ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠴᠢᠨᠠᠷ ᠰᠠᠢ᠌ᠲᠠᠢ ᠬᠥᠭᠵᠢᠯᠲᠡ ᠵᠢᠨ ᠠᠷᠭ᠎ᠠ ᠬᠡᠮᠵᠢᠶ᠎ᠡ᠎ᠨᠦᠭᠦᠳ
ᠣᠢ᠌ᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《 ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ 》᠎ᠢ ᠳᠠᠷᠤᠮᠠᠯᠯᠠᠨ ᠲᠠᠷᠬᠠᠭ᠋ᠠᠪᠠ ᠂ ᠪᠥᠬᠥ ᠠᠭᠤᠯᠭ᠎ᠠ᠎ᠨᠢ ᠲᠤᠤᠷᠠᠬᠢ ᠮᠡᠲᠦ ᠄
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠥᠭᠡᠷᠡᠴᠢᠯᠡᠯᠲᠡ ᠬᠥᠭᠵᠢᠯᠲᠡ ᠵᠢ ᠳᠡᠮᠵᠢᠬᠦ ᠲᠤᠬᠠᠢ ᠨᠠᠮ᠎ᠤᠨ ᠲᠥᠪ ᠬᠣᠷᠢᠶ᠎ᠠ ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠦᠬᠦ ᠲᠠᠯ᠎ᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠡᠬᠢ ᠪᠠᠶᠠᠯᠢᠭ᠎ᠤᠨ ᠡᠯᠧᠮᠧᠨ᠋ᠲ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠡᠷᠡᠭᠯᠡᠬᠦ᠂ ᠢᠯᠡ ᠪᠥᠭᠡᠳ ᠡᠷᠬᠡ ᠲᠡᠭᠰᠢ ᠲᠥᠪ ᠭᠣᠣᠯᠴᠢ᠎ᠪᠠᠷ ᠥᠷᠢᠰᠦᠯᠳᠦᠭᠡᠨ᠎ᠳᠤ ᠣᠷᠤᠯᠴᠠᠬᠤ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠠᠳᠠᠯᠢ ᠲᠡᠭᠰᠢ᠎ᠪᠠᠷ ᠬᠦᠷᠳᠡᠬᠦ ᠵᠢ ᠪᠠᠲᠤᠯᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠢᠲᠡᠭᠡᠯ ᠵᠣᠷᠢᠭ ᠵᠶ᠋ᠠᠨ ᠬᠥᠪᠴᠢᠯᠡᠬᠦ᠂ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ᠂ ᠡᠷᠡᠭᠦᠯ ᠵᠶ᠋ᠡᠷ ᠬᠥᠭᠵᠢᠬᠦ ᠵᠢ ᠲᠦᠯᠬᠢᠨ ᠠᠬᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠳᠣᠣᠷᠠᠬᠢ ᠮᠡᠲᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠶᠠ᠃
ᠨᠢᠭᠡ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠥᠪᠡᠷ᠎ᠤᠨ ᠥᠷᠳᠡᠭ᠎ᠢ ᠪᠠᠭᠤᠷᠠᠭᠤᠯᠬᠤ ᠬᠡᠷᠡᠭᠲᠡᠢ
( ᠨᠢᠭᠡ ) ᠭᠠᠢ᠌ᠯᠢ ᠰᠦᠢ᠍ᠳᠬᠡᠯ᠎ᠤᠨ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠦᠨ᠎ᠡ ᠃ 2025 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ ᠂ ᠵᠢᠯ᠎ᠤᠨ ᠭᠠᠢ᠌ᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠵᠢᠨ ᠲᠣᠭ᠎ᠠ᠎ᠨᠢ 100 ᠲᠦᠮᠡᠨ ᠲᠥᠭᠥᠷᠢᠭ ( 100 ᠲᠦᠮᠡᠨ ᠲᠥᠭᠥᠷᠢᠭ ᠪᠠᠭᠲᠠᠨ᠎ᠠ )᠎ᠠᠴᠠ ᠲᠤᠤᠷ᠎ᠠ ᠪᠠᠢ᠌ᠭ᠎ᠠ ᠵᠢᠵᠢᠭ ᠬᠡᠯᠪᠡᠷᠢ ᠵᠢᠨ ᠥᠴᠥᠬᠡᠨ ᠠᠰᠢᠭ ᠬᠣᠨᠵᠢᠪᠤᠷᠢ᠎ᠲᠠᠢ ᠠᠵᠤ ᠠᠬᠤᠢ᠌ᠯᠠᠯ᠎ᠤᠨ ᠠᠰᠢᠭ ᠣᠷᠣᠯᠭ᠎ᠠ ᠵᠢᠨ ᠭᠠᠢ᠌ᠯᠢ ᠵᠢᠨ ᠣᠷᠣᠨ ᠨᠤᠲᠤᠭ᠎ᠤᠨ ᠬᠤᠪᠢᠶᠠᠨ ᠡᠳ᠋ᠯᠡᠬᠦ ᠬᠡᠰᠡᠭ᠎ᠠᠴᠠ ᠬᠡᠯᠲᠦᠷᠢᠭᠦᠯᠦᠨ᠎ᠡ ; ᠰᠠᠷ᠎ᠠ ᠵᠢᠨ ᠪᠣᠷᠣᠯᠠᠭᠤᠯᠤᠯᠲᠠ ᠵᠢᠨ ᠲᠣᠭ᠎ᠠ᠎ᠨᠢ 3 ᠲᠦᠮᠡᠨ ᠲᠥᠭᠥᠷᠢᠭ ( ᠤᠯᠠᠷᠢᠯ ᠵᠶ᠋ᠠᠷ 9 ᠲᠦᠮᠡᠨ ᠲᠥᠭᠥᠷᠢᠭ᠎ᠤᠨ ᠭᠠᠢ᠌ᠯᠢ ᠲᠤᠰᠢᠶᠠᠨ᠎ᠠ ) ᠠᠴᠠ ᠬᠡᠲᠦᠷᠡᠭᠰᠡᠨ ᠦᠭᠡᠢ ᠪᠠᠭ᠎ᠠ ᠬᠡᠪᠴᠢᠶᠡᠨ᠎ᠤ ᠭᠠᠢ᠌ᠯᠢ ᠲᠤᠰᠢᠶᠠᠭᠴᠢ ᠠᠴᠠ ᠭᠡᠷ ᠬᠥᠷᠥᠩᠭᠡ ᠵᠢᠨ ᠭᠠᠢ᠌ᠯᠢ ᠪᠠ ᠬᠣᠲᠠ ᠪᠠᠯᠭ᠋ᠠᠰᠤᠨ᠎ᠤ ᠭᠠᠵᠠᠷ ᠰᠢᠷᠣᠢ ᠵᠢᠨ ᠬᠡᠷᠡᠭᠯᠡᠭᠡᠨ᠎ᠤ ᠭᠠᠢ᠌ᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ ; ᠭᠡᠷ ᠬᠥᠷᠥᠩᠭᠡ ᠵᠢᠨ ᠭᠠᠢ᠌ᠯᠢ ᠵᠢ ᠦᠨ᠎ᠡ᠎ᠪᠠᠷ ᠪᠤᠳᠤᠵᠤ ᠲᠠᠲᠠᠪᠤᠷᠢᠯᠠᠬᠤ ᠵᠢᠨ ᠬᠠᠰᠤᠬᠤ ᠬᠡᠮᠵᠢᠶ᠎ᠡ ᠵᠢ 10% ᠪᠠᠢ᠌ᠭᠰᠠᠨ᠎ᠠᠴᠠ 30% ᠪᠣᠯᠭ᠋ᠠᠨ ᠲᠣᠬᠢᠷᠠᠭᠤᠯᠤᠨ᠎ᠠ ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠂ ᠡᠯ᠎ᠡ ᠠᠢ᠌ᠮᠠᠭ ᠬᠣᠲᠠ ᠂ ᠬᠣᠰᠢᠭᠤ ᠰᠢᠶᠠᠨ ( ᠬᠣᠲᠠ ᠂ ᠲᠣᠭᠣᠷᠢᠭ )᠎ᠤ ᠵᠠᠰᠠᠭ᠎ᠤᠨ ᠣᠷᠳᠣᠨ᠎ᠨᠢ ᠵᠠᠷᠴᠢᠮ ᠳᠡᠭᠡᠷ᠎ᠡ᠎ᠪᠠᠨ ᠣᠲᠣ ᠵᠢᠨ ᠬᠡᠷᠡᠭᠵᠢᠭᠦᠯᠵᠦ ᠪᠠᠢ᠌ᠭ᠎ᠠ ᠪᠠᠷᠢᠮᠵᠢᠶ᠎ᠠ ᠵᠢᠨ 80% ᠶᠣᠰᠣᠭ᠋ᠠᠷ ᠬᠣᠲᠠ ᠪᠠᠯᠭ᠋ᠠᠰᠤ ᠵᠢᠨ ᠭᠠᠵᠠᠷ ᠰᠢᠷᠣᠢ ᠬᠡᠷᠡᠭᠯᠡᠬᠦ ᠭᠠᠢ᠌ᠯᠢ ᠵᠢᠨ ᠭᠠᠢ᠌ᠯᠢ ᠵᠢᠨ ᠲᠣᠭ᠎ᠠ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠨ᠎ᠡ ; ᠪᠠᠷᠠᠭ᠋ᠠᠨ᠎ᠤ ᠲᠡᠷᠭᠡ ᠂ ᠴᠢᠷᠭᠡᠦᠯ ᠲᠡᠷᠭᠡ ᠂ ᠲᠤᠰᠬᠠᠢ ᠬᠡᠷᠡᠭᠯᠡᠬᠦ ᠠᠵᠢᠯᠯᠠᠭ᠋ᠠᠨ᠎ᠤ ᠲᠡᠷᠭᠡ ᠂ ᠬᠦᠷᠳᠦᠲᠦ ᠲᠤᠰᠬᠠᠢ ᠬᠡᠷᠡᠭᠯᠡᠭᠡᠨ᠎ᠤ ᠮᠠᠰᠢᠨ ᠲᠡᠷᠭᠡᠨ᠎ᠤ ᠲᠡᠷᠭᠡ ᠣᠩᠭᠣᠴᠠ ᠵᠢᠨ ᠭᠠᠢ᠌ᠯᠢ᠎ᠳᠤ ᠲᠣᠬᠢᠷᠠᠬᠤ ᠭᠠᠢ᠌ᠯᠢ ᠵᠢᠨ ᠲᠣᠭ᠎ᠠ ᠵᠢ ᠣᠲᠣ ᠵᠢᠨ ᠬᠡᠷᠡᠭᠵᠢᠭᠦᠯᠵᠦ ᠪᠠᠢ᠌ᠭ᠎ᠠ ᠲᠡᠷᠭᠡ ᠣᠩᠭᠣᠴᠠ ᠵᠢᠨ ᠭᠠᠢ᠌ᠯᠢ᠎ᠳᠤ ᠲᠣᠬᠢᠷᠠᠬᠤ ᠭᠠᠢ᠌ᠯᠢ ᠵᠢᠨ ᠲᠣᠭ᠎ᠠ ᠵᠢᠨ 50%᠎ᠪᠠᠷ ᠲᠠᠲᠠᠪᠤᠷᠢᠯᠠᠨ᠎ᠠ ᠃ ᠦᠨᠡᠨᠬᠦ ᠣᠨᠴᠣᠭᠤᠢ ᠬᠦᠴᠢᠷᠳᠡᠯ᠎ᠲᠠᠢ ᠪᠠᠢ᠌ᠵᠤ ᠂ ᠲᠣᠭᠲᠠᠭᠰᠠᠨ ᠬᠤᠭᠤᠴᠠᠭ᠋ᠠᠨ᠎ᠳᠠᠭᠠᠨ ᠭᠠᠢ᠌ᠯᠢ ᠵᠢᠨ ᠵᠣᠭᠣᠰ ᠵᠶ᠋ᠠᠨ ᠲᠤᠰᠢᠶᠠᠵᠤ ᠳᠡᠶ᠋ᠢᠯᠬᠦ ᠦᠭᠡᠢ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠬᠠᠤᠯᠢ ᠶᠣᠰᠣᠭ᠋ᠠᠷ ᠭᠠᠢ᠌ᠯᠢ ᠵᠢᠨ ᠵᠣᠭᠣᠰ ᠵᠶ᠋ᠠᠨ ᠬᠣᠢ᠌ᠰᠢᠯᠠᠭᠤᠯᠤᠨ ᠲᠤᠰᠢᠶᠠᠬᠤ ᠵᠢ ᠭᠦᠢ᠍ᠴᠡᠳᠬᠡᠵᠦ ᠂ ᠠᠵᠤ ᠠᠬᠤᠢ᠌ᠯᠠᠯ᠎ᠢ ᠢᠳᠡᠪᠬᠢᠲᠡᠢ᠎ᠪᠠᠷ ᠬᠠᠪᠰᠤᠷᠤᠨ ᠪᠡᠯᠡ ᠮᠥᠩᠭᠥ ᠵᠢᠨ ᠳᠠᠷᠤᠯᠲᠠ ᠵᠢ᠎ᠨᠢ ᠬᠥᠩᠭᠡᠷᠡᠭᠦᠯᠦᠨ᠎ᠡ ᠃ ᠵᠠᠰᠠᠭ᠎ᠤᠨ ᠣᠷᠳᠣᠨ ᠠᠴᠠ ᠦᠨ᠎ᠡ ᠲᠣᠭᠲᠠᠭ᠋ᠠᠨ ᠡᠵᠡᠩᠨᠡᠬᠦ ᠦᠢ᠍ᠯᠡᠴᠢᠯᠡᠭᠡᠨ᠎ᠤ ᠴᠢᠨᠠᠷᠲᠠᠢ ᠰᠦᠢ᠍ᠳᠬᠡᠯ ᠬᠤᠷᠢᠶᠠᠬᠤ ᠨᠠᠷᠢᠨ ᠬᠠᠭᠤᠳᠠᠰᠤ ᠵᠢᠨ ᠳᠦᠷᠢᠮ᠎ᠢ ᠨᠠᠢ᠌ᠳᠠᠪᠤᠷᠢᠵᠢᠭᠤᠯᠵᠤ ᠂ ᠨᠠᠷᠢᠨ ᠬᠠᠭᠤᠳᠠᠰᠤ ᠠᠴᠠ ᠭᠠᠳᠠᠨᠠᠬᠢ ᠵᠠᠰᠠᠭ᠎ᠤᠨ ᠣᠷᠳᠣᠨ ᠦᠭᠡᠢ ᠦᠨ᠎ᠡ ᠲᠣᠭᠲᠠᠭ᠋ᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠦᠨᠡᠨᠬᠦ ᠪᠠᠲᠤᠯᠠᠨ᠎ᠠ ᠃ ( ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ ᠂ ᠳᠣᠷᠣᠭᠰᠢ ᠠᠳᠠᠯᠢ )
( ᠬᠣᠶᠠᠷ ) ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠤᠨ᠎ᠠ ᠃ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ ᠃ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠎ᠤᠳ ᠵᠠᠬ᠎ᠠ ᠳᠡᠯᠭᠡᠭᠦᠷᠴᠢᠯᠡᠭᠰᠡᠨ ᠦᠨ᠎ᠡ ᠬᠠᠩᠰᠢ ᠵᠢ ᠲᠣᠬᠢᠷᠠᠭᠤᠯᠬᠤ ᠲᠣᠭᠲᠠᠴᠠ ᠵᠢ ᠪᠠᠢ᠌ᠭᠤᠯᠵᠤ ᠂ ᠤᠯᠤᠰ ᠠᠴᠠ ᠲᠣᠭᠲᠠᠭ᠋ᠠᠭᠰᠠᠨ ᠦᠨᠳᠦᠰᠦᠨ ᠪᠠᠷᠢᠮᠵᠢᠶᠠᠲᠤ ᠲᠡᠭᠡᠭᠡᠪᠦᠷᠢ ᠵᠢᠨ ᠦᠨ᠎ᠡ᠎ᠪᠠᠷ ᠰᠠᠭᠤᠷᠢ ᠪᠣᠯᠭ᠋ᠠᠵᠤ ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠪᠠᠢ᠌ᠳᠠᠯ᠎ᠢ ᠦᠨᠳᠦᠰᠦᠯᠡᠨ ᠲᠡᠭᠡᠭᠡᠪᠦᠷᠢ ᠵᠢᠨ ᠦᠨ᠎ᠡ ᠬᠠᠩᠰᠢ ᠵᠢ ᠪᠠᠭᠤᠷᠠᠭᠤᠯᠬᠤ ᠬᠡᠷᠡᠭᠲᠡᠢ ᠃ ᠤᠯᠤᠰ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠪᠤᠴᠠᠭ᠋ᠠᠬᠤ ᠲᠦᠷᠦ ᠵᠢᠨ ᠪᠣᠳᠣᠯᠭ᠎ᠠ᠂ ᠵᠢᠴᠢ ᠠᠵᠢᠯ ᠠᠯᠳᠠᠯᠲᠠ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠤᠷᠮ᠎ᠠ ᠵᠢ ᠱᠠᠲᠤ ᠦᠶ᠎ᠡ ᠵᠢᠨ ᠴᠢᠨᠠᠷᠲᠠᠢ᠎ᠪᠠᠷ ᠪᠠᠭᠤᠷᠠᠭᠤᠯᠬᠤ ᠲᠦᠷᠦ ᠵᠢᠨ ᠪᠣᠳᠣᠯᠭ᠎ᠠ ᠪᠠ ᠨᠠᠰᠤᠵᠢᠯ᠎ᠤᠨ ᠳᠠᠭ᠋ᠠᠳᠬᠠᠯ᠂ ᠠᠵᠢᠯ ᠠᠯᠳᠠᠯᠲᠠ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠡᠯ᠎ᠡ ᠲᠥᠷᠥᠯ᠎ᠤᠨ ᠨᠡᠪᠴᠢᠭᠦᠯᠬᠦ ᠰᠠᠭᠤᠷᠢᠨ ᠭᠠᠵᠠᠷ ᠂ ᠠᠳᠠᠯ ᠦᠢ᠍ᠯᠡᠰ ᠴᠣᠭᠴᠠᠯᠠᠬᠤ ᠬᠦᠷᠢᠶᠡᠯᠡᠩ ᠲᠣᠭᠣᠷᠢᠭ᠎ᠲᠤ ᠣᠷᠣᠵᠤ ᠰᠠᠭᠤᠭᠰᠠᠨ ᠵᠢᠵᠢᠭ ᠪᠢᠴᠢᠯ ᠠᠵᠤ ᠠᠬᠤᠢ᠌ᠯᠠᠯ᠎ᠳᠤ ᠥᠪᠡᠷ᠎ᠤᠨ ᠥᠷᠲᠡᠭ ᠵᠶ᠋ᠡᠷ ᠲᠤᠤᠷ᠎ᠠ ᠲᠠᠯᠠᠪᠤᠷ ᠭᠠᠵᠠᠷ᠎ᠤᠨ ᠳᠡᠮᠵᠢᠯᠭᠡ ᠬᠠᠩᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠬᠥᠬᠡᠬᠣᠲᠠ ᠵᠢᠨ ᠲᠡᠮᠦᠷ ᠵᠠᠮ᠎ᠤᠨ ᠲᠣᠪᠴᠢᠶ᠎ᠠ ᠵᠢᠨ ᠪᠦᠯᠦᠭᠯᠡᠯ᠎ᠳᠦ ᠺᠣᠮᠫᠠᠨᠢ)
( ᠭᠤᠷᠪᠠ ) ᠬᠡᠷᠡᠭᠯᠡᠬᠦ ᠭᠠᠵᠠᠷ᠎ᠤᠨ ᠬᠠᠩᠭ᠋ᠠᠯᠭ᠎ᠠ ᠵᠢ ᠴᠢᠩᠭ᠋ᠠᠷᠠᠭᠤᠯᠤᠨ᠎ᠠ ᠃ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢ ᠣᠷᠳᠣ ᠬᠤᠭᠤᠴᠠᠭ᠎ᠠ᠎ᠪᠠᠷ ᠲᠦᠷᠢᠶᠡᠰᠦᠯᠡᠬᠦ ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ᠎ᠨᠢ ᠰᠢᠯᠵᠢᠭᠦᠯᠦᠨ ᠥᠭᠬᠦ ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠵᠢ ᠤᠶᠠᠯᠳᠤᠭᠤᠯᠬᠤ ᠂ ᠬᠠᠷᠢᠮᠠᠬᠠᠢ ᠴᠢᠨᠠᠷᠲᠠᠢ ᠣᠨ᠎ᠤ ᠬᠤᠭᠤᠴᠠᠭ᠎ᠠ ᠵᠢᠨ ᠠᠷᠭ᠎ᠠ ᠮᠠᠶᠢᠭ ᠵᠶ᠋ᠠᠷ ᠬᠠᠩᠭ᠋ᠠᠵᠤ ᠪᠣᠯᠣᠨ᠎ᠠ ᠃ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠠᠵᠤ ᠦᠢ᠍ᠯᠡᠰ᠎ᠢ ᠤᠷᠢᠳ ᠵᠶ᠋ᠠᠷ ᠬᠥᠭᠵᠢᠭᠦᠯᠬᠦ ᠮᠥᠷᠲᠡᠭᠡᠨ ᠬᠡᠷᠡᠭᠯᠡᠬᠦ ᠭᠠᠵᠠᠷ᠎ᠨᠢ ᠡᠷᠴᠢᠮᠯᠢᠭ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ ᠂ ᠭᠠᠵᠠᠷ ᠰᠢᠷᠣᠢ ᠵᠢ ᠬᠢᠮᠳᠠ᠎ᠪᠠᠷ ᠬᠤᠳᠠᠯᠳᠤᠬᠤ ᠰᠠᠭᠤᠷᠢ ᠦᠨ᠎ᠡ ᠵᠢ ᠲᠣᠭᠲᠠᠭ᠋ᠠᠬᠤ ᠦᠶ᠎ᠡ᠎ᠳᠤ ᠂ ᠪᠠᠢ᠌ᠭ᠎ᠠ ᠭᠠᠵᠠᠷ᠎ᠤᠨ ᠭᠠᠵᠠᠷ ᠰᠢᠷᠣᠢ ᠵᠢᠨ ᠲᠠᠰ ᠢᠯᠭ᠋ᠠᠯ᠎ᠲᠠᠢ ᠬᠠᠷᠢᠯᠴᠠᠨ ᠵᠣᠬᠢᠴᠠᠯᠳᠤᠭᠰᠠᠨ ᠪᠥᠬᠥ ᠤᠯᠤᠰ᠎ᠤᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠰᠢᠷᠣᠢ ᠵᠢ ᠬᠢᠮᠳᠠ᠎ᠪᠠᠷ ᠬᠤᠳᠠᠯᠳᠤᠬᠤ ᠬᠠᠮᠤᠭ᠎ᠤᠨ ᠲᠤᠤᠷ᠎ᠠ ᠦᠨ᠎ᠡ ᠵᠢᠨ ᠪᠠᠷᠢᠮᠵᠢᠶ᠎ᠠ ᠵᠢᠨ 70%᠎ᠠᠴᠠ ᠲᠤᠤᠷ᠎ᠠ ᠦᠭᠡᠢ ᠬᠡᠷᠡᠭᠵᠢᠭᠦᠯᠵᠦ ᠪᠣᠯᠣᠨ᠎ᠠ ᠂ ᠭᠡᠪᠡᠴᠦ ᠲᠥᠷᠥᠯ ᠵᠦᠢ᠍ᠯ᠎ᠤᠨ ᠪᠣᠳᠠᠲᠠᠢ ᠭᠠᠵᠠᠷ ᠰᠢᠷᠣᠢ ᠵᠢᠨ ᠣᠯᠣᠭᠰᠠᠨ ᠥᠪᠡᠷ᠎ᠤᠨ ᠥᠷᠲᠡᠭ ᠂ ᠭᠠᠵᠠᠷ ᠰᠢᠷᠣᠢ ᠵᠢᠨ ᠡᠮᠦᠨᠡᠬᠢ ᠬᠤᠭᠤᠴᠠᠭ᠋ᠠᠨ᠎ᠤ ᠨᠡᠭᠡᠭᠡᠨ ᠠᠰᠢᠭᠯᠠᠬᠤ ᠥᠪᠡᠷ᠎ᠤᠨ ᠥᠷᠲᠡᠭ ᠪᠣᠯᠣᠨ ᠲᠣᠭᠲᠠᠭ᠋ᠠᠯ ᠶᠣᠰᠣᠭ᠋ᠠᠷ ᠬᠤᠷᠢᠶᠠᠬᠤ ᠶᠣᠰᠣᠲᠠᠢ ᠬᠠᠮᠢᠶ᠎ᠠ ᠪᠦᠬᠦᠢ ᠵᠠᠷᠤᠳᠠᠯ᠎ᠤᠨ ᠨᠡᠢ᠌ᠯᠡᠪᠦᠷᠢ᠎ᠠᠴᠠ ᠲᠤᠤᠷ᠎ᠠ ᠪᠠᠢ᠌ᠵᠤ ᠪᠣᠯᠬᠤ ᠦᠭᠡᠢ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠨᠡᠢ᠌ᠴᠡᠵᠦ ᠂ ᠬᠡᠷᠡᠭᠴᠡᠭᠡ ᠵᠢ ᠥᠯᠥ ᠬᠤᠪᠢᠷᠠᠭᠤᠯᠬᠤ ᠤᠷᠢᠲᠠᠯ ᠲᠤᠤᠷ᠎ᠠ ᠂ ᠠᠵᠤ ᠠᠬᠤᠢ᠌ᠯᠠᠯ᠎ᠨᠢ ᠣᠲᠣ ᠵᠢᠨ ᠪᠠᠢ᠌ᠭ᠎ᠠ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠳᠡᠭᠡᠷ᠎ᠡ ᠦᠢ᠍ᠯᠡᠳᠪᠦᠷᠢ ᠵᠢᠨ ᠭᠡᠷ ᠪᠠᠢ᠌ᠰᠢᠩ᠎ᠤᠨ ᠳᠠᠪᠬᠤᠷᠭ᠎ᠠ ᠵᠢ ᠨᠡᠮᠡᠭᠳᠡᠭᠦᠯᠬᠦ ᠂ ᠦᠢ᠍ᠯᠡᠳᠪᠦᠷᠢ ᠵᠢᠨ ᠲᠣᠭᠣᠷᠢᠭ᠎ᠢ ᠥᠭᠡᠷᠡᠴᠢᠯᠡᠬᠦ ᠂ ᠳᠣᠲᠣᠭ᠋ᠠᠳᠤ᠎ᠳᠠᠭᠠᠨ ᠬᠡᠷᠡᠭᠯᠡᠬᠦ ᠭᠠᠵᠠᠷ᠎ᠢ ᠡᠮᠬᠢᠯᠡᠬᠦ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠭᠠᠵᠠᠷ ᠰᠢᠷᠣᠢ ᠵᠢᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠪᠠ ᠪᠠᠭᠲᠠᠭ᠋ᠠᠮᠵᠢ ᠵᠢᠨ ᠨᠣᠷᠮ᠎ᠠ ᠵᠢ ᠨᠡᠮᠡᠭᠳᠡᠭᠦᠯᠦᠭᠰᠡᠨ ᠪᠠᠢ᠌ᠪᠠᠯ ᠂ ᠭᠠᠵᠠᠷ ᠰᠢᠷᠣᠢ ᠵᠢᠨ ᠦᠨ᠎ᠡ ᠵᠢᠨ ᠵᠣᠭᠣᠰ᠎ᠢ ᠳᠠᠭᠢᠵᠤ ᠨᠡᠮᠡᠵᠦ ᠬᠤᠷᠢᠶᠠᠬᠤ ᠦᠭᠡᠢ ᠃ ᠠᠵᠤ ᠠᠬᠤᠢ᠌ᠯᠠᠯ᠎ᠤᠳ ᠦᠯᠡᠳᠡᠭᠡᠯ ᠭᠡᠷ ᠬᠥᠷᠥᠩᠭᠡ ᠂ ᠭᠠᠵᠠᠷ ᠰᠢᠷᠣᠢ ᠵᠢᠨ ᠡᠬᠢ ᠪᠠᠶᠠᠯᠢᠭ᠎ᠢ ᠠᠰᠢᠭᠯᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠮᠵᠢᠬᠦ ᠠᠵᠤ ᠦᠢ᠍ᠯᠡᠰ ᠂ ᠠᠵᠢᠯ ᠲᠥᠷᠥᠯ᠎ᠢ ᠬᠥᠭᠵᠢᠭᠦᠯᠪᠡᠯ ᠂ 5 ᠵᠢᠯ᠎ᠤᠨ ᠳᠣᠲᠣᠷ᠎ᠠ ᠭᠠᠵᠠᠷ ᠬᠡᠷᠡᠭᠯᠡᠬᠦ ᠭᠣᠣᠯ ᠴᠣᠭᠴᠠ ᠪᠠ ᠲᠥᠯᠦᠪᠵᠢᠭᠦᠯᠭᠡ ᠵᠢᠨ ᠨᠥᠬᠥᠴᠡᠯ᠎ᠢ ᠥᠯᠥ ᠬᠤᠪᠢᠷᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠤ ᠳᠡᠮᠵᠢᠬᠦ ᠲᠥᠷᠥ ᠵᠢᠨ ᠪᠣᠳᠣᠯᠭ᠎ᠠ ᠵᠢ ᠬᠦᠷᠲᠡᠵᠦ ᠪᠣᠯᠣᠨ᠎ᠠ ᠃ ᠠᠵᠤ ᠠᠬᠤᠢ᠌ᠯᠠᠯ᠎ᠤᠨ ᠭᠠᠵᠠᠷ ᠰᠢᠷᠣᠢ ᠬᠡᠷᠡᠭᠯᠡᠬᠦ ᠥᠮᠴᠢᠯᠡᠬᠦ ᠡᠷᠬᠡ ᠵᠢᠨ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠲᠦᠷᠭᠡᠳᠬᠡᠨ ᠰᠢᠢ᠍ᠳᠪᠦᠷᠢᠯᠡᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠠᠵᠤ ᠠᠬᠤᠢ᠌ᠯᠠᠯ᠎ᠯᠤᠭ᠎ᠠ ᠬᠠᠤᠯᠢ ᠶᠣᠰᠣᠭ᠋ᠠᠷ ᠭᠠᠷᠤᠨ ᠥᠰᠥᠭ ᠵᠢᠷᠤᠭᠰᠠᠨ ᠭᠠᠵᠠᠷ ᠰᠢᠷᠣᠢ ᠬᠡᠷᠡᠭᠯᠡᠬᠦ ᠬᠡᠯᠡᠯᠴᠡᠭᠡᠷ᠎ᠢ ᠴᠢᠩᠭ᠎ᠠ ᠬᠡᠷᠡᠭᠵᠢᠭᠦᠯᠵᠦ ᠂ ᠠᠵᠤ ᠠᠬᠤᠢ᠌ᠯᠠᠯ᠎ᠤᠨ ᠭᠠᠵᠠᠷ ᠰᠢᠷᠣᠢ ᠬᠡᠷᠡᠭᠯᠡᠬᠦ ᠡᠷᠬᠡ ᠠᠰᠢᠭ᠎ᠢ ᠪᠠᠲᠤᠯᠠᠬᠤ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠵᠢᠨ ᠲᠢᠩᠬᠢᠮ)
( ᠳᠥᠷᠪᠡ ) ᠡᠨᠧᠷᠭᠢ ᠬᠡᠷᠡᠭᠯᠡᠬᠦ ᠪᠠᠲᠤᠯᠠᠭ᠎ᠠ ᠵᠢ ᠴᠢᠩᠭ᠋ᠠᠷᠠᠭᠤᠯᠤᠨ᠎ᠠ ᠃ 《 ᠬᠦᠴᠦᠨ ᠵᠦᠢ᠍ᠯ᠎ᠨᠢ ᠲᠥᠷᠥᠯ ᠵᠦᠢ᠍ᠯ᠎ᠢ ᠳᠠᠭ᠋ᠠᠵᠤ ᠶᠠᠪᠤᠬᠤ 》 ᠵᠢ ᠪᠠᠷᠢᠮᠲᠠᠯᠠᠵᠤ ᠂ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠡᠨᠧᠷᠭᠢ ᠵᠢᠨ ᠬᠣᠷᠣᠭᠳᠠᠭᠤᠯᠤᠯ᠎ᠤᠨ ᠬᠦᠴᠦᠯᠡᠴᠡ ᠵᠢᠨ ᠬᠡᠪ ᠳᠠᠭᠤᠷᠢᠶᠠᠯ᠎ᠤᠨ ᠬᠥᠲᠥᠯᠥᠨ ᠵᠢᠯᠤᠭᠣᠳᠬᠤ ᠲᠣᠭᠲᠠᠴᠠ ᠵᠢ ᠪᠠᠢ᠌ᠭᠤᠯᠵᠤ ᠂ ᠡᠨᠧᠷᠭᠢ ᠵᠢᠨ ᠬᠣᠷᠣᠭᠳᠠᠭᠤᠯᠤᠯ᠎ᠤᠨ ᠬᠦᠴᠦᠯᠡᠴᠡ᠎ᠪᠠᠷ ᠪᠠᠭ᠎ᠠ ᠴᠢᠨᠠᠷ ᠰᠠᠢ᠌ᠲᠠᠢ ᠲᠥᠷᠥᠯ ᠵᠦᠢ᠍ᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠦᠢ ᠵᠣᠬᠢᠰᠲᠠᠢ ᠪᠠᠲᠤᠯᠠᠨ ᠂ ᠪᠦᠲᠦᠮᠵᠢᠲᠡᠶ ᠪᠡᠯᠡ ᠣᠷᠣᠭᠤᠯᠤᠯᠲᠠ ᠵᠢᠨ ᠴᠢᠬᠤᠯᠠ ᠲᠥᠷᠥᠯ ᠵᠦᠢ᠍ᠯ᠎ᠳᠤ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠵᠦ ᠂ ᠡᠨᠧᠷᠭᠢ ᠵᠢᠨ ᠰᠢᠯᠭ᠋ᠠᠷᠠᠭᠤᠯᠤᠯᠲᠠ ᠵᠢᠨ ᠭᠠᠷᠳᠠᠮ᠎ᠢ ᠲᠦᠷᠭᠡᠳᠬᠡᠨ ᠭᠦᠢ᠍ᠴᠡᠳᠬᠡᠵᠦ ᠂ ᠡᠨᠧᠷᠭᠢ ᠵᠢᠨ ᠬᠣᠷᠣᠭᠳᠠᠭᠤᠯᠤᠯ᠎ᠤᠨ ᠬᠦᠴᠦᠨ ᠵᠦᠢ᠍ᠯ᠎ᠤᠨ ᠠᠮᠢ ᠠᠬᠤᠢ ᠵᠢ ᠲᠡᠷᠢᠭᠦᠨ᠎ᠳᠤ ᠲᠠᠯᠪᠢᠬᠤ ᠂ ᠪᠣᠬᠢᠷᠳᠤᠯ ᠦᠭᠡᠢ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠴᠢᠨᠠᠷ ᠰᠠᠢ᠌ᠲᠠᠢ ᠲᠥᠷᠥᠯ ᠵᠦᠢ᠍ᠯ ᠳᠠᠰᠢ ᠰᠢᠯᠵᠢᠬᠦ ᠵᠢ ᠬᠥᠲᠥᠯᠥᠨ ᠵᠢᠯᠣᠭᠣᠳᠤᠨ᠎ᠠ ᠃ ᠪᠥᠬᠥ ᠣᠷᠣᠨ᠎ᠤ ᠬᠡᠪᠴᠢᠶᠡᠨ᠎ᠳᠤ ᠬᠡᠷᠡᠭᠯᠡᠬᠦ ᠴᠠᠬᠢᠯᠭ᠋ᠠᠨ᠎ᠤ ᠪᠠᠭᠲᠠᠭ᠋ᠠᠮᠵᠢ᠎ᠨᠢ 160 ᠺᠢᠯᠣᠸᠠᠲ ᠵᠢᠴᠢ ᠲᠡᠭᠦᠨ᠎ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠢ᠌ᠯᠠᠯ᠎ᠤᠨ ᠴᠠᠬᠢᠯᠭ᠋ᠠᠨ ᠮᠡᠳᠡᠭᠡ᠎ᠪᠠᠷ ᠤᠭᠰᠠᠷᠠᠬᠤ᠎ᠳᠤ 《 ᠪᠡᠯᠡ ᠣᠷᠣᠭᠤᠯᠬᠤ ᠦᠭᠡᠢ 》 ᠪᠠᠢ᠌ᠬᠤ ᠵᠢ ᠪᠡᠶᠡᠯᠡᠭᠦᠯᠦᠨ᠎ᠡ ᠃ 2025 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ ᠂ ᠬᠣᠶᠠᠷ ᠢᠵᠢ ᠳᠦᠷᠢᠮᠲᠦ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠵᠦ ᠪᠠᠢ᠌ᠭ᠎ᠠ ᠪᠣᠬᠢᠷ ᠤᠰᠤ ᠵᠢ ᠰᠢᠢ᠍ᠳᠪᠦᠷᠢᠯᠡᠬᠦ ᠠᠵᠤ ᠠᠬᠤᠢ᠌ᠯᠠᠯ᠎ᠳᠤ ᠂ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠲᠥᠪᠯᠡᠷᠡᠩᠭᠦᠢ ᠮᠠᠶᠢᠭ᠎ᠤᠨ ᠴᠡᠨᠡᠭᠯᠡᠵᠦ ᠰᠣᠯᠢᠬᠤ ᠲᠥᠬᠦᠭᠡᠷᠦᠮᠵᠢ᠎ᠳᠤ ᠴᠠᠬᠢᠯᠭ᠋ᠠᠨ ᠬᠡᠷᠡᠭᠯᠡᠬᠦ᠎ᠳᠤ ᠬᠡᠷᠡᠭᠰᠡᠬᠦ ᠬᠡᠮᠵᠢᠶ᠎ᠡ ( ᠪᠠᠭᠲᠠᠭ᠋ᠠᠮᠵᠢ ) ᠵᠢᠨ ᠴᠠᠬᠢᠯᠭ᠋ᠠᠨ᠎ᠤ ᠰᠦᠢ᠍ᠳᠬᠡᠯ ᠬᠤᠷᠢᠶᠠᠬᠤ ᠦᠭᠡᠢ ᠪᠠᠢ᠌ᠬᠤ ᠵᠢ ᠦᠷᠭᠦᠯᠵᠢᠯᠡᠨ ᠬᠡᠷᠡᠭᠵᠢᠭᠦᠯᠦᠨ᠎ᠡ ᠃ ᠰᠢᠨ᠎ᠡ ᠲᠢᠲᠢᠮ᠎ᠤᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠨᠥᠯᠥᠭᠡ᠎ᠠᠴᠠ ᠪᠣᠯᠵᠤ ᠲᠦᠷ ᠴᠠᠭ ᠦᠢ᠍ᠯᠡᠳᠪᠦᠷᠢᠯᠡᠯ ᠡᠵᠡᠩᠨᠡᠯᠲᠡ᠎ᠨᠢ ᠬᠦᠴᠢᠷᠳᠡᠯ᠎ᠲᠠᠢ ᠪᠣᠯᠤᠭᠰᠠᠨ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠤᠰᠤ ᠬᠡᠷᠡᠭᠯᠡᠬᠦ ᠂ ᠴᠠᠬᠢᠯᠭ᠋ᠠᠨ ᠬᠡᠷᠡᠭᠯᠡᠬᠦ ᠂ ᠬᠡᠢ ᠬᠡᠷᠡᠭᠯᠡᠬᠦ ᠂ ᠳᠤᠯᠠᠭ᠋ᠠᠯᠠᠭ᠎ᠠ ᠬᠡᠷᠡᠭᠯᠡᠬᠦ 《 ᠰᠦᠢ᠍ᠳᠬᠡᠯ ᠳᠤᠲᠠᠭᠳᠠᠪᠠᠯ ᠲᠠᠰᠤᠷᠠᠯᠲᠠ ᠦᠭᠡᠢ ᠬᠠᠩᠭ᠋ᠠᠬᠤ ᠲᠥᠷᠥ ᠵᠢᠨ ᠪᠣᠳᠣᠯᠭ᠎ᠠ 》 ᠵᠢ ᠬᠡᠷᠡᠭᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ)
( ᠲᠠᠪᠤ ) ᠡᠵᠡᠩᠨᠡᠯᠲᠡ ᠵᠢᠨ ᠲᠦᠭᠰᠢᠭᠦᠷᠢ ᠵᠢ ᠪᠠᠭᠤᠷᠠᠭᠤᠯᠤᠨ᠎ᠠ ᠃ ᠭᠡᠨᠡᠳᠲᠡ ᠡᠭᠦᠰᠬᠦ ᠬᠢᠵᠢᠭ᠎ᠤᠨ ᠪᠠᠢ᠌ᠳᠠᠯ᠎ᠢ ᠪᠠᠲᠤᠯᠠᠬᠤ ᠪᠡᠯᠡᠳᠬᠡᠯ ᠲᠥᠰᠥᠯ᠎ᠢ ᠲᠣᠭᠲᠠᠭ᠋ᠠᠵᠤ᠂ ᠭᠣᠣᠯᠳᠠᠯᠭ᠎ᠠ᠎ᠲᠠᠢ ᠠᠵᠤ ᠠᠬᠤᠢ᠌ᠯᠠᠯ ᠪᠣᠯᠣᠨ ᠴᠢᠬᠤᠯᠠ ᠶᠡᠬᠡ ᠵᠦᠢ᠍ᠯᠡᠰ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠳᠤᠮᠳᠠᠬᠢ ᠠᠵᠢᠯᠴᠢᠨ ᠬᠡᠷᠡᠭᠯᠡᠬᠦ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ᠂ ᠡᠳ᠋ ᠪᠠᠷᠠᠭ᠋ᠠᠨ᠎ᠤ ᠭᠦᠢ᠍ᠯᠭᠡᠭᠡ᠂ ᠬᠢᠵᠢᠭ᠎ᠢ ᠰᠡᠷᠭᠡᠢ᠌ᠯᠡᠬᠦ ᠵᠡᠷᠭᠡ ᠲᠠᠯ᠎ᠠ ᠵᠢᠨ ᠬᠡᠷᠡᠭᠴᠡᠭᠡ ᠵᠢ ᠪᠠᠲᠤᠯᠠᠨ᠎ᠠ᠃ ᠤᠯᠤᠰ᠎ᠤᠨ ᠰᠢᠨ᠎ᠡ ᠲᠢᠲᠢᠮ᠎ᠲᠠᠢ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠬᠢᠵᠠᠭ᠋ᠠᠷᠯᠠᠬᠤ ᠲᠤᠬᠠᠢ ᠲᠥᠷᠥ ᠵᠢᠨ ᠪᠣᠳᠣᠯᠭ᠎ᠠ ᠪᠠ 《 ᠶᠢᠰᠦ ᠵᠢ ᠥᠯᠥ ᠵᠥᠪᠰᠢᠶᠡᠷᠡᠬᠦ 》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠬᠢᠵᠠᠭ᠋ᠠᠷᠯᠠᠬᠤ ᠵᠢ ᠳᠥᠭᠥᠮᠴᠢᠯᠡᠬᠦ ᠂ 《 ᠨᠢᠭᠡ ᠯᠡ ᠠᠳᠠᠯᠢ᠎ᠪᠠᠷ ᠱᠠᠭ᠋ᠠᠷᠳᠠᠬᠤ 》 《 ᠱᠠᠲᠤ ᠱᠠᠲᠤ᠎ᠪᠠᠷ ᠲᠣᠭ᠎ᠠ ᠨᠡᠮᠡᠬᠦ ᠵᠢ ᠴᠢᠩᠭ᠎ᠠ ᠴᠠᠭ᠋ᠠᠵᠠᠯᠠᠨ᠎ᠠ ᠃ ᠠᠶᠠᠨᠴᠢᠳ ᠪᠠ ᠪᠠᠷᠠᠭ᠎ᠠ ᠲᠡᠭᠡᠭᠡᠪᠦᠷᠢ ᠵᠢᠨ ᠵᠢᠯᠣᠭᠣᠴᠢ ᠂ ᠲᠦᠷᠭᠡᠨ ᠬᠦᠷᠭᠡᠭᠴᠢ ᠣᠨᠳᠣᠣ ᠭᠠᠵᠠᠷ᠎ᠤᠨ ᠰᠦᠢ᠍ᠳᠬᠡᠯ ᠬᠤᠷᠢᠶᠠᠬᠤ ᠦᠭᠡᠢ᠎ᠪᠠᠷ ᠪᠠᠢ᠌ᠴᠠᠭ᠋ᠠᠨ ᠬᠡᠮᠵᠢᠬᠦ ᠴᠢᠭ᠋᠎ᠲᠤ ᠬᠦᠷᠴᠦ ᠪᠥᠭᠡᠮ ᠬᠦᠴᠢᠯ᠎ᠤᠨ ᠪᠠᠢ᠌ᠴᠠᠭ᠋ᠠᠨ ᠬᠡᠮᠵᠢᠯᠲᠡ ᠪᠠ ᠥᠳᠥᠭᠡᠭᠴᠢ ᠵᠢᠨ ᠪᠠᠢ᠌ᠴᠠᠭ᠋ᠠᠨ ᠬᠡᠮᠵᠢᠯᠲᠡ ᠵᠢ ᠬᠢᠬᠦ᠎ᠳᠤ ᠂ ᠲᠣᠰ ᠭᠠᠵᠠᠷ᠎ᠤᠨ ᠰᠠᠭᠤᠭ᠋ᠠᠯᠢ ᠠᠷᠠᠳ᠎ᠲᠠᠢ ᠠᠳᠠᠯᠢ᠎ᠪᠠᠷ ᠪᠠᠢ᠌ᠴᠠᠭ᠋ᠠᠨ ᠬᠡᠮᠵᠢᠬᠦ ᠬᠦᠷᠢᠶ᠎ᠡ ᠬᠡᠪᠴᠢᠶᠡᠨ᠎ᠳᠤ ᠣᠷᠣᠭᠤᠯᠵᠤ ᠂ ᠠᠳᠠᠯᠢ ᠲᠥᠷᠥ ᠵᠢᠨ ᠪᠣᠳᠣᠯᠭ᠎ᠠ ᠵᠢ ᠬᠦᠷᠲᠡᠵᠦ ᠂ ᠬᠡᠷᠡᠭᠰᠡᠬᠦ ᠵᠠᠷᠤᠳᠠᠯ᠎ᠢ ᠣᠷᠣᠨ ᠨᠤᠲᠤᠭ᠎ᠤᠨ ᠡᠳ᠋᠎ᠤᠨ ᠵᠠᠰᠠᠭ ᠠᠴᠠ ᠪᠠᠲᠤᠯᠠᠨ᠎ᠠ ᠃ ( ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ )
ᠬᠣᠶᠠᠷ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠢ ᠴᠢᠩᠭ᠋ᠠᠷᠠᠭᠤᠯᠬᠤ ᠬᠡᠷᠡᠭᠲᠡᠢ
( ᠵᠢᠷᠭᠤᠭ᠎ᠠ ) ᠪᠡᠯᠡ ᠲᠣᠬᠢᠷᠠᠭᠤᠯᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠬᠠᠭᠤᠳᠠᠰᠤ ᠵᠢ ᠪᠠᠢ᠌ᠭᠤᠯᠵᠤ ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ ᠵᠢᠨ ᠵᠢᠭᠡᠯᠡᠯᠭᠡ ᠭᠤᠶᠤᠴᠢᠯᠠᠬᠤ ᠨᠥᠬᠥᠴᠡᠯ᠎ᠳᠤ ᠨᠡᠶ᠋ᠢᠴᠡᠬᠦ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠲᠣᠭ᠎ᠠ ᠬᠡᠮᠵᠢᠶ᠎ᠡ᠎ᠨᠢ 20 ᠲᠦᠮᠡᠨ ᠲᠥᠭᠥᠷᠢᠭ᠎ᠠᠴᠠ ᠬᠡᠲᠦᠷᠡᠬᠦ ᠦᠭᠡᠢ ᠂ ᠬᠤᠭᠤᠴᠠᠭ᠎ᠠ ᠬᠢᠵᠠᠭ᠋ᠠᠷ᠎ᠨᠢ 3 ᠵᠢᠯ᠎ᠠᠴᠠ ᠬᠡᠲᠦᠷᠡᠬᠦ ᠦᠭᠡᠢ ᠂ ᠵᠢᠵᠢᠭ ᠪᠢᠴᠢᠯ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ᠎ᠨᠢ 300 ᠲᠦᠮᠡᠨ ᠲᠥᠭᠥᠷᠢᠭ᠎ᠠᠴᠠ ᠬᠡᠲᠦᠷᠡᠬᠦ ᠦᠭᠡᠢ ᠂ ᠬᠤᠭᠤᠴᠠᠭ᠎ᠠ ᠬᠢᠵᠠᠭ᠋ᠠᠷ᠎ᠨᠢ 2 ᠵᠢᠯ᠎ᠠᠴᠠ ᠬᠡᠲᠦᠷᠡᠬᠦ ᠦᠭᠡᠢ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ ᠵᠢᠨ ᠵᠢᠭᠡᠯᠡᠯᠭᠡ᠎ᠳᠤ ᠬᠠᠮᠤᠭ᠎ᠤᠨ ᠥᠨᠳᠥᠷ᠎ᠲᠡᠭᠡᠨ 4% ᠵᠢᠨ ᠳᠠᠮ ᠬᠦᠦ ᠣᠯᠭᠣᠵᠤ ᠂ ᠳᠠᠮ ᠬᠦᠦ ᠵᠢᠨ ᠪᠡᠯᠡ ᠮᠥᠩᠭᠥ ᠵᠢ ᠡᠯ᠎ᠡ ᠱᠠᠲᠤᠨ᠎ᠤ ᠡᠳ᠋᠎ᠤᠨ ᠵᠠᠰᠠᠭ ᠠᠴᠠ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠨ᠎ᠡ ᠃ 2023 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠂ ᠨᠥᠬᠥᠴᠡᠯ᠎ᠳᠤ ᠨᠡᠶ᠋ᠢᠴᠡᠬᠦ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠠᠷᠬᠠᠭ᠋ᠠᠭᠰᠠᠨ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ᠎ᠳᠤ ᠵᠢᠭᠡᠯᠡᠯᠭᠡ ᠵᠢᠨ ᠦᠯᠡᠳᠡᠪᠦᠷᠢ ᠵᠢᠨ ᠨᠡᠮᠡᠭᠳᠡᠯ᠎ᠤᠨ ᠬᠡᠮᠵᠢᠶᠡᠨ᠎ᠤ 2% ᠵᠶ᠋ᠠᠷ ᠤᠷᠮᠠᠰᠢᠭᠤᠯᠬᠤ ᠪᠡᠯᠡ ᠮᠥᠩᠭᠥ ᠣᠯᠭᠣᠨ᠎ᠠ ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ 《 1+N 》 ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠢ ᠥᠷᠨᠢᠭᠦᠯᠵᠦ ᠂ ᠠᠵᠤ ᠦᠢ᠍ᠯᠡᠰ᠎ᠤᠨ ᠬᠡᠯᠬᠢᠶᠡᠨ᠎ᠤ 《 ᠬᠡᠯᠬᠢᠶᠡᠨ᠎ᠤ ᠡᠵᠡᠨ 》 ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠬᠡᠯᠬᠢᠶᠡᠨ᠎ᠳᠠᠬᠢ ᠪᠡᠯᠡ ᠮᠥᠩᠭᠥ ᠵᠢᠨ ᠳᠡᠮᠵᠢᠯᠭᠡ ᠵᠢᠨ ᠦᠢ᠍ᠯᠡᠳᠦᠯ᠎ᠢ ᠪᠠᠳᠠᠷᠠᠭᠤᠯᠤᠨ ᠂ 《 ᠬᠡᠯᠬᠢᠶᠡᠨ᠎ᠤ ᠡᠵᠡᠨ 》 ᠠᠵᠤ ᠠᠬᠤᠢ᠌ᠯᠠᠯ᠎ᠤᠨ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠤᠷᠢᠶᠠᠬᠤ ᠶᠣᠰᠣᠲᠠᠢ ᠲᠠᠩᠰᠠᠨ ᠵᠣᠭᠣᠰ᠎ᠤᠨ ᠪᠡᠯᠡ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠲᠠᠪᠴᠠᠩ᠎ᠯᠤᠭ᠎ᠠ ᠰᠢᠰᠲ᠋ᠧᠮ᠎ᠲᠠᠢ ᠵᠣᠯᠭ᠋ᠠᠭᠤᠯᠬᠤ ᠂ ᠰᠦᠯᠵᠢᠶ᠎ᠡ᠎ᠪᠠᠷ ᠡᠷᠬᠡ ᠵᠢ ᠨᠤᠲᠠᠯᠠᠨ ᠲᠣᠭᠲᠠᠭ᠋ᠠᠬᠤ ᠵᠢ ᠠᠬᠢᠭᠤᠯᠵᠤ ᠂ ᠬᠡᠯᠬᠢᠶᠡᠨ᠎ᠳᠠᠬᠢ ᠳᠤᠮᠳᠠ ᠵᠢᠵᠢᠭ ᠠᠵᠤ ᠠᠬᠤᠢ᠌ᠯᠠᠯ᠎ᠢ ᠬᠠᠪᠰᠤᠷᠤᠨ ᠬᠥᠳᠡᠯᠬᠦ ᠬᠥᠷᠥᠩᠭᠡ᠎ᠪᠠᠷ ᠳᠠᠨᠵᠢᠯᠠᠵᠤ ᠪᠡᠯᠡ ᠲᠣᠬᠢᠷᠠᠭᠤᠯᠬᠤ ᠵᠢ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠬᠢᠭᠡᠳ ᠨᠡᠢ᠌ᠭᠡᠮ ᠣᠨ ᠪᠠᠲᠤᠯᠠᠭ᠎ᠠ ᠵᠢᠨ ᠲᠢᠩᠬᠢᠮ᠂ ᠥᠪᠥᠷ ᠮᠣᠩᠭᠣᠯ᠎ᠤᠨ ᠪᠠᠩᠬᠢ ᠬᠢᠭᠡᠳ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ)
( ᠳᠣᠯᠣᠭ᠎ᠠ ) ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠦᠢ᠍ᠯᠡᠴᠢᠯᠡᠭᠡ ᠵᠢ ᠴᠢᠩᠭ᠋ᠠᠷᠠᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠦᠯᠦᠭᠯᠡᠯ᠎ᠢ ᠳᠠᠬᠢᠨ ᠳᠠᠭ᠋ᠠᠭ᠋ᠠᠯᠲᠠ ᠬᠢᠬᠦ ᠲᠤᠬᠠᠢ᠌ᠯᠠᠭᠰᠠᠨ ᠠᠵᠢᠯ ᠥᠷᠨᠢᠭᠦᠯᠬᠦ᠎ᠳᠤ ᠂ ᠭᠠᠭᠴᠠ ᠡᠷᠦᠬᠡ ᠵᠢᠨ ᠳᠠᠭ᠋ᠠᠭ᠋ᠠᠯᠲᠠ ᠬᠢᠬᠦ ᠵᠣᠭᠣᠰ᠎ᠤᠨ ᠲᠣᠭ᠎ᠠ᠎ᠨᠢ 500 ᠲᠦᠮᠡᠨ ᠲᠥᠭᠥᠷᠢᠭ᠎ᠠᠴᠠ ᠳᠡᠭᠡᠭᠰᠢᠬᠢ ᠰᠦᠢ᠍ᠳᠬᠡᠯ ᠬᠤᠷᠢᠶᠠᠬᠤ ᠵᠢ ᠵᠠᠷᠴᠢᠮ ᠳᠡᠭᠡᠷ᠎ᠡ᠎ᠪᠠᠨ ᠲᠦᠭᠰᠢᠭᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠵᠢᠨ 0.5% ᠠᠴᠠ ᠥᠨᠳᠥᠷ ᠪᠠᠢ᠌ᠯᠭ᠋ᠠᠵᠤ ᠪᠣᠯᠬᠤ ᠦᠭᠡᠢ ᠂ ᠭᠠᠭᠴᠠ ᠡᠷᠦᠬᠡ ᠵᠢᠨ ᠳᠠᠭ᠋ᠠᠭ᠋ᠠᠯᠲᠠ ᠬᠢᠬᠦ ᠵᠣᠭᠣᠰ᠎ᠤᠨ ᠲᠣᠭ᠎ᠠ᠎ᠨᠢ 500 ᠲᠦᠮᠡᠨ ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠰᠦᠢ᠍ᠳᠬᠡᠯ ᠬᠤᠷᠢᠶᠠᠬᠤ ᠵᠢ ᠵᠠᠷᠴᠢᠮ ᠳᠡᠭᠡᠷ᠎ᠡ᠎ᠪᠠᠨ ᠲᠦᠭᠰᠢᠭᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠵᠢᠨ 0.3% ᠠᠴᠠ ᠥᠨᠳᠥᠷ ᠪᠠᠢ᠌ᠯᠭ᠋ᠠᠵᠤ ᠪᠣᠯᠬᠤ ᠦᠭᠡᠢ ᠂ ᠭᠠᠭᠴᠠ ᠡᠷᠦᠬᠡ ᠵᠢᠨ ᠳᠠᠭ᠋ᠠᠭ᠋ᠠᠯᠲᠠ ᠬᠢᠬᠦ ᠵᠣᠭᠣᠰ᠎ᠤᠨ ᠲᠣᠭ᠎ᠠ᠎ᠨᠢ 500 ᠲᠦᠮᠡᠨ ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠲᠤᠬᠠᠢ᠌ᠯᠠᠭᠰᠠᠨ ᠠᠵᠢᠯ᠎ᠤᠨ ᠡᠵᠡᠯᠡᠬᠦ ᠬᠠᠷᠢᠴᠠᠯ᠎ᠨᠢ 50% ᠵᠢ ᠳᠠᠪᠠᠭᠰᠠᠨ ᠤᠤᠯ᠎ᠤᠨ ᠳᠠᠭ᠋ᠠᠭ᠋ᠠᠯᠲᠠ ᠬᠢᠬᠦ ᠪᠠᠢ᠌ᠭᠤᠯᠤᠮᠵᠢ᠎ᠨᠢ ᠳᠠᠬᠢᠨ ᠳᠠᠭ᠋ᠠᠭ᠋ᠠᠯᠲᠠ ᠬᠢᠬᠦ ᠰᠦᠢ᠍ᠳᠬᠡᠯ᠎ᠢ ᠵᠣᠬᠢᠬᠤ ᠬᠡᠮᠵᠢᠶ᠎ᠡ᠎ᠪᠠᠷ ᠪᠤᠴᠠᠭ᠋ᠠᠨ ᠥᠭᠴᠦ ᠪᠣᠯᠣᠨ᠎ᠠ ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ)
( ᠨᠠᠢ᠍ᠮᠠ ) ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠨ᠎ᠡ ᠃ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠲᠢᠶᠠᠨ ᠵᠢᠶᠦ᠋ᠨ᠎ᠤ ᠦᠢ᠍ᠯᠡᠴᠢᠯᠡᠭᠡᠨ᠎ᠤ ᠲᠥᠯᠥᠪᠯᠡᠭᠡ ᠵᠢ ᠬᠡᠷᠡᠭᠵᠢᠭᠦᠯᠵᠦ᠂ ᠠᠵᠤ ᠠᠬᠤᠢ᠌ᠯᠠᠯ᠎ᠳᠤ ᠬᠠᠤᠯᠢ ᠴᠠᠭ᠋ᠠᠵᠠ᠂ ᠮᠥᠩᠭᠥᠨ ᠭᠦᠢ᠍ᠯᠭᠡᠭᠡ᠂ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠵᠣᠷᠢᠭᠵᠢᠭᠤᠯᠵᠤ ᠂ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠠᠪᠰᠤᠷᠤᠨ ᠵᠢᠯᠤᠭᠣᠳᠬᠤ ᠵᠢᠨ ᠳᠠᠩᠰᠠᠯᠠᠯᠲᠠ ᠬᠢᠯᠭᠡᠭᠰᠡᠨ ᠠᠵᠤ ᠠᠬᠤᠢ᠌ᠯᠠᠯ᠎ᠳᠤ 100 ᠲᠦᠮᠡᠨ ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠪᠣᠯᠣᠨ ᠱᠠᠩᠬᠠᠢ᠂ ᠱᠧᠨᠵᠧᠨ᠂ ᠪᠡᠭᠡᠵᠢᠩ᠎ᠤᠨ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠭ᠋ᠠᠬᠤ ᠮᠡᠳᠡᠭᠦᠯᠦᠯᠲᠡ ᠵᠢᠨ ᠮᠠᠲ᠋ᠧᠷᠢᠶᠠᠯ ᠵᠶ᠋ᠠᠨ ᠲᠤᠰᠢᠶᠠᠭᠰᠠᠨ ᠪᠥᠭᠡᠳ ᠭᠥᠯᠢᠶᠡᠨ ᠠᠪᠬᠤ᠎ᠪᠠᠷ ᠭᠥᠯᠢᠶᠡᠨ ᠠᠪᠤᠭᠰᠠᠨ ᠠᠵᠤ ᠠᠬᠤᠢ᠌ᠯᠠᠯ᠎ᠳᠤ 200 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠨ᠎ᠠ; ᠱᠠᠩᠬᠠᠢ᠂ ᠱᠧᠨᠵᠧᠨ᠂ ᠪᠡᠭᠡᠵᠢᠩ᠎ᠤᠨ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠬᠤ ᠵᠢ ᠪᠡᠶᠡᠯᠡᠭᠦᠯᠦᠭᠰᠡᠨ ᠠᠵᠤ ᠠᠬᠤᠢ᠌ᠯᠠᠯ᠎ᠳᠤ 1000 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠨ᠎ᠠ; ᠤᠯᠤᠰ᠎ᠤᠨ ᠬᠣᠯᠪᠣᠭᠳᠠᠯ ᠪᠦᠬᠦᠢ ᠵᠠᠬ᠎ᠠ ᠳᠡᠯᠭᠡᠭᠦᠷ᠎ᠲᠤ ᠭᠠᠷᠭ᠋ᠠᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠰᠢᠶᠠᠩᠭ᠋ᠠᠩ᠎ᠤᠨ ᠬᠠᠮᠲᠤᠷᠠᠭᠰᠠᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠤᠭᠰᠠᠨ ᠠᠵᠤ ᠠᠬᠤᠢ᠌ᠯᠠᠯ᠎ᠳᠤ ᠨᠢᠭᠡ ᠤᠳᠠᠭ᠎ᠠ ᠵᠢᠨ ᠴᠢᠨᠠᠷᠲᠠᠢ᠎ᠪᠠᠷ 500 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠨ᠎ᠠ ᠃ (ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
( ᠶᠢᠰᠦ ) ᠬᠥᠳᠡᠯᠦᠩᠭᠦᠢ ᠴᠢᠨᠠᠷᠲᠠᠢ ᠬᠦᠴᠢᠷᠳᠡᠯᠲᠦ ᠪᠠᠢ᠌ᠳᠠᠯ᠎ᠢ ᠬᠦᠴᠦᠯᠡᠨ ᠰᠢᠢ᠍ᠳᠪᠦᠷᠢᠯᠡᠨ᠎ᠡ ᠃ ᠰᠢᠨ᠎ᠡ ᠲᠢᠲᠢᠮ᠎ᠲᠠᠢ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠨᠥᠯᠥᠭᠡ᠎ᠠᠴᠠ ᠪᠣᠯᠵᠤ ᠵᠢᠭᠡᠯᠡᠯᠭᠡ᠎ᠪᠠᠨ ᠪᠤᠴᠠᠭ᠋ᠠᠬᠤ᠎ᠳᠤ ᠬᠦᠴᠢᠷᠲᠡᠢ ᠠᠵᠤ ᠠᠬᠤᠢ᠌ᠯᠠᠯ᠎ᠳᠤ ᠦᠷᠭᠦᠯᠵᠢᠯᠡᠨ ᠵᠢᠭᠡᠯᠡᠯᠭᠡ ᠲᠠᠯᠪᠢᠬᠤ ᠂ ᠬᠤᠭᠤᠴᠠᠭ᠎ᠠ ᠵᠢ᠎ᠨᠢ ᠤᠷᠲᠤᠳᠬᠠᠬᠤ ᠂ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢ ᠵᠣᠬᠢᠰᠲᠠᠢ ᠪᠠᠭᠤᠷᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠡᠳᠡᠨ᠎ᠢ ᠬᠠᠪᠰᠤᠷᠤᠨ ᠪᠡᠷᠬᠡ ᠪᠣᠭᠣᠮᠲᠠ ᠵᠢ ᠳᠤᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠬᠦᠴᠢᠷᠳᠡᠯ᠎ᠢ ᠰᠢᠢ᠍ᠳᠪᠦᠷᠢᠯᠡᠬᠦ ᠬᠥᠭᠵᠢᠯᠲᠡ ᠵᠢᠨ ᠰᠠᠭᠤᠷᠢ ᠮᠥᠩᠭᠥ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠬᠥᠳᠡᠯᠦᠩᠭᠦᠢ ᠴᠢᠨᠠᠷᠲᠠᠢ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠠᠭᠤᠷᠢ ᠮᠥᠩᠭᠥ ᠵᠢ ᠰᠠᠢ᠌ᠲᠤᠷ ᠬᠡᠷᠡᠭᠯᠡᠵᠦ ᠂ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ ᠵᠢᠨ ᠰᠲ᠋ᠣᠺ ᠵᠶ᠋ᠠᠨ ᠳᠠᠨᠵᠢᠯᠠᠬᠤ ᠲᠦᠭᠰᠢᠭᠦᠷᠢ ᠪᠠ ᠠᠵᠤ ᠠᠬᠤᠢ᠌ᠯᠠᠯ᠎ᠤᠨ ᠬᠥᠳᠡᠯᠦᠩᠭᠦᠢ ᠴᠢᠨᠠᠷᠲᠠᠢ ᠲᠦᠭᠰᠢᠭᠦᠷᠢ ᠵᠢ ᠠᠷᠢᠯᠭ᠋ᠠᠨ᠎ᠠ ᠃ ᠥᠷᠢ ᠥᠭᠴᠡᠭᠡ ᠵᠢ ᠵᠣᠬᠢᠴᠠᠭᠤᠯᠬᠤ ᠂ ᠥᠷᠢ ᠥᠭᠴᠡᠭᠡ ᠵᠢ ᠳᠠᠬᠢᠨ ᠵᠣᠬᠢᠶᠠᠨ ᠪᠠᠶ᠋ᠢᠭᠤᠯᠬᠤ ᠂ ᠥᠷᠢ ᠥᠭᠴᠡᠭᠡ ᠵᠢ ᠰᠲ᠋ᠣᠺ ᠪᠣᠯᠭ᠋ᠠᠨ ᠬᠤᠪᠢᠷᠠᠭᠤᠯᠬᠤ ᠂ ᠥᠷᠢ ᠥᠭᠴᠡᠭᠡ ᠵᠢ ᠰᠣᠯᠢᠬᠤ ᠵᠡᠷᠭᠡ ᠣᠯᠠᠨ ᠡᠰᠢᠵᠢᠭᠰᠡᠨ ᠠᠷᠭ᠎ᠠ ᠮᠠᠶᠢᠭ᠎ᠢ ᠶᠡᠷᠦᠩᠬᠡᠢ᠌ᠯᠡᠨ ᠬᠡᠷᠡᠭᠯᠡᠵᠦ ᠂ ᠠᠵᠤ ᠠᠬᠤᠢ᠌ᠯᠠᠯ᠎ᠢ ᠬᠠᠪᠰᠤᠷᠤᠨ ᠥᠷᠢ ᠥᠭᠴᠡᠭᠡ ᠵᠢᠨ ᠲᠦᠭᠰᠢᠭᠦᠷᠢ ᠵᠢ ᠠᠷᠢᠯᠭ᠋ᠠᠨ᠎ᠠ ᠃ ( ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠡᠳ᠋᠎ᠤᠨ ᠵᠠᠰᠠᠭ᠎ᠤᠨ ᠲᠢᠩᠬᠢᠮ ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ )
ᠭᠤᠷᠪᠠ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠬᠥᠭᠵᠢᠯᠲᠡ ᠵᠢ
( ᠠᠷᠪᠠ ) ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠵᠢ ᠪᠥᠬᠥ ᠲᠠᠯ᠎ᠠ᠎ᠪᠠᠷ ᠠᠭᠤᠵᠢᠭᠤ ᠪᠣᠯᠭ᠋ᠠᠨ᠎ᠠ ᠃ ᠤᠯᠤᠰ᠎ᠤᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠵᠢᠨ ᠨᠠᠵᠠᠭ᠋ᠠᠢ ᠲᠠᠯ᠎ᠠ ᠵᠢᠨ ᠨᠠᠷᠢᠨ ᠬᠠᠭᠤᠳᠠᠰᠤ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠨᠠᠵᠠᠭ᠋ᠠᠢ ᠲᠠᠯ᠎ᠠ ᠵᠢᠨ ᠨᠠᠷᠢᠨ ᠬᠠᠭᠤᠳᠠᠰᠤ ᠵᠢ ᠬᠡᠷᠡᠭᠵᠢᠭᠦᠯᠦᠨ ᠂ ᠨᠠᠷᠢᠨ ᠬᠠᠭᠤᠳᠠᠰᠤ ᠠᠴᠠ ᠭᠠᠳᠠᠨᠠᠬᠢ ᠬᠦᠷᠢᠶ᠎ᠡ ᠪᠦᠬᠦᠨ᠎ᠳᠤ 《 ᠬᠠᠤᠯᠢ᠎ᠪᠠᠷ ᠴᠠᠭ᠋ᠠᠵᠠᠯᠠᠬᠤ ᠦᠭᠡᠢ ᠪᠣᠯ ᠬᠢᠵᠦ ᠪᠣᠯᠬᠤ 》 ᠱᠠᠭ᠋ᠠᠷᠳᠠᠯᠭ᠎ᠠ ᠶᠣᠰᠣᠭ᠋ᠠᠷ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠡᠷᠬᠡ ᠲᠡᠭᠰᠢ᠎ᠪᠠᠷ ᠬᠠᠨᠳᠤᠬᠤ ᠬᠡᠷᠡᠭᠲᠡᠢ ᠃ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠵᠢ ᠳᠡᠮᠵᠢᠵᠦ ᠂ ᠨᠡᠢ᠌ᠭᠡᠮ᠎ᠤᠨ ᠬᠥᠷᠥᠩᠭᠡ ᠵᠢᠨ ᠰᠢᠯᠵᠢᠭᠦᠯᠦᠨ ᠥᠭᠬᠦ — ᠡᠵᠡᠩᠨᠡᠬᠦ — ᠰᠢᠯᠵᠢᠭᠦᠯᠦᠨ ᠲᠤᠰᠢᠶᠠᠬᠤ ( TOT ) ᠂ ᠪᠦᠲᠦᠭᠡᠨ ᠪᠠᠶ᠋ᠢᠭᠤᠯᠬᠤ — ᠡᠵᠡᠩᠨᠡᠬᠦ — ᠰᠢᠯᠵᠢᠭᠦᠯᠦᠨ ᠲᠤᠰᠢᠶᠠᠬᠤ ( BOT ) ᠵᠡᠷᠭᠡ ᠣᠨᠴᠠ ᠵᠥᠪᠰᠢᠶᠡᠷᠡᠭᠰᠡᠨ ᠡᠵᠡᠩᠨᠡᠯᠲᠡ ᠵᠢᠨ ᠠᠷᠭ᠎ᠠ ᠮᠠᠶᠢᠭ ᠠᠪᠬᠤ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠬᠢᠭᠤᠯᠵᠤ ᠂ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠬᠠᠮᠲᠤᠷᠠᠯᠴᠠᠬᠤ ( PPP ) ᠵᠢᠨ ᠵᠠᠭᠪᠤᠷ ᠵᠶ᠋ᠠᠷ ᠰᠢᠨ᠎ᠡ ᠡᠨᠧᠷᠭᠢ ᠵᠢᠨ ᠨᠡᠭᠡᠭᠡᠯᠲᠡ ᠂ ᠠᠮᠢ ᠠᠬᠤᠢ ᠵᠢᠨ ᠬᠠᠮᠠᠭ᠋ᠠᠯᠠᠯᠲᠠ ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ ᠂ ᠣᠯᠠᠨ ᠨᠡᠶ᠋ᠢᠲᠡ ᠵᠢᠨ ᠦᠢ᠍ᠯᠡᠴᠢᠯᠡᠭᠡ ᠂ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠪᠦᠲᠦᠭᠡᠨ ᠪᠠᠢ᠌ᠭᠤᠯᠤᠯᠲᠠ ᠡᠵᠡᠩᠨᠡᠯᠲᠡ᠎ᠳᠤ ᠣᠷᠣᠯᠴᠠᠭᠤᠯᠤᠨ᠎ᠠ ᠃ ᠰᠠᠭᠤᠷᠢ ᠪᠡᠯᠡᠳᠬᠡᠮᠵᠢ ᠵᠢᠨ ᠬᠦᠷᠢᠶᠡᠨ᠎ᠳᠠᠬᠢ ᠥᠯᠥ ᠬᠥᠳᠡᠯᠬᠦ ᠬᠥᠷᠥᠩᠭᠡ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠰᠠᠭᠤᠷᠢ ᠮᠥᠩᠭᠥ ( REITs ) ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠦᠯᠡᠳᠡᠭᠡᠯ ᠡᠳ᠋ ᠬᠥᠷᠥᠩᠭᠡ ᠵᠢ ᠠᠮᠢᠳᠤᠯᠢᠭ ᠪᠣᠯᠭ᠋ᠠᠵᠤ ᠂ ᠰᠢᠨ᠎ᠡ᠎ᠪᠠᠷ ᠨᠡᠮᠡᠭᠳᠡᠬᠦ ᠪᠡᠯᠡ ᠣᠷᠣᠭᠤᠯᠤᠯᠲᠠ ᠵᠢ ᠪᠣᠶ ᠪᠣᠯᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠨᠧᠷᠭᠢ ᠵᠢᠨ ᠲᠣᠪᠴᠢᠶ᠎ᠠ)
( ᠠᠷᠪᠠᠨ ᠨᠢᠭᠡ ) ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠪᠥᠭᠡᠮᠨᠡᠷᠡᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠪᠦᠲᠦᠭᠡᠨ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠂ ᠣᠳᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠂ ᠠᠮᠢᠳᠤ ᠪᠣᠳᠠᠰ᠎ᠤᠨ ᠡᠮ ᠡᠮᠨᠡᠯᠭᠡ ᠂ ᠲᠣᠭ᠋ᠠᠴᠢᠯᠠᠭᠰᠠᠨ ᠠᠵᠤ ᠠᠬᠤᠢ ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠰᠦᠷᠦᠭᠵᠢᠯ᠎ᠤᠨ ᠲᠣᠭᠣᠷᠢᠨ᠎ᠳᠤ ᠂ ᠵᠢᠴᠢ ᠰᠦ᠍ ᠵᠢᠨ ᠦᠢ᠍ᠯᠡᠰ ᠂ ᠠᠯᠠᠰᠢᠨ ᠦᠬᠡᠷ ᠂ ᠠᠯᠠᠰᠢᠨ ᠬᠣᠨᠢ ᠂ ᠲᠥᠮᠥᠰᠥ ᠂ ᠢᠮᠠᠭ᠋ᠠᠨ ᠨᠣᠯᠤᠤᠷ ᠂ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠂ ᠥᠩᠭᠡᠲᠦ ᠲᠡᠮᠦᠷᠯᠢᠭ ᠂ ᠰᠢᠨ᠎ᠡ ᠡᠨᠧᠷᠭᠢ ᠵᠢᠨ ᠮᠠᠰᠢᠨ ᠲᠡᠷᠭᠡ ᠂ ᠰᠠᠯᠬᠢᠨ ᠬᠦᠴᠦᠨ᠎ᠤ ᠴᠠᠬᠢᠯᠭ᠋ᠠᠨ᠎ᠤ ᠲᠥᠬᠦᠭᠡᠷᠦᠮᠵᠢ ᠂ ᠭᠡᠷᠡᠯ ᠴᠡᠨᠡᠭ᠎ᠤᠨ ᠲᠥᠬᠦᠭᠡᠷᠦᠮᠵᠢ ᠂ ᠠᠮᠢᠳᠤ ᠪᠣᠳᠠᠰ᠎ᠤᠨ ᠡᠮ ᠦᠢ᠍ᠯᠡᠳᠬᠦ ᠂ ᠬᠣᠪᠣᠷ ᠰᠢᠷᠣᠢ ᠵᠡᠷᠭᠡ ᠲᠦᠷᠦᠭᠦᠦ ᠪᠦᠯᠦᠭ᠎ᠤᠨ 12 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠂ ᠠᠵᠤ ᠦᠢ᠍ᠯᠡᠰ᠎ᠤᠨ ᠬᠡᠯᠬᠢᠶᠡᠨ᠎ᠤ ᠪᠥᠬᠥ ᠦᠵᠡᠮᠵᠢ ᠵᠢᠨ ᠵᠢᠷᠤᠭ ᠪᠠ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢ ᠨᠠᠢ᠌ᠷᠠᠭᠤᠯᠤᠨ ᠵᠣᠬᠢᠶᠠᠵᠤ ᠂ ᠬᠤᠳᠠᠯᠳᠤᠭ᠋ᠠᠴᠢᠨ ᠤᠷᠢᠬᠤ ᠭᠠᠵᠠᠷ᠎ᠤᠨ ᠵᠢᠷᠤᠭ᠎ᠢ ᠵᠢᠷᠤᠵᠤ ᠂ ᠳᠡᠭᠡᠳᠦ ᠲᠤᠤᠷᠠᠳᠤ ᠤᠷᠤᠰᠬᠠᠯ᠎ᠤᠨ ᠢᠵᠢ ᠪᠦᠷᠢᠳᠦᠭᠦᠯᠬᠦ ᠠᠵᠤ ᠠᠬᠤᠢ᠌ᠯᠠᠯ᠎ᠢ ᠲᠦᠷᠭᠡᠳᠬᠡᠨ ᠣᠷᠣᠭᠤᠯᠵᠤ ᠂ 《 ᠬᠡᠯᠬᠢᠶᠡᠨ᠎ᠤ ᠡᠵᠡᠨ 》 ᠠᠵᠤ ᠠᠬᠤᠢ᠌ᠯᠠᠯ᠎ᠢ ᠬᠦᠴᠦᠯᠡᠨ ᠪᠣᠢ᠌ᠵᠢᠭᠤᠯᠵᠤ ᠂ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠨᠥᠬᠥᠪᠦᠷᠢᠯᠡᠵᠦ ᠬᠡᠯᠬᠢᠶᠡᠰᠦ ᠵᠢ ᠪᠡᠬᠢᠵᠢᠭᠦᠯᠵᠦ ᠬᠡᠯᠬᠢᠶᠡᠰᠦ ᠵᠢ ᠴᠢᠩᠭ᠋ᠠᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠦᠢ᠍ᠯᠡᠳᠪᠦᠷᠢᠯᠡᠬᠦ ᠴᠢᠳᠠᠪᠤᠷᠢ ᠵᠢ ᠰᠣᠯᠢᠬᠤ ᠂ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠬᠦ ᠂ ᠡᠨᠧᠷᠭᠢ ᠵᠢ ᠨᠡᠭᠦᠷᠡᠰᠦᠲᠥ᠋ᠷᠥᠭᠴᠢ ᠪᠠᠭ᠎ᠠ ᠪᠣᠯᠭ᠋ᠠᠬᠤ ᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠂ ᠠᠵᠤ ᠦᠢ᠍ᠯᠡᠳᠪᠦᠷᠢ᠎ᠪᠠᠷ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠪᠡᠶᠡᠯᠡᠭᠦᠯᠦᠨ᠎ᠡ ᠃ ᠨᠡᠭᠡᠭᠡᠯᠲᠡ ᠵᠢᠨ ᠲᠣᠭᠣᠷᠢᠭ᠎ᠤᠨ ᠴᠢᠳᠠᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠰᠢᠨ᠎ᠡ ᠵᠢ ᠡᠭᠦᠳᠬᠦ ᠡᠬᠢ ᠪᠠᠶᠠᠯᠢᠭ ᠪᠠ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠲᠥᠪᠯᠡᠷᠡᠭᠦᠯᠦᠨ ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠠᠪᠰᠤᠷᠤᠨ ᠭᠠᠵᠠᠷ ᠬᠡᠷᠡᠭᠯᠡᠬᠦ ᠂ ᠡᠨᠧᠷᠭᠢ ᠬᠡᠷᠡᠭᠯᠡᠬᠦ ᠂ ᠮᠡᠷᠭᠡᠵᠢᠯ ᠂ ᠲᠥᠬᠦᠭᠡᠷᠦᠮᠵᠢ ᠂ ᠪᠡᠯᠡ ᠮᠥᠩᠭᠥ ᠂ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠵᠡᠷᠭᠡ ᠲᠠᠯ᠎ᠠ ᠵᠢᠨ ᠪᠣᠳᠠᠲᠠᠢ ᠬᠦᠴᠢᠷᠳᠡᠯ᠎ᠢ ᠰᠢᠢ᠍ᠳᠪᠦᠷᠢᠯᠡᠨ᠎ᠡ ᠃ ᠪᠣᠬᠢᠷᠳᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠠᠵᠢᠯᠯᠠᠭ᠎ᠠ ᠵᠢ ᠬᠡᠷᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠡᠮᠵᠢᠯᠲᠡ ᠂ ᠪᠠᠷᠢᠮᠵᠢᠶ᠎ᠠ ᠂ ᠰᠢᠯᠭ᠋ᠠᠨ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ ᠂ ᠭᠡᠷᠡᠴᠢᠯᠡᠬᠦ ᠵᠡᠷᠭᠡ ᠲᠠᠯ᠎ᠠ ᠵᠢᠨ ᠦᠢ᠍ᠯᠡᠴᠢᠯᠡᠭᠡ ᠵᠢ ᠴᠢᠩᠭ᠋ᠠᠳᠬᠠᠨ ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭᠤ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
( ᠠᠷᠪᠠᠨ ᠬᠣᠶᠠᠷ ) ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ 《 ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠮᠣᠩᠭᠣᠯ ᠵᠶ᠋ᠠᠨ ᠮᠠᠨᠳᠤᠭᠤᠯᠬᠤ 》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠮᠲᠤᠷᠠᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠬᠠᠮᠵᠢᠯᠴᠠᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠢ᠌ᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠥᠷᠥᠯ ᠵᠦᠢ᠍ᠯ᠎ᠢ ᠵᠠᠯᠭ᠋ᠠᠨ ᠵᠣᠯᠭ᠋ᠠᠭᠤᠯᠬᠤ ᠵᠢ ᠵᠣᠷᠢᠭᠵᠢᠭᠤᠯᠵᠤ ᠂ ᠨᠡᠢ᠌ᠲᠡᠴᠢ ᠴᠢᠨᠠᠷᠲᠠᠢ ᠮᠡᠷᠭᠡᠵᠢᠯ᠎ᠤᠨ ᠰᠤᠳᠤᠯᠤᠨ ᠨᠡᠭᠡᠭᠡᠬᠦ ᠵᠢ ᠴᠢᠩᠭ᠋ᠠᠳᠬᠠᠨ᠎ᠠ ᠃ ᠠᠷᠠᠳ᠎ᠠᠴᠠ ᠡᠵᠡᠩᠨᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠲᠦᠷᠭᠡᠳᠬᠡᠨ ᠪᠣᠢ᠌ᠵᠢᠭᠤᠯᠵᠤ᠂ ᠠᠩᠬ᠎ᠠ ᠤᠳᠠᠭ᠎ᠠ ᠦᠨᠡᠮᠰᠢᠭᠰᠡᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠲᠤ ᠨᠢᠭᠡ ᠤᠳᠠᠭ᠎ᠠ ᠵᠢᠨ ᠴᠢᠨᠠᠷᠲᠠᠢ 30 ᠲᠦᠮᠡᠨ ᠲᠥᠭᠥᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠱᠠᠩᠨᠠᠯ ᠣᠯᠭᠣᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠬᠥᠲᠥᠯᠥᠨ ᠵᠢᠯᠤᠭᠣᠳᠴᠤ ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠳᠡᠭᠡᠷ᠎ᠡ ᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠳᠤ 1%᠎ᠪᠠᠷ ᠪᠡᠯᠡ ᠮᠥᠩᠭᠥ ᠵᠢᠨ ᠱᠠᠩᠨᠠᠯ ᠨᠥᠬᠥᠪᠦᠷᠢ ᠣᠯᠭᠣᠵᠤ ᠂ ᠬᠡᠪᠴᠢᠶᠡᠵᠢᠯ᠎ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ ᠵᠢᠨ ᠨᠡᠮᠡᠭᠳᠡᠯ᠎ᠤᠨ ᠬᠡᠮᠵᠢᠶ᠎ᠡ ᠵᠢ 10% ᠠᠴᠠ ᠥᠨᠳᠥᠷ ᠪᠠᠢ᠌ᠯᠭ᠋ᠠᠬᠤ ᠦᠭᠡᠢ᠎ᠪᠠᠷ ᠪᠡᠯᠡ ᠮᠥᠩᠭᠥ ᠵᠢᠨ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠲᠦᠷᠦᠭᠦᠯᠡᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠠᠶ᠋ᠢᠭᠤᠯᠬᠤ ᠵᠢ ᠳᠡᠮᠵᠢᠵᠦ ᠂ ᠤᠯᠤᠰ᠎ᠤᠨ ᠵᠥᠪᠰᠢᠶᠡᠷᠡᠯ ᠵᠶ᠋ᠡᠷ ᠪᠦᠲᠦᠭᠡᠨ ᠪᠠᠢ᠌ᠭᠤᠯᠤᠭᠰᠠᠨ᠎ᠤ ᠳᠠᠷᠠᠭ᠎ᠠ ᠂ 《 ᠨᠢᠭᠡ ᠬᠡᠷᠡᠭ᠎ᠢ ᠨᠢᠭᠡ ᠵᠥᠪᠯᠡᠬᠦ 》 ᠠᠷᠭ᠎ᠠ ᠮᠠᠶᠢᠭ ᠵᠶ᠋ᠠᠷ ᠭᠣᠣᠯᠳᠠᠯᠭ᠎ᠠ᠎ᠲᠠᠢ ᠳᠡᠮᠵᠢᠯᠭᠡ ᠦᠵᠡᠭᠦᠯᠦᠨ᠎ᠡ ᠃ ᠠᠮᠵᠢᠯᠲᠠ ᠪᠦᠲᠦᠮᠵᠢ ᠵᠢᠨ ᠦᠨᠡᠯᠡᠯᠲᠡ᠎ᠪᠠᠷ ᠰᠢᠯᠢᠳᠡᠭ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠢ᠎ᠳᠤ ᠨᠡᠪᠴᠢᠭᠦᠯᠦᠭᠴᠢᠳᠤ ᠲᠣᠰ ᠲᠣᠰ 40 ᠲᠦᠮᠡᠨ ᠲᠥᠭᠥᠷᠢᠭ ᠂ 50 ᠲᠦᠮᠡᠨ ᠲᠥᠭᠥᠷᠢᠭ᠎ᠤᠨ ᠱᠠᠩᠨᠠᠯ᠎ᠤᠨ ᠴᠢᠨᠠᠷᠲᠠᠢ ᠨᠥᠬᠥᠪᠦᠷᠢ ᠳᠡᠮᠵᠢᠯᠭᠡ ᠣᠯᠭᠣᠨ᠎ᠠ ᠃ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠬᠤ ᠲᠥᠷᠥᠯ ᠵᠦᠢ᠍ᠯ᠎ᠤᠨ ᠬᠥᠮᠥᠷᠭᠡ ᠂ ᠳ᠋ᠠᠢ᠌ᠲ᠋ᠠ ᠵᠢᠨ ᠬᠥᠮᠥᠷᠭᠡ ᠵᠢ ᠳᠤᠮᠳᠠ ᠵᠢᠵᠢᠭ ᠠᠵᠤ ᠠᠬᠤᠢ᠌ᠯᠠᠯ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠬᠦ ᠵᠢ ᠠᠬᠢᠭᠤᠯᠵᠤ ᠂ ᠵᠠᠰᠠᠭ᠎ᠤᠨ ᠣᠷᠳᠣᠨ ᠠᠴᠠ ᠳᠡᠮᠵᠢᠵᠦ ᠪᠠᠢ᠌ᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠳᠤᠮᠳᠠ ᠵᠢᠵᠢᠭ ᠠᠵᠤ ᠠᠬᠤᠢ᠌ᠯᠠᠯ ᠳᠠᠰᠢ ᠮᠡᠷᠭᠡᠵᠢᠯ᠎ᠤᠨ ᠲᠣᠨᠣᠭᠯᠠᠯ᠎ᠤᠨ ᠠᠩᠬᠠᠨ᠎ᠤ ᠰᠠᠤᠷᠢ ( ᠢᠵᠢ ) ᠂ ᠵᠠᠩᠭᠢᠯᠠᠭ᠎ᠠ ᠵᠢᠨ ᠰᠡᠯᠪᠢᠭ ᠲᠣᠨᠣᠭ᠎ᠤᠨ ᠲᠦᠷᠦᠭᠦᠸ᠋ ᠪᠦᠯᠦᠭ ( ᠤᠳᠠᠭ᠎ᠠ ) ᠂ ᠰᠢᠨ᠎ᠡ ᠮᠠᠲ᠋ᠧᠷᠢᠶᠠᠯ᠎ᠤᠨ ᠲᠦᠷᠦᠭᠦᠸ᠋ ᠪᠦᠯᠦᠭ ( ᠤᠳᠠᠭ᠎ᠠ )᠎ᠤᠨ ᠦᠢ᠍ᠯᠡᠳᠬᠦᠨ᠎ᠳᠤ ᠦᠷᠭᠦᠯᠵᠢᠯᠡᠨ ᠳᠠᠭ᠋ᠠᠳᠬᠠᠯ᠎ᠤᠨ ᠨᠥᠬᠥᠪᠦᠷᠢ ᠣᠯᠭᠣᠨ᠎ᠠ ᠃ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠂ 《 ᠲᠤᠰᠬᠠᠢ ᠨᠠᠷᠢᠯᠢᠭ ᠣᠨᠴᠠ ᠰᠢᠨ᠎ᠡ 》 ᠳᠤᠮᠳᠠ ᠵᠢᠵᠢᠭ ᠠᠵᠤ ᠠᠬᠤᠢ᠌ᠯᠠᠯ ᠪᠠ ᠲᠤᠰᠬᠠᠢ ᠨᠠᠷᠢᠯᠢᠭ ᠣᠨᠴᠠ ᠰᠢᠨ᠎ᠡ 《 ᠵᠢᠵᠢᠭ ᠠᠪᠤᠷᠭᠤ ᠬᠥᠮᠥᠨ 》᠎ᠤ ᠠᠵᠤ ᠠᠬᠤᠢ᠌ᠯᠠᠯ᠎ᠳᠤ ᠲᠣᠰ ᠲᠣᠰ 20 ᠲᠦᠮᠡᠨ ᠲᠥᠭᠥᠷᠢᠭ ᠂ 50 ᠲᠦᠮᠡᠨ ᠲᠥᠭᠥᠷᠢᠭ ᠂ 100 ᠲᠦᠮᠡᠨ ᠲᠥᠭᠥᠷᠢᠭ᠎ᠢ ᠨᠢᠭᠡ ᠤᠳᠠᠭ᠎ᠠ ᠵᠢᠨ ᠴᠢᠨᠠᠷᠲᠠᠢ᠎ᠪᠠᠷ ᠱᠠᠩᠨᠠᠨ᠎ᠠ ᠃ ᠠᠵᠤ ᠠᠬᠤᠢ᠌ᠯᠠᠯ᠎ᠤᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠪᠠ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ᠎ᠢ ᠣᠷᠣᠭᠤᠯᠤᠨ ᠠᠪᠴᠢᠷᠠᠬᠤ ᠵᠢ ᠳᠡᠮᠵᠢᠵᠦ ᠂ ᠵᠠᠷᠤᠴᠠᠭᠤᠯᠤᠭᠰᠠᠨ ᠨᠢᠭᠡ ᠤᠳᠠᠭ᠎ᠠ ᠵᠢᠨ ᠴᠢᠨᠠᠷᠲᠠᠢ ᠭᠡᠷ ᠪᠠᠢ᠌ᠰᠢᠩ ᠬᠤᠳᠠᠯᠳᠤᠨ ᠠᠪᠬᠤ ᠨᠥᠬᠥᠪᠦᠷᠢ᠂ ᠭᠡᠷ ᠪᠦᠯᠢ᠎ᠪᠠᠨ ᠲᠥᠪᠬᠢᠨᠡᠭᠦᠯᠬᠦ ᠵᠠᠷᠤᠳᠠᠯ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠡᠬᠢᠯᠡᠭᠦᠯᠬᠦ ᠵᠠᠷᠤᠳᠠᠯ ᠵᠡᠷᠭᠡ ᠵᠠᠷᠤᠳᠠᠯ᠎ᠢ ᠲᠣᠭᠲᠠᠭ᠋ᠠᠯ ᠶᠣᠰᠣᠭ᠋ᠠᠷ ᠠᠵᠤ ᠠᠬᠤᠢ᠌ᠯᠠᠯ᠎ᠤᠨ ᠠᠰᠢᠭ ᠣᠷᠣᠯᠭ᠎ᠠ ᠵᠢᠨ ᠭᠠᠢ᠌ᠯᠢ ᠠᠴᠠ ᠡᠮᠦᠨ᠎ᠡ ᠰᠠᠭᠤᠯᠭ᠋ᠠᠨ ᠠᠪᠴᠤ ᠪᠣᠯᠣᠨ᠎ᠠ ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠵᠢᠨ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ)
( ᠠᠷᠪᠠᠨ ᠭᠤᠷᠪᠠ ) ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠣᠯᠢᠮᠠᠭ ᠥᠮᠴᠢᠯᠡᠯᠲᠦ ᠥᠭᠡᠷᠡᠴᠢᠯᠡᠯᠲᠡ᠎ᠳᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠣᠯᠢᠮᠠᠭ ᠥᠮᠴᠢᠯᠡᠯᠲᠦ ᠥᠭᠡᠷᠡᠴᠢᠯᠡᠯᠲᠡ ᠵᠢᠨ ᠡᠳ᠋ ᠬᠥᠷᠥᠩᠭᠡ ᠵᠢ ᠦᠨᠡᠯᠡᠨ ᠵᠢᠱ᠌ᠢᠬᠦ ᠂ ᠰᠲ᠋ᠣᠺ᠎ᠤᠨ ᠡᠷᠬᠡ ᠵᠢ ᠬᠤᠪᠢᠶᠠᠷᠢᠯᠠᠬᠤ ᠂ ᠡᠷᠬᠡ ᠠᠰᠢᠭ᠎ᠢ ᠪᠠᠲᠤᠯᠠᠬᠤ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠪᠠ ᠠᠵᠢᠯᠯᠠᠬᠤ ᠨᠠᠷᠢᠨ ᠳᠦᠷᠢᠮ᠎ᠢ ᠲᠡᠭᠦᠯᠳᠡᠷᠵᠢᠭᠦᠯᠵᠦ᠂ ᠡᠯ᠎ᠡ ᠲᠠᠯ᠎ᠠ ᠵᠢᠨ ᠡᠷᠬᠡ ᠡᠭᠦᠷᠭᠡ ᠵᠢ ᠬᠣᠯᠢᠯᠳᠤᠭᠤᠯᠤᠨ ᠥᠭᠡᠷᠡᠴᠢᠯᠡᠬᠦ ᠵᠢ ᠲᠣᠳᠣᠷᠬᠠᠢ᠌ᠯᠠᠨ᠎ᠠ ᠃ ᠬᠣᠯᠢᠮᠠᠭ ᠡᠵᠡᠩᠨᠡᠯᠲᠡ ᠵᠢᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢᠨ ᠠᠵᠤ ᠠᠬᠤᠢ᠌ᠯᠠᠯ᠎ᠤᠨ ᠣᠲᠣ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠢ ᠪᠦᠷᠢᠨᠰᠢᠭᠦᠯᠵᠦ ᠂ ᠰᠲ᠋ᠣᠺ᠎ᠤᠨ ᠡᠷᠬᠡ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠂ ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ᠎ᠤ ᠵᠠᠰᠠᠬᠤ ᠪᠦᠲᠦᠴᠡ ᠵᠢ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠠᠵᠤ
ᠳᠥᠷᠪᠡ ᠂ ᠠᠷᠠᠳ ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ
( ᠠᠷᠪᠠᠨ ᠳᠥᠷᠪᠡ ) ᠡᠷᠬᠡ ᠲᠡᠭᠰᠢ ᠲᠥᠪ ᠭᠣᠣᠯᠴᠢ ᠬᠠᠤᠯᠢ᠎ᠪᠠᠷ ᠵᠠᠰᠠᠬᠤ ᠣᠷᠴᠢᠨ ᠲᠣᠭᠣᠷᠢᠨ᠎ᠢ ᠪᠣᠶ ᠪᠣᠯᠭ᠋ᠠᠨ᠎ᠠ ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠪᠠ ᠠᠢ᠌ᠮᠠᠭ ᠬᠣᠲᠠ᠎ᠳᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠢᠨᠠᠨ ᠬᠡᠮᠵᠢᠵᠦ ᠦᠨᠡᠯᠡᠨ ᠵᠢᠱ᠌ᠢᠬᠦ ᠵᠢ ᠥᠷᠨᠢᠭᠦᠯᠵᠦ ᠂ ᠠᠯᠪᠠᠲᠠᠨ᠎ᠤ ᠦᠨᠡᠨᠴᠢ ᠢᠲᠡᠭᠡᠮᠵᠢ ᠵᠢᠨ ᠲᠡᠮᠳᠡᠭᠯᠡᠯ᠎ᠢ ᠬᠡᠷᠡᠭᠵᠢᠭᠦᠯᠦᠨ ᠂ ᠠᠯᠪᠠᠲᠠᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠶᠠᠪᠤᠴᠠ᠎ᠳᠠᠬᠢ ᠬᠥᠬᠢᠭᠦᠯᠦᠨ ᠱᠠᠩᠨᠠᠬᠤ ᠪᠠ ᠬᠠᠤᠯᠢ ᠲᠣᠭᠲᠠᠭ᠋ᠠᠯ ᠠᠴᠠ ᠵᠥᠷᠢᠴᠡᠭᠰᠡᠨ ᠂ ᠢᠲᠡᠭᠡᠯ ᠠᠯᠳᠠᠵᠤ ᠭᠡᠷ᠎ᠡ᠎ᠠᠴᠠ ᠵᠥᠷᠢᠴᠡᠭᠰᠡᠨ ᠵᠡᠷᠭᠡ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠲᠡᠮᠳᠡᠭᠯᠡᠬᠦ ᠵᠢᠨ ᠬᠠᠮᠲᠤ ᠂ ᠰᠢᠯᠭ᠋ᠠᠨ ᠬᠢᠨᠠᠵᠤ ᠲᠣᠮᠢᠯᠠᠨ ᠬᠡᠷᠡᠭᠯᠡᠬᠦ ᠵᠢᠨ ᠱᠠᠩᠨᠠᠵᠤ ᠲᠣᠷᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ ᠃ ᠳᠤᠮᠳᠠ ᠵᠢᠵᠢᠭ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠳᠠᠩᠰᠠᠨ ᠵᠣᠭᠣᠰ᠎ᠢ ᠦᠷᠭᠦᠯᠵᠢᠯᠡᠨ ᠢᠯᠭ᠋ᠠᠷᠠᠭᠤᠯᠵᠤ᠂ ᠵᠥᠷᠢᠯᠳᠦᠭᠡᠨ ᠦᠭᠡᠢ ᠳᠠᠩᠰᠠᠨ ᠵᠣᠭᠣᠰ᠎ᠢ ᠬᠥᠳᠡᠯᠦᠩᠭᠦᠢ᠎ᠪᠠᠷ ᠢᠯᠭ᠋ᠠᠷᠠᠭᠤᠯᠤᠨ ᠲᠢᠭᠯᠡᠬᠦ ᠵᠢ ᠦᠨᠡᠨ ᠬᠦ᠌ ᠪᠠᠲᠤᠯᠠᠵᠤ᠂ ᠵᠥᠷᠢᠯᠳᠦᠭᠡᠨ᠎ᠲᠠᠢ ᠳᠠᠩᠰᠠᠨ ᠵᠣᠭᠣᠰ᠎ᠢ ᠰᠢᠢ᠍ᠳᠪᠦᠷᠢᠯᠡᠬᠦ ᠵᠢ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠢ ᠬᠡᠷᠡᠭ ᠪᠣᠯᠭ᠋ᠠᠨ ᠳᠠᠩᠰᠠᠯᠠᠬᠤ᠎ᠳᠤ ᠬᠢᠨᠠᠯᠲᠠ ᠲᠠᠯᠪᠢᠬᠤ ᠪᠠ ᠬᠣᠷᠢᠬᠤ ᠴᠢᠬᠤᠯᠠ ᠴᠢᠨᠠᠷ᠎ᠢ ᠬᠢᠨᠠᠨ ᠪᠠᠢ᠌ᠴᠠᠭ᠋ᠠᠬᠤ ᠲᠤᠰᠬᠠᠢ ᠠᠵᠢᠯᠯᠠᠭ᠎ᠠ ᠵᠢ ᠥᠷᠨᠢᠭᠦᠯᠵᠦ᠂ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ ᠪᠠ ᠠᠵᠤ ᠠᠬᠤᠢ᠌ᠯᠠᠯᠲᠠᠨ᠎ᠤ ᠪᠡᠶ᠎ᠡ ᠵᠢᠨ ᠡᠳ᠋ ᠬᠥᠷᠥᠩᠭᠡ ᠵᠢᠨ ᠡᠷᠬᠡ᠎ᠳᠤ ᠬᠠᠯᠳᠠᠭᠰᠠᠨ ᠬᠢᠯᠢᠰ ᠪᠤᠷᠤᠭᠤ ᠬᠡᠷᠡᠭ᠎ᠢ ᠢᠯᠭ᠋ᠠᠨ ᠲᠣᠳᠣᠯᠠᠵᠤ ᠵᠠᠯᠠᠷᠠᠭᠤᠯᠪᠠ᠃ ᠠᠵᠤ ᠠᠬᠤᠢ᠌ᠯᠠᠯ᠎ᠤᠨ ᠲᠣᠭᠲᠠᠭ᠋ᠠᠯ᠎ᠳᠤ ᠨᠡᠶ᠋ᠢᠴᠡᠬᠦ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠬᠤ ᠵᠢ ᠪᠠᠷᠢᠮᠲᠠᠯᠠᠨ᠂ ᠠᠵᠤ ᠠᠬᠤᠢ᠌ᠯᠠᠯ᠎ᠤᠨ ᠬᠠᠤᠯᠢ ᠵᠢ ᠰᠠᠬᠢᠵᠤ ᠲᠣᠭᠲᠠᠭ᠋ᠠᠯ᠎ᠳᠤ ᠨᠡᠢ᠌ᠴᠡᠭᠰᠡᠨ ᠡᠵᠡᠩᠨᠡᠯᠲᠡ ᠵᠢ ᠠᠬᠢᠭᠤᠯᠵᠤ᠂ ᠴᠥᠭᠡᠨ ᠪᠠᠷᠢᠪᠴᠢᠯᠠᠬᠤ᠎ᠳᠤ ᠪᠣᠯᠭᠣᠮᠵᠢᠲᠠᠢ᠎ᠪᠠᠷ ᠵᠠᠭ᠋ᠠᠯᠳᠤᠬᠤ᠎ᠳᠤ ᠪᠣᠯᠭᠣᠮᠵᠢᠲᠠᠢ᠎ᠪᠠᠷ ᠬᠣᠷᠢᠬᠤ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠲᠦᠷᠦ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠡᠷᠡᠭ᠎ᠲᠤ ᠬᠣᠯᠪᠣᠭᠳᠠᠭᠰᠠᠨ ᠬᠥᠮᠥᠨ᠎ᠤ ᠪᠠᠷᠢᠪᠴᠢᠯᠠᠬᠤ ᠦᠭᠡᠢ ᠪᠠᠢ᠌ᠵᠤ ᠪᠣᠯᠬᠤ ᠵᠢ᠎ᠨᠢ ᠪᠠᠷᠢᠪᠴᠢᠯᠠᠬᠤ ᠦᠭᠡᠢ᠂ ᠵᠠᠭ᠋ᠠᠯᠳᠤᠬᠤ ᠦᠭᠡᠢ ᠪᠠᠢ᠌ᠵᠤ ᠪᠣᠯᠬᠤ ᠵᠢ᠎ᠨᠢ ᠵᠠᠭ᠋ᠠᠯᠳᠤᠬᠤ ᠦᠭᠡᠢ᠂ ᠪᠣᠳᠠᠲᠤ ᠡᠷᠡᠭᠦᠦ᠎ᠪᠠᠷ ᠰᠢᠳᠬᠡᠬᠦ ᠦᠭᠡᠢ ᠪᠠᠢ᠌ᠵᠤ ᠪᠣᠯᠬᠤ ᠵᠢ᠎ᠨᠢ ᠪᠣᠳᠠᠲᠤ ᠡᠷᠡᠭᠦᠦ᠎ᠪᠠᠷ ᠰᠢᠳᠬᠡᠬᠦ ᠦᠭᠡᠢ; ᠦᠷᠭᠦᠯᠵᠢᠯᠡᠨ ᠬᠣᠷᠢᠬᠤ ᠴᠢᠬᠤᠯᠠ ᠦᠭᠡᠢ ᠪᠠᠢ᠌ᠪᠠᠯ᠂ ᠴᠠᠭ ᠲᠤᠬᠠᠢᠳᠤᠨᠢ ᠰᠤᠯᠠᠯᠠᠬᠤ ᠪᠤᠶᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ᠎ᠨᠢ ᠬᠤᠪᠢᠷᠠᠭᠤᠯᠬᠤ; ᠨᠡᠢ᠌ᠭᠡᠮ᠎ᠳᠤ ᠬᠤᠪᠢ ᠨᠡᠮᠡᠷᠢ ᠦᠵᠡᠭᠦᠯᠦᠭᠰᠡᠨ᠂ ᠭᠠᠪᠢᠶ᠎ᠠ ᠪᠠᠶ᠋ᠢᠭᠤᠯᠬᠤ ᠪᠤᠶᠤ ᠴᠢᠬᠤᠯᠠ ᠶᠡᠬᠡ ᠭᠠᠪᠢᠶ᠎ᠠ ᠪᠠᠶ᠋ᠢᠭᠤᠯᠬᠤ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠬᠠᠤᠯᠢ ᠶᠣᠰᠣᠭ᠋ᠠᠷ ᠬᠥᠩᠭᠡᠨ ᠵᠶ᠋ᠡᠷ ᠰᠢᠳᠬᠡᠬᠦ᠂ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ᠎ᠠᠴᠠ ᠬᠡᠯᠲᠦᠷᠢᠭᠦᠯᠦᠨ᠎ᠡ; ᠬᠡᠷᠡᠭ᠎ᠲᠤ ᠬᠣᠯᠪᠣᠭᠳᠠᠭᠰᠠᠨ ᠠᠵᠤ ᠠᠬᠤᠢ᠌ᠯᠠᠯ᠎ᠤᠨ ᠲᠣᠭᠲᠠᠭ᠋ᠠᠯ᠎ᠳᠤ ᠨᠡᠢ᠌ᠴᠡᠭᠦᠯᠦᠨ ᠴᠡᠭᠴᠡᠯᠡᠨ ᠰᠠᠢ᠌ᠵᠢᠷᠠᠭᠤᠯᠬᠤ ᠵᠢ ᠦᠨᠡᠯᠡᠨ ᠵᠢᠱ᠌ᠢᠭᠡᠳ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠪᠠᠯ᠂ ᠬᠠᠤᠯᠢ ᠶᠣᠰᠣᠭ᠋ᠠᠷ ᠪᠠᠷᠢᠪᠴᠢᠯᠠᠬᠤ ᠵᠢ ᠦᠯᠦ ᠵᠥᠪᠰᠢᠶᠡᠷᠡᠬᠦ᠂ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠬᠤᠪᠢᠷᠠᠭᠤᠯᠬᠤ᠂ ᠦᠯᠦ ᠵᠠᠭ᠋ᠠᠯᠳᠤᠬᠤ ᠲᠣᠭᠲᠠᠭ᠋ᠠᠯ ᠭᠠᠷᠭ᠋ᠠᠵᠤ᠂ ᠡᠷᠡᠭᠦᠦ ᠰᠢᠳᠬᠡᠯ ᠣᠨᠣᠭᠳᠠᠭᠤᠯᠬᠤ ᠵᠢ ᠬᠥᠩᠭᠡᠪᠲᠦᠷ ᠬᠣᠢ᠌ᠰᠢᠯᠠᠭᠤᠯᠬᠤ ᠰᠠᠨᠠᠭᠤᠯᠭ᠎ᠠ ᠪᠤᠶᠤ ᠠᠭᠤᠴᠢᠯᠠᠨ ᠰᠢᠳᠬᠡᠬᠦ᠂ ᠰᠢᠳᠬᠡᠯ ᠥᠭᠬᠦ ᠲᠤᠬᠠᠢ ᠪᠠᠢ᠌ᠴᠠᠭ᠋ᠠᠬᠤ ᠰᠠᠨᠠᠯ᠎ᠢ ᠳᠤᠷᠠᠳᠤᠨ ᠭᠠᠷᠭ᠋ᠠᠪᠠ; ᠡᠳ᠋ ᠬᠥᠷᠥᠩᠭᠡ ᠵᠢ ᠪᠠᠢ᠌ᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠯᠡᠬᠦ ᠵᠡᠷᠭᠡ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠪᠣᠯᠭᠣᠮᠵᠢᠲᠠᠢ ᠬᠡᠷᠡᠭᠯᠡᠵᠦ᠂ ᠶᠠᠯ᠎ᠠ᠎ᠪᠠᠨ ᠮᠡᠳᠡᠷᠡᠵᠦ ᠰᠢᠳᠬᠡᠯ᠎ᠢ ᠮᠡᠳᠡᠷᠡᠭᠰᠡᠨᠢ ᠠᠭᠤᠴᠢᠯᠠᠨ ᠰᠢᠳᠬᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠯᠡᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭ᠋ᠠᠷ ᠠᠭᠤᠴᠢᠯᠠᠨ ᠳᠥᠭᠥᠮᠴᠢᠯᠡᠵᠦ᠂ ᠲᠦᠷᠭᠡᠨ ᠵᠶ᠋ᠡᠷ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠦᠵᠡᠭᠦᠯᠬᠦ ᠨᠥᠯᠥᠭᠡ ᠵᠢ ᠪᠠᠭ᠋ᠠᠰᠬᠠᠪᠠ; ᠨᠡᠢ᠌ᠭᠡᠮ ᠲᠣᠭᠣᠷᠢᠭ᠎ᠤᠨ ᠵᠠᠯᠠᠷᠠᠭᠤᠯᠬᠤ ᠬᠤᠭᠤᠴᠠᠭ᠋ᠠᠨ᠎ᠳᠤ ᠪᠠᠢ᠌ᠭ᠎ᠠ ᠪᠤᠶᠤ ᠪᠠᠲᠤᠯᠠᠭ᠎ᠠ ᠠᠪᠴᠤ ᠰᠢᠭᠦᠬᠦ ᠵᠢ ᠬᠦᠯᠢᠶᠡᠯᠭᠡᠵᠦ ᠪᠠᠢ᠌ᠭ᠎ᠠ ᠠᠵᠤ ᠠᠬᠤᠢ᠌ᠯᠠᠯ᠎ᠤᠨ ᠠᠵᠢᠯᠲᠠᠨ ᠭᠠᠳᠠᠷ ᠣᠷᠣᠨ᠎ᠳᠤ ᠣᠴᠢᠵᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠬᠦ ᠴᠢᠬᠤᠯᠠᠲᠠᠢ ᠪᠠᠢ᠌ᠪᠠᠯ᠂ ᠵᠥᠪᠰᠢᠶᠡᠷᠡᠯ᠎ᠤᠨ ᠵᠢᠷᠤᠮ᠎ᠢ ᠳᠥᠭᠥᠮᠴᠢᠯᠡᠵᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠢ᠃ ᠮᠣᠨᠣᠫᠣᠯᠢᠴᠢᠯᠠᠯ᠎ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠵᠶ᠋ᠠᠨ ᠬᠡᠷᠡᠭᠯᠡᠨ ᠥᠷᠢᠰᠦᠯᠳᠦᠭᠡᠨ᠎ᠢ ᠭᠠᠳᠠᠭᠤᠷᠴᠢᠯᠠᠬᠤ᠂ ᠬᠢᠵᠠᠭ᠋ᠠᠷᠯᠠᠬᠤ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃ 《96888》 ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠬᠠᠤᠯᠢ ᠴᠠᠭ᠋ᠠᠵᠠ ᠵᠢᠨ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡᠨ᠎ᠤ ᠬᠠᠯᠠᠭᠤᠨ ᠤᠲᠠᠰᠤ ᠵᠢ ᠭᠠᠷᠭ᠋ᠠᠵᠤ᠂ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠴᠠᠭ ᠲᠤᠬᠠᠢᠳᠤᠨᠢ ᠰᠢᠢ᠍ᠳᠪᠦᠷᠢᠯᠡᠪᠡ᠃ ( ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠂ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠵᠥᠪᠯᠡᠯ ᠂ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ ᠂ ᠬᠠᠤᠯᠢ ᠴᠠᠭ᠋ᠠᠵᠠ ᠵᠢᠨ ᠲᠢᠩᠬᠢᠮ ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠪᠠᠢ᠌ᠭᠤᠯᠭ᠎ᠠ ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ )
( ᠠᠷᠪᠠᠨ ᠲᠠᠪᠤ ) ᠡᠮᠬᠢ ᠵᠢᠷᠤᠮ᠎ᠲᠠᠢ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ ᠃ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠢ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠵᠦ᠂ ᠠᠵᠤ ᠠᠬᠤᠢ᠌ᠯᠠᠯ᠎ᠳᠤ ᠬᠣᠯᠪᠣᠭᠳᠠᠬᠤ ᠲᠦᠷᠦ ᠵᠢᠨ ᠪᠣᠳᠣᠯᠭ᠎ᠠ ᠵᠢᠨ ᠭᠣᠣᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠵᠢ ᠴᠢᠩᠳᠠᠯᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠲᠤᠰ ᠭᠠᠵᠠᠷ ᠣᠷᠣᠨ᠎ᠤ ᠠᠵᠤ ᠠᠬᠤᠢ᠌ᠯᠠᠯ ᠪᠠ ᠣᠷᠣᠨ᠎ᠤ ᠭᠠᠳᠠᠨᠠᠬᠢ ᠠᠵᠤ ᠠᠬᠤᠢ᠌ᠯᠠᠯ᠎ᠳᠤ ᠡᠷᠬᠡ ᠠᠵᠤ ᠠᠬᠤᠢ᠌ᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠵᠦ ᠂ ᠠᠵᠤ ᠠᠬᠤᠢ᠌ᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠲᠥᠷᠥᠯ ᠬᠤᠪᠢᠶᠠᠨ ᠬᠠᠮᠢᠶᠠᠷᠬᠤ ᠪᠠ 《 ᠬᠣᠶᠠᠷ᠎ᠢ ᠲᠠᠰᠢᠷᠠᠮ ᠳᠠᠭ᠋ᠠᠤ ᠂ ᠨᠢᠭᠡ ᠵᠢ ᠢᠯᠡ ᠪᠣᠯᠭ᠋ᠠᠬᠤ 》 ᠬᠢᠨᠠᠯᠲᠠ ᠬᠠᠮᠢᠶᠠᠷᠤᠯᠲᠠ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠪᠡᠶᠡᠯᠡᠭᠦᠯᠵᠦ ᠂ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠵᠢ ᠪᠥᠬᠥ ᠲᠠᠯ᠎ᠠ᠎ᠪᠠᠷ ᠬᠡᠷᠡᠭᠵᠢᠭᠦᠯᠵᠦ ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠵᠦ ᠬᠠᠷᠢᠯᠴᠠᠨ ᠮᠡᠳᠡᠷᠡᠬᠦ ᠵᠢ ᠠᠬᠢᠭᠤᠯᠤᠨ ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠂ ᠳᠠᠪᠬᠤᠷᠳᠠᠭᠤᠯᠤᠨ ᠪᠠᠢ᠌ᠴᠠᠭ᠋ᠠᠬᠤ ᠠᠴᠠ ᠵᠠᠢ᠌ᠯᠠᠰᠬᠢᠨ᠎ᠡ ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠤᠳᠠᠯᠳᠤᠭ᠋ᠠᠨ᠎ᠤ ᠨᠡᠷ᠎ᠡ ᠬᠦᠨᠳᠦ ᠵᠢ ᠬᠠᠮᠠᠭ᠋ᠠᠯᠠᠬᠤ ᠵᠢ ᠮᠠᠭ᠋ᠠᠳᠯᠠᠨ ᠲᠣᠭᠲᠠᠭ᠋ᠠᠵᠤ ᠬᠢᠨᠠᠨ ᠬᠠᠮᠢᠶᠠᠷᠴᠤ ᠰᠢᠳᠬᠡᠨ ᠲᠣᠷᠭ᠋ᠠᠬᠤ ᠠᠷᠭ᠎ᠠ ᠵᠢ ᠲᠣᠭᠲᠠᠭ᠋ᠠᠵᠤ ᠂ ᠥᠷᠢᠰᠦᠯᠳᠦᠭᠴᠢ ᠡᠲᠡᠭᠡᠳ᠎ᠤᠨ ᠬᠤᠳᠠᠯᠳᠤᠭ᠋ᠠᠨ᠎ᠤ ᠢᠲᠡᠭᠡᠯ ᠬᠦᠨᠳᠦ ᠂ ᠲᠠᠸᠠᠷ᠎ᠤᠨ ᠨᠡᠷ᠎ᠡ ᠬᠦᠨᠳᠦ ᠵᠢ ᠬᠣᠬᠢᠷᠠᠭᠤᠯᠤᠭᠰᠠᠨ ᠵᠦᠢ ᠪᠤᠰᠤ ᠥᠷᠢᠰᠦᠯᠳᠦᠭᠡᠨ᠎ᠤ ᠠᠵᠢᠯᠯᠠᠭ᠎ᠠ ᠪᠠ 《 ᠬᠠᠭᠤᠷᠮᠠᠭ᠎ᠲᠤ ᠴᠣᠬᠢᠯᠲᠠ ᠥᠭᠬᠦ 》᠎ᠪᠠᠷ ᠬᠠᠯᠬᠠᠪᠴᠢ ᠪᠣᠯᠭ᠋ᠠᠭᠰᠠᠨ ᠬᠢᠬᠠᠨ ᠮᠥᠯᠵᠢᠬᠦ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠭᠦᠨ᠎ᠡ ᠃ ( ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂ ᠬᠠᠤᠯᠢ ᠴᠠᠭ᠋ᠠᠵᠠ ᠵᠢᠨ ᠲᠢᠩᠬᠢᠮ )
( ᠠᠷᠪᠠᠨ ᠵᠢᠷᠭᠤᠭ᠎ᠠ ) ᠳᠥᠭᠥᠮ ᠳᠥᠲᠡ ᠥᠨᠳᠥᠷ ᠦᠷ᠎ᠡ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠬᠡᠷᠡᠭᠵᠢᠭᠦᠯᠵᠦ᠂ ᠨᠢᠭᠤᠴᠠ᠎ᠳᠤ ᠬᠣᠯᠪᠣᠭᠳᠠᠬᠤ ᠵᠡᠷᠭᠡ ᠣᠨᠴᠠᠭ᠋ᠠᠶ ᠬᠦᠴᠦᠨ ᠵᠦᠢ᠍ᠯ᠎ᠢ ᠭᠠᠷᠭ᠋ᠠᠪᠠᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠦᠬᠦ ᠵᠦᠢ᠍ᠯᠡᠰ᠎ᠢ 《ᠨᠢᠭᠡ ᠰᠦᠯᠵᠢᠶ᠎ᠡ᠎ᠪᠠᠷ ᠨᠡᠢ᠌ᠳᠡᠮ ᠰᠢᠢ᠍ᠳᠪᠦᠷᠢᠯᠡᠬᠦ》 ᠵᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢ᠌ᠲ᠋ᠠ ᠵᠢᠨ ᠡᠬᠢ ᠪᠠᠶᠠᠯᠢᠭ᠎ᠢ ᠬᠠᠮᠲᠤ᠎ᠪᠠᠷ ᠬᠦᠷᠲᠡᠵᠦ ᠰᠣᠯᠢᠯᠴᠠᠬᠤ ᠲᠠᠪᠴᠠᠩ᠎ᠢ ᠲᠠᠰ ᠳᠡᠪᠰᠢᠭᠦᠯᠵᠦ ᠂ ᠡᠯ᠎ᠡ ᠰᠠᠯᠠᠭ᠎ᠠ ᠮᠥᠴᠢᠷ ᠡᠯ᠎ᠡ ᠲᠠᠰ ᠳᠠᠪᠬᠤᠷᠭ᠎ᠠ ᠵᠢᠨ ᠮᠡᠳᠡᠭᠡ ᠵᠠᠩᠭᠢ ᠵᠢᠨ ᠪᠡᠬᠢᠯᠡᠯᠲᠡ ᠵᠢ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠡᠯᠡᠵᠦ ᠥᠭᠬᠦ ᠠᠮᠠᠯᠠᠯᠲᠠ ᠵᠢᠨ ᠳᠦᠷᠢᠮ᠎ᠢ ᠶᠡᠬᠡ᠎ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ᠎ᠤᠨ ᠲᠣᠭᠲᠠᠴᠠ ᠵᠢ ᠪᠦᠲᠦᠮᠵᠢᠲᠡᠶ᠎ᠪᠠᠷ ᠲᠣᠬᠢᠷᠠᠭᠤᠯᠵᠤ ᠴᠢᠳᠠᠬᠤ᠂ ᠠᠵᠢᠯ ᠲᠦᠷᠦᠯ᠎ᠤᠨ ᠵᠣᠬᠢᠶᠠᠨ ᠪᠠᠢ᠌ᠭᠤᠯᠤᠯᠲᠠ ᠪᠤᠶᠤ ᠵᠠᠭᠤᠴᠢ ᠪᠠᠢ᠌ᠭᠤᠯᠤᠮᠵᠢ ᠵᠢ ᠥᠪᠡᠷ᠎ᠢ᠎ᠪᠠᠨ ᠬᠢᠵᠠᠭ᠋ᠠᠷᠯᠠᠨ ᠬᠠᠮᠢᠶᠠᠷᠴᠤ ᠴᠢᠳᠠᠬᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠷ ᠳᠠᠮᠵᠢᠭᠤᠯᠤᠨ ᠪᠦᠲᠦᠮᠵᠢᠲᠡᠶ ᠵᠢᠷᠤᠮᠵᠢᠭᠤᠯᠵᠤ ᠴᠢᠳᠠᠬᠤ ᠵᠢ ᠬᠢᠨᠠᠨ ᠵᠥᠪᠰᠢᠶᠡᠷᠡᠬᠦ ᠦᠭᠡᠢ ᠪᠣᠯᠭ᠋ᠠᠨ᠎ᠠ᠃ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ 《 ᠣᠷᠣᠨ ᠪᠦᠰᠡ ᠵᠢᠨ ᠦᠨᠡᠯᠡᠨ ᠵᠢᠱ᠌ᠢᠯᠲᠡ + ᠪᠠᠷᠢᠮᠵᠢᠶᠠᠲᠤ ᠭᠠᠵᠠᠷ + ᠠᠮᠠᠯᠠᠯᠲᠠ ᠵᠢᠨ ᠳᠦᠷᠢᠮ + ᠵᠠᠰᠠᠭ᠎ᠤᠨ ᠣᠷᠳᠣᠨ ᠠᠴᠠ ᠬᠠᠪᠰᠤᠷᠤᠨ ᠣᠷᠣᠯᠠᠨ ᠭᠦᠢ᠍ᠴᠡᠳᠬᠡᠬᠦ 》 ᠵᠠᠭᠪᠤᠷ᠎ᠢ ᠠᠯᠬᠤᠮ ᠠᠯᠬᠤᠮ ᠵᠶ᠋ᠠᠷ ᠬᠡᠷᠡᠭᠵᠢᠭᠦᠯᠵᠦ ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠠᠴᠠ ᠭᠠᠳᠠᠨᠠᠬᠢ ᠨᠥᠬᠥᠴᠡᠯ᠎ᠲᠠᠢ ᠭᠠᠵᠠᠷ ᠣᠷᠣᠨ᠎ᠳᠤ ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠥᠷᠨᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠲᠥᠷᠥᠯ ᠵᠦᠢ᠍ᠯ᠎ᠢ ᠡᠷᠲᠡ ᠨᠠᠢ᠌ᠳᠠᠪᠤᠷᠢᠵᠢᠭᠤᠯᠵᠤ ᠂ ᠡᠷᠲᠡ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠤᠨ᠎ᠠ ᠃ ( ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠬᠠᠤᠯᠢ ᠴᠠᠭ᠋ᠠᠵᠠ ᠵᠢᠨ ᠲᠢᠩᠬᠢᠮ ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ )
ᠲᠠᠪᠤ ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠵᠢᠷᠤᠮᠵᠢᠭᠰᠠᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠎ᠠ
( ᠠᠷᠪᠠᠨ ᠳᠣᠯᠣᠭ᠎ᠠ ) ᠦᠵᠡᠯ ᠰᠠᠨᠠᠭ᠎ᠠ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠥᠰ᠎ᠤᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠥᠷᠭᠡᠨ ᠤᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠥᠰ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠨᠠᠮ᠎ᠤᠨ ᠤᠳᠤᠷᠢᠳᠤᠯᠭ᠎ᠠ ᠵᠢ ᠬᠦᠷᠢᠶᠡᠯᠡᠭᠦᠯᠵᠦ᠂ ᠠᠵᠤ ᠠᠬᠤᠢ᠌ᠯᠠᠯ᠎ᠤᠨ ᠨᠠᠮ᠎ᠤᠨ ᠪᠠᠢ᠌ᠭᠤᠯᠤᠯᠲᠠ ᠵᠢ ᠳᠡᠮᠵᠢᠭᠦᠯᠦᠨ᠎ᠡ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠠᠵᠢᠯ᠎ᠤᠨ ᠠᠷᠭ᠎ᠠ ᠮᠠᠶᠢᠭ᠎ᠤᠨ ᠰᠢᠨ᠎ᠡ ᠵᠢ ᠡᠭᠦᠳᠴᠦ ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠠᠮ᠎ᠤᠨ ᠭᠡᠰᠢᠭᠦᠨ ᠡᠯᠰᠡᠬᠦ ᠠᠵᠢᠯ᠎ᠢ ᠢᠳᠡᠪᠬᠢᠲᠡᠢ ᠯᠠᠪᠳᠠᠭᠤᠨ ᠵᠶ᠋ᠠᠷ ᠰᠠᠢ᠌ᠲᠤᠷ ᠬᠢᠵᠦ᠂ ᠠᠷᠠᠳ᠎ᠤᠨ ᠡᠵᠡᠩᠨᠡᠯᠲᠡ ᠵᠢᠨ ᠰᠢᠯᠢᠳᠡᠭ ᠠᠵᠤ ᠠᠬᠤᠢ᠌ᠯᠠᠯᠲᠠᠨ᠎ᠢ ᠨᠠᠮ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠠᠷᠠᠳ᠎ᠠᠴᠠ ᠡᠵᠡᠩᠨᠡᠭᠰᠡᠨ ᠰᠢᠯᠢᠳᠡᠭ ᠠᠵᠤ ᠠᠬᠤᠢ᠌ᠯᠠᠯᠲᠠᠨ᠎ᠤ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ᠎ᠳᠤ ᠲᠤᠰᠢᠶᠠᠯ ᠬᠠᠪᠰᠤᠷᠭ᠋ᠠᠬᠤ ᠵᠢ ᠲᠡᠮᠵᠢᠨ᠎ᠠ᠃ ( ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠂ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ )
( ᠠᠷᠪᠠᠨ ᠨᠠᠢ᠍ᠮᠠ ) ᠵᠠᠰᠠᠭ ᠠᠵᠤ ᠠᠬᠤᠢ᠌ᠯᠠᠯ᠎ᠤᠨ ᠨᠡᠪᠲᠡᠷᠡᠯᠴᠡᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ ᠃ ᠤᠳᠤᠷᠢᠳᠬᠤ ᠺᠠᠳ᠋ᠷᠴᠤᠳ᠎ᠤᠨ ᠴᠡᠭ ᠲᠣᠭᠲᠠᠭ᠋ᠠᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠬᠤᠳᠠᠯᠳᠤᠭ᠋ᠠᠴᠢᠳ᠎ᠤᠨ ᠡᠪᠯᠡᠯ᠎ᠤᠨ ᠵᠣᠬᠢᠶᠠᠨ ᠪᠠᠢ᠌ᠭᠤᠯᠤᠯᠲᠠ᠎ᠲᠠᠢ ᠬᠠᠷᠢᠯᠴᠠᠬᠤ ᠳᠦᠷᠢᠮ᠎ᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠳᠤᠮᠳᠠᠬᠢ ᠬᠦᠴᠢᠷᠳᠡᠯ ᠪᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ 《 12345 》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠂ 《 ᠥᠪᠥᠷ ᠮᠣᠩᠭᠣᠯ᠎ᠤᠨ ᠠᠵᠤ ᠠᠬᠤᠢ᠌ᠯᠠᠯ᠎ᠤᠨ ᠨᠡᠪᠲᠡᠷᠬᠡᠢ ᠮᠡᠳᠡᠭᠡ 》 ᠵᠢᠨ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠰᠢᠯᠢᠳᠡᠭᠵᠢᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠲᠤᠰᠬᠠᠭᠰᠠᠨ ᠠᠰᠠᠭᠤᠳᠠᠯ ᠵᠢᠴᠢ ᠬᠦᠰᠡᠯ ᠱᠠᠭ᠋ᠠᠷᠳᠠᠯᠭ᠎ᠠ ᠵᠢᠨ ᠰᠠᠨᠠᠭᠤᠯᠭ᠎ᠠ ᠵᠢ ᠪᠥᠬᠥ ᠶᠠᠪᠤᠴᠠ᠎ᠳᠤ ᠮᠥᠷᠳᠡᠵᠦ ᠂ ᠴᠠᠭ ᠬᠢᠵᠠᠭ᠋ᠠᠷᠯᠠᠨ ᠰᠢᠢ᠍ᠳᠪᠦᠷᠢᠯᠡᠵᠦ ᠳᠠᠭᠤᠰᠬᠠᠨ ᠂ ᠴᠠᠭ ᠲᠤᠬᠠᠢᠳᠤᠨᠢ ᠬᠠᠷᠢᠭᠤ ᠲᠤᠰᠬᠠᠨ᠎ᠠ ᠃ ( ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ )
( ᠠᠷᠪᠠ ᠶᠢᠰᠦ ) ᠠᠵᠤ ᠠᠬᠤᠢ᠌ᠯᠠᠯ᠎ᠤᠨ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ ᠵᠢ ᠠᠬᠢᠭᠤᠯᠤᠨ᠎ᠠ ᠃ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠣᠨ᠎ᠤ 100 ᠬᠦᠴᠦᠷᠬᠡᠭ᠎ᠤᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠵᠦ᠂ ᠦᠨᠡᠨᠴᠢ ᠢᠲᠡᠭᠡᠮᠵᠢᠲᠡᠢ ᠠᠵᠤ ᠠᠬᠤᠢ᠌ᠯᠠᠯ᠎ᠤᠨ ᠨᠡᠢ᠌ᠲᠡᠯᠢᠭ ᠵᠢᠱ᠌ᠢᠶ᠎ᠡ ᠵᠢ ᠢᠳᠡᠪᠬᠢᠲᠡᠢ᠎ᠪᠠᠷ ᠰᠣᠩᠭᠣᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠣᠷᠤᠯᠴᠠᠬᠤ ᠂ ᠪᠠᠴᠢᠮ ᠪᠠᠢ᠌ᠳᠠᠯ᠎ᠢ ᠠᠷᠭ᠋ᠠᠴᠠᠬᠤ ᠴᠢᠬᠤᠯᠠ ᠶᠡᠬᠡ ᠭᠡᠨᠡᠳᠲᠡ ᠵᠢᠨ ᠬᠡᠷᠡᠭ᠎ᠢ ᠠᠷᠭ᠋ᠠᠴᠠᠬᠤ ᠵᠡᠷᠭᠡ ᠲᠠᠯ᠎ᠠ᠎ᠪᠠᠷ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠥᠬᠢᠭᠦᠯᠦᠨ ᠰᠠᠢ᠌ᠰᠢᠶᠠᠬᠤ ᠵᠢᠨ ᠬᠠᠮᠲᠤ ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠲᠡᠭᠦᠨ᠎ᠤ ᠨᠥᠬᠥᠴᠡᠯ᠎ᠳᠤ ᠨᠡᠶ᠋ᠢᠴᠡᠬᠦ ᠦᠢ᠍ᠯᠡᠳᠬᠦᠨ᠎ᠳᠤ ᠵᠣᠬᠢᠬᠤ ᠬᠠᠷᠢᠴᠠᠯ᠎ᠤᠨ ᠦᠨ᠎ᠡ ᠬᠠᠩᠰᠢ ᠵᠢ ᠰᠠᠭᠤᠯᠭ᠋ᠠᠨ ᠠᠪᠴᠤ ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠤᠮᠳᠠ ᠰᠠᠭᠤᠯᠭ᠋ᠠᠨ ᠠᠪᠤᠭᠰᠠᠨ᠎ᠤ ᠳᠠᠷᠠᠭ᠋ᠠᠬᠢ ᠦᠨ᠎ᠡ ᠬᠠᠩᠰᠢ ᠵᠢ ᠬᠢᠨᠠᠨ ᠲᠣᠭᠲᠠᠭ᠋ᠠᠬᠤ᠎ᠳᠤ ᠣᠷᠣᠯᠴᠠᠭᠤᠯᠵᠤ ᠪᠣᠯᠣᠨ᠎ᠠ ᠃ ᠢᠲᠡᠭᠡᠮᠵᠢ ᠵᠢ ᠰᠡᠷᠭᠦᠭᠡᠬᠦ ᠲᠣᠭᠲᠠᠴᠠ ᠵᠢ ᠪᠦᠷᠢᠨᠰᠢᠭᠦᠯᠵᠦ ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ ᠂ ᠢᠲᠡᠭᠡᠯ ᠠᠯᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠮᠵᠢ ᠵᠢ ᠰᠡᠷᠭᠦᠭᠡᠬᠦ᠎ᠳᠤ ᠲᠥᠬᠥᠮ ᠦᠢ᠍ᠯᠡᠴᠢᠯᠡᠭᠡ ᠬᠠᠩᠭ᠋ᠠᠨ᠎ᠠ ᠃
ᠵᠢᠷᠭᠤᠭ᠎ᠠ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ
( ᠬᠣᠷᠢ ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠨᠤᠭᠤᠳ ᠨᠠᠮ᠎ᠤᠨ ᠲᠥᠪ ᠬᠣᠷᠢᠶᠠᠨ᠎ᠤ 《ᠬᠣᠶᠠᠷ ᠥᠴᠥᠬᠡᠨ ᠴᠦ᠍ ᠭᠤᠢ᠌ᠪᠢᠰᠢ ᠦᠭᠡᠢ》᠂ 《ᠬᠣᠶᠠᠷ ᠡᠷᠡᠭᠦᠯ ᠮᠡᠨᠳᠤ》 ᠵᠢ ᠠᠬᠢᠭᠤᠯᠬᠤ ᠲᠤᠬᠠᠢ ᠦᠨᠳᠦᠰᠦᠨ ᠪᠣᠳᠣᠯᠭ᠎ᠠ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ᠎ᠤᠨ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠨᠢᠭᠡᠳᠦᠮᠡᠯ ᠹᠷᠣᠨᠲ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠳᠤᠮᠳᠠᠬᠢ ᠡᠭᠦᠷᠭᠡ ᠴᠢᠳᠠᠪᠬᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠡᠷᠡᠭᠦᠯ ᠵᠶ᠋ᠡᠷ ᠬᠥᠭᠵᠢᠬᠦ ᠵᠢ ᠦᠨᠡᠨᠬᠦ ᠠᠬᠢᠭᠤᠯᠬᠤ ᠬᠡᠷᠡᠭᠲᠡᠢ᠃ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠪᠣᠯᠣᠨ ᠬᠤᠳᠠᠯᠳᠤᠭ᠋ᠠᠨ᠎ᠤ ᠨᠡᠢ᠌ᠭᠡᠮᠯᠢᠭ᠎ᠤᠨ᠎ᠬᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ᠎ᠳᠤ ᠢᠳᠡᠪᠬᠢᠲᠡᠢ᠎ᠪᠠᠷ ᠲᠠᠪᠴᠠᠩ ᠪᠠᠢ᠌ᠭᠤᠯᠵᠤ᠂ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠡᠯ᠎ᠡ ᠠᠢ᠌ᠮᠠᠭ ᠬᠣᠲᠠ᠎ᠨᠤᠭᠤᠳ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠥᠭᠵᠢᠯᠲᠡ ᠵᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ ᠂ ᠪᠣᠳᠠᠲᠠᠢ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ ᠃
( ᠬᠣᠷᠢᠨ ᠨᠢᠭᠡ ) ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠳ ᠠᠵᠤ ᠠᠬᠤᠢ᠌ᠯᠠᠯᠲᠠᠨ᠎ᠤ ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠲᠣᠭᠲᠠᠭ᠋ᠠᠬᠤ᠎ᠳᠤ ᠣᠷᠤᠯᠴᠠᠬᠤ ᠳᠦᠷᠢᠮ ᠲᠣᠭᠲᠠᠭ᠋ᠠᠯ᠎ᠢ ᠨᠠᠢ᠌ᠳᠠᠪᠤᠷᠢᠵᠢᠭᠤᠯᠵᠤ ᠂ ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠂ ᠠᠵᠢᠯ ᠲᠥᠷᠥᠯ᠎ᠤᠨ ᠲᠥᠯᠦᠪᠵᠢᠭᠦᠯᠭᠡ ᠲᠣᠭᠲᠠᠭ᠋ᠠᠬᠤ᠎ᠳᠠᠭᠠᠨ ᠭᠡᠷᠡᠴᠢᠯᠡᠭᠡ ᠰᠣᠨᠣᠰᠬᠤ ᠬᠤᠷᠠᠯ ᠂ ᠶᠠᠷᠢᠯᠴᠠᠬᠤ ᠬᠤᠷᠠᠯ ᠂ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠬᠤ ᠂ ᠰᠦᠯᠵᠢᠶ᠎ᠡ᠎ᠪᠠᠷ ᠪᠠᠢ᠌ᠴᠠᠭ᠋ᠠᠨ ᠰᠤᠳᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠂ ᠠᠵᠤ ᠠᠬᠤᠢ᠌ᠯᠠᠯ᠎ᠤᠨ ᠰᠠᠨᠠᠯ ᠰᠠᠨᠠᠭᠤᠯᠭ᠎ᠠ ᠵᠢ ᠭᠦᠢ᠍ᠴᠡᠳ ᠰᠣᠨᠣᠰᠬᠤ ᠬᠡᠷᠡᠭᠲᠡᠢ ᠃ ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ᠎ᠢ ᠪᠠᠲᠤᠯᠠᠵᠤ ᠂ ᠣᠯᠠᠨ ᠨᠡᠶ᠋ᠢᠲᠡ ᠵᠢᠨ ᠠᠰᠢᠭ ᠲᠤᠰᠠ᠎ᠳᠤ ᠰᠠᠭᠤᠷᠢᠯᠠᠨ ᠲᠣᠬᠢᠷᠠᠭᠤᠯᠤᠯᠲᠠ ᠬᠢᠬᠦ ᠴᠢᠬᠤᠯᠠᠲᠠᠢ ᠪᠠᠢ᠌ᠪᠠᠯ ᠂ ᠰᠢᠯᠵᠢᠯᠲᠡ ᠵᠢᠨ ᠬᠤᠭᠤᠴᠠᠭ᠎ᠠ ᠵᠢ ᠵᠦᠢ ᠵᠣᠬᠢᠰᠲᠠᠢ ᠲᠣᠬᠢᠷᠠᠭᠤᠯᠤᠨ ᠂ ᠠᠵᠤ ᠠᠬᠤᠢ᠌ᠯᠠᠯ᠎ᠳᠤ ᠲᠣᠬᠢᠷᠠᠭᠤᠯᠤᠯᠲᠠ ᠬᠢᠬᠦ᠎ᠳᠤ ᠵᠣᠬᠢᠴᠠᠬᠤ ᠴᠢᠬᠤᠯᠠ ᠪᠦᠬᠦᠢ ᠴᠠᠭ ᠦᠯᠡᠳᠡᠭᠡᠨ ᠥᠭᠴᠦ ᠂ 《 ᠨᠢᠭᠡ ᠯᠡ ᠠᠳᠠᠯᠢ᠎ᠪᠠᠷ ᠱᠠᠭ᠋ᠠᠷᠳᠠᠬᠤ 》 ᠦᠭᠡᠢ ᠪᠠᠢ᠌ᠬᠤ ᠬᠡᠷᠡᠭᠲᠡᠢ ᠃ ᠣᠨ᠎ᠤ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠦᠨᠡᠯᠡᠨ ᠵᠢᠱ᠌ᠢᠬᠦ ᠠᠵᠢᠯ᠎ᠢ ᠰᠠᠢ᠌ᠲᠤᠷ ᠬᠢᠵᠦ ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠠᠢ᠌ᠮᠠᠭ ᠬᠣᠲᠠ ᠵᠢᠨ ᠨᠠᠮ ᠵᠠᠰᠠᠭ᠎ᠤᠨ ᠤᠳᠤᠷᠢᠳᠬᠤ ᠪᠠᠭ᠎ᠤᠨ ᠪᠣᠳᠠᠲᠤ ᠠᠮᠵᠢᠯᠲᠠ ᠵᠢ ᠰᠢᠯᠭ᠋ᠠᠨ ᠬᠢᠨᠠᠬᠤ ᠵᠢᠨ ᠴᠢᠬᠤᠯᠠ ᠠᠭᠤᠯᠭ᠎ᠠ ᠪᠣᠯᠭ᠋ᠠᠨ᠎ᠠ ᠃
( ᠬᠣᠷᠢᠨ ᠬᠣᠶᠠᠷ ) ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠂ 《 ᠮᠣᠩᠭᠣᠯ᠎ᠤᠨ ᠲᠦᠷᠭᠡᠨ ᠬᠤᠷᠳᠤᠴᠠ ᠵᠢᠨ ᠠᠯᠪᠠᠨ ᠭᠡᠷ 》 ᠂ 《 ᠮᠣᠩᠭᠣᠯ ᠠᠵᠤ ᠠᠬᠤᠢ᠌ᠯᠠᠯ᠎ᠳᠤ ᠨᠡᠪᠲᠡᠷᠡᠬᠦ 》 ᠵᠢᠴᠢ ᠡᠯ᠎ᠡ ᠲᠥᠷᠥᠯ᠎ᠤᠨ ᠰᠣᠨᠢᠨ ᠮᠡᠳᠡᠭᠡᠨ᠎ᠤ ᠵᠠᠭᠤᠴᠢᠯᠠᠭᠤᠷ ᠂ ᠵᠠᠰᠠᠭ᠎ᠤᠨ ᠣᠷᠳᠣᠨ᠎ᠤ ᠰᠦᠯᠵᠢᠶ᠎ᠡ ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠵᠠᠭᠤᠴᠢᠯᠠᠭᠤᠷ᠎ᠢ ᠪᠦᠲᠦᠮᠵᠢᠲᠡᠶ ᠬᠡᠷᠡᠭᠯᠡᠨ ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠣᠨᠣᠪᠴᠢᠲᠠᠶ ᠤᠬᠠᠭᠤᠯᠤᠨ ᠲᠠᠢ᠌ᠯᠪᠤᠷᠢᠯᠠᠵᠤ ᠂ ᠠᠵᠤ ᠠᠬᠤᠢ᠌ᠯᠠᠯ᠎ᠳᠤ ᠲᠥᠷᠥ ᠵᠢᠨ ᠪᠣᠳᠣᠯᠭ᠎ᠠ ᠵᠢ ᠭᠦᠢ᠍ᠴᠡᠳ ᠣᠢ᠌ᠯᠠᠭ᠋ᠠᠭᠤᠯᠵᠤ ᠂ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠭᠦᠯᠬᠦ ᠬᠡᠷᠡᠭᠲᠡᠢ ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠵᠤ ᠠᠬᠤᠢ᠌ᠯᠠᠯᠲᠠᠨ᠎ᠤ ᠦᠯᠢᠭᠡᠷ᠎ᠢ ᠰᠠᠢ᠌ᠲᠤᠷ ᠶᠠᠷᠢᠵᠤ᠂ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠠᠵᠤ ᠠᠬᠤᠢ᠌ᠯᠠᠯ᠎ᠤᠨ ᠬᠥᠭᠵᠢᠯᠲᠡ᠎ᠳᠤ ᠦᠢ᠍ᠯᠡᠴᠢᠯᠡᠬᠦ ᠲᠠᠯ᠎ᠠ᠎ᠪᠠᠷ᠎ᠬᠢ ᠰᠠᠢ᠌ᠨ ᠲᠤᠷᠰᠢᠯᠭ᠎ᠠ ᠰᠠᠢ᠌ᠨ ᠠᠷᠭ᠎ᠠ ᠵᠢ ᠶᠡᠬᠡᠪᠡᠷ ᠤᠬᠠᠭᠤᠯᠵᠤ᠂ ᠪᠦᠬᠦ ᠨᠡᠢ᠌ᠭᠡᠮ ᠵᠶ᠋ᠡᠷ ᠵᠶ᠋ᠡᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ ᠵᠢ ᠳᠡᠮᠵᠢᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃
ᠲᠣᠰ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠠᠷᠤᠮᠠᠯᠯᠠᠨ ᠲᠠᠷᠬᠠᠭ᠋ᠠᠭᠰᠠᠨ 《 ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ 》 ( ᠥᠪᠥᠷ ᠨᠠᠮ ᠲᠠᠷᠬᠠᠭ᠋ᠠᠭᠰᠠᠨ [2018] 23 ᠳ᠋ᠤᠭ᠋ᠠᠷ ᠲᠣᠭ᠋ᠠᠲᠤ ) ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠠᠷᠤᠮᠠᠯᠯᠠᠨ ᠲᠠᠷᠬᠠᠭ᠋ᠠᠭᠰᠠᠨ 《 ᠨᠠᠩ ᠰᠠᠢ᠌ᠨ ᠬᠥᠭᠵᠢᠯᠲᠡ ᠵᠢᠨ ᠣᠷᠴᠢᠨ ᠲᠣᠭᠣᠷᠢᠨ᠎ᠢ ᠪᠣᠶ ᠪᠣᠯᠭ᠋ᠠᠵᠤ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ 》 ( ᠥᠪᠥᠷ ᠨᠠᠮ ᠲᠠᠷᠬᠠᠭ᠋ᠠᠭᠰᠠᠨ [2020] 16 ᠳ᠋ᠤᠭ᠋ᠠᠷ ᠲᠣᠭ᠋ᠠᠲᠤ )᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃