ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠮᠡᠷᠭᠡᠵᠢᠯ᠎ᠤᠨ ᠦᠢ᠍ᠯᠡᠴᠢᠯᠡᠭᠡ ᠬᠤᠳᠠᠯᠳᠤᠨ ᠠᠪᠬᠤ᠎ᠳᠤ ᠭᠠᠭᠴᠠ ᠢᠷᠡᠯᠲᠡ᠎ᠲᠠᠢ᠎ᠪᠠᠷ ᠬᠤᠳᠠᠯᠳᠤᠨ ᠠᠪᠬᠤ ᠠᠷᠭ᠎ᠠ ᠮᠠᠶᠢᠭ
ᠨᠡᠶ᠋ᠢᠲᠡᠯᠡᠭᠰᠡᠨ ᠴᠠᠭ᠄ 2022-04-01

      ᠨᠢᠭᠡ ᠂ ᠬᠤᠳᠠᠯᠳᠤᠨ ᠠᠪᠬᠤ ᠨᠢᠭᠡᠴᠡ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
      ᠬᠣᠶᠠᠷ ᠂ ᠬᠤᠳᠠᠯᠳᠤᠨ ᠠᠪᠬᠤ ᠲᠥᠷᠥᠯ ᠵᠦᠢ᠍ᠯ ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠡᠢ᠌ᠭᠡᠮ᠎ᠤᠨ ᠬᠦᠴᠦᠨ᠎ᠠᠴᠠ ᠮᠡᠷᠭᠡᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠬᠤᠳᠠᠯᠳᠤᠨ ᠠᠪᠤᠨ᠎ᠠ
      ᠭᠤᠷᠪᠠ ᠂ ᠬᠤᠳᠠᠯᠳᠤᠨ ᠠᠪᠬᠤ ᠵᠣᠭᠣᠰ᠎ᠤᠨ ᠲᠣᠭ᠎ᠠ (  ᠲᠥᠭᠥᠷᠢᠭ ) ᠄ 970000.00
      ᠳᠥᠷᠪᠡ ᠂ ᠲᠤᠭᠤᠷᠪᠢᠨ ᠲᠣᠭᠲᠠᠭ᠋ᠠᠭᠰᠠᠨ ᠴᠣᠷ᠎ᠤᠨ ᠭᠠᠭᠴᠠ ᠬᠠᠩᠭ᠋ᠠᠯᠭ᠎ᠠ ᠵᠢᠨ ᠬᠤᠳᠠᠯᠳᠤᠭ᠋ᠠᠴᠢᠨ ᠄ ᠥᠪᠥᠷ ᠮᠣᠩᠭᠣᠯ᠎ᠤᠨ ᠵᠣᠣ ᠮᠢᠨ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ
      ᠲᠠᠪᠤ ᠂ ᠭᠤᠶᠤᠴᠢᠯᠠᠭᠰᠠᠨ ᠤᠴᠢᠷ ᠰᠢᠯᠲᠠᠭ᠋ᠠᠨ
      ᠥᠪᠥᠷ ᠮᠣᠩᠭᠣᠯ᠎ᠤᠨ ᠵᠤᠤ ᠮᠢᠨ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ᠎ᠤ ᠴᠤᠷ᠎ᠤᠨ ᠭᠠᠭᠴᠠ ᠪᠦᠬᠦ ᠤᠯᠤᠰ᠎ᠤᠨ 《12317》 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠬᠦ ᠯᠠᠪᠯᠠᠭ᠎ᠠ ᠥᠭᠬᠦ ᠦᠢ᠍ᠯᠡᠴᠢᠯᠡᠭᠡᠨ᠎ᠤ ᠲᠠᠪᠴᠠᠩ᠎ᠤᠨ ᠠᠵᠢᠯ᠎ᠤᠨ ᠪᠣᠯᠪᠠᠰᠤᠷᠠᠯ᠎ᠳᠤ ᠣᠷᠣᠯᠴᠠᠭᠰᠠᠨ ᠺᠣᠮᠫᠠᠨᠢ ᠪᠣᠯᠣᠨ᠎ᠠ᠃ ᠮᠡᠷᠭᠡᠵᠢᠯ᠎ᠤᠨ ᠦᠢ᠍ᠯᠡᠴᠢᠯᠡᠭᠡᠨ᠎ᠤ ᠱᠠᠭ᠋ᠠᠷᠳᠠᠯᠭ᠎ᠠ᠎ᠳᠤ ᠨᠡᠢ᠌ᠴᠡᠵᠦ᠂ ᠤᠤᠯ᠎ᠤᠨ ᠲᠦᠷᠦᠯ ᠵᠦᠢ᠍ᠯ᠎ᠤᠨ ᠠᠵᠢᠯᠲᠠᠳ ᠲᠤᠰ ᠲᠣᠪᠴᠢᠶ᠎ᠠ᠎ᠳᠤ ᠲᠠᠪᠤᠨ ᠵᠢᠯ ᠬᠠᠮᠵᠢᠯᠴᠠᠨ ᠠᠵᠢᠯᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦ ᠵᠢᠨ ᠪᠣᠳᠣᠯᠭ᠎ᠠ ᠪᠠ ᠡᠳᠦᠷ ᠳᠤᠳᠤᠮ᠎ᠤᠨ ᠠᠵᠢᠯ᠎ᠢ ᠣᠢ᠌ᠯᠠᠭ᠋ᠠᠵᠤ᠂ ᠪᠦᠬᠦ ᠤᠯᠤᠰ᠎ᠤᠨ《12317》 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠬᠦ ᠯᠠᠪᠯᠠᠯᠭ᠎ᠠ ᠥᠭᠬᠦ ᠦᠢ᠍ᠯᠡᠴᠢᠯᠡᠭᠡᠨ᠎ᠤ ᠲᠠᠪᠴᠠᠩ᠂ ᠲᠦᠷᠦ ᠵᠢᠨ ᠪᠣᠳᠣᠯᠭ᠎ᠠ ᠵᠢᠨ ᠯᠠᠪᠯᠠᠯᠭ᠎ᠠ ᠥᠭᠬᠦ ᠪᠠ ᠬᠠᠷᠢᠭᠤᠯᠲᠠ ᠥᠭᠬᠦ ᠠᠵᠢᠯ᠎ᠢ ᠪᠣᠯᠪᠠᠰᠤᠷᠠᠩᠭᠤᠢ ᠬᠡᠷᠡᠭᠯᠡᠵᠡᠢ᠃ ᠲᠤᠰ ᠨᠢᠭᠡᠴᠢ ᠵᠢᠨ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠢ᠌ᠭᠤᠯᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠰᠠᠢ᠌ᠨ ᠣᠢ᠌ᠯᠠᠭ᠋ᠠᠵᠤ᠂ ᠶᠡᠬᠡ ᠬᠡᠮᠵᠢᠶᠡᠨ᠎ᠤ ᠲᠤᠷᠰᠢᠯᠭ᠎ᠠ ᠬᠤᠷᠠᠮᠳᠤᠭᠤᠯᠵᠠᠢ᠃
      ᠵᠢᠷᠭᠤᠭ᠎ᠠ᠂ ᠪᠤᠰᠤᠳ ᠵᠦᠢ᠍ᠯ
      ᠡᠳᠦᠭᠡ ᠳᠡᠭᠡᠷᠡᠬᠢ ᠪᠠᠢ᠌ᠳᠠᠯ᠎ᠢ ᠢᠯᠡ ᠨᠡᠢ᠌ᠲᠡᠯᠡᠶ᠎ᠡ᠂ ᠬᠡᠷᠪᠡ ᠣᠨᠳᠣᠣ ᠰᠠᠨᠠᠯ᠎ᠲᠠᠢ ᠪᠣᠯ ᠢᠯᠡ ᠨᠡᠢ᠌ᠲᠡᠯᠡᠭᠰᠡᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠤᠨ ᠮᠠᠲ᠋ᠧᠷᠢᠶᠠᠯ ᠠᠪᠴᠤ ᠳᠣᠣᠷᠠᠬᠢ ᠬᠠᠷᠢᠯᠴᠠᠬᠤ ᠬᠥᠮᠥᠨ᠎ᠲᠠᠢ ᠬᠠᠷᠢᠯᠴᠠᠭ᠋ᠠᠷᠠᠢ᠂ ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ ᠣᠨᠳᠣᠣ ᠰᠠᠨᠠᠯ᠎ᠢ ᠲᠠᠭᠢᠵᠦ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃
      ᠳᠣᠯᠣᠭ᠎ᠠ ᠂ ᠬᠠᠷᠢᠯᠴᠠᠬᠤ ᠠᠷᠭ᠎ᠠ ᠮᠠᠶᠢᠭ
      ᠬᠤᠳᠠᠯᠳᠤᠨ ᠠᠪᠬᠤ ᠨᠢᠭᠡᠴᠡ ᠵᠢᠨ ᠬᠠᠷᠢᠯᠴᠠᠬᠤ ᠬᠥᠮᠥᠨ ᠄ ᠴᠢ ᠶᠢᠩ᠎ᠤᠨ ᠬᠠᠷᠢᠯᠴᠠᠬᠤ ᠤᠲᠠᠰᠤ ᠄ 0471 – 4922547


 

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠥᠯᠥᠪᠯᠡᠭᠡᠲᠦ ᠦᠷᠡᠵᠢᠯ᠎ᠤᠨ ᠣᠨᠴᠠᠭ᠋ᠠᠢ ᠭᠡᠷ ᠪᠦᠯᠢ ᠵᠢ ᠣᠨᠴᠠᠭ᠋ᠠᠢ ᠳᠡᠮᠵᠢᠨ ᠲᠤᠰᠠᠯᠠᠬᠤ ᠳᠦᠷᠢᠮ᠎ᠤᠨ ᠳᠡᠮᠵᠢᠨ ᠲᠤᠰᠠᠯᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠤᠨ ᠠᠬᠢᠭᠤᠯᠬᠤ ᠨᠥᠬᠥᠪᠦᠷᠢ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠠᠷᠭ᠎ᠠ》 ᠵᠢ ᠬᠡᠪᠯᠡᠨ ᠲᠠᠷᠬᠠᠭ᠋ᠠᠪᠠ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ
 
            