ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠲᠥᠯᠥᠪᠯᠡᠭᠡᠲᠦ ᠦᠷᠡᠵᠢᠯ᠎ᠤᠨ ᠣᠨᠴᠠᠭ᠋ᠠᠢ ᠭᠡᠷ ᠪᠦᠯᠢ ᠵᠢ ᠣᠨᠴᠠᠭ᠋ᠠᠢ ᠳᠡᠮᠵᠢᠨ ᠲᠤᠰᠠᠯᠠᠬᠤ ᠳᠦᠷᠢᠮ᠎ᠤᠨ ᠳᠡᠮᠵᠢᠨ ᠲᠤᠰᠠᠯᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-08-22

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
      ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠲᠥᠯᠥᠪᠯᠡᠭᠡ᠎ᠲᠠᠢ᠎ᠪᠠᠷ ᠬᠡᠦᠬᠡᠳ ᠠᠪᠬᠤ ᠣᠨᠴᠠᠭ᠋ᠠᠢ ᠭᠡᠷ ᠪᠦᠯᠢ ᠵᠢ ᠲᠣᠬᠢᠷᠠᠭᠤᠯᠬᠤ ᠲᠤᠬᠠᠢ
      ᠲᠡᠳᠬᠦᠨ ᠲᠤᠰᠠᠯᠠᠬᠤ ᠲᠤᠰᠬᠠᠢ ᠳᠦ᠍ᠷᠢᠮ᠂ ᠲᠡᠳᠬᠦᠨ ᠲᠤᠰᠠᠯᠠᠬᠤ ᠪᠠᠷᠢᠮᠵᠢᠶ᠎ᠠ ᠵᠢᠨ ᠲᠤᠬᠠᠢ ᠮᠡᠳᠡᠭᠳᠡᠯ
      ᠡᠯ᠎ᠡ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠂  ᠮᠠᠨᠵᠤᠤᠷ ᠂ ᠡᠷᠢᠶᠡᠨ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠄
      《  ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ ᠬᠥᠮᠥᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ 》 ᠪᠠ 《  ᠲᠥᠯᠥᠪᠯᠡᠭᠡᠲᠦ ᠦᠷᠡᠵᠢᠯ᠎ᠤᠨ ᠭᠡᠷ ᠪᠦᠯᠢ ᠵᠢ ᠣᠨᠴᠠᠭ᠋ᠠᠶ ᠳᠡᠮᠵᠢᠨ ᠲᠤᠰᠠᠯᠠᠬᠤ ᠳᠦᠷᠢᠮ᠎ᠤᠨ ᠳᠡᠮᠵᠢᠨ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠬᠦ ᠲᠤᠬᠠᠢ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ 》 (  ᠡᠳ᠋᠎ᠤᠨ ᠵᠠᠰᠠᠭ ᠬᠣᠷᠢᠶ᠎ᠠ [2022] 49 ᠲᠣᠭ᠋ᠠᠲᠤ )᠎ᠢ ᠦᠨᠳᠦᠰᠦᠯᠡᠪᠡᠯ ᠂ ᠰᠤᠳᠤᠯᠬᠤ᠎ᠪᠠᠷ ᠳᠡᠮᠵᠢᠨ ᠂ 2022 ᠣᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠨ ᠂ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠭᠡᠷ ᠪᠦᠯᠢ ᠵᠢᠨ ᠣᠨᠴᠠᠭ᠋ᠠᠶ ᠲᠡᠳᠬᠦᠨ ᠳᠡᠮᠵᠢᠬᠦ ᠪᠠᠷᠢᠮᠵᠢᠶ᠎ᠠ ᠵᠢ ᠳᠡᠭᠡᠭᠰᠢᠯᠡᠭᠦᠯᠬᠦ᠎ᠪᠠᠷ ᠲᠣᠭᠲᠠᠪᠠ ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ  ᠲᠠᠷᠠᠭ᠋ᠠᠬᠢ ᠮᠡᠲᠦ ᠮᠡᠳᠡᠭᠳᠡᠶ᠎ᠡ ᠄
      ᠨᠢᠭᠡ᠂ ᠦᠷ᠎ᠡ ᠵᠢᠨ ᠭᠠᠭᠴᠠ ᠬᠡᠦᠬᠡᠳ᠎ᠨᠢ ᠦᠬᠦᠭᠰᠡᠨ ᠭᠡᠷ ᠪᠦᠯᠢ ᠵᠢ ᠲᠡᠳᠬᠦᠬᠦ ᠣᠨᠴᠠᠭ᠋ᠠᠶ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 655 ᠲᠥᠭᠥᠷᠢᠭ ᠪᠠᠢ᠌ᠭᠰᠠᠨ᠎ᠠᠴᠠ᠎ᠨᠢ ᠬᠥᠮᠥᠨ ᠪᠦᠷᠢ ᠰᠠᠷ᠎ᠠ᠎ᠳᠤ 795 ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ ᠦᠷ᠎ᠡ ᠵᠢᠨ ᠭᠠᠭᠴᠠ ᠬᠡᠦᠬᠡᠳ᠎ᠨᠢ ᠭᠡᠮᠲᠦᠭᠰᠡᠨ ᠭᠡᠷ ᠪᠦᠯᠢ ᠵᠢ ᠲᠡᠳᠬᠦᠬᠦ ᠣᠨᠴᠠᠭ᠋ᠠᠶ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 520 ᠲᠥᠭᠥᠷᠢᠭ ᠪᠠᠢ᠌ᠭᠰᠠᠨ᠎ᠠᠴᠠ᠎ᠨᠢ ᠬᠥᠮᠥᠨ ᠪᠦᠷᠢ ᠰᠠᠷ᠎ᠠ᠎ᠳᠤ 630 ᠲᠥᠭᠥᠷᠢᠭ ᠪᠣᠯᠭ᠋ᠠᠨ ᠳᠡᠭᠡᠭᠰᠢᠯᠡᠭᠦᠯᠦᠨ᠎ᠡ᠃
      ᠬᠣᠶᠠᠷ᠂ ᠨᠢᠭᠡᠳᠦᠭᠡᠷ ᠳᠡᠰ᠎ᠤᠨ ᠲᠥᠯᠥᠪᠯᠡᠭᠡ᠎ᠲᠠᠢ᠎ᠪᠠᠷ ᠬᠡᠦᠬᠡᠳ ᠠᠪᠬᠤ ᠮᠡᠰᠡ ᠵᠠᠰᠠᠯ᠎ᠤᠨ ᠳᠠᠪᠬᠤᠴᠠᠭᠰᠠᠨ ᠡᠪᠡᠳᠴᠢᠨ᠎ᠲᠠᠢ ᠬᠥᠮᠥᠰ᠎ᠤᠨ ᠣᠨᠴᠠᠭ᠋ᠠᠶ ᠲᠡᠳᠬᠦᠨ ᠲᠤᠰᠠᠯᠠᠬᠤ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 400 ᠲᠥᠭᠥᠷᠢᠭ ᠪᠠᠢ᠌ᠭᠰᠠᠨ᠎ᠠᠴᠠ᠎ᠨᠢ ᠳᠡᠭᠡᠭᠰᠢᠯᠡᠭᠦᠯᠦᠭᠡᠳ ᠬᠥᠮᠥᠨ ᠪᠦᠷᠢ ᠰᠠᠷ᠎ᠠ᠎ᠳᠤ 520 ᠲᠥᠭᠥᠷᠢᠭ ᠪᠣᠯᠭ᠋ᠠᠨ᠎ᠠ; ᠬᠣᠶᠠᠳᠤᠭ᠋ᠠᠷ ᠳᠡᠰ᠎ᠤᠨ ᠲᠥᠯᠥᠪᠯᠡᠭᠡᠲᠦ ᠦᠷᠡᠵᠢᠯ᠎ᠤᠨ ᠮᠡᠰᠡ ᠵᠠᠰᠠᠯ᠎ᠤᠨ ᠳᠠᠪᠬᠤᠴᠠᠭᠰᠠᠨ ᠡᠪᠡᠳᠴᠢᠨ᠎ᠲᠠᠢ ᠬᠥᠮᠥᠰ᠎ᠤᠨ ᠣᠨᠴᠠᠭ᠋ᠠᠶ ᠲᠡᠳᠬᠦᠨ ᠳᠡᠮᠵᠢᠬᠦ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 300 ᠲᠥᠭᠥᠷᠢᠭ ᠪᠠᠢ᠌ᠭᠰᠠᠨ᠎ᠠᠴᠠ ᠬᠥᠮᠥᠨ ᠪᠦᠷᠢ ᠰᠠᠷ᠎ᠠ᠎ᠳᠤ 390 ᠲᠥᠭᠥᠷᠢᠭ ᠪᠣᠯᠭ᠋ᠠᠨ ᠳᠡᠭᠡᠭᠰᠢᠯᠡᠭᠦᠯᠦᠨ᠎ᠡ ; ᠭᠤᠷᠪᠠᠳᠤᠭ᠋ᠠᠷ ᠳᠡᠰ᠎ᠤᠨ ᠲᠥᠯᠥᠪᠯᠡᠭᠡᠲᠦ ᠦᠷᠡᠵᠢᠯ᠎ᠤᠨ ᠮᠡᠰᠡ ᠵᠠᠰᠠᠯ᠎ᠤᠨ ᠳᠠᠪᠬᠤᠴᠠᠭᠰᠠᠨ ᠡᠪᠡᠳᠴᠢᠨ᠎ᠲᠠᠢ ᠬᠥᠮᠥᠰ᠎ᠤᠨ ᠣᠨᠴᠠᠭ᠋ᠠᠶ ᠲᠡᠳᠬᠦᠨ ᠳᠡᠮᠵᠢᠬᠦ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 200 ᠲᠥᠭᠥᠷᠢᠭ ᠪᠠᠢ᠌ᠭᠰᠠᠨ᠎ᠠᠴᠠ ᠬᠥᠮᠥᠨ ᠪᠦᠷᠢ ᠰᠠᠷ᠎ᠠ᠎ᠳᠤ 260 ᠲᠥᠭᠥᠷᠢᠭ ᠪᠣᠯᠭ᠋ᠠᠨ ᠳᠡᠭᠡᠭᠰᠢᠯᠡᠭᠦᠯᠦᠨ᠎ᠡ ᠃
      ᠭᠤᠷᠪᠠ ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ ᠴᠠᠷᠠᠭ᠎ᠠ ᠵᠢᠨ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠬᠡᠷᠡᠭᠰᠡᠬᠦ ᠪᠡᠯᠡ ᠮᠥᠩᠭᠥ ᠵᠢ ᠲᠥᠪ ᠂ ᠥᠪᠡᠷᠲᠡᠭᠡᠨ ᠵᠠᠰᠠᠬᠤ ᠣᠷᠣᠨ ᠪᠠ ᠠᠢ᠌ᠮᠠᠭ ᠬᠣᠲᠠ ᠵᠢᠨ ᠡᠳ᠋᠎ᠤᠨ ᠵᠠᠰᠠᠭ ᠎ᠠᠴᠠ ᠲᠠᠰ ᠬᠤᠪᠢᠶᠠᠨ ᠡᠭᠦᠷᠭᠡᠯᠡᠬᠦ ᠬᠠᠷᠢᠴᠠᠯ ᠵᠶ᠋ᠠᠷ ᠬᠠᠮᠲᠤᠪᠠᠷ ᠡᠭᠦᠷᠭᠡᠯᠡᠬᠦ ᠵᠢᠨ ᠬᠠᠮᠲᠤ ᠣᠨ᠎ᠤ ᠲᠥᠰᠥᠪ᠎ᠲᠤ ᠣᠷᠣᠭᠤᠯᠤᠨ᠎ᠠ ᠃ ᠤᠯᠤᠰ᠎ᠤᠨ ᠪᠠᠷᠢᠮᠵᠢᠶ᠎ᠠ (  ᠦᠷ᠎ᠡ ᠵᠢᠨ ᠭᠠᠭᠴᠠ ᠬᠡᠤᠬᠡᠳ᠎ᠨᠢ ᠦᠬᠦᠭᠰᠡᠨ ᠭᠡᠷ ᠪᠦᠯᠢ᠎ᠳᠤ ᠣᠯᠭᠣᠬᠤ ᠣᠨᠴᠠᠭ᠋ᠠᠶ ᠲᠡᠳᠬᠦᠮᠵᠢ ᠵᠢᠨ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 590 ᠲᠥᠭᠥᠷᠢᠭ ᠂ ᠦᠷ᠎ᠡ ᠵᠢᠨ ᠭᠠᠭᠴᠠ ᠬᠡᠤᠬᠡᠳ᠎ᠨᠢ ᠭᠡᠮᠲᠦᠭᠰᠡᠨ ᠭᠡᠷ ᠪᠦᠯᠢ᠎ᠳᠤ ᠣᠯᠭᠣᠬᠤ ᠣᠨᠴᠠᠭ᠋ᠠᠶ ᠲᠡᠳᠬᠦᠮᠵᠢ ᠵᠢᠨ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ ᠰᠠᠷ᠎ᠠ᠎ᠳᠤ 460 ᠲᠥᠭᠥᠷᠢᠭ ᠃ ᠨᠢᠭᠡᠳᠦᠭᠡᠷ ᠳᠡᠰ᠎ᠤᠨ ᠲᠥᠯᠥᠪᠯᠡᠭᠡᠲᠦ ᠦᠷᠡᠵᠢᠯ᠎ᠤᠨ ᠮᠡᠰᠡ ᠵᠠᠰᠠᠯ᠎ᠤᠨ ᠳᠠᠪᠬᠤᠴᠠᠭᠰᠠᠨ ᠡᠪᠡᠳᠴᠢᠨ᠎ᠲᠠᠢ ᠬᠥᠮᠥᠰ᠎ᠤᠨ ᠣᠨᠴᠠᠭ᠋ᠠᠶ ᠳᠡᠮᠵᠢᠨ ᠲᠤᠰᠠᠯᠠᠬᠤ ᠮᠥᠩᠭᠥ ᠵᠢᠨ ᠪᠠᠷᠢᠮᠵᠢᠶ᠎ᠠ᠎ᠨᠢ ᠬᠥᠮᠥᠨ ᠪᠦᠷᠢ ᠰᠠᠷ᠎ᠠ᠎ᠳᠤ 520 ᠲᠥᠭᠥᠷᠢᠭ ᠪᠣᠯᠣᠨ᠎ᠠ ; ᠬᠣᠶᠠᠳᠤᠭ᠋ᠠᠷ ᠳᠡᠰ᠎ᠤᠨ ᠲᠥᠯᠥᠪᠯᠡᠭᠡᠲᠦ ᠦᠷᠡᠵᠢᠯ᠎ᠤᠨ ᠮᠡᠰᠡ ᠵᠠᠰᠠᠯ᠎ᠤᠨ ᠳᠠᠪᠬᠤᠴᠠᠭᠰᠠᠨ ᠡᠪᠡᠳᠴᠢᠨ᠎ᠲᠠᠢ ᠬᠥᠮᠥᠰ᠎ᠤᠨ ᠣᠨᠴᠠᠭ᠋ᠠᠶ ᠳᠡᠮᠵᠢᠨ ᠲᠤᠰᠠᠯᠠᠬᠤ ᠮᠥᠩᠭᠥ ᠵᠢᠨ ᠪᠠᠷᠢᠮᠵᠢᠶ᠎ᠠ᠎ᠨᠢ ᠬᠥᠮᠥᠨ ᠪᠦᠷᠢ ᠰᠠᠷ᠎ᠠ᠎ᠳᠤ 390 ᠲᠥᠭᠥᠷᠢᠭ ᠪᠣᠯᠣᠨ᠎ᠠ ; ᠭᠤᠷᠪᠠᠳᠤᠭ᠋ᠠᠷ ᠳᠡᠰ᠎ᠤᠨ ᠲᠥᠯᠥᠪᠯᠡᠭᠡᠲᠦ ᠦᠷᠡᠵᠢᠯ᠎ᠤᠨ ᠮᠡᠰᠡ ᠵᠠᠰᠠᠯ᠎ᠤᠨ ᠳᠠᠪᠬᠤᠴᠠᠭᠰᠠᠨ ᠡᠪᠡᠳᠴᠢᠨ᠎ᠲᠠᠢ ᠬᠥᠮᠥᠰ᠎ᠤᠨ ᠣᠨᠴᠠᠭ᠋ᠠᠶ ᠲᠡᠳᠬᠦᠨ ᠲᠤᠰᠠᠯᠠᠬᠤ ᠮᠥᠩᠭᠥ ᠵᠢᠨ ᠪᠠᠷᠢᠮᠵᠢᠶ᠎ᠠ ᠵᠢ ᠬᠥᠮᠥᠨ ᠪᠦᠷᠢ᠎ᠳᠤ ᠰᠠᠷ᠎ᠠ᠎ᠳᠤ 260 ᠲᠥᠭᠥᠷᠢᠭ ᠥᠭᠭᠦᠨ᠎ᠡ) ᠵᠢᠨ 80% ᠵᠢ ᠲᠥᠪ᠎ᠤᠨ ᠡᠳ᠋᠎ᠤᠨ ᠵᠠᠰᠠᠭ᠎ᠠᠴᠠ ᠡᠭᠦᠷᠭᠡᠯᠡᠨ᠎ᠡ; 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠳᠡᠭᠡᠭᠰᠢᠯᠡᠭᠦᠯᠬᠦ ᠪᠠᠷᠢᠮᠵᠢᠶ᠎ᠠ ᠵᠢᠨ ᠬᠡᠰᠡᠭ᠎ᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠎ᠠᠴᠠ ᠲᠠᠰ ᠬᠤᠪᠢᠶᠠᠨ ᠡᠭᠦᠷᠭᠡᠯᠡᠬᠦ ᠬᠠᠷᠢᠴᠠᠯ ᠵᠶ᠋ᠠᠷ ᠬᠠᠮᠲᠤᠪᠠᠷ ᠡᠭᠦᠷᠭᠡᠯᠡᠨ᠎ᠡ ᠃ 2022 ᠣᠨ᠎ᠤ 7 ᠳ᠋ᠤᠭ᠋ᠠᠷ ᠰᠠᠷ᠎ᠠ ᠎ᠠᠴᠠ 12 ᠳ᠋ᠤᠭ᠋ᠠᠷ ᠰᠠᠷ᠎ᠠ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠡᠯᠡ ᠮᠥᠩᠭᠥ᠎ᠪᠠᠨ ᠨᠡᠮᠡᠭᠳᠡᠭᠦᠯᠦᠭᠰᠡᠨ ᠬᠡᠰᠡᠭ᠎ᠢ ᠨᠢᠭᠡᠨᠲᠡ ᠡᠨᠡ ᠵᠢᠯ᠎ᠤᠨ ᠨᠢᠭᠡᠨᠲᠡ ᠪᠠᠢ᠌ᠭ᠎ᠠ ᠲᠥᠰᠥᠪ ᠵᠶ᠋ᠡᠷ ᠳᠠᠮᠵᠢᠭᠤᠯᠤᠨ ᠰᠢᠢ᠍ᠳᠪᠦᠷᠢᠯᠡᠵᠦ ᠂ ᠠᠢ᠌ᠮᠠᠭ ᠬᠣᠲᠠ ᠵᠢᠨ ᠪᠡᠯᠡ ᠮᠥᠩᠭᠥ᠎ᠪᠠᠨ ᠨᠡᠮᠡᠭᠳᠡᠭᠦᠯᠦᠭᠰᠡᠨ ᠬᠡᠰᠡᠭ᠎ᠢ ᠠᠯᠢ ᠲᠦᠷᠭᠡᠨ ᠵᠶ᠋ᠡᠷ ᠢᠵᠢ ᠪᠦᠷᠢᠳᠦᠭᠦᠯᠦᠨ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠤᠨ᠎ᠠ ᠃ ᠡᠯ᠎ᠡ ᠠᠢ᠌ᠮᠠᠭ ᠬᠣᠲᠠ᠎ᠨᠤᠭᠤᠳ ᠵᠠᠷᠤᠳᠠᠯ᠎ᠤᠨ ᠪᠠᠲᠤᠯᠠᠭ᠎ᠠ ᠵᠢᠨ ᠬᠠᠷᠢᠭᠤᠴᠠᠯᠭ᠎ᠠ ᠵᠢ ᠦᠨᠡᠨᠬᠦ ᠨᠠᠢ᠌ᠳᠠᠪᠤᠷᠢᠵᠢᠭᠤᠯᠵᠤ ᠂ ᠪᠡᠯᠡ ᠮᠥᠩᠭᠥ ᠵᠢᠨ ᠬᠠᠮᠢᠶᠠᠷᠤᠯᠲᠠ ᠵᠢ ᠴᠢᠩᠭ᠋ᠠᠳᠬᠠᠨ ᠂ ᠲᠣᠬᠢᠷᠠᠭᠤᠯᠤᠭᠰᠠᠨ᠎ᠤ ᠳᠠᠷᠠᠭ᠋ᠠᠬᠢ ᠪᠠᠷᠢᠮᠵᠢᠶ᠎ᠠ ᠶᠣᠰᠣᠭ᠋ᠠᠷ ᠣᠨᠴᠣᠭᠤᠢ ᠳᠡᠮᠵᠢᠨ ᠲᠤᠰᠠᠯᠠᠬᠤ ᠮᠥᠩᠭᠥ ᠵᠢ ᠴᠠᠭ ᠲᠤᠬᠠᠢ᠎ᠳᠤᠨᠢ ᠂ ᠲᠣᠭ᠎ᠠ ᠶᠣᠰᠣᠭ᠋ᠠᠷ ᠣᠯᠭᠣᠬᠤ ᠵᠢ ᠦᠨᠡᠨᠬᠦ ᠪᠠᠲᠤᠯᠠᠬᠤ ᠬᠡᠷᠡᠭᠲᠡᠢ ᠃
      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
      ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      2022 ᠣᠨ᠎ᠤ 8 ᠰᠠᠷ᠎ᠠ ᠵᠢᠨ 15



 

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠤᠨ ᠠᠬᠢᠭᠤᠯᠬᠤ ᠨᠥᠬᠥᠪᠦᠷᠢ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠠᠷᠭ᠎ᠠ》 ᠵᠢ ᠬᠡᠪᠯᠡᠨ ᠲᠠᠷᠬᠠᠭ᠋ᠠᠪᠠ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ
《ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠠᠬᠢ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠦᠯᠡᠳᠡᠪᠦᠷᠢ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ 》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠮᠡᠳᠡᠭᠳᠡᠯ
 
            