠲᠠ ᠬᠢᠨ᠎ᠡ᠃ ᠵᠠᠷᠤᠯᠭ᠎ᠠ᠎ᠨᠢ ᠦᠷᠭᠦᠯᠵᠢᠯᠡᠨ ᠨᠡᠮᠡᠭᠳᠡᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠦᠷᠭᠦᠯᠵᠢᠯᠡᠨ ᠨᠡᠮᠡᠭᠳᠡᠭᠰᠡᠨ ᠪᠠᠶ᠋ᠢᠪᠠᠯ᠂ ᠲᠣᠮᠣ ᠳ᠋ᠠᠶ᠋ᠢᠲ᠋ᠠ ᠵᠢᠨ ᠲᠠᠪᠴᠠᠩ᠎ᠨᠢ ᠤᠷᠢᠳᠴᠢᠯᠠᠨ ᠰᠡᠷᠡᠮᠵᠢᠯᠡᠭᠦᠯᠬᠦ ᠳᠡᠰ᠎ᠢ ᠳᠡᠭᠡᠭᠰᠢᠯᠡᠭᠦᠯᠬᠦ ᠵᠢᠨ ᠬᠠᠮᠲᠤ ᠦᠨᠳᠦᠰᠦᠨ ᠱᠠᠲᠤᠨ᠎ᠳᠤ ᠬᠠᠨᠳᠤᠯᠭ᠋ᠠᠲᠤ ᠴᠢᠨᠠᠷᠲᠠᠶ᠎ᠪᠠᠷ ᠬᠠᠪᠰᠤᠷᠤᠨ ᠲᠡᠳᠬᠦᠬᠦ ᠵᠢ ᠰᠠᠨᠠᠭᠤᠯᠤᠨ᠎ᠠ᠃ ᠬᠠᠪᠰᠤᠷᠤᠨ ᠲᠡᠳᠬᠦᠬᠦ ᠪᠠ ᠲᠣᠰ ᠪᠡᠶ᠎ᠡ ᠵᠢᠨ ᠬᠥᠭᠵᠢᠯᠲᠡ ᠵᠢᠨ ᠠᠮᠢᠳᠤᠷᠠᠯ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠦᠷᠭᠦᠯᠵᠢᠯᠡᠨ ᠪᠠᠭᠤᠷᠠᠭᠰᠠᠨ ᠪᠠᠶ᠋ᠢᠪᠠᠯ᠂ ᠲᠣᠮᠣ ᠳ᠋ᠠᠶ᠋ᠢᠲ᠋ᠠ ᠵᠢᠨ ᠲᠠᠪᠴᠠᠩ᠎ᠨᠢ ᠤᠷᠢᠳᠴᠢᠯᠠᠨ ᠰᠡᠷᠡᠮᠵᠢᠯᠡᠭᠦᠯᠬᠦ ᠳᠡᠰ᠎ᠢ ᠪᠠᠭᠤᠷᠠᠭᠤᠯᠤᠨ᠎ᠠ᠃ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠠᠷᠢᠯᠤᠭᠰᠠᠨ ᠪᠠᠶ᠋ᠢᠪᠠᠯ᠂ ᠲᠣᠮᠣ ᠳ᠋ᠠᠶ᠋ᠢᠲ᠋ᠠ ᠵᠢᠨ ᠲᠠᠪᠴᠠᠩ ᠤᠷᠢᠳᠴᠢᠯᠠᠨ ᠰᠡᠷᠡᠮᠵᠢᠯᠡᠭᠦᠯᠬᠦ ᠵᠢ ᠬᠦᠴᠦᠨ ᠥᠬᠡᠶ ᠪᠣᠯᠭ᠋ᠠᠨ᠎ᠠ᠃
2. ᠬᠢᠨᠠᠨ ᠰᠢᠯᠭ᠋ᠠᠬᠤ ᠡᠲᠡᠭᠡᠳ᠎ᠤᠨ ᠬᠥᠳᠡᠯᠦᠩᠭᠦᠶ ᠬᠠᠮᠢᠶᠠᠷᠤᠯᠲᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ ᠵᠢ ᠲᠡᠳᠬᠦᠬᠦ ᠠᠯᠪᠠᠨ ᠭᠡᠷ᠎ᠤᠨ ᠨᠢᠭᠡᠳᠦᠯᠲᠡᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ ᠪᠣᠯᠤᠨ ᠣᠨ᠎ᠤ ᠶᠠᠳᠠᠭᠤ ᠬᠦᠴᠢᠷᠳᠡᠯᠲᠡᠶ ᠳᠡᠳᠬᠦᠬᠦ ᠡᠲᠡᠭᠡᠳ᠎ᠤᠨ ᠬᠥᠳᠡᠯᠦᠩᠭᠦᠶ ᠬᠠᠮᠢᠶᠠᠷᠤᠯᠲᠠ ᠵᠢᠨ ᠠᠵᠢᠯ᠎ᠲᠠᠢ ᠤᠶᠠᠯᠳᠤᠭᠤᠯᠤᠨ᠂ ᠬᠢᠵᠢᠭ᠎ᠤᠨ ᠨᠥᠯᠥᠭᠡ᠎ᠠᠴᠠ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠰᠢᠨ᠎ᠡ᠎ᠪᠠᠷ ᠪᠤᠢ ᠪᠣᠯᠤᠭᠰᠠᠨ ᠮᠠᠯᠵᠢᠬᠤ ᠲᠠᠷᠢᠶᠠᠯᠠᠬᠤ ᠡᠷᠦᠬᠡ ᠪᠣᠯᠤᠨ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢ ᠴᠠᠭ ᠲᠤᠬᠠᠶ᠎ᠳᠤᠨᠢ ᠬᠢᠨᠠᠨ ᠰᠢᠯᠭ᠋ᠠᠬᠤ ᠡᠲᠡᠭᠡᠳ ᠪᠣᠯᠭ᠋ᠠᠨ ᠢᠯᠭ᠋ᠠᠨ ᠳᠠᠨᠢᠵᠤ᠂ ᠬᠢᠨᠠᠨ ᠰᠢᠯᠭ᠋ᠠᠵᠤ ᠰᠡᠷᠡᠮᠵᠢᠯᠡᠭᠦᠯᠬᠦ ᠬᠡᠪᠴᠢᠶᠡᠨ᠎ᠳᠤ ᠣᠷᠣᠭᠤᠯᠬᠤ ᠵᠢᠨ ᠬᠠᠮᠲᠤ ᠬᠠᠨᠳᠤᠯᠭ᠎ᠠ᠎ᠲᠠᠢ ᠬᠠᠪᠰᠤᠷᠤᠨ ᠳᠡᠳᠬᠦᠨ᠎ᠠ᠃
ᠳᠣᠯᠣᠭ᠎ᠠ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ
(ᠨᠢᠭᠡ) ᠠᠵᠤ ᠦᠶᠯᠡᠰ ᠵᠶ᠋ᠠᠷ ᠬᠠᠪᠰᠤᠷᠤᠨ ᠲᠡᠳᠬᠦᠨ᠎ᠡ᠃ ᠠᠵᠤ ᠦᠢ᠍ᠯᠡᠰ᠎ᠢ ᠬᠥᠭᠵᠢᠭᠦᠯᠬᠦ ᠨᠥᠬᠥᠴᠡᠯ᠎ᠢ ᠪᠦᠷᠢᠯᠳᠦᠭᠦᠯᠦᠭᠰᠡᠨ ᠬᠢᠨᠠᠨ ᠰᠢᠯᠭ᠋ᠠᠬᠤ ᠡᠲᠡᠭᠡᠳ᠎ᠲᠤ᠂ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠵᠢᠭᠡᠯᠡᠯᠭᠡ ᠵᠢᠨ ᠳᠡᠮ ᠬᠦᠤ᠂ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ ᠵᠡᠷᠭᠡ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ᠎ᠳᠤ ᠣᠷᠣᠭᠤᠯᠤᠨ ᠳᠡᠮᠵᠢᠯᠭᠡ ᠦᠵᠡᠭᠦᠯᠵᠦ᠂ ᠳᠠᠭ᠋ᠠᠭᠤᠯᠤᠭᠴᠢ ᠠᠵᠤ ᠠᠬᠤᠶ᠋ᠢᠯᠠᠯ᠂ ᠲᠤᠰᠬᠠᠶ ᠠᠵᠢᠯ᠎ᠤᠨ ᠬᠣᠷᠰᠢᠶ᠎ᠠ᠂ ᠶᠠᠳᠠᠭᠤ ᠬᠦᠴᠢᠷᠳᠡᠯᠲᠡᠶ ᠲᠣᠰᠬᠣᠨ᠎ᠤ ᠠᠵᠢᠯ ᠦᠶᠯᠡᠰ ᠴᠤᠭᠴᠠᠯᠠᠵᠤ ᠪᠠᠶᠠᠵᠢᠨ ᠴᠢᠨᠡᠭᠡᠯᠢᠭᠵᠢᠬᠦ ᠳᠠᠭ᠋ᠠᠭᠤᠯᠤᠭᠴᠢ ᠵᠡᠷᠭᠡ ᠵᠢ ᠳᠠᠶ᠋ᠢᠴᠢᠯᠠᠨ ᠦᠶᠯᠡᠳᠪᠦᠷᠢᠯᠡᠯ᠎ᠢ᠎ᠨᠢ ᠬᠥᠭᠵᠢᠭᠦᠯᠦᠨ᠎ᠡ᠃
(ᠬᠣᠶᠠᠷ) ᠠᠵᠢᠯ ᠣᠯᠭᠣᠯᠲᠠ᠎ᠪᠠᠷ ᠬᠠᠪᠰᠤᠷᠤᠨ ᠲᠡᠳᠬᠦᠨ᠎ᠡ᠃ ᠬᠥᠳᠡᠯᠮᠦᠷᠢᠯᠡᠬᠦ ᠴᠢᠳᠠᠪᠤᠷᠢ᠎ᠲᠠᠢ ᠬᠢᠨᠠᠨ ᠰᠢᠯᠭ᠋ᠠᠬᠤ ᠡᠲᠡᠭᠡᠳ᠎ᠲᠤ ᠰᠦᠶᠳᠬᠡᠯ ᠬᠤᠷᠢᠶᠠᠬᠤ ᠦᠭᠡᠶ᠎ᠪᠠᠷ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ ᠬᠠᠩᠭ᠋ᠠᠵᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ᠃ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ᠎ᠢ ᠤᠷᠢᠳᠠᠪᠠᠷ ᠲᠣᠬᠢᠷᠠᠭᠤᠯᠵᠤ᠂ ᠬᠥᠳᠡᠯᠮᠦᠷᠢ ᠦᠶᠯᠡᠴᠢᠯᠡᠭᠡ᠎ᠪᠠᠷ ᠶᠠᠳᠠᠭᠤ ᠵᠢ ᠲᠡᠳᠬᠦᠬᠦ ᠬᠠᠮᠵᠢᠯᠴᠠᠭ᠎ᠠ᠎ᠪᠠᠷ ᠳᠠᠮᠵᠢᠭᠤᠯᠤᠨ᠂ ᠲᠡᠳᠡᠨ᠎ᠢ ᠬᠠᠪᠰᠤᠷᠴᠤ ᠪᠠᠶ᠋ᠢᠭ᠋ᠠᠳ ᠰᠢᠯᠵᠢᠭᠦᠯᠦᠨ ᠠᠵᠢᠯ ᠣᠯᠭᠣᠵᠤ᠂ ᠶᠠᠳᠠᠭᠤ ᠵᠢ ᠲᠡᠳᠬᠦᠬᠦ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠠᠵᠢᠯ ᠣᠯᠭᠣᠯᠲᠠ ᠵᠢ ᠵᠣᠷᠢᠭᠵᠢᠭᠤᠯᠤᠨ᠎ᠠ᠃ ᠶᠠᠳᠠᠭᠤ ᠵᠢ ᠲᠡᠳᠬᠦᠬᠦ ᠦᠶᠯᠡᠳᠪᠦᠷᠢ ᠵᠢᠨ ᠲᠠᠰᠤᠭ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠡᠷᠭᠡ ᠲᠤᠰ ᠭᠠᠵᠠᠷ᠎ᠤᠨ ᠤᠢ᠍ᠢ᠍ᠷ᠎ᠠ ᠬᠠᠪᠢ᠎ᠳᠠᠭᠠᠨ ᠠᠵᠢᠯ ᠤᠯᠬᠤ ᠲᠣᠬᠢᠶᠠᠯ᠎ᠢ ᠥᠷᠭᠡᠳᠬᠡᠨ ᠲᠥᠪᠬᠢᠨᠡᠭᠦᠯᠵᠦ ᠠᠵᠢᠯ ᠣᠯᠭᠣᠨ᠎ᠠ᠃ ᠬᠢᠨᠠᠨ ᠰᠢᠯᠭ᠋ᠠᠬᠤ ᠡᠲᠡᠭᠡᠳ᠎ᠤᠨ ᠬᠥᠳᠡᠭᠡ ᠲᠣᠰᠬᠣᠨ᠎ᠤ ᠲᠥᠷᠥᠯ ᠵᠦᠶᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠠᠵᠢᠯ ᠬᠢᠵᠦ ᠠᠵᠢᠯ ᠣᠯᠵᠤ ᠣᠷᠣᠯᠭ᠎ᠠ ᠵᠢ᠎ᠨᠢ ᠨᠡᠮᠡᠭᠳᠡᠬᠦᠯᠦᠨ᠎ᠡ᠃
(ᠭᠤᠷᠪᠠ) ᠶᠡᠷᠦᠩᠬᠡᠶ᠋ᠢᠯᠡᠨ ᠪᠠᠲᠤᠯᠠᠨ᠎ᠠ᠃ ᠬᠥᠳᠡᠯᠮᠦᠷᠢᠯᠡᠬᠦ ᠴᠢᠳᠠᠪᠤᠷᠢ ᠦᠭᠡᠢ ᠬᠢᠨᠠᠨ ᠰᠢᠯᠭ᠋ᠠᠬᠤ ᠡᠲᠡᠭᠡᠳ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ᠎ᠤᠨ ᠳᠠᠭ᠋ᠠᠳᠬᠠᠯ ᠪᠣᠯᠤᠨ ᠣᠨᠴᠠ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠶᠡᠷᠦᠩᠬᠡᠶ᠋ᠢᠯᠡᠭᠰᠡᠨ ᠴᠢᠨᠠᠷᠲᠠᠶ ᠨᠡᠶ᠋ᠢᠭᠡᠮ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠠᠲᠤᠯᠠᠪᠠᠰᠤ ᠵᠣᠬᠢᠬᠤ ᠪᠦᠬᠦᠨ᠎ᠢ ᠪᠠᠲᠤᠯᠠᠬᠤ ᠵᠢ ᠦᠨᠡᠨ ᠬᠦ᠌ ᠪᠠᠲᠤᠯᠠᠨ᠎ᠠ᠃ ᠡᠪᠡᠳᠴᠢᠨ ᠡᠮᠬᠡᠭ᠂ ᠵᠡᠮᠳᠡᠭ᠂ ᠭᠠᠮᠰᠢᠭ᠎ᠠᠴᠠ ᠪᠣᠯᠵᠤ ᠰᠠᠨᠠᠮᠰᠠᠷ ᠦᠭᠡᠢ ᠳᠠᠬᠢᠨ ᠶᠠᠳᠠᠭᠤᠷᠠᠬᠤ ᠪᠤᠶᠤ ᠶᠠᠳᠠᠭᠤᠷᠠᠭᠰᠠᠨ ᠭᠡᠷ ᠪᠦᠯᠢ᠎ᠳᠤ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠪᠠ ᠵᠡᠮᠳᠡᠭᠴᠦᠳ᠂ ᠭᠠᠶ ᠭᠠᠮᠰᠢᠭ᠂ ᠲᠦᠷ ᠴᠠᠭ ᠠᠪᠤᠷᠠᠨ ᠲᠤᠰᠠᠯᠠᠬᠤ ᠵᠡᠷᠭᠡ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠨᠠᠢ᠍ᠢ᠍ᠳᠠᠪᠤᠷᠢᠵᠢᠭᠤᠯᠵᠤ᠂ ᠲᠡᠳᠡᠨ᠎ᠤ ᠦᠨᠳᠦᠰᠦᠨ ᠠᠮᠢᠳᠤᠷᠠᠯ᠎ᠢ ᠪᠠᠳᠤᠯᠠᠨ᠎ᠠ᠃
(ᠲᠦᠷᠪᠡ) ᠢᠳᠡᠬᠡᠯ ᠵᠤᠷᠢᠭ ᠪᠠ ᠤᠶᠤᠨ ᠤᠬᠠᠭ᠋ᠠᠨ᠎ᠢ ᠳᠡᠳᠬᠦᠨ᠎ᠡ᠃ ᠬᠢᠨᠠᠨ ᠰᠢᠯᠭ᠋ᠠᠬᠤ ᠡᠲᠡᠭᠡᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠦᠢ᠍ᠯᠡᠳᠪᠦᠷᠢᠯᠡᠯ ᠪᠠ ᠠᠵᠢᠯ ᠣᠯᠭᠣᠯᠲᠠ᠎ᠪᠠᠷ ᠳᠠᠮᠵᠢᠭᠤᠯᠤᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠨ ᠪᠠᠶᠠᠵᠢᠭᠰᠠᠨ ᠬᠢᠨᠠᠨ ᠬᠡᠮᠵᠢᠬᠦ ᠡᠲᠡᠭᠡᠳ᠎ᠲᠤ ᠡᠳ᠋ ᠪᠣᠳᠠᠰ᠎ᠤᠨ ᠱᠠᠩᠨᠠᠯ ᠪᠠ ᠤᠶᠤᠨ ᠰᠠᠨᠠᠭ᠋ᠠᠨ᠎ᠤ ᠵᠣᠷᠢᠭᠵᠢᠭᠤᠯᠤᠯ ᠦᠵᠡᠭᠦᠯᠬᠦ ᠵᠢ ᠬᠠᠶ᠋ᠢᠨ ᠰᠦᠪᠡᠭᠴᠢᠯᠡᠨ᠎ᠡ᠃ ᠲᠣᠰᠬᠣᠨ᠎ᠤ ᠰᠤᠷᠲᠠᠯ ᠪᠣᠯᠪᠠᠰᠤᠨ᠎ᠤ ᠪᠠᠶ᠋ᠢᠭᠤᠯᠤᠯᠲᠠ ᠵᠢ ᠢᠳᠡᠪᠬᠢᠲᠡᠢ ᠥᠷᠨᠢᠭᠦᠯᠵᠦ᠂ ᠲᠣᠰᠬᠣᠨ᠎ᠤ ᠳᠦᠷᠢᠮ ᠠᠷᠠᠳ᠎ᠤᠨ ᠭᠡᠷ᠎ᠡ ᠵᠢᠨ ᠦᠶᠯᠡᠳᠦᠯ᠎ᠢ ᠪᠠᠳᠠᠷᠠᠭᠤᠯᠵᠤ᠂ ᠨᠠᠰᠤᠲᠠᠨ ᠵᠶ᠋ᠠᠨ ᠠᠴᠢᠯᠠᠨ ᠲᠡᠵᠢᠭᠡᠬᠦ᠂ ᠵᠡᠮᠳᠡᠭᠴᠦᠳ᠎ᠢ ᠠᠰᠠᠷᠠᠨ ᠲᠡᠵ ᠢᠬᠦ ᠵᠢ ᠰᠠᠨᠠᠭ᠋ᠠᠴᠢᠯᠠᠬᠤ ᠬᠡᠷᠡᠭᠲᠡᠶ᠃
(ᠲᠠᠪᠤ) ᠪᠤᠰᠤᠳ ᠪᠠᠢ᠍ᠢ᠍ᠳᠠᠯ ᠵᠶ᠋ᠠᠷ ᠬᠠᠪᠰᠤᠷᠤᠨ ᠲᠡᠳᠬᠦᠨ᠎ᠡ᠃ ᠡᠯ᠎ᠡ ᠭᠠᠵᠠᠷ᠎ᠤᠨ᠎ᠬᠢᠨ᠎ᠤ ᠬᠠᠪᠰᠤᠷᠤᠨ ᠲᠡᠳᠬᠦᠬᠦ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ 《ᠶᠠᠳᠠᠭᠤ ᠬᠦᠴᠢᠷᠳᠡᠯ᠎ᠠᠴᠠ ᠰᠡᠷᠭᠡᠶ᠋ᠢᠯᠡᠨ ᠬᠠᠮᠠᠭ᠋ᠠᠯᠠᠬᠤ》 ᠠᠷᠭ᠎ᠠ ᠬᠡᠮᠵᠢᠶ᠎ᠡ ᠠᠪᠬᠤ ᠵᠢ ᠵᠣᠷᠢᠭᠵᠢᠭᠤᠯᠵᠤ᠂ ᠨᠡᠶ᠋ᠢᠭᠡᠮ᠎ᠤᠨ ᠬᠠᠪᠰᠤᠷᠤᠨ ᠲᠡᠳᠬᠦᠬᠦ ᠪᠡᠯᠡ ᠮᠥᠩᠭᠥ ᠵᠢ ᠣᠯᠠᠨ ᠠᠷᠭ᠎ᠠ ᠵᠠᠮ ᠵᠶ᠋ᠠᠷ ᠴᠤᠭᠯᠠᠭᠤᠯᠵᠤ᠂ ᠬᠢᠨᠠᠨ ᠰᠢᠯᠭ᠋ᠠᠬᠤ ᠡᠲᠡᠭᠡᠳ᠎ᠲᠤ ᠳᠠᠭ᠋ᠠᠳᠬᠠᠯ ᠬᠤᠳᠠᠯᠳᠤᠨ ᠠᠪᠴᠤ᠂ ᠠᠮᠢᠳᠤᠷᠠᠯ ᠦᠢ᠍ᠯᠡᠳᠪᠦᠷᠢᠯᠡᠯ᠎ᠤᠨ ᠠᠶᠤᠯ ᠲᠦᠭᠰᠢᠭᠦᠷᠢ ᠵᠢ ᠴᠠᠭ᠎ᠲᠤ ᠬᠠᠶ᠎ᠳᠤᠨᠢ ᠠᠷᠢᠯᠭ᠋ᠠᠬᠤ ᠬᠡᠷᠡᠭᠲᠡᠶ᠃ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠨ ᠶᠠᠳᠠᠭᠤ ᠵᠢ ᠲᠡᠳᠬᠦᠵᠦ ᠬᠦᠴᠢᠷᠳᠡᠯ᠎ᠢ ᠲᠤᠰᠠᠯᠠᠬᠤ ᠠᠵᠢᠯ᠎ᠳᠤ ᠣᠷᠣᠯᠴᠠᠭᠤᠯᠵᠤ᠂ ᠬᠡᠷᠡᠭᠯᠡᠭᠡᠨ ᠵᠶ᠋ᠠᠷ ᠶᠠᠳᠠᠭᠤ ᠵᠢ ᠲᠡᠳᠬᠦᠬᠦ ᠪᠠ ᠵᠠᠬᠢᠶᠠᠯᠠᠭ᠎ᠠ ᠵᠢᠨ ᠲᠠᠷᠢᠶᠠᠯᠠᠩ ᠵᠶ᠋ᠠᠷ ᠶᠠᠳᠠᠭᠤ ᠵᠢ ᠲᠡᠳᠬᠦᠬᠦ ᠵᠢ ᠬᠡᠷᠡᠭᠵᠢᠭᠦᠯᠵᠦ᠂ ᠬᠢᠨᠠᠨ ᠰᠢᠯᠭ᠋ᠠᠬᠤ ᠡᠲᠡᠭᠡᠳ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠷᠣᠯᠠᠭᠤᠯᠬᠤ ᠵᠠᠮ᠎ᠢ ᠥᠷᠭᠡᠳᠬᠡᠵᠦ᠂ ᠬᠢᠨᠠᠨ ᠰᠢᠯᠭ᠋ᠠᠬᠤ ᠡᠲᠡᠭᠡᠳ᠎ᠤᠨ ᠣᠷᠣᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃
ᠨᠠᠢ᠍ᠮᠠ᠂ ᠠᠵᠢᠯ᠎ᠤᠨ ᠱᠠᠭ᠋ᠠᠷᠳᠠᠯᠭ᠎ᠠ
(ᠨᠢᠭᠡ) ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠨᠤᠭᠤᠳ ᠰᠢᠨ᠎ᠡ᠎ᠪᠠᠷ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢᠬᠢᠨ ᠠᠨ ᠬᠡᠮᠵᠢᠬᠦ ᠠᠵᠢᠯ᠎ᠢ ᠳᠡᠭᠡᠰᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠠᠴᠠᠭ᠎ᠠ ᠲᠣᠰᠬᠣᠨ᠎ᠤ ᠬᠣᠶᠠᠷ ᠵᠥᠪᠯᠡᠯ᠎ᠤᠨ ᠤᠳᠤᠷᠢᠳᠬᠤ ᠪᠠᠭ᠂ ᠨᠢᠭᠡᠳᠦᠭᠡᠷ ᠱᠦᠵᠢ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭ᠋ᠠᠲᠠᠨ᠎ᠤ ᠠᠵᠢᠯ᠎ᠤᠨ ᠢᠳᠡᠪᠬᠢᠵᠢᠯ᠎ᠢ ᠭᠦᠶᠴᠡᠳ ᠳᠠᠶ᠋ᠢᠴᠢᠯᠠᠵᠤ᠂ ᠬᠢᠨᠠᠨ ᠰᠢᠯᠭ᠋ᠠᠬᠤ ᠡᠲᠡᠭᠡᠳ᠎ᠲᠤ ᠡᠳᠦᠷ ᠲᠤᠲᠤᠮ᠎ᠤᠨ ᠬᠢᠨᠠᠨ ᠰᠢᠯᠭ᠋ᠠᠬᠤ ᠠᠵᠢᠯ᠎ᠢ ᠲᠤᠰᠬᠠᠶ ᠬᠥᠮᠦᠨ ᠵᠶ᠋ᠠᠷ ᠪᠣᠳᠠᠲᠠᠶ ᠬᠠᠷᠢᠭᠤᠴᠠᠭᠤᠯᠬᠤ ᠵᠢ ᠦᠨᠡᠨᠬᠦ ᠪᠠᠳᠤᠯᠠᠨ᠎ᠠ᠃ ᠬᠢᠨᠠᠨ ᠰᠢᠯᠭ᠋ᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠰᠢᠯᠭ᠋ᠠᠬᠤ ᠵᠠᠷᠤᠳᠠᠯ ᠪᠣᠯᠤᠨ ᠠᠯᠪᠠᠨ ᠠᠵᠢᠯ᠎ᠤᠨ ᠪᠡᠯᠡᠳᠬᠡᠮᠵᠢ ᠵᠢ ᠪᠠᠲᠤᠯᠠᠵᠤ᠂ ᠬᠢᠨᠠᠨ ᠬᠡᠮᠵᠢᠬᠦ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠳᠤᠯᠠᠨ᠎ᠠ᠃
(ᠬᠣᠶᠠᠷ) ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠠᠶ᠋ᠢᠮᠠᠭ ᠬᠣᠲᠠ ᠬᠣᠰᠢᠭᠤ ᠰᠢᠶᠠᠨ ᠨᠠᠶ᠋ᠢᠳᠠᠪᠤᠷᠢᠵᠢᠭᠤᠯᠤᠨ ᠠᠳᠬᠤᠬᠤ ᠠᠵᠢᠯ᠎ᠤᠨ ᠲᠣᠭᠲᠠᠴᠠ ᠶᠣᠰᠣᠭ᠋ᠠᠷ᠂ ᠡᠯ᠎ᠡ ᠬᠣᠰᠢᠭᠤ ᠰᠢᠶᠠᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠦᠬᠦ ᠲᠠᠯ᠎ᠠ ᠵᠢᠨ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠵᠡᠷᠭᠡ ᠭᠣᠣᠯᠳᠠᠯᠭ᠎ᠠ᠎ᠲᠠᠢ ᠠᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠪᠠᠶ᠋ᠢᠴᠠᠭ᠋ᠠᠨ ᠬᠠᠷᠭᠤᠭᠤᠯᠬᠤ᠂ ᠮᠡᠳᠡᠭᠡ ᠵᠠᠩᠭᠢ ᠵᠢ ᠰᠢᠩᠭᠡᠭᠡᠨ ᠣᠷᠣᠭᠤᠯᠬᠤ᠂ ᠨᠠᠷᠢᠯᠢᠭ ᠣᠨᠣᠴᠠᠲᠠᠶ᠎ᠪᠠᠷ ᠬᠠᠪᠰᠤᠷᠤᠨ ᠲᠡᠳᠬᠦᠬᠦ᠂ ᠬᠥᠳᠡᠯᠦᠩᠭᠦᠶ᠎ᠪᠠᠷ ᠬᠠᠮᠢᠶᠠᠷᠬᠤ᠂ ᠬᠥᠳᠡᠯᠦᠩᠭᠦᠶ᠎ᠪᠠᠷ ᠬᠢᠨᠠᠨ ᠰᠢᠨᠵᠢᠬᠦ ᠵᠡᠷᠭᠡ ᠠᠵᠢᠯ᠎ᠢ ᠰᠠᠶ᠋ᠢᠲᠤᠷ ᠬᠢᠨ᠎ᠠ᠃ ᠬᠥᠳᠡᠭᠡ ᠲᠣᠰᠬᠣᠨ᠎ᠤ ᠬᠣᠶᠠᠷ ᠱᠠᠲᠤᠨ᠎ᠤ᠎ᠬᠢᠨ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭ᠋ᠠᠲᠠᠨ ᠵᠡᠷᠭᠡ ᠬᠢᠨᠠᠨ ᠰᠢᠯᠭ᠋ᠠᠬᠤ ᠠᠵᠢᠯᠲᠠᠨ᠎ᠢ ᠵᠣᠬᠢᠴᠠᠭᠤᠯᠤᠨ ᠵᠣᠬᠢᠶᠠᠨ ᠪᠠᠶ᠋ᠢᠭᠤᠯᠵᠤ ᠲᠣᠭᠲᠠᠮᠠᠯ ᠬᠤᠭᠤᠴᠠᠭ᠎ᠠ᠎ᠲᠠᠢ᠎ᠪᠠᠷ ᠰᠤᠷᠪᠤᠯᠵᠢᠯᠠᠨ ᠪᠠᠶ᠋ᠢᠴᠠᠭ᠋ᠠᠵᠤ ᠣᠶ᠋ᠢᠯᠠᠭ᠋ᠠᠨ ᠵᠢᠭᠰᠠᠭ᠋ᠠᠵᠤ᠂ ᠮᠠᠭ᠋ᠠᠳᠯᠠᠨ ᠲᠣᠭᠲᠠᠭ᠋ᠠᠬᠤ ᠳᠡᠰ ᠳᠠᠷᠠᠭ᠋ᠠᠯᠠᠯ᠎ᠢ ᠴᠢᠩᠳᠠᠯᠠᠵᠤ᠂ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢᠨ ᠬᠡᠷᠡᠭᠵᠢᠭᠦᠯᠦᠯᠲᠡ ᠵᠢ ᠰᠠᠶ᠋ᠢᠲᠤᠷ ᠠᠳᠬᠤᠨ᠎ᠠ᠃ ᠨᠥᠬᠥᠴᠡᠯ᠎ᠳᠤ ᠨᠡᠶ᠋ᠢᠴᠡᠬᠦ ᠬᠥᠮᠦᠨ ᠠᠮᠠ ᠵᠢ ᠴᠠᠭ ᠲᠤᠬᠠᠶ᠎ᠳᠤᠨᠢ ᠣᠯᠵᠤ ᠮᠡᠳᠡᠨ᠂ ᠴᠠᠭ ᠲᠤᠬᠠᠶ᠎ᠳᠤᠨᠢ ᠤᠷᠤᠭᠤᠯᠵᠤ᠂ ᠴᠠᠭ ᠲᠤᠬᠠᠶ᠎ᠳᠤᠨᠢ ᠬᠠᠪᠰᠤᠷᠤᠨ ᠳᠡᠳᠬᠦᠨ᠎ᠠ᠃ ᠡᠯ᠎ᠡ ᠱᠠᠲᠤᠨ᠎ᠤ ᠶᠠᠳᠠᠭᠤ ᠵᠢ ᠲᠡᠳᠬᠦᠬᠦ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠳᠤᠭ᠎ᠠ ᠪᠠᠷᠢᠮᠳᠠ᠎ᠪᠠᠨ ᠬᠠᠮᠳᠤ᠎ᠪᠠᠷ ᠡᠳ᠋ᠯᠡᠬᠦ ᠵᠢ ᠴᠢᠩᠭ᠋ᠠᠳᠬᠠᠵᠤ᠂ ᠵᠠᠷᠤᠯᠭ᠎ᠠ᠎ᠨᠢ ᠬᠡᠳᠦ ᠨᠡᠮᠡᠭᠳᠡᠵᠦ ᠪᠠᠢ᠍ᠢ᠍ᠬᠤ ᠪᠠ ᠤᠷᠤᠯᠭ᠎ᠠ᠎ᠨᠢ ᠭᠡᠨᠡᠳᠳᠡ᠎ᠪᠠᠷ ᠪᠠᠭᠤᠷᠠᠵᠤ ᠪᠠᠢ᠍ᠢ᠍ᠭ᠎ᠠ ᠬᠡᠷ ᠪᠦᠯᠢ᠎ᠳᠤ ᠴᠠᠭ ᠳᠤᠬᠠᠢ᠎ᠳᠤᠨᠢ ᠤᠷᠢᠳᠴᠢᠯᠡᠨ ᠰᠡᠷᠡᠮᠵᠢᠯᠡᠬᠦᠯᠦᠨ᠎ᠡ᠃
(ᠭᠤᠷᠪᠠ) ᠪᠣᠯᠪᠠᠰᠤᠷᠠᠯ᠎ᠤᠨ ᠵᠢᠯᠣᠭᠣᠳᠣᠯᠭ᠎ᠠ ᠵᠢ ᠴᠢᠩᠭ᠋ᠠᠳᠬᠠᠨ᠎ᠠ᠃ ᠱᠠᠲᠤ ᠬᠤᠪᠢᠶᠠᠨ ᠪᠣᠯᠪᠠᠰᠤᠷᠠᠭᠤᠯᠬᠤ ᠬᠢᠭᠡᠳ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠬᠢᠨᠠᠨ ᠰᠢᠯᠭ᠋ᠠᠬᠤ ᠡᠩᠨᠡᠭᠡᠨ᠎ᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠵᠢᠯᠣᠭᠣᠳᠣᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠠᠶ᠋ᠢᠮᠠᠭ ᠬᠣᠲᠠ᠂ ᠬᠣᠰᠢᠭᠤ ᠰᠢᠶᠠᠨ᠎ᠤ ᠬᠢᠨᠠᠨ ᠰᠢᠯᠭ᠋ᠠᠬᠤ ᠠᠵᠢᠯ᠎ᠤᠨ ᠲᠤᠬᠠᠶ᠋ᠢᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠳᠤ ᠴᠢᠭᠯᠡᠭᠦᠯᠦᠨ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠥᠷᠨᠢᠭᠦᠯᠵᠦ᠂ ᠠᠶ᠋ᠢᠮᠠᠭ ᠬᠣᠲᠠ᠂ ᠬᠣᠰᠢᠭᠤ ᠰᠢᠶᠠᠨ᠎ᠨᠤᠭᠤᠳ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠷᠠᠭᠤᠯᠤᠯ᠎ᠤᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ᠎ᠤ ᠠᠵᠢᠯ᠎ᠤᠨ ᠪᠣᠳᠠᠲᠤ ᠪᠠᠢ᠍ᠢ᠍ᠳᠠᠯ᠎ᠲᠠᠢ ᠤᠶᠠᠯᠳᠤᠭᠤᠯᠤᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠺᠠᠳ᠋ᠷ᠂ ᠲᠣᠰᠬᠣᠨ᠎ᠳᠤ ᠰᠠᠭᠤᠭ᠎ᠠ ᠺᠠᠳ᠋ᠷ ᠪᠣᠯᠤᠨ ᠬᠠᠪᠰᠤᠷᠤᠨ ᠲᠡᠳᠬᠦᠬᠦ ᠺᠠᠳ᠋ᠷ᠎ᠢ ᠪᠣᠯᠪᠠᠰᠤᠷᠠᠭᠤᠯᠬᠤ ᠠᠵᠢᠯ᠎ᠢ ᠲᠤᠰ ᠲᠤᠰ ᠥᠷᠨᠢᠭᠦᠯᠵᠦ᠂ ᠬᠢᠨᠠᠨ ᠬᠡᠮᠵᠢᠬᠦ ᠠᠵᠢᠯᠲᠠᠨ᠎ᠤ ᠲᠥᠷᠥ ᠵᠢᠨ ᠪᠣᠳᠣᠯᠭ᠎ᠠ ᠵᠢᠨ ᠡᠵᠡᠮᠳᠡᠬᠦ ᠴᠢᠳᠠᠪᠤᠷᠢ ᠪᠣᠯᠤᠨ ᠶᠡᠷᠦᠩᠬᠡᠶ᠋ᠢᠯᠡᠨ ᠵᠠᠳᠠᠯᠵᠤ ᠰᠤᠳᠤᠯᠤᠨ ᠮᠠᠭ᠋ᠠᠳᠯᠠᠬᠤ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠬᠡᠭᠰᠢᠯᠡᠬᠦᠯᠦᠨ᠎ᠡ᠃
(ᠳᠥᠷᠪᠡ) ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠬᠢᠨᠠᠨ ᠰᠢᠯᠭ᠋ᠠᠬᠤ ᠡᠲᠡᠭᠡᠳ᠎ᠤᠨ ᠬᠢᠨᠠᠨ ᠬᠡᠮᠵᠢᠭᠰᠡᠨ ᠦᠷ᠎ᠡ ᠳ᠋ᠦᠩ᠎ᠢ ᠴᠠᠭ ᠲᠤᠬᠠᠶ᠎ᠳᠤᠨᠢ ᠬᠠᠮᠢᠶ᠎ᠠ ᠪᠦᠬᠦᠢ ᠠᠵᠢᠯ ᠲᠥᠷᠥᠯ᠎ᠤᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠳᠤ ᠬᠠᠷᠢᠭᠤ ᠲᠤᠰᠬᠠᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠲᠣᠭᠲᠠᠭ᠋ᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠨᠠᠨ ᠬᠡᠮᠵᠢᠭᠰᠡᠨ ᠡᠲᠡᠭᠡᠳ᠎ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ᠎ᠳᠤ ᠴᠢᠭᠯᠡᠭᠦᠯᠦᠨ ᠪᠦᠲᠦᠮᠵᠢᠲᠡᠶ ᠬᠠᠪᠰᠤᠷᠤᠨ ᠲᠡᠳᠬᠦᠵᠦ᠂ ᠦᠨᠳᠦᠰᠦᠨ ᠠᠮᠢᠳᠤᠷᠠᠯ ᠨᠥᠯᠥᠭᠡᠯᠡᠭᠳᠡᠬᠦ ᠦᠭᠡᠢ ᠪᠠᠶ᠋ᠢᠬᠤ ᠵᠢ ᠦᠨᠡᠨᠬᠦ ᠪᠠᠲᠤᠯᠠᠵᠤ᠂ ᠳᠡᠬᠦᠨ᠎ᠤ᠎ᠬᠢ ᠶᠠᠳᠠᠭᠤᠷᠠᠯ᠎ᠠᠴᠠ ᠰᠡᠷᠬᠡᠢ᠍ᠢ᠍ᠯᠡᠨᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠳᠡᠳᠬᠦᠬᠦ ᠨᠡᠬᠡᠬᠡᠯᠳᠡ ᠵᠢᠨ ᠤᠳᠤᠷᠢᠳᠬᠤ ᠳᠤᠭᠤᠶ᠋ᠢᠯᠠᠩ
2020 ᠣᠨ᠎ᠤ 4 ᠰᠠᠷ᠎ᠠ ᠵᠢᠨ 24᠎ᠤ ᠡᠳᠦᠷ