ᠣᠢ᠌ᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ 20 ᠰᠠᠯᠠᠭ᠎ᠠ ᠮᠥᠴᠢᠷ ᠬᠠᠮᠲᠤᠷᠠᠨ 《 ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ 》 ( ᠳᠣᠷᠣᠭᠰᠢ 《 ᠬᠡᠷᠡᠭᠵᠢᠭᠦᠯᠬᠦ ᠰᠠᠨᠠᠯ 》 ᠭᠡᠵᠦ ᠲᠣᠪᠴᠢᠯᠠᠨ᠎ᠠ )᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠣᠨᠳᠣᠣ ᠭᠠᠵᠠᠷ ᠨᠡᠭᠦᠯᠭᠡᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠪᠠᠢ᠌ᠷᠢᠯᠠᠭᠤᠯᠤᠨ ᠂ ᠨᠡᠭᠦᠯᠭᠡᠵᠦ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠪᠡ ᠃
《ᠬᠡᠷᠡᠭᠵᠢᠭᠦᠯᠬᠦ ᠰᠠᠨᠠᠯ》᠎ᠳᠤ ᠲᠣᠳᠣᠷᠬᠠᠢ ᠲᠣᠭᠲᠠᠭ᠋ᠠᠭᠰᠠᠨ᠎ᠨᠢ ᠂ 《ᠲᠥᠪ᠎ᠠᠴᠠ ᠨᠢᠭᠡᠳᠦᠯᠲᠡᠢ ᠲᠥᠯᠥᠪᠯᠡᠵᠦ ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ ᠂ ᠬᠣᠲᠠ ᠰᠢᠶᠠᠨ᠎ᠠᠴᠠ ᠨᠠᠢ᠌ᠳᠠᠪᠤᠷᠢᠵᠢᠭᠤᠯᠤᠯᠲᠠ ᠵᠢ ᠠᠳᠬᠤᠬᠤ》 ᠠᠵᠢᠯ᠎ᠤᠨ ᠲᠣᠭᠲᠠᠴᠠ ᠵᠢ ᠪᠠᠷᠢᠮᠲᠠᠯᠠᠵᠤ ᠂ ᠣᠷᠣᠨ ᠬᠤᠪᠢᠶᠠᠨ ᠲᠥᠷᠥᠯ ᠬᠤᠪᠢᠶᠠᠬᠤ ᠂ ᠨᠠᠷᠢᠯᠢᠭ ᠣᠨᠣᠴᠠᠲᠠᠢ᠎ᠪᠠᠷ ᠲᠥᠷᠥ ᠵᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭ᠋ᠠᠷ ᠂ ᠥᠪᠥᠷ ᠮᠣᠩᠭᠣᠯ᠎ᠤᠨ ᠪᠣᠳᠠᠲᠠᠢ᠎ᠲᠠᠢ ᠤᠶᠠᠯᠳᠤᠭᠤᠯᠤᠨ ᠂ ᠣᠯᠠᠨ ᠠᠷᠭ᠎ᠠ ᠵᠠᠮ ᠵᠶ᠋ᠠᠷ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠵᠢ ᠠᠬᠢᠭᠤᠯᠬᠤ ᠂ ᠠᠵᠤ ᠦᠢ᠍ᠯᠡᠰ᠎ᠤᠨ ᠪᠣᠶ᠋ᠢᠵᠢᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠂ ᠨᠡᠢ᠌ᠭᠡᠮ ᠲᠣᠭᠣᠷᠢᠭ᠎ᠤᠨ ᠬᠠᠮᠢᠶᠠᠷᠤᠯᠲᠠ ᠵᠢ ᠴᠢᠩᠭ᠋ᠠᠳᠬᠠᠬᠤ ᠂ ᠨᠡᠢ᠌ᠭᠡᠮ᠎ᠤᠨ ᠠᠭᠤᠰᠤᠯᠴᠠᠯ᠎ᠢ ᠠᠬᠢᠭᠤᠯᠬᠤ ᠵᠡᠷᠭᠡ ᠲᠤᠰᠬᠠᠢ ᠲᠥᠷᠥᠯ᠎ᠤᠨ ᠲᠥᠷᠥ ᠵᠢᠨ ᠪᠣᠳᠣᠯᠭ᠎ᠠ ᠵᠢ ᠢᠵᠢ ᠪᠦᠷᠢᠳᠦᠭᠦᠯᠦᠨ ᠲᠣᠭᠲᠠᠭ᠋ᠠᠵᠤ ᠂ 《 ᠳᠥᠷᠪᠡᠨ ᠨᠢᠷᠤᠭᠤ ᠨᠠᠢ᠍ᠮᠠᠨ ᠲᠤᠯᠭ᠋ᠠᠭᠤᠷᠢ 》 ᠵᠢᠨ ᠲᠥᠷᠥ ᠵᠢᠨ ᠪᠣᠳᠣᠯᠭ᠎ᠠ ᠵᠢᠨ ᠳᠦᠷᠢᠮ᠎ᠤᠨ ᠰᠢᠰᠲ᠋ᠧᠮᠵᠢ ᠵᠢ ᠪᠠᠢ᠌ᠭᠤᠯᠤᠨ ᠂ ᠣᠷᠣᠨ ᠨᠤᠲᠤᠭ᠎ᠢ ᠦᠨᠳᠦᠰᠦᠯᠡᠬᠦ ᠦᠨᠳᠦᠰᠦ ᠪᠠᠷᠢᠮᠲᠠ᠎ᠲᠠᠢ ᠂ ᠵᠢᠷᠤᠮᠯᠠᠬᠤ ᠳᠦᠷᠢᠮ᠎ᠲᠠᠢ ᠪᠣᠯᠭ᠋ᠠᠪᠠ ᠃
ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠪᠣᠯ ᠬᠣᠢ᠌ᠰᠢᠳᠠ ᠵᠢᠨ ᠲᠡᠳᠬᠦᠨ ᠳᠡᠮᠵᠢᠬᠦ ᠵᠢᠨ ᠵᠠᠩᠭᠢᠯᠠᠭ᠎ᠠ ᠮᠥᠨ᠃ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠲᠠᠯ᠎ᠠ᠎ᠪᠠᠷ ᠂ 《 ᠬᠡᠷᠡᠭᠵᠢᠭᠦᠯᠬᠦ ᠰᠠᠨᠠᠯ 》᠎ᠳᠤ ᠂ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠵᠦ ᠂ ᠲᠣᠮᠣ ᠳᠤᠮᠳᠠ ᠬᠡᠯᠪᠡᠷᠢ ᠵᠢᠨ ᠲᠥᠪᠬᠢᠨᠡᠭᠦᠯᠬᠦ ᠲᠣᠭᠣᠷᠢᠭ᠎ᠲᠤ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠴᠣᠩᠬᠣ ᠭᠠᠷᠭ᠋ᠠᠬᠤ ᠪᠤᠶᠤ ᠣᠢ᠌ᠷ᠎ᠠ ᠬᠠᠪᠢ ᠵᠢᠨ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠂ ᠨᠡᠭᠦᠭᠰᠡᠨ ᠣᠯᠠᠨ ᠲᠦᠮᠡᠨ᠎ᠤ ᠠᠵᠢᠯ ᠣᠯᠵᠤ ᠠᠵᠢᠯ ᠠᠯᠳᠠᠭᠰᠠᠨ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ ᠂ ᠠᠵᠢᠯ ᠣᠯᠭᠣᠯᠲᠠ ᠵᠢᠨ ᠡᠬᠡ ᠲᠠᠩᠰᠠ ᠪᠠᠢ᠌ᠭᠤᠯᠤᠨ ᠂ ᠨᠡᠭᠦᠭᠰᠡᠨ ᠣᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ ᠂ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠵᠡᠷᠭᠡ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠬᠠᠩᠭ᠋ᠠᠨ᠎ᠠ ᠭᠡᠵᠦ ᠳᠤᠷᠠᠳᠤᠨ ᠭᠠᠷᠭ᠋ᠠᠵᠠᠢ ᠃ ᠭᠠᠳᠠᠭᠰᠢ ᠭᠠᠷᠴᠤ ᠠᠵᠢᠯ ᠣᠯᠭᠣᠬᠤ ᠵᠢ ᠥᠷᠭᠡᠳᠬᠡᠨ᠂ ᠪᠡᠭᠡᠵᠢᠩ᠎ᠤᠨ ᠠᠵᠢᠯ ᠲᠥᠷᠥᠯ᠎ᠤᠨ ᠰᠢᠰᠲ᠋ᠧᠮ ᠵᠢᠡᠷ ᠵᠢᠡᠨ ᠬᠠᠪᠰᠤᠷᠤᠨ ᠲᠡᠳᠬᠦᠬᠦ ᠣᠷᠣᠨ᠎ᠢ ᠢᠳᠡᠪᠬᠢᠲᠡᠢ᠎ᠪᠠᠷ ᠵᠣᠯᠭ᠋ᠠᠭᠤᠯᠵᠤ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠵᠣᠯᠭ᠋ᠠᠭᠤᠯᠬᠤ ᠲᠠᠪᠴᠠᠩ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠲᠣᠭᠲᠠᠴᠠ ᠵᠢᠨ ᠦᠢ᠍ᠯᠡᠳᠦᠯ᠎ᠢ ᠢᠳᠡᠪᠬᠢᠲᠡᠢ᠎ᠪᠠᠷ ᠪᠠᠳᠠᠷᠠᠭᠤᠯᠤᠨ᠂ ᠤᠯᠠᠨ ᠨᠡᠢ᠍ᠢ᠍ᠳᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠥᠳᠡᠯᠮᠦᠷᠢ ᠦᠢ᠍ᠯᠡᠴᠢᠯᠡᠭᠡᠨ᠎ᠤ ᠵᠠᠭᠤᠴᠢᠯᠠᠭᠴᠢ ᠵᠡᠷᠭᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠥᠷᠭᠡᠨ ᠵᠢᠡᠷ ᠲᠠᠢ᠍ᠢ᠍ᠴᠢᠯᠠᠨ᠂ ᠨᠡᠭᠦᠯᠭᠡᠭᠰᠡᠨ ᠤᠯᠠᠨ ᠲᠦᠮᠡᠨ᠎ᠢ ᠬᠠᠪᠰᠤᠷᠤᠨ ᠲᠣᠭᠲᠠᠭᠤᠨ ᠵᠢᠡᠷ ᠰᠢᠯᠵᠢᠵᠦ ᠠᠵᠢᠯ ᠣᠯᠭᠣᠬᠤ ᠵᠢ ᠪᠡᠶᠡᠯᠡᠭᠦᠯᠦᠨ᠎ᠡ᠃ ᠣᠢ᠌ᠷ᠎ᠠ ᠬᠠᠪᠢ᠎ᠳᠤᠨᠢ ᠠᠵᠢᠯ ᠣᠯᠭᠣᠬᠤ ᠵᠢ ᠠᠬᠢᠭᠤᠯᠵᠤ ᠂ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ ᠵᠶ᠋ᠡᠷ ᠵᠶ᠋ᠡᠨ ᠬᠠᠪᠰᠤᠷᠤᠨ ᠲᠡᠳᠬᠦᠬᠦ ᠬᠣᠰᠢᠭᠤ ᠰᠢᠶᠠᠨ ( ᠲᠣᠭᠣᠷᠢᠭ )᠎ᠤ ᠲᠥᠪᠬᠢᠨᠡᠭᠦᠯᠬᠦ ᠣᠷᠣᠨ᠎ᠳᠤ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠠᠵᠢᠯ ᠣᠯᠭᠣᠬᠤ ᠬᠡᠷᠡᠭᠴᠡᠭᠡ ᠱᠠᠭ᠋ᠠᠷᠳᠠᠯᠭ᠎ᠠ᠎ᠳᠤ ᠲᠣᠬᠢᠷᠠᠬᠤ ᠬᠥᠳᠡᠯᠮᠦᠷᠢ ᠨᠢᠭᠲᠠᠷᠠᠭᠰᠠᠨ ᠂ ᠠᠮᠢ ᠠᠬᠤᠢ᠎ᠳᠤ ᠨᠥᠬᠥᠷᠰᠡᠭ ᠬᠡᠯᠪᠡᠷᠢ ᠵᠢᠨ ᠲᠥᠷᠥᠯ ᠵᠦᠢ᠍ᠯ ᠪᠤᠶᠤ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ᠎ᠲᠠᠢ ᠢᠳᠡᠪᠬᠢᠲᠡᠢ᠎ᠪᠠᠷ ᠵᠣᠯᠭ᠋ᠠᠭᠤᠯᠵᠤ ᠂ ᠨᠢᠭᠡ ᠪᠦᠯᠦᠭ ᠲᠤᠰᠠᠯᠠᠨ ᠪᠠᠶ᠋ᠢᠭᠤᠯᠬᠤ ᠠᠵᠤ ᠦᠢ᠍ᠯᠡᠰ᠎ᠤᠨ ᠲᠥᠷᠥᠯ ᠵᠦᠢ᠍ᠯ ᠂ ᠠᠵᠤ ᠠᠬᠤᠢ᠌ᠯᠠᠯ᠎ᠤᠨ ᠪᠣᠳᠠᠲᠤ ᠴᠣᠭᠴᠠ ᠵᠢ ᠨᠠᠢ᠌ᠳᠠᠪᠤᠷᠢᠵᠢᠭᠤᠯᠤᠨ ᠂ ᠳᠡᠭᠡᠳᠦ ᠲᠤᠤᠷᠠᠳᠤ ᠤᠷᠤᠰᠬᠠᠯ᠎ᠤᠨ ᠠᠵᠤ ᠠᠬᠤᠢ᠌ᠯᠠᠯ ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢ ᠨᠥᠯᠥᠭᠡᠯᠡᠨ ᠳᠠᠶ᠋ᠢᠴᠢᠯᠠᠵᠤ ᠂ ᠣᠢ᠌ᠷ᠎ᠠ ᠬᠠᠪᠢ᠎ᠳᠤᠨᠢ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠨ᠎ᠡ ᠃ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠵᠢ ᠳᠡᠮᠵᠢᠵᠦ ᠂ ᠨᠡᠭᠦᠯᠭᠡᠭᠰᠡᠨ ᠣᠯᠠᠨ ᠲᠦᠮᠡᠨ᠎ᠤ ᠨᠤᠲᠤᠭ᠎ᠲᠠᠭᠠᠨ ᠪᠤᠴᠠᠵᠤ ᠠᠳᠠᠯ ᠦᠢ᠍ᠯᠡᠰ ᠴᠣᠭᠴᠠᠯᠠᠬᠤ ᠂ ᠲᠤᠬᠠᠢ ᠵᠢᠨ ᠭᠠᠵᠠᠷ᠎ᠲᠤᠨᠢ ᠠᠳᠠᠯ ᠦᠢ᠍ᠯᠡᠰ ᠴᠣᠭᠴᠠᠯᠠᠬᠤ ᠵᠢ ᠳᠡᠮᠵᠢᠵᠦ ᠂ ᠮᠡᠳᠡᠭᠡ ᠵᠠᠩᠭᠢ ᠨᠡᠢ᠌ᠲᠡᠯᠡᠬᠦ ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠴᠢᠩᠭ᠋ᠠᠷᠠᠭᠤᠯᠤᠨ ᠂ ᠭᠠᠢ᠌ᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠂ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ ᠵᠢᠨ ᠵᠢᠭᠡᠯᠡᠯᠭᠡ ᠂ ᠨᠢᠭᠡ ᠤᠳᠠᠭ᠎ᠠ ᠵᠢᠨ ᠴᠢᠨᠠᠷᠲᠠᠢ ᠠᠳᠠᠯ ᠦᠢ᠍ᠯᠡᠰ ᠴᠣᠭᠴᠠᠯᠠᠬᠤ ᠨᠥᠬᠥᠪᠦᠷᠢ ᠪᠠ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ ᠃ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ ᠂ ᠣᠯᠠᠨ ᠲᠦᠮᠡᠨ᠎ᠢ ᠨᠡᠭᠦᠯᠭᠡᠨ ᠠᠵᠢᠯ ᠣᠯᠭᠣᠬᠤ᠎ᠳᠤ ᠲᠣᠬᠢᠷᠠᠬᠤ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠪᠠ ᠰᠢᠨ᠎ᠡ ᠠᠵᠢᠯ ᠮᠡᠷᠭᠡᠵᠢᠯ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠪᠣᠯᠪᠠᠰᠤᠷᠠᠭᠤᠯᠤᠯ᠎ᠢ ᠥᠷᠨᠢᠭᠦᠯᠵᠦ ᠂ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠮᠵᠢᠯᠴᠠᠬᠤ ᠲᠣᠭᠲᠠᠴᠠ᠎ᠪᠠᠷ ᠳᠠᠮᠵᠢᠭᠤᠯᠤᠨ ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠂ 〈 ᠵᠠᠯᠠᠵᠤ ᠠᠪᠴᠢᠷᠠᠬᠤ 〉 〈 ᠭᠠᠳᠠᠭᠰᠢ ᠭᠠᠷᠬᠤ 〉 ᠠᠷᠭ᠎ᠠ ᠮᠠᠶᠢᠭ᠎ᠢ ᠠᠪᠴᠤ ᠂ ᠴᠡᠭ ᠪᠠ ᠴᠡᠭ ᠵᠢᠡᠷ ᠲᠥᠪᠬᠢᠨᠡᠭᠦᠯᠬᠦ ᠲᠣᠭᠣᠷᠢᠭ᠎ᠲᠤ ᠪᠣᠯᠪᠠᠰᠤᠷᠠᠭᠤᠯᠤᠯ᠎ᠤᠨ ᠦᠢ᠍ᠯᠡᠴᠢᠯᠡᠭᠡ ᠬᠠᠩᠭ᠋ᠠᠨ᠎ᠠ ᠃
ᠠᠵᠤ ᠦᠢ᠍ᠯᠡᠰ᠎ᠢ ᠬᠥᠭᠵᠢᠭᠦᠯᠬᠦ ᠪᠣᠯ ᠦᠷᠭᠦᠯᠵᠢᠯᠡᠨ ᠲᠡᠳᠬᠦᠨ ᠳᠡᠮᠵᠢᠬᠦ ᠵᠢᠨ ᠦᠨᠳᠦᠰᠦ ᠮᠥᠨ᠃ ᠠᠵᠤ ᠦᠢ᠍ᠯᠡᠰ᠎ᠢ ᠪᠣᠢ᠌ᠵᠢᠭᠤᠯᠬᠤ ᠲᠠᠯ᠎ᠠ᠎ᠪᠠᠷ ᠂ 《ᠬᠡᠷᠡᠭᠵᠢᠭᠦᠯᠬᠦ ᠰᠠᠨᠠᠯ》᠎ᠳᠤ ᠴᠢᠬᠤᠯᠠᠴᠢᠯᠠᠭᠰᠠᠨ᠎ᠨᠢ ᠂ ᠲᠥᠪᠬᠢᠨᠡᠭᠦᠯᠬᠦ ᠣᠷᠣᠨ᠎ᠤ ᠡᠷᠭᠢᠨ ᠲᠣᠭᠣᠷᠢᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠬᠦᠴᠦᠷᠬᠡᠭᠵᠢᠭᠦᠯᠵᠦ ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠢ ᠵᠢᠯᠣᠭᠣᠳᠤᠨ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠢ᠍ᠯᠡᠰ᠎ᠤᠨ ᠰᠠᠭᠤᠷᠢ᠎ᠳᠤ ᠲᠦᠰᠢᠭᠯᠡᠵᠦ ᠂ ᠨᠥᠬᠥᠴᠡᠯ᠎ᠲᠠᠢ ᠬᠣᠲᠠ ᠪᠠᠯᠭ᠋ᠠᠰᠤ ᠵᠢᠨ ᠲᠥᠪᠬᠢᠨᠡᠭᠦᠯᠬᠦ ᠲᠣᠭᠣᠷᠢᠭ᠎ᠤᠨ ᠳᠡᠭᠡᠭᠰᠢᠯᠡᠯᠲᠡ ᠵᠢ ᠳᠡᠮᠵᠢᠵᠦ ᠂ ᠨᠢᠭᠡ ᠪᠦᠯᠦᠭ ᠢᠵᠢ ᠪᠦᠷᠢᠳᠦᠭᠰᠡᠨ ᠭᠠᠷᠤᠯᠲᠠ ᠵᠢᠨ ᠣᠷᠣᠨ᠎ᠤ ᠬᠦᠷᠢᠶᠡᠯᠡᠩ ᠲᠣᠭᠣᠷᠢᠭ ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠥᠮᠥᠷᠭᠡᠯᠡᠨ ᠬᠠᠳᠠᠭ᠋ᠠᠯᠠᠵᠤ ᠰᠢᠨ᠎ᠡ ᠰᠣᠷᠭᠣᠭ ᠪᠠᠢ᠌ᠯᠭ᠋ᠠᠬᠤ ᠬᠦᠢ᠍ᠲᠡᠨ ᠬᠡᠯᠬᠢᠶᠡᠨ᠎ᠤ ᠰᠠᠭᠤᠷᠢᠨ ᠭᠠᠵᠠᠷ᠎ᠢ ᠰᠢᠨ᠎ᠡ᠎ᠪᠠᠷ ᠮᠠᠯᠵᠢᠬᠤ ᠲᠠᠷᠢᠶᠠᠯᠠᠬᠤ ᠣᠷᠣᠨ᠎ᠤ ᠲᠥᠪᠬᠢᠨᠡᠭᠦᠯᠬᠦ ᠣᠷᠣᠨ᠎ᠤ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠂ ᠬᠡᠷᠡᠯ ᠸᠣᠯᠲ ᠂ ᠵᠢᠭᠤᠯᠴᠢᠯᠠᠯ ᠂ ᠡᠯᠧᠺᠲᠷᠣᠨ ᠬᠤᠳᠠᠯᠳᠤᠭ᠎ᠠ ᠂ ᠠᠮᠢ ᠠᠬᠤᠢ ᠂ ᠬᠦᠷᠢᠶ᠎ᠡ ᠬᠠᠰᠢᠶ᠎ᠠ ᠵᠢᠨ ᠠᠵᠤ ᠠᠬᠤᠢ ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ ᠠᠵᠤ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠂ ᠨᠥᠬᠥᠴᠡᠯ᠎ᠲᠠᠢ ᠲᠥᠪᠬᠢᠨᠡᠭᠦᠯᠬᠦ ᠣᠷᠣᠨ᠎ᠤ ᠦᠵᠡᠮᠵᠢ ᠵᠢᠨ ᠲᠠᠷᠢᠶᠠᠯᠠᠩ ᠂ ᠲᠣᠭᠣᠷᠢᠨ ᠦᠵᠡᠵᠦ ᠪᠡᠶᠡᠴᠢᠯᠡᠨ ᠣᠢ᠌ᠯᠠᠭ᠋ᠠᠬᠤ ᠂ ᠰᠣᠶᠣᠯ᠎ᠤᠨ ᠰᠡᠯᠡᠭᠦᠴᠡᠯ ᠂ ᠡᠷᠡᠭᠦᠯ ᠵᠶ᠋ᠡᠷ ᠪᠡᠶ᠎ᠡ ᠰᠤᠪᠢᠯᠠᠬᠤ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠬᠥᠭᠵᠢᠭᠦᠯᠬᠦ ᠵᠢ ᠳᠡᠮᠵᠢᠨ᠎ᠡ ᠃ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠲᠤᠰᠠᠯᠠᠬᠤ ᠠᠵᠤ ᠦᠢ᠍ᠯᠡᠰ᠎ᠤᠨ ᠬᠠᠮᠵᠢᠯᠴᠠᠭ᠎ᠠ ᠵᠢ ᠲᠡᠭᠦᠯᠳᠡᠷᠵᠢᠭᠦᠯᠵᠦ᠂ ᠪᠡᠭᠡᠵᠢᠩ ᠬᠤᠳᠠ᠎ᠯᠤᠭ᠎ᠠ ᠪᠦᠬᠦ ᠲᠠᠯ᠎ᠠ᠎ᠪᠠᠷ ᠵᠣᠯᠭ᠋ᠠᠭᠤᠯᠬᠤ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠠᠮᠲᠤᠷᠠᠯᠴᠠᠭ᠎ᠠ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ᠂ ᠴᠢᠳᠠᠪᠤᠷᠢᠲᠠᠨ᠎ᠤ ᠰᠣᠯᠢᠯᠴᠠᠭ᠎ᠠ ᠵᠡᠷᠭᠡ ᠡᠷᠴᠢᠮ ᠵᠶ᠋ᠡᠨ ᠴᠢᠩᠭ᠋ᠠᠷᠠᠭᠤᠯᠵᠤ᠂ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠭᠥᠯᠢᠶᠡᠨ ᠠᠪᠴᠤ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠪᠦᠬᠦ ᠲᠠᠯ᠎ᠠ ᠵᠢᠨ᠂ ᠤᠯᠠᠨ ᠲᠡᠰ ᠳᠠᠪᠬᠤᠷᠭ᠎ᠠ ᠵᠢᠨ᠂ ᠥᠷᠭᠡᠨ ᠬᠦᠷᠢᠶᠡᠨ᠎ᠤ ᠬᠠᠮᠵᠢᠯᠴᠠᠬᠤ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ᠎ᠠ᠃ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠢ ᠥᠷᠨᠢᠭᠦᠯᠵᠦ ᠂ ᠲᠣᠮᠣ ᠬᠡᠯᠪᠡᠷᠢ ᠵᠢᠨ ᠠᠷᠠᠯᠵᠢᠶ᠎ᠠ ᠬᠤᠳᠠᠯᠳᠤᠭ᠋ᠠᠨ᠎ᠤ ᠵᠢᠭᠤᠯᠴᠢᠯᠠᠯ᠎ᠤᠨ ᠠᠵᠤ ᠠᠬᠤᠢ᠌ᠯᠠᠯ ᠂ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠤᠨ ᠠᠵᠤ ᠠᠬᠤᠢ᠌ᠯᠠᠯ ᠬᠢᠭᠡᠳ ᠲᠥᠪᠬᠢᠨᠡᠭᠦᠯᠬᠦ ᠣᠷᠣᠨ᠎ᠤ ᠪᠠᠢ᠌ᠭ᠎ᠠ ᠭᠠᠵᠠᠷ᠎ᠤᠨ ᠣᠷᠳᠣ ᠬᠤᠭᠤᠴᠠᠭ᠋ᠠᠨ᠎ᠤ ᠲᠣᠭᠲᠠᠪᠤᠷᠢᠲᠠᠢ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠬᠤ ᠵᠢ ᠳᠡᠮᠵᠢᠵᠦ ᠂ ᠲᠥᠪᠬᠢᠨᠡᠭᠦᠯᠬᠦ ᠣᠷᠣᠨ᠎ᠤ ᠣᠨᠴᠠᠯᠢᠭᠲᠤ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠬᠡᠯᠬᠢᠶ᠎ᠡ ᠵᠢ ᠨᠡᠪᠲᠡᠷᠡᠭᠦᠯᠦᠨ᠎ᠡ ᠃
ᠤᠯᠠᠨ ᠨᠡᠶ᠋ᠢᠲᠡ ᠵᠢᠨ ᠦᠢ᠍ᠯᠡᠴᠢᠯᠡᠭᠡ ᠪᠣᠯ ᠦᠷᠭᠦᠯᠵᠢᠯᠡᠨ ᠲᠡᠳᠬᠦᠨ ᠳᠡᠮᠵᠢᠬᠦ ᠵᠢᠨ ᠲᠦᠰᠢᠭ ᠲᠤᠯᠭ᠋ᠠᠭᠤᠷᠢ ᠮᠥᠨ᠃ ᠢᠵᠢ ᠪᠦᠷᠢᠳᠦᠭᠦᠯᠬᠦ ᠲᠥᠬᠦᠭᠡᠷᠦᠮᠵᠢ ᠵᠢ ᠲᠡᠭᠦᠯᠳᠡᠷᠵᠢᠭᠦᠯᠵᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠂ ᠨᠡᠭᠦᠯᠭᠡᠭᠰᠡᠨ ᠣᠯᠠᠨ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭ᠋ᠠᠬᠤ ᠵᠢᠨ ᠲᠥᠯᠥᠭᠡ ᠂ 《 ᠬᠡᠷᠡᠭᠵᠢᠭᠦᠯᠬᠦ ᠰᠠᠨᠠᠯ 》᠎ᠳᠤ ᠂ ᠲᠥᠪᠬᠢᠨᠡᠭᠦᠯᠬᠦ ᠣᠷᠣᠨ᠎ᠤ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠵᠢ ᠲᠡᠭᠦᠯᠳᠡᠷᠵᠢᠭᠦᠯᠵᠦ ᠂ ᠬᠣᠲᠠ ᠪᠠᠯᠭ᠋ᠠᠰᠤᠨ᠎ᠤ ᠲᠥᠪᠬᠢᠨᠡᠭᠦᠯᠬᠦ ᠣᠷᠣᠨ᠎ᠤ ᠰᠠᠭᠤᠷᠢ ᠲᠥᠬᠦᠭᠡᠷᠦᠮᠵᠢ ᠬᠢᠭᠡᠳ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠂ ᠲᠥᠪᠬᠢᠨᠡᠭᠦᠯᠬᠦ ᠣᠷᠣᠨ᠎ᠤ ᠡᠷᠬᠢᠨ ᠲᠣᠭᠣᠷᠢᠨ᠎ᠤ ᠣᠷᠴᠢᠨ ᠠᠬᠤᠢ ᠵᠢᠨ ᠡᠷᠡᠭᠦᠯ ᠬᠠᠮᠠᠭ᠋ᠠᠯᠠᠯ᠎ᠤᠨ ᠲᠥᠬᠦᠭᠡᠷᠦᠮᠵᠢ ᠂ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠲᠥᠬᠦᠭᠡᠷᠦᠮᠵᠢ ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠂ ᠠᠵᠤ ᠦᠢ᠍ᠯᠡᠰ᠎ᠤᠨ ᠲᠠᠪᠴᠠᠩ᠎ᠤᠨ ᠢᠵᠢ ᠪᠦᠷᠢᠳᠦᠭᠦᠯᠬᠦ ᠲᠥᠬᠦᠭᠡᠷᠦᠮᠵᠢ ᠵᠢᠨ ᠲᠠᠰ ᠳᠡᠪᠰᠢᠬᠦ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ; ᠬᠥᠳᠡᠭᠡ ᠲᠣᠰᠬᠣᠨ᠎ᠤ ᠲᠥᠪᠬᠢᠨᠡᠭᠦᠯᠬᠦ ᠣᠷᠣᠨ᠎ᠤ ᠢᠵᠢ ᠪᠦᠷᠢᠳᠦᠭᠦᠯᠬᠦ ᠪᠡᠯᠡᠳᠬᠡᠮᠵᠢ ᠵᠢ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ᠎ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠵᠦ ᠂ ᠨᠢᠭᠡᠳᠦᠯᠲᠡᠢ ᠪᠦᠲᠦᠭᠡᠨ ᠪᠠᠢ᠌ᠭᠤᠯᠵᠤ ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ ᠂ ᠵᠣᠷᠯᠣᠩ᠎ᠤᠨ ᠬᠤᠪᠢᠰᠬᠠᠯ ᠂ ᠠᠮᠢᠳᠤᠷᠠᠯ᠎ᠤᠨ ᠬᠣᠭ ᠨᠣᠪᠰᠢ ᠪᠠ ᠪᠣᠬᠢᠷ ᠤᠰᠤ ᠵᠢ ᠵᠠᠰᠠᠬᠤ ᠂ ᠲᠣᠰᠬᠣᠨ᠎ᠤ ᠳᠦᠷᠰᠦ ᠪᠠᠢ᠌ᠳᠠᠯ᠎ᠢ ᠳᠡᠭᠡᠭᠰᠢᠯᠡᠭᠦᠯᠬᠦ ᠵᠢ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠬᠢᠭᠤᠯᠤᠨ᠎ᠠ ᠃ ᠲᠥᠪᠬᠢᠨᠡᠭᠦᠯᠬᠦ ᠣᠷᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢ ᠳᠡᠭᠡᠭᠰᠢᠯᠡᠭᠦᠯᠦᠨ᠂ ᠲᠥᠪᠬᠢᠨᠡᠭᠦᠯᠬᠦ ᠣᠷᠣᠨ᠎ᠤ ᠬᠥᠮᠥᠨ ᠠᠮᠠ ᠵᠢᠨ ᠬᠡᠪᠴᠢᠶ᠎ᠡ ᠬᠢᠭᠡᠳ ᠨᠡᠭᠦᠵᠦ ᠣᠷᠣᠬᠤ ᠣᠷᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠪᠠᠢ᠌ᠳᠠᠯ᠎ᠢ ᠶᠡᠷᠦᠩᠬᠡᠢ᠌ᠯᠡᠨ ᠪᠣᠳᠣᠯᠬᠢᠯᠠᠵᠤ᠂ ᠨᠡᠭᠦᠯᠭᠡᠭᠰᠡᠨ ᠤᠯᠠᠨ ᠲᠦᠮᠡᠨ᠎ᠤ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ ᠵᠡᠷᠭᠡ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠠᠯ᠎ᠠ᠎ᠪᠠᠷ᠎ᠬᠢ ᠬᠡᠷᠡᠭᠴᠡᠭᠡ ᠱᠠᠭ᠋ᠠᠷᠳᠠᠯᠭ᠎ᠠ ᠵᠢ ᠦᠨᠡᠨᠬᠦ ᠬᠠᠩᠭ᠋ᠠᠵᠤ᠂ ᠨᠥᠬᠥᠴᠡᠯ᠎ᠲᠠᠢ ᠭᠠᠵᠠᠷ ᠣᠷᠣᠨ᠎ᠤ ᠲᠣᠭᠲᠠᠭ᠋ᠠᠯ ᠶᠣᠰᠣᠭ᠋ᠠᠷ ᠨᠠᠰᠤᠵᠢᠯ ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠪᠠᠶ᠋ᠢᠭᠤᠯᠬᠤ ᠵᠢ ᠲᠡᠮᠵᠢᠵᠤ᠂ ᠨᠡᠭᠦᠯᠭᠡᠭᠰᠡᠨ ᠤᠯᠠᠨ ᠲᠦᠮᠡᠨ ᠬᠢᠭᠡᠳ ᠲᠤᠬᠠᠢ ᠵᠢᠨ ᠭᠠᠵᠠᠷ ᠤᠨ ᠤᠯᠠᠨ ᠲᠦᠮᠡᠨ᠎ᠤ ᠤᠯᠠᠨ ᠲᠦᠮᠡᠨ᠎ᠯᠦᠭᠡ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠡᠷᠬᠡ ᠲᠡᠭᠰᠢ᠎ᠪᠠᠷ ᠬᠠᠮᠲᠤ᠎ᠪᠠᠷ ᠡᠳ᠋ᠯᠡᠬᠦ ᠵᠢ ᠦᠨᠡᠨᠬᠦ ᠪᠠᠲᠤᠯᠠᠨ᠎ᠠ᠃ ᠨᠡᠭᠦᠯᠭᠡᠬᠦ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠨᠡᠭᠦᠯᠭᠡᠭᠰᠡᠨ ᠣᠯᠠᠨ ᠲᠦᠮᠡᠨ᠎ᠤ ᠡᠳ᠋ᠯᠡᠬᠦ ᠨᠡᠭᠦᠵᠦ ᠭᠠᠷᠤᠭᠰᠠᠨ ᠣᠷᠣᠨ᠎ᠤ ᠳᠠᠭ᠋ᠠᠭ᠋ᠠᠴᠢᠯᠠᠭᠰᠠᠨ ᠭᠠᠵᠠᠷ᠎ᠤᠨ ᠠᠭᠤᠯᠠ ᠰᠢᠭᠤᠢ᠌ᠲᠤ ᠭᠠᠵᠠᠷ᠎ᠤᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠢ ᠵᠢ ᠰᠡᠷᠭᠦᠭᠡᠬᠦ ᠂ ᠣᠶ ᠰᠢᠭᠤᠢ ᠵᠢᠨ ᠠᠮᠢ ᠠᠬᠤᠢ ᠵᠢᠨ ᠦᠷ᠎ᠡ ᠠᠰᠢᠭ᠎ᠤᠨ ᠨᠥᠬᠥᠪᠦᠷᠢ ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠂ ᠲᠠᠷᠢᠶᠠᠨ ᠭᠠᠵᠠᠷ᠎ᠤᠨ ᠭᠠᠵᠠᠷ᠎ᠤᠨ ᠬᠦᠴᠦᠨ᠎ᠤ ᠬᠠᠮᠠᠭ᠋ᠠᠯᠠᠯᠲᠠ ᠵᠡᠷᠭᠡ ᠡᠯ᠎ᠡ ᠵᠦᠢ᠍ᠯ᠎ᠤᠨ ᠲᠠᠷᠢᠶᠠᠯᠠᠩ᠎ᠤᠨ ᠨᠥᠬᠥᠪᠦᠷᠢ ᠪᠠ ᠠᠮᠢ ᠠᠬᠤᠢ ᠵᠢᠨ ᠨᠥᠬᠥᠪᠦᠷᠢ ᠵᠡᠷᠭᠡ ᠵᠢ ᠣᠲᠣ ᠵᠢᠨ ᠬᠡᠷᠡᠭᠵᠢᠭᠦᠯᠵᠦ ᠪᠠᠢ᠌ᠭ᠎ᠠ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ ᠃ ᠡᠭᠦᠨ᠎ᠤ ᠬᠠᠮᠲᠤ ᠨᠥᠬᠥᠴᠡᠯ᠎ᠳᠤ ᠨᠡᠶ᠋ᠢᠴᠡᠬᠦ ᠬᠦᠴᠢᠷᠳᠡᠯᠲᠡᠢ ᠣᠯᠠᠨ ᠲᠦᠮᠡᠨ᠎ᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠥᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ᠎ᠳᠤ ᠣᠷᠣᠭᠤᠯᠵᠤ ᠂ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠬᠡᠮᠵᠢᠬᠦ ᠲᠣᠭᠲᠠᠴᠠ ᠵᠢ ᠪᠦᠷᠢᠨᠰᠢᠭᠦᠯᠵᠦ ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠵᠣᠯᠭ᠋ᠠᠭᠤᠯᠬᠤ ᠠᠵᠢᠯ᠎ᠢ ᠰᠠᠢ᠌ᠲᠤᠷ ᠬᠢᠨ᠎ᠡ ᠃
ᠨᠡᠢ᠌ᠭᠡᠮ᠎ᠳᠤ ᠠᠭᠤᠰᠤᠯᠴᠠᠬᠤ ᠪᠣᠯ ᠦᠷᠭᠦᠯᠵᠢᠯᠡᠨ ᠲᠡᠳᠬᠦᠬᠦ ᠵᠢᠨ ᠬᠠᠷᠢᠶᠠᠯᠠᠯ ᠮᠥᠨ᠃ ᠨᠡᠢ᠌ᠭᠡᠮ ᠲᠣᠭᠣᠷᠢᠭ᠎ᠤᠨ ᠬᠠᠮᠢᠶᠠᠷᠤᠯᠲᠠ ᠵᠢᠨ ᠲᠠᠯ᠎ᠠ᠎ᠪᠠᠷ ᠂ ᠨᠡᠭᠦᠯᠭᠡᠭᠰᠡᠨ ᠣᠯᠠᠨ ᠲᠦᠮᠡᠨ᠎ᠢ ᠠᠮᠤᠷ ᠲᠠᠢ᠌ᠪᠤᠩ ᠠᠵᠤ ᠲᠥᠷᠥᠭᠦᠯᠬᠦ ᠵᠢᠨ ᠲᠥᠯᠥᠭᠡ ᠂ 《 ᠬᠡᠷᠡᠭᠵᠢᠭᠦᠯᠬᠦ ᠰᠠᠨᠠᠯ 》᠎ᠳᠤ ᠨᠡᠢ᠌ᠭᠡᠮ ᠲᠣᠭᠣᠷᠢᠭ᠎ᠤᠨ ᠬᠠᠮᠢᠶᠠᠷᠤᠯᠲᠠ ᠵᠢᠨ ᠠᠵᠢᠯ᠎ᠳᠤ ᠨᠠᠩ ᠥᠨᠳᠥᠷ ᠱᠠᠭ᠋ᠠᠷᠳᠠᠯᠭ᠎ᠠ ᠳᠤᠷᠠᠳᠪᠠ ᠃ ᠨᠡᠢ᠌ᠭᠡᠮ ᠲᠣᠭᠣᠷᠢᠭ᠎ᠤᠨ ᠵᠣᠬᠢᠶᠠᠨ ᠪᠠᠢ᠌ᠭᠤᠯᠵᠤ ᠲᠥᠪᠬᠢᠨᠡᠭᠦᠯᠬᠦ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠤᠳᠤᠷᠢᠳᠤᠭᠰᠠᠨ᠂ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠠ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠡᠷᠭᠡ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ᠂ ᠴᠢᠳᠠᠮᠵᠢ᠎ᠨᠢ ᠪᠦᠷᠢᠨ ᠲᠡᠭᠦᠯᠳᠡᠷ᠂ ᠠᠵᠢᠯᠯᠠᠭ᠋ᠠᠨ᠎ᠨᠢ ᠡᠮᠬᠢ ᠵᠢᠷᠤᠮ᠎ᠲᠠᠢ ᠨᠡᠢ᠌ᠭᠡᠮ ᠲᠣᠭᠣᠷᠢᠭ᠎ᠤᠨ ᠵᠣᠬᠢᠶᠠᠨ ᠪᠠᠢ᠌ᠭᠤᠯᠵᠤ ᠲᠥᠪᠬᠢᠨᠡᠭᠦᠯᠬᠦ ᠦᠢ᠍ᠯᠡᠴᠢᠯᠡᠭᠡᠨ᠎ᠤ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ ᠲᠡᠭᠦᠯᠳᠡᠷᠵᠢᠭᠦᠯᠵᠦ᠂ ᠨᠡᠭᠦᠯᠭᠡᠭᠰᠡᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠡᠢ᠌ᠭᠡᠮ ᠲᠣᠭᠣᠷᠢᠭ᠎ᠤᠨ ᠬᠡᠷᠡᠭ ᠵᠥᠪᠯᠡᠵᠦ ᠵᠥᠪᠳᠡᠯᠴᠡᠬᠦ᠎ᠳᠤ ᠥᠷᠭᠡᠨ ᠵᠶ᠋ᠡᠷ ᠣᠷᠣᠯᠴᠠᠭᠤᠯᠤᠨ᠎ᠠ᠃ ᠲᠥᠪᠬᠢᠨᠡᠭᠦᠯᠬᠦ ᠨᠡᠢ᠌ᠭᠡᠮ ᠲᠣᠭᠣᠷᠢᠭ᠎ᠤᠨ ᠪᠦᠬᠦᠯᠢ ᠴᠣᠭᠴᠠ ᠵᠢᠨ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ ᠂ ᠨᠡᠢ᠌ᠭᠡᠮ᠎ᠤᠨ ᠵᠥᠷᠢᠴᠡᠯ᠎ᠤᠨ ᠲᠦᠭᠰᠢᠭᠦᠷᠢ ᠵᠢᠨ ᠬᠡᠮ ᠰᠣᠭᠣᠭ᠎ᠢ ᠵᠠᠳᠠᠯᠤᠨ ᠰᠤᠳᠤᠯᠵᠤ ᠮᠠᠭ᠋ᠠᠳᠯᠠᠬᠤ ᠪᠠ ᠰᠡᠷᠭᠡᠢ᠌ᠯᠡᠨ ᠠᠷᠢᠯᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠪᠠᠢ᠌ᠭ᠋ᠠᠯᠢ ᠵᠢᠨ ᠭᠠᠮᠰᠢᠭ᠎ᠤᠨ ᠭᠡᠨᠡᠳᠲᠡ ᠵᠢᠨ ᠬᠡᠷᠡᠭ ᠵᠡᠷᠭᠡ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ ᠂ ᠨᠡᠭᠦᠯᠭᠡᠭᠰᠡᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠳᠠᠯ ᠠᠬᠤᠢ ᠵᠢᠨ ᠬᠠᠮᠢᠶᠠᠷᠤᠯᠲᠠ ᠵᠢᠨ ᠲᠣᠬᠢᠷᠠᠮᠵᠢᠲᠠᠢ ᠠᠷᠭ᠎ᠠ ᠮᠠᠶᠢᠭ᠎ᠢ ᠰᠣᠩᠭᠣᠭᠤᠯᠵᠤ ᠂ ᠡᠯ᠎ᠡ ᠲᠥᠷᠥᠯ᠎ᠤᠨ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠬᠠᠩᠭ᠋ᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ᠎ᠢ᠎ᠨᠢ ᠪᠠᠳᠠᠷᠠᠭᠤᠯᠤᠨ᠎ᠠ ᠃ ᠨᠡᠭᠦᠭᠰᠡᠨ ᠣᠯᠠᠨ ᠲᠦᠮᠡᠨ᠎ᠤ ᠨᠡᠢ᠌ᠭᠡᠮ ᠲᠣᠭᠣᠷᠢᠭ᠎ᠲᠤ ᠠᠭᠤᠰᠤᠯᠴᠠᠬᠤ ᠵᠢ ᠠᠬᠢᠭᠤᠯᠵᠤ ᠨᠡᠭᠦᠯᠭᠡᠬᠦ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠤᠯᠠᠮᠵᠢᠯᠠᠯᠲᠤ ᠰᠠᠢ᠌ᠬᠠᠨ ᠰᠤᠷᠲᠠᠯ ᠂ ᠨᠡᠢ᠌ᠭᠡᠮ ᠨᠡᠶ᠋ᠢᠲᠡ ᠵᠢᠨ ᠶᠣᠰᠣ ᠮᠣᠷᠠᠯ᠎ᠤᠨ ᠤᠬᠠᠭᠤᠯᠭ᠎ᠠ ᠦᠢ᠍ᠯᠡᠳᠦᠯᠭᠡ ᠵᠢᠨ ᠠᠵᠢᠯᠯᠠᠭ᠎ᠠ ᠵᠢ ᠥᠷᠭᠡᠨ ᠵᠶ᠋ᠡᠷ ᠵᠣᠬᠢᠶᠠᠨ ᠪᠠᠢ᠌ᠭᠤᠯᠤᠨ ᠥᠷᠨᠢᠭᠦᠯᠵᠦ ᠂ ᠳᠤᠮᠳᠠᠳᠤ ᠵᠢᠨ ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ᠂ ᠴᠢᠬᠤᠯᠠ ᠪᠠᠶᠠᠷ ᠳᠤᠷᠠᠰᠬᠠᠯ᠎ᠤᠨ ᠡᠳᠦᠷ᠂ ᠴᠥᠭᠡᠨ ᠲᠣᠭ᠋ᠠᠲᠤ ᠦᠨᠳᠦᠰᠦᠲᠡᠨ᠎ᠤ ᠣᠨᠴᠠᠯᠢᠭᠲᠤ ᠪᠠᠶᠠᠷ ᠳᠤᠷᠠᠰᠬᠠᠯ᠎ᠤᠨ ᠡᠳᠦᠷ ᠵᠡᠷᠭᠡ ᠪᠠᠶᠠᠷ ᠳᠤᠷᠠᠰᠬᠠᠯ᠎ᠤᠨ ᠠᠵᠢᠯᠯᠠᠭ᠎ᠠ᠎ᠲᠠᠢ ᠤᠶᠠᠯᠳᠤᠭᠤᠯᠤᠨ᠂ ᠴᠥᠭᠡᠨ ᠲᠣᠭ᠋ᠠᠲᠤ ᠦᠨᠳᠦᠰᠦᠲᠡᠨ ᠨᠡᠯᠢᠶᠡᠳ ᠤᠯᠠᠨ ᠪᠠᠢ᠌ᠭ᠎ᠠ ᠲᠥᠪᠬᠢᠨᠡᠭᠦᠯᠬᠦ ᠣᠷᠣᠨ᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ᠎ᠪᠠᠷ ᠳᠡᠯᠭᠡᠷᠡᠭᠦᠯᠵᠦ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠰᠣᠯᠢᠯᠴᠠᠨ ᠠᠭᠤᠰᠤᠯᠴᠠᠭᠰᠠᠨ ᠨᠡᠢ᠌ᠭᠡᠮ ᠲᠣᠭᠣᠷᠢᠭ᠎ᠤᠨ ᠣᠷᠴᠢᠨ ᠨᠥᠬᠥᠴᠡᠯ᠎ᠢ ᠳᠤᠷᠠᠳᠤᠨ ᠣᠢ᠌ᠯᠠᠭ᠋ᠠᠵᠤ᠂ ᠦᠨᠳᠦᠰᠦᠲᠡᠨ᠎ᠨᠦᠭᠦᠳ᠎ᠤᠨ ᠡᠶ᠎ᠡ ᠨᠠᠢ᠌ᠷᠲᠠᠢ ᠨᠢᠭᠡ ᠭᠡᠷ᠎ᠤᠨ ᠬᠥᠮᠥᠨ ᠮᠡᠲᠦ ᠳᠣᠲᠣᠨᠣ ᠪᠠᠢ᠌ᠬᠤ ᠵᠢ ᠠᠬᠢᠭᠤᠯᠤᠨ᠎ᠠ᠃
《 ᠰᠠᠨᠠᠯ 》᠎ᠳᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠂ ᠡᠳ᠋᠎ᠤᠨ ᠵᠠᠰᠠᠭ᠎ᠤᠨ ᠣᠷᠣᠭᠤᠯᠤᠯᠲᠠ ᠵᠢ ᠨᠡᠮᠡᠭᠳᠡᠭᠦᠯᠬᠦ ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠰᠠᠢ᠌ᠲᠤᠷ ᠬᠢᠬᠦ ᠂ ᠰᠢᠮᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠵᠢ ᠴᠢᠩᠭ᠋ᠠᠳᠬᠠᠬᠤ ᠵᠡᠷᠭᠡ 4 ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠤ ᠂ ᠲᠥᠷᠥ ᠵᠢᠨ ᠪᠣᠳᠣᠯᠭ᠎ᠠ ᠵᠢ ᠲᠤᠤᠱᠯᠠᠭᠤᠯᠤᠨ ᠬᠡᠷᠡᠭᠵᠢᠭᠦᠯᠬᠦ ᠵᠢ ᠪᠠᠲᠤᠯᠠᠪᠠ ᠃