ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠤᠨ ᠠᠬᠢᠭᠤᠯᠬᠤ ᠨᠥᠬᠥᠪᠦᠷᠢ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ
ᠨᠡᠶ᠋ᠢᠲᠡᠯᠡᠭᠰᠡᠨ ᠴᠠᠭ᠄ 2022-09-08

      ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ᠂ ᠲᠢᠩᠬᠢᠮ ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠡ᠎ᠳᠤ ᠄
      ᠰᠢ ᠵᠢᠨ ᠫᠢᠩ ᠶᠡᠷᠦᠩᠬᠡᠢ ᠱᠦᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠬᠤ ᠵᠢᠨ ᠲᠥᠯᠥᠭᠡ᠂ 《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠬᠦ ᠲᠤᠬᠠᠢ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠢ ᠵᠣᠯᠭ᠋ᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠨᠥᠬᠥᠪᠦᠷᠢ ᠵᠢᠨ ᠪᠡᠯᠡ ᠮᠥᠩᠭᠥ (  ᠳᠣᠷᠣᠭᠰᠢ ᠵᠣᠯᠭ᠋ᠠᠭᠤᠯᠬᠤ ᠪᠡᠯᠡ ᠮᠥᠩᠭᠥ ᠭᠡᠵᠦ ᠲᠣᠪᠴᠢᠯᠠᠨ᠎ᠠ) ᠵᠢᠨ ᠬᠡᠷᠡᠭᠯᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂ ᠡᠳᠦᠭᠡ ᠲᠤᠤᠷᠠᠬᠢ ᠮᠡᠲᠦ ᠰᠠᠨᠠᠯ᠎ᠢ ᠳᠤᠷᠠᠳᠪᠠ ᠃
      ᠨᠢᠭᠡ ᠂ ᠶᠡᠷᠦᠩᠬᠡᠢ ᠱᠠᠭ᠋ᠠᠷᠳᠠᠯᠭ᠎ᠠ
      ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠵᠤ ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ ᠂ ᠰᠢᠯᠵᠢᠯᠲᠡ ᠵᠢᠨ ᠬᠤᠭᠤᠴᠠᠭ᠋ᠠᠨ᠎ᠳᠤ 《ᠳᠥᠷᠪᠡ ᠵᠢ ᠰᠠᠯᠭ᠋ᠠᠬᠤ ᠦᠭᠡᠢ》 ᠪᠠᠢ᠌ᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠲᠣᠪᠣᠢ᠌ᠮ᠎ᠠ ᠪᠠᠢ᠌ᠷᠢᠨ᠎ᠳᠤ ᠲᠠᠯᠪᠢᠵᠤ ᠂ ᠨᠠᠮ᠎ᠤᠨ ᠲᠥᠪ ᠬᠣᠷᠢᠶ᠎ᠠ ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠎ᠪᠠᠷ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠠᠵᠢᠯ᠎ᠢ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ ᠂ ᠪᠡᠯᠡ ᠮᠥᠩᠭᠥ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ ᠂ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠳᠤᠮᠳᠠ ᠦᠷ᠎ᠡ ᠠᠰᠢᠭ᠎ᠢ᠎ᠨᠢ ᠪᠠᠳᠠᠷᠠᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ ᠃
      ᠬᠣᠶᠠᠷ᠂ ᠦᠨᠳᠦᠰᠦᠨ ᠵᠠᠷᠴᠢᠮ
      (  ᠨᠢᠭᠡ ) ᠲᠣᠭᠲᠠᠭᠤᠨ ᠵᠶ᠋ᠠᠷ ᠰᠢᠯᠵᠢᠬᠦ ᠵᠢ ᠪᠠᠷᠢᠮᠲᠠᠯᠠᠨ᠎ᠠ ᠃ ᠰᠢᠯᠵᠢᠯᠲᠡ ᠵᠢᠨ ᠬᠤᠭᠤᠴᠠᠭ᠋ᠠᠨ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠠᠯ᠎ᠠ᠎ᠪᠠᠷ ᠨᠡᠩ ᠶᠡᠬᠡ ᠬᠦᠴᠦ ᠣᠷᠣᠭᠤᠯᠵᠤ᠂ ᠨᠡᠩ ᠤᠯᠠᠨ ᠦᠷᠭᠦᠯᠵᠢᠯᠡᠨ ᠬᠠᠪᠰᠤᠷᠤᠨ ᠲᠡᠳᠬᠦᠬᠦ ᠳᠡᠮᠵᠢᠯᠭᠡ ᠦᠵᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠣᠰᠢᠭᠤ ᠰᠢᠶᠠᠨ᠂ ᠭᠠᠴᠠᠭ᠎ᠠ ᠲᠣᠰᠬᠣᠨ᠎ᠳᠤ ᠵᠢᠭᠰᠠᠭ᠋ᠠᠭᠳᠠᠬᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢ ᠨᠢᠭᠡ ᠠᠯᠬᠤᠮ ᠲᠡᠳᠬᠦᠵᠦ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠲᠠᠬᠢᠨ ᠶᠠᠳᠠᠭᠤᠷᠠᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠲᠠᠬᠢᠨ ᠶᠠᠳᠠᠭᠤᠷᠠᠬᠤ ᠵᠢ ᠰᠡᠷᠭᠡᠢ᠌ᠯᠡᠨ ᠬᠣᠷᠢᠭᠯᠠᠬᠤ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠴᠠᠭ ᠲᠤᠬᠠᠢ᠎ᠳᠤᠨᠢ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠡᠲᠡᠭᠡᠳ᠎ᠲᠤ ᠬᠠᠨᠳᠤᠯᠭ᠋ᠠᠲᠤ ᠴᠢᠨᠠᠷᠲᠠᠢ ᠤᠷᠢᠳᠴᠢᠯᠠᠨ ᠰᠡᠷᠭᠡᠢ᠌ᠯᠡᠬᠦ ᠴᠢᠨᠠᠷᠲᠠᠢ ᠪᠠ ᠬᠡᠷᠡᠭ᠎ᠤᠨ ᠳᠠᠷᠠᠭ᠋ᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠤᠨ᠎ᠠ᠃
      (  ᠬᠣᠶᠠᠷ ) ᠪᠦᠲᠦᠮᠵᠢᠲᠡᠶ ᠵᠣᠯᠭ᠋ᠠᠭᠤᠯᠬᠤ ᠵᠢ ᠪᠠᠷᠢᠮᠲᠠᠯᠠᠨ᠎ᠠ ᠃ ᠰᠢᠯᠵᠢᠯᠲᠡ ᠵᠢᠨ ᠬᠤᠭᠤᠴᠠᠭ᠋ᠠᠨ᠎ᠳᠤ ᠂ ᠡᠳ᠋᠎ᠤᠨ ᠵᠠᠰᠠᠭ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠶᠡᠷᠦᠩᠬᠡᠢ᠎ᠳᠡᠭᠡᠨ ᠲᠣᠭᠲᠠᠭᠤᠨ ᠪᠠᠢ᠌ᠬᠤ ᠵᠢ ᠪᠠᠲᠤᠯᠠᠭᠰᠠᠨ ᠤᠷᠢᠲᠠᠯ ᠳᠣᠣᠷ᠎ᠠ ᠂ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠬᠡᠷᠡᠭᠴᠡᠭᠡ ᠪᠠ ᠡᠳ᠋᠎ᠤᠨ ᠬᠦᠴᠦᠨ᠎ᠤ ᠪᠠᠢ᠌ᠳᠠᠯ᠎ᠢ ᠦᠨᠳᠦᠰᠦᠯᠡᠨ ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠬᠡᠪᠴᠢᠶ᠎ᠡ ᠵᠢ ᠵᠦᠢ ᠵᠣᠬᠢᠰᠲᠠᠢ ᠲᠣᠬᠢᠷᠠᠭᠤᠯᠵᠤ ᠂ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠨ ᠂ ᠳᠡᠮᠵᠢᠬᠦ  ᠭᠣᠣᠯᠳᠠᠯᠭ᠎ᠠ ᠵᠢ ᠲᠣᠬᠢᠷᠠᠭᠤᠯᠵᠤ ᠂ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠳᠡᠮᠵᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ ᠳᠠᠰᠢ ᠵᠣᠬᠢᠰᠲᠠᠢ ᠬᠡᠯᠪᠡᠢ᠌ᠯᠭᠡᠨ᠎ᠡ ᠃
      (  ᠭᠤᠷᠪᠠ ) ᠡᠷᠬᠡ ᠬᠠᠷᠢᠭᠤᠴᠠᠯᠭ᠎ᠠ ᠵᠢ ᠨᠢᠭᠡᠳᠬᠡᠬᠦ ᠵᠢ ᠪᠠᠷᠢᠮᠲᠠᠯᠠᠨ᠎ᠠ ᠃ ᠥᠪᠡᠷᠲᠡᠭᠡᠨ ᠵᠠᠰᠠᠬᠤ ᠣᠷᠣᠨ ᠵᠢᠴᠢ ᠲᠡᠭᠦᠨ᠎ᠠᠴᠠ ᠳᠣᠷᠣᠭᠰᠢᠬᠢ ᠵᠣᠯᠭ᠋ᠠᠭᠤᠯᠤᠭᠰᠠᠨ ᠪᠡᠯᠡ ᠮᠥᠩᠭᠥ ᠵᠢᠨ ᠬᠠᠮᠢᠶᠠᠷᠤᠯᠲᠠ ᠵᠢᠨ ᠡᠷᠬᠡ ᠮᠡᠳᠡᠯ᠎ᠳᠤ ᠂ ᠡᠷᠬᠡ ᠵᠢ ᠭᠦᠢ᠍ᠴᠡᠳ ᠣᠯᠭᠣᠵᠤ ᠂ ᠴᠢᠯᠦᠭᠡᠲᠡᠢ ᠲᠠᠯᠪᠢᠵᠤ ᠪᠣᠯᠬᠤ ᠵᠢ᠎ᠨᠢ ᠴᠢᠯᠦᠭᠡᠲᠡᠢ ᠪᠣᠯᠭ᠋ᠠᠵᠤ ᠂ ᠴᠢᠯᠦᠭᠡᠲᠡᠢ ᠲᠠᠯᠪᠢᠬᠤ ᠶᠣᠰᠣᠲᠠᠢ ᠵᠢ᠎ᠨᠢ ᠪᠦᠬᠦᠨ᠎ᠢ ᠴᠢᠯᠦᠭᠡᠲᠡᠢ ᠪᠣᠯᠭ᠋ᠠᠵᠤ ᠂ ᠢᠯᠡ᠎ᠪᠠᠷ ᠴᠢᠯᠦᠭᠡᠲᠡᠢ ᠲᠠᠯᠪᠢᠵᠤ ᠳᠠᠯᠳᠠ ᠲᠠᠯᠪᠢᠬᠤ ᠦᠭᠡᠢ ᠂ ᠬᠡᠯᠪᠡᠷᠢ ᠵᠢ᠎ᠨᠢ ᠥᠭᠡᠷᠡᠲᠦᠭᠦᠯᠦᠨ ᠥᠪᠡᠰᠦᠪᠡᠨ ᠲᠣᠬᠢᠷᠠᠭᠤᠯᠬᠤ ᠪᠤᠶᠤ ᠡᠷᠬᠡ ᠵᠢᠨ ᠬᠡᠪᠴᠢᠶ᠎ᠡ᠎ᠪᠠᠨ ᠪᠤᠴᠠᠭ᠋ᠠᠨ ᠠᠪᠬᠤ ᠵᠢ ᠴᠢᠩᠭ᠎ᠠ ᠴᠠᠭ᠋ᠠᠵᠠᠯᠠᠨ᠎ᠠ ᠃ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ ᠂ ᠠᠢ᠌ᠮᠠᠭ ᠬᠣᠲᠠ ᠂ ᠬᠣᠰᠢᠭᠤ ᠰᠢᠶᠠᠨ (  ᠬᠣᠲᠠ ᠂ ᠲᠣᠭᠣᠷᠢᠭ )᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂ ᠪᠡᠯᠡ ᠮᠥᠩᠭᠥ ᠵᠢ ᠵᠣᠯᠭ᠋ᠠᠭᠤᠯᠬᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠪᠡᠯᠡ ᠮᠥᠩᠭᠥ ᠵᠢ ᠬᠡᠷᠡᠭᠯᠡᠵᠦ ᠬᠠᠮᠢᠶᠠᠷᠬᠤ ᠵᠢ ᠴᠢᠩᠳᠠᠯᠠᠵᠤ ᠂ ᠪᠡᠯᠡ ᠮᠥᠩᠭᠥ ᠵᠢᠨ ᠬᠡᠷᠡᠭᠯᠡᠯᠲᠡ ᠵᠢᠨ ᠬᠠᠤᠯᠢ ᠶᠣᠰᠣᠴᠢ ᠴᠢᠨᠠᠷ ᠂ ᠵᠢᠷᠤᠮᠵᠢᠯᠳᠤ ᠴᠢᠨᠠᠷ ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠦᠨᠡᠨᠬᠦ ᠪᠠᠲᠤᠯᠠᠨ᠎ᠠ ᠃
      ᠭᠤᠷᠪᠠ ᠂ ᠵᠣᠯᠭ᠋ᠠᠭᠤᠯᠬᠤ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠦᠨ᠎ᠡ
      (  ᠨᠢᠭᠡ ) ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠎ᠠᠴᠠ ᠲᠣᠬᠢᠷᠠᠭᠤᠯᠤᠨ ᠵᠣᠯᠭ᠋ᠠᠭᠤᠯᠬᠤ ᠪᠡᠯᠡ ᠮᠥᠩᠭᠥ ᠵᠢ ᠬᠣᠰᠢᠭᠤ ᠰᠢᠶᠠᠨ (  ᠬᠣᠲᠠ ᠂ ᠲᠣᠭᠣᠷᠢᠭ )᠎ᠳᠤ ᠬᠡᠰᠡᠭᠯᠡᠨ ᠪᠠᠭᠤᠯᠭ᠋ᠠᠵᠤ ᠂ ᠡᠯ᠎ᠡ ᠭᠠᠵᠠᠷ ᠣᠷᠣᠨ ᠎ᠠᠴᠠ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ ᠂ 《  ᠬᠣᠶᠠᠷ᠎ᠲᠤ ᠵᠣᠪᠠᠬᠤ ᠦᠭᠡᠢ ᠂ ᠭᠤᠷᠪᠠ ᠵᠢ ᠪᠠᠲᠤᠯᠠᠬᠤ 》 ᠵᠢᠨ ᠦᠷ᠎ᠡ ᠪᠦᠲᠦᠭᠡᠯ᠎ᠢ ᠪᠡᠬᠢᠵᠢᠭᠦᠯᠬᠦ᠎ᠳᠤ ᠬᠡᠷᠡᠭᠯᠡᠵᠦ ᠂ ᠣᠨᠳᠣᠣ ᠭᠠᠵᠠᠷ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠬᠦ ᠠᠵᠢᠯ᠎ᠢ ᠰᠠᠢ᠌ᠲᠤᠷ ᠬᠢᠵᠦ ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠲᠣᠭᠲᠠᠭᠤᠨ ᠵᠶ᠋ᠠᠷ ᠠᠵᠢᠯ ᠣᠯᠬᠤ ᠵᠢ ᠠᠬᠢᠭᠤᠯᠤᠨ ᠂ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠰᠠᠭᠤᠷᠢ ᠪᠡᠯᠡᠳᠬᠡᠮᠵᠢ ᠵᠢᠨ ᠨᠥᠬᠥᠴᠡᠯ᠎ᠢ ᠦᠷᠭᠦᠯᠵᠢᠯᠡᠨ ᠰᠠᠢ᠌ᠵᠢᠷᠠᠭᠤᠯᠵᠤ ᠂ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠬᠥᠭᠵᠢᠯᠲᠡ᠎ᠪᠠᠷ ᠠᠨᠠᠢ ᠭᠠᠵᠠᠷ ᠣᠷᠣᠨ᠎ᠤ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠵᠢᠨ ᠬᠠᠮᠲᠤ ᠵᠣᠯᠭ᠋ᠠᠭᠤᠯᠬᠤ ᠪᠡᠯᠡ ᠮᠥᠩᠭᠥ ᠵᠢᠨ ᠡᠵᠡᠯᠡᠬᠦ ᠬᠠᠷᠢᠴᠠᠯ᠎ᠢ ᠵᠢᠯ ᠳᠠᠷᠠᠭ᠋ᠠᠯᠠᠨ ᠳᠡᠭᠡᠭᠰᠢᠯᠡᠭᠦᠯᠵᠦ ᠂ 2022 — 2025 ᠣᠨ᠎ᠳᠤ ᠂ ᠡᠯ᠎ᠡ ᠠᠢ᠌ᠮᠠᠭ ᠬᠣᠲᠠ ᠵᠢᠨ ᠬᠣᠷᠢᠶᠠᠨ ᠣᠯᠣᠭᠰᠠᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠵᠣᠯᠭ᠋ᠠᠭᠤᠯᠬᠤ ᠪᠡᠯᠡ ᠮᠥᠩᠭᠥ ᠵᠢᠨ ᠠᠵᠤ ᠦᠢ᠍ᠯᠡᠰ᠎ᠲᠤ ᠬᠡᠷᠡᠭᠯᠡᠬᠦ ᠬᠠᠷᠢᠴᠠᠯ᠎ᠨᠢ ᠲᠣᠰ ᠲᠣᠰ 55% ᠂ 60% ᠂ 65% ᠪᠠ 70% ᠵᠢ ᠳᠠᠪᠠᠭᠰᠠᠨ ᠪᠠᠢ᠌ᠬᠤ ᠬᠡᠷᠡᠭᠲᠡᠢ ᠪᠥᠭᠡᠳ ᠳᠡᠭᠡᠷ᠎ᠡ ᠵᠢᠯ᠎ᠤᠨ ᠠᠵᠤ ᠦᠢ᠍ᠯᠡᠰ᠎ᠤᠨ ᠬᠥᠭᠵᠢᠯᠲᠡ᠎ᠳᠤ ᠬᠡᠷᠡᠭᠯᠡᠬᠦ ᠪᠡᠯᠡ ᠮᠥᠩᠭᠥ ᠵᠢᠨ ᠡᠵᠡᠯᠡᠬᠦ ᠬᠠᠷᠢᠴᠠᠯ ᠎ᠠᠴᠠ ᠲᠤᠤᠷ᠎ᠠ ᠪᠠᠢ᠌ᠵᠤ ᠪᠣᠯᠬᠤ ᠦᠭᠡᠢ ᠃ ᠬᠣᠰᠢᠭᠤ ᠰᠢᠶᠠᠨ (  ᠬᠣᠲᠠ ᠂ ᠲᠣᠭᠣᠷᠢᠭ )᠎ᠨᠢ 30% ᠎ᠠᠴᠠ ᠥᠯᠥ ᠬᠡᠲᠦᠷᠡᠬᠦ ᠰᠢᠶᠠᠨ᠎ᠳᠤ ᠬᠦᠷᠲᠡᠯ᠎ᠡ ᠵᠣᠯᠭ᠋ᠠᠭᠤᠯᠬᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠶᠠᠳᠠᠭᠤ ᠬᠦᠴᠢᠷᠳᠡᠯᠲᠡᠢ ᠪᠤᠰᠤ ᠭᠠᠴᠠᠭ᠎ᠠ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠬᠦ ᠵᠢ ᠳᠡᠮᠵᠢᠬᠦ ᠂ ᠴᠢᠬᠤᠯᠠ ᠪᠦᠬᠦᠢ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠵᠢᠴᠢ ᠬᠣᠰᠢᠭᠤ ᠰᠢᠶᠠᠨ (  ᠬᠣᠲᠠ ᠂ ᠲᠣᠭᠣᠷᠢᠭ )᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠵᠢᠨ ᠬᠠᠮᠢᠶ᠎ᠠ ᠪᠦᠬᠦᠢ ᠲᠥᠷᠥᠯ ᠵᠦᠢ᠍ᠯ᠎ᠳᠤ ᠬᠡᠷᠡᠭᠯᠡᠵᠦ ᠪᠣᠯᠣᠨ᠎ᠠ ᠃
      (  ᠬᠣᠶᠠᠷ ) ᠰᠢᠯᠵᠢᠯᠲᠡ ᠵᠢᠨ ᠬᠤᠭᠤᠴᠠᠭ᠋ᠠᠨ᠎ᠳᠠᠬᠢ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠵᠤ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠨ᠎ᠠ᠃ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ᠎ᠪᠠᠨ ᠪᠦᠷᠢᠮᠦᠰᠦᠨ ᠠᠯᠳᠠᠭᠰᠠᠨ ᠪᠤᠶᠤ ᠬᠥᠳᠡᠯᠮᠦᠷᠢᠯᠡᠬᠦ ᠴᠢᠳᠠᠪᠤᠷᠢ᠎ᠪᠠᠨ ᠬᠡᠰᠡᠭ ᠲᠠᠯ᠎ᠠ᠎ᠪᠠᠷ ᠠᠯᠳᠠᠭᠰᠠᠨ ᠮᠥᠷᠲᠡᠭᠡᠨ ᠠᠵᠤ ᠦᠢ᠍ᠯᠡᠰ᠎ᠤᠨ ᠠᠵᠢᠯ ᠣᠯᠭᠣᠯᠲᠠ᠎ᠪᠠᠷ ᠳᠡᠮᠵᠢᠨ ᠲᠣᠭᠲᠠᠪᠤᠷᠢᠲᠠᠢ ᠣᠷᠣᠯᠭ᠎ᠠ ᠣᠯᠬᠤ ᠵᠢᠨ ᠠᠷᠭ᠎ᠠ ᠦᠭᠡᠢ ᠬᠥᠮᠥᠨ ᠠᠮᠠ ᠵᠢ ᠲᠣᠭᠲᠠᠭ᠋ᠠᠯ ᠶᠣᠰᠣᠭ᠋ᠠᠷ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠢ ᠬᠥᠮᠥᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ᠎ᠳᠤ ᠣᠷᠣᠭᠤᠯᠬᠤ ᠵᠢᠨ ᠬᠠᠮᠲᠤ ᠬᠦᠴᠢᠷᠳᠡᠯᠲᠡᠢ ᠲᠥᠷᠥᠯ ᠬᠡᠯᠪᠡᠷᠢ᠎ᠪᠠᠷ᠎ᠨᠢ ᠴᠠᠭ ᠲᠤᠬᠠᠢ᠎ᠳᠤᠨᠢ ᠲᠤᠰᠬᠠᠢ ᠵᠦᠢ᠍ᠯ᠎ᠤᠨ ᠲᠡᠩᠬᠡᠷᠡᠭᠦᠯᠦᠨ ᠲᠤᠰᠠᠯᠠᠬᠤ ᠂ ᠲᠦᠷ ᠴᠠᠭ᠎ᠤᠨ ᠲᠡᠩᠬᠡᠷᠡᠭᠦᠯᠦᠨ ᠲᠤᠰᠠᠯᠠᠬᠤ ᠵᠡᠷᠭᠡ ᠵᠢ ᠣᠯᠭᠣᠨ᠎ᠠ ᠃
      (  ᠭᠤᠷᠪᠠ ) ᠪᠦᠲᠦᠮᠵᠢᠲᠡᠶ ᠵᠣᠯᠭ᠋ᠠᠭᠤᠯᠤᠨ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ ᠃ ᠪᠡᠯᠡ ᠮᠥᠩᠭᠥ ᠵᠢ ᠵᠣᠯᠭ᠋ᠠᠭᠤᠯᠬᠤ ᠤᠷᠮᠠᠰᠢᠭᠤᠯᠵᠤ ᠬᠥᠲᠥᠯᠥᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢᠨ ᠲᠠᠯ᠎ᠠ᠎ᠪᠠᠷ᠎ᠬᠢ ᠵᠣᠯᠭ᠋ᠠᠭᠤᠯᠬᠤ ᠡᠷᠴᠢᠮ᠎ᠢ ᠴᠢᠩᠭ᠋ᠠᠷᠠᠭᠤᠯᠵᠤ ᠂ ᠭᠣᠣᠯᠳᠠᠯᠭ᠎ᠠ ᠵᠢ ᠳᠣᠪᠣᠶ᠋ᠢᠯᠭ᠋ᠠᠵᠤ ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ ᠵᠢ ᠪᠠᠷᠢᠮᠲᠠᠯᠠᠵᠤ ᠂ ᠪᠡᠬᠢᠵᠢᠭᠦᠯᠬᠦ ᠂ ᠥᠷᠭᠡᠳᠬᠡᠬᠦ ᠂ ᠵᠣᠯᠭ᠋ᠠᠭᠤᠯᠬᠤ ᠭᠣᠣᠯ ᠱᠤᠭᠤᠮ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠦᠷᠦᠯ ᠬᠤᠪᠢᠶᠠᠨ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠪᠦᠬᠦ ᠲᠠᠯ᠎ᠠ᠎ᠪᠠᠷ ᠠᠬᠢᠭᠤᠯᠬᠤ ᠲᠤᠰᠬᠠᠢ ᠵᠦᠢ᠍ᠯ᠎ᠤᠨ ᠤᠷᠮᠠᠰᠢᠭᠤᠯᠬᠤ ᠲᠣᠭᠲᠠᠴᠠ ᠵᠢ ᠠᠯᠬᠤᠮ ᠠᠯᠬᠤᠮ ᠵᠶ᠋ᠠᠷ ᠪᠦᠷᠢᠨᠰᠢᠭᠦᠯᠵᠦ ᠂ ᠰᠢᠯᠭ᠋ᠠᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠡᠷ ᠰᠠᠢ᠌ᠨ ᠠᠢ᠌ᠮᠠᠭ ᠬᠣᠲᠠ ᠵᠢᠴᠢ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠭᠰᠡᠨ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠤᠭᠰᠠᠨ ᠦᠷ᠎ᠡ ᠪᠦᠲᠦᠮᠵᠢ᠎ᠪᠠᠷ ᠢᠯᠡᠳᠲᠡ ᠬᠣᠰᠢᠭᠤ ᠰᠢᠶᠠᠨ (  ᠬᠣᠲᠠ ᠂ ᠲᠣᠭᠣᠷᠢᠭ )᠎ᠳᠤ ᠪᠡᠯᠡ ᠮᠥᠩᠭᠥ ᠵᠢᠨ ᠱᠠᠩᠨᠠᠯ ᠣᠯᠭᠣᠵᠤ ᠂ ᠲᠥᠪ᠎ᠤᠨ ᠲᠥᠰᠥᠪ᠎ᠤᠨ ᠳᠣᠲᠣᠷᠠᠬᠢ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠲᠤᠷᠰᠢᠯᠲᠠ ᠵᠢᠨ ᠴᠢᠭ᠋᠎ᠤᠨ ᠲᠥᠷᠥᠯ ᠵᠦᠢ᠍ᠯ᠎ᠢ ᠲᠣᠬᠢᠷᠠᠭᠤᠯᠬᠤ᠎ᠳᠠᠭᠠᠨ ᠤᠷᠢᠳᠠᠪᠠᠷ ᠪᠣᠳᠣᠯᠬᠢᠯᠠᠵᠤ ᠂ ᠰᠢᠯᠭ᠋ᠠᠨ ᠬᠢᠨᠠᠵᠤ ᠦᠨᠡᠯᠡᠨ ᠵᠢᠱ᠌ᠢᠬᠦ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ ᠂ ᠬᠠᠨᠳᠤᠯᠭ᠋ᠠᠲᠤ ᠴᠢᠨᠠᠷ ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ ᠃
      ᠳᠥᠷᠪᠡ ᠂ ᠪᠡᠯᠡ ᠮᠥᠩᠭᠥ ᠵᠢᠨ ᠣᠷᠣᠭᠤᠯᠤᠯᠲᠠ ᠬᠡᠷᠡᠭᠯᠡᠯᠲᠡ ᠵᠢ ᠵᠣᠯᠭ᠋ᠠᠭᠤᠯᠬᠤ ᠲᠣᠭᠲᠠᠴᠠ ᠵᠢ ᠪᠦᠷᠢᠨᠰᠢᠭᠦᠯᠦᠨ᠎ᠡ
      (  ᠨᠢᠭᠡ ) ᠵᠣᠯᠭ᠋ᠠᠭᠤᠯᠬᠤ ᠪᠡᠯᠡ ᠮᠥᠩᠭᠥ ᠵᠢᠨ ᠲᠥᠰᠥᠪ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠤᠨ᠎ᠠ ᠃ ᠶᠠᠳᠠᠭᠤ ᠎ᠠᠴᠠ ᠠᠩᠭᠢᠵᠢᠷᠠᠭᠤᠯᠬᠤ ᠬᠣᠰᠢᠭᠤ ᠰᠢᠶᠠᠨ᠎ᠢ ᠦᠷᠭᠦᠯᠵᠢᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠵᠢᠨ ᠳᠡᠮᠵᠢᠬᠦ ᠭᠣᠣᠯᠳᠠᠯᠭ᠎ᠠ ᠪᠣᠯᠭ᠋ᠠᠵᠤ ᠂ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠬᠤᠭᠤᠴᠠᠭ᠋ᠠᠨ᠎ᠳᠤ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠤ ᠡᠳ᠋᠎ᠤᠨ ᠵᠠᠰᠠᠭ᠎ᠤᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠷᠠᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠢᠭᠡ ᠬᠤᠭᠤᠴᠠᠭ᠎ᠠ ᠪᠠᠷᠢᠮᠲᠠᠯᠠᠬᠤ ᠵᠢᠨ ᠬᠠᠮᠲᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ᠎ᠯᠤᠭ᠎ᠠ ᠵᠣᠯᠭ᠋ᠠᠭᠤᠯᠬᠤ ᠵᠢ ᠴᠢᠩᠭ᠋ᠠᠳᠬᠠᠨ᠎ᠠ ᠃ ᠰᠢᠯᠵᠢᠯᠲᠡ ᠵᠢᠨ ᠬᠤᠭᠤᠴᠠᠭ᠋ᠠᠨ᠎ᠳᠤ ᠂ ᠡᠯ᠎ᠡ ᠠᠢ᠌ᠮᠠᠭ ᠬᠣᠲᠠ ᠂ ᠬᠣᠰᠢᠭᠤ ᠰᠢᠶᠠᠨ (  ᠬᠣᠲᠠ ᠂ ᠲᠣᠭᠣᠷᠢᠭ )᠎ᠨᠢ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠡᠭᠦᠷᠭᠡ ᠵᠢᠨ ᠬᠡᠷᠡᠭᠴᠡᠭᠡ ᠵᠢᠴᠢ ᠡᠳ᠋᠎ᠤᠨ ᠬᠦᠴᠦᠨ᠎ᠤ ᠪᠠᠢ᠌ᠳᠠᠯ᠎ᠢ ᠦᠨᠳᠦᠰᠦᠯᠡᠨ ᠂ ᠵᠢᠯ ᠪᠦᠷᠢ ᠵᠢᠨ ᠲᠥᠰᠥᠪ᠎ᠲᠤ ᠵᠣᠬᠢᠬᠤ ᠬᠡᠪᠴᠢᠶᠡᠨ᠎ᠤ ᠲᠣᠰ ᠱᠠᠲᠤᠨ᠎ᠤ ᠵᠣᠯᠭ᠋ᠠᠭᠤᠯᠬᠤ ᠪᠡᠯᠡ ᠮᠥᠩᠭᠥ ᠵᠢ ᠲᠣᠬᠢᠷᠠᠭᠤᠯᠵᠤ ᠂ ᠣᠷᠣᠭᠤᠯᠤᠯᠲᠠ ᠵᠢᠨ ᠡᠷᠴᠢᠮ᠎ᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠪᠠᠲᠤᠯᠠᠨ᠎ᠠ ᠃ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠵᠢᠨ ᠬᠥᠲᠥᠯᠥᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠮᠥᠩᠭᠥᠨ ᠭᠦᠢ᠍ᠯᠭᠡᠭᠡ ᠪᠠ ᠨᠡᠢ᠌ᠭᠡᠮ᠎ᠤᠨ ᠬᠥᠷᠥᠩᠭᠡ ᠵᠢ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠳᠤ ᠨᠠᠩ ᠣᠯᠠᠨ ᠣᠷᠣᠭᠤᠯᠬᠤ ᠵᠢ ᠳᠠᠶ᠋ᠢᠴᠢᠯᠠᠵᠤ ᠂ ᠶᠠᠳᠠᠭᠤ ᠎ᠠᠴᠠ ᠠᠩᠭᠢᠵᠢᠷᠠᠭᠤᠯᠬᠤ ᠬᠣᠰᠢᠭᠤ ᠰᠢᠶᠠᠨ᠎ᠤ ᠲᠥᠷᠥᠯ ᠵᠦᠢ᠍ᠯ᠎ᠯᠦᠭᠡ ᠵᠣᠯᠭ᠋ᠠᠭᠤᠯᠬᠤ ᠵᠢ ᠲᠦᠷᠭᠡᠳᠬᠡᠨ ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠢ ᠬᠡᠷᠡᠭᠵᠢᠭᠦᠯᠦᠨ᠎ᠡ ᠃
      (  ᠬᠣᠶᠠᠷ ) ᠪᠡᠯᠡ ᠮᠥᠩᠭᠥ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠡᠷᠬᠡ ᠮᠡᠳᠡᠯ᠎ᠢ ᠳᠣᠷᠣᠭᠰᠢ ᠪᠠᠭᠤᠯᠭ᠋ᠠᠨ᠎ᠠ ᠃ ᠡᠭᠦᠷᠭᠡ᠂ ᠬᠠᠷᠢᠭᠤᠴᠠᠯᠭ᠎ᠠ᠂ ᠡᠷᠬᠡ ᠵᠢ ᠬᠠᠷᠢᠯᠴᠠᠨ ᠨᠢᠭᠡᠳᠬᠡᠬᠦ ᠵᠠᠷᠴᠢᠮ ᠦᠨ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠠᠴᠠ ᠵᠣᠯᠭ᠋ᠠᠭᠤᠯᠬᠤ ᠪᠡᠯᠡ ᠮᠥᠩᠭᠥ᠎ᠳᠤ 《ᠬᠦᠴᠦᠨ ᠵᠦᠢ᠍ᠯ᠎ᠢ ᠬᠤᠪᠢᠶᠠᠷᠢᠯᠠᠬᠤ᠂ ᠬᠡᠰᠡᠭᠯᠡᠨ ᠪᠠᠭᠤᠯᠭ᠋ᠠᠬᠤ᠂ ᠰᠢᠶᠠᠨ᠎ᠤ ᠱᠠᠲᠤᠨ᠎ᠠᠴᠠ ᠬᠢᠨᠠᠨ ᠵᠥᠪᠰᠢᠶᠡᠷᠡᠬᠦ᠂ ᠥᠪᠡᠷᠲᠡᠭᠡᠨ ᠵᠠᠰᠠᠬᠤ ᠣᠷᠣᠨ᠎ᠤ ᠠᠢ᠌ᠮᠠᠭ ᠬᠤᠳᠠ᠎ᠠᠴᠠ ᠳᠠᠩᠰᠠᠯᠠᠬᠤ》 ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠵᠦ᠂ ᠵᠣᠯᠭ᠋ᠠᠭᠤᠯᠬᠤ ᠪᠡᠯᠡ ᠮᠥᠩᠭᠥ ᠵᠢ ᠬᠢᠨᠠᠨ ᠵᠥᠪᠰᠢᠶᠡᠷᠡᠬᠦ ᠡᠷᠬᠡ ᠵᠢ ᠦᠨᠡᠨᠬᠦ ᠦᠨᠳᠦᠰᠦᠨ ᠱᠠᠲᠤᠨ᠎ᠳᠤ ᠪᠠᠭᠤᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠂ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠡᠯ᠎ᠡ ᠬᠣᠰᠢᠭᠤ ᠰᠢᠶᠠᠨ (  ᠬᠣᠲᠠ ᠂ ᠲᠣᠭᠣᠷᠢᠭ )᠎ᠤ ᠬᠠᠮᠢᠶ᠎ᠠ ᠪᠦᠬᠦᠢ ᠬᠥᠮᠥᠰ᠎ᠤᠨ ᠲᠣᠭ᠎ᠠ ᠬᠡᠮᠵᠢᠶ᠎ᠡ ᠵᠢᠴᠢ ᠪᠦᠲᠦᠴᠡ ᠂ ᠬᠠᠮᠢᠶ᠎ᠠ ᠪᠦᠬᠦᠢ ᠬᠥᠮᠥᠰ᠎ᠤᠨ ᠣᠷᠣᠯᠭ᠎ᠠ ᠂ ᠣᠢ᠌ᠵᠢᠭᠤᠯᠤᠯᠲᠠ ᠵᠢᠨ ᠰᠠᠢ᠌ᠨ ᠡᠭᠦᠯᠳᠡᠷ᠎ᠤᠨ ᠬᠡᠷᠡᠭᠯᠡᠯᠲᠡ ᠵᠢᠨ ᠨᠣᠷᠮ᠎ᠠ ᠂ ᠲᠥᠷᠥ ᠵᠢᠨ ᠪᠣᠳᠣᠯᠭ᠎ᠠ ᠵᠢᠨ ᠬᠦᠴᠦᠨ ᠵᠦᠢ᠍ᠯ ᠂ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠦᠴᠦᠨ ᠵᠦᠢ᠍ᠯ᠎ᠢ ᠦᠨᠳᠦᠰᠦᠯᠡᠵᠦ ᠂ ᠬᠡᠰᠡᠭᠯᠡᠨ ᠬᠤᠪᠢᠶᠠᠷᠢᠯᠠᠬᠤ ᠵᠢ ᠡᠯ᠎ᠡ ᠠᠢ᠌ᠮᠠᠭ ᠬᠣᠲᠠ ᠂ ᠬᠣᠰᠢᠭᠤ ᠰᠢᠶᠠᠨ (  ᠬᠣᠲᠠ ᠂ ᠲᠣᠭᠣᠷᠢᠭ )᠎ᠳᠤ ᠬᠦᠷᠦᠭᠦᠯᠵᠦ ᠂ ᠬᠣᠰᠢᠭᠤ ᠰᠢᠶᠠᠨ (  ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ ᠎ᠠᠴᠠ ᠲᠥᠷᠥᠯ ᠵᠦᠢ᠍ᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ ᠃
      (  ᠭᠤᠷᠪᠠ ) ᠵᠣᠯᠭ᠋ᠠᠭᠤᠯᠬᠤ ᠪᠡᠯᠡ ᠮᠥᠩᠭᠥ ᠵᠢᠨ ᠲᠥᠰᠥᠪ᠎ᠢ ᠪᠠᠭᠤᠯᠭ᠋ᠠᠬᠤ ᠴᠠᠭ᠎ᠤᠨ ᠬᠢᠵᠠᠭ᠋ᠠᠷ᠎ᠢ ᠴᠢᠩᠭ᠎ᠠ ᠬᠡᠷᠡᠭᠵᠢᠭᠦᠯᠦᠨ᠎ᠡ ᠃ ᠲᠥᠪ᠎ᠤᠨ ᠡᠳ᠋᠎ᠤᠨ ᠵᠠᠰᠠᠭ᠎ᠤᠨ ᠵᠣᠯᠭ᠋ᠠᠭᠤᠯᠬᠤ ᠪᠡᠯᠡ ᠮᠥᠩᠭᠥ ᠪᠣᠯ ᠡᠩ᠎ᠤᠨ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠥ ᠪᠣᠯᠣᠨ᠎ᠠ ᠂ 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》 ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠂ ᠥᠪᠡᠷᠲᠡᠭᠡᠨ ᠵᠠᠰᠠᠬᠤ ᠣᠷᠣᠨ ᠎ᠠᠴᠠ ᠡᠷᠬᠡᠪᠰᠢ 30 ᠡᠳᠦᠷ᠎ᠤᠨ ᠳᠣᠲᠣᠷ᠎ᠠ ᠬᠣᠰᠢᠭᠤ ᠰᠢᠶᠠᠨ (  ᠬᠣᠲᠠ ᠂ ᠲᠣᠭᠣᠷᠢᠭ )᠎ᠳᠤ ᠰᠢᠯᠵᠢᠭᠦᠯᠦᠨ ᠥᠭᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠂ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠡᠷᠭᠡ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ (  ᠳᠣᠷᠣᠭᠰᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ )᠎ᠨᠢ ᠣᠨ᠎ᠤ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠲᠥᠯᠥᠪᠯᠡᠭᠡ ᠵᠢ ᠤᠷᠢᠳᠴᠢᠯᠠᠨ ᠰᠤᠳᠤᠯᠵᠤ ᠂ ᠲᠥᠪ᠎ᠤᠨ ᠡᠳ᠋᠎ᠤᠨ ᠵᠠᠰᠠᠭ᠎ᠤᠨ ᠵᠣᠯᠭ᠋ᠠᠭᠤᠯᠬᠤ ᠪᠡᠯᠡ ᠮᠥᠩᠭᠥ ᠵᠢᠨ ᠭᠦᠢ᠍ᠴᠡᠳᠬᠡᠯ ᠲᠣᠭ᠎ᠠ ᠵᠢ ᠭᠥᠯᠢᠶᠡᠨ ᠠᠪᠤᠭᠰᠠᠨ 10 ᠡᠳᠦᠷ᠎ᠤᠨ ᠳᠣᠲᠣᠷ᠎ᠠ ᠂ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠰᠠᠨᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠬᠦᠷᠭᠡᠵᠦ ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠳᠤᠷᠠᠳᠤᠭᠰᠠᠨ᠎ᠤ ᠳᠠᠷᠠᠭ᠎ᠠ 10 ᠡᠳᠦᠷ᠎ᠤᠨ ᠳᠣᠲᠣᠷ᠎ᠠ ᠠᠢ᠌ᠮᠠᠭ ᠬᠣᠲᠠ᠎ᠳᠤ ᠠᠢ᠌ᠮᠠᠭ ᠬᠣᠲᠠ᠎ᠨᠢ 10 ᠡᠳᠦᠷ᠎ᠤᠨ ᠳᠣᠲᠣᠷ᠎ᠠ ᠬᠣᠰᠢᠭᠤ ᠰᠢᠶᠠᠨ (  ᠬᠣᠲᠠ ᠂ ᠲᠣᠭᠣᠷᠢᠭ )᠎ᠳᠤ ᠵᠢᠩᠬᠢᠨᠢ᠎ᠪᠠᠷ ᠪᠠᠭᠤᠯᠭ᠋ᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠲᠥᠰᠥᠪ᠎ᠲᠤ ᠲᠣᠬᠢᠷᠠᠭᠤᠯᠤᠭᠰᠠᠨ ᠡᠳ᠋᠎ᠤᠨ ᠵᠠᠰᠠᠭ᠎ᠤᠨ ᠵᠣᠯᠭ᠋ᠠᠭᠤᠯᠬᠤ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠠᠴᠠ ᠲᠥᠰᠥᠪ᠎ᠢ ᠵᠥᠪᠰᠢᠶᠡᠷᠡᠭᠰᠡᠨ᠎ᠤ ᠳᠠᠷᠠᠭ᠎ᠠ 60 ᠡᠳᠦᠷ᠎ᠤᠨ ᠳᠣᠲᠣᠷ᠎ᠠ ᠠᠢ᠌ᠮᠠᠭ ᠬᠣᠲᠠ᠎ᠳᠤ ᠵᠢᠩᠬᠢᠨᠢ᠎ᠪᠠᠷ ᠪᠠᠭᠤᠯᠭ᠋ᠠᠨ᠎ᠠ ; ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠰᠠᠨᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠬᠦᠷᠭᠡᠵᠦ ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠳᠤᠷᠠᠳᠴᠤ ᠂ 30 ᠡᠳᠦᠷ᠎ᠤᠨ ᠳᠣᠲᠣᠷ᠎ᠠ ᠠᠢ᠌ᠮᠠᠭ ᠠᠢ᠌ᠮᠠᠭ ᠬᠤᠳᠠ᠎ᠨᠤᠭᠤᠳ ᠥᠪᠡᠷᠲᠡᠭᠡᠨ ᠵᠠᠰᠠᠬᠤ ᠣᠷᠣᠨ᠎ᠤ ᠵᠣᠯᠭ᠋ᠠᠭᠤᠯᠬᠤ ᠪᠡᠯᠡ ᠮᠥᠩᠭᠥ ᠵᠢ ᠣᠯᠣᠭᠰᠠᠨ᠎ᠤ ᠲᠠᠷᠠᠭ᠎ᠠ 30 ᠡᠳᠦᠷ᠎ᠤᠨ ᠳᠣᠲᠣᠷ᠎ᠠ ᠬᠣᠰᠢᠭᠤ ᠰᠢᠶᠠᠨ (ᠬᠤᠳᠠ᠂ ᠲᠣᠭᠣᠷᠢᠭ)᠎ᠳᠤ ᠪᠠᠭᠤᠯᠭ᠋ᠠᠬᠤ ᠬᠡᠷᠡᠭᠲᠡᠢ᠃ ᠬᠣᠰᠢᠭᠤ ᠰᠢᠶᠠᠨ (  ᠬᠣᠲᠠ ᠂ ᠲᠣᠭᠣᠷᠢᠭ )᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠳᠡᠭᠡᠳᠦ ᠱᠠᠲᠤᠨ᠎ᠤ ᠵᠣᠯᠭ᠋ᠠᠭᠤᠯᠤᠭᠰᠠᠨ ᠪᠡᠯᠡ ᠮᠥᠩᠭᠥ (  ᠲᠥᠷᠥᠯ ᠵᠦᠢ᠍ᠯ᠎ᠢ ᠲᠣᠳᠣᠷᠬᠠᠢ᠌ᠯᠠᠭᠰᠠᠨ ᠦᠭᠡᠢ ) ᠵᠢ ᠣᠯᠣᠭᠰᠠᠨ᠎ᠤ ᠳᠠᠷᠠᠭ᠎ᠠ 30 ᠡᠳᠦᠷ᠎ᠤᠨ ᠳᠣᠲᠣᠷ᠎ᠠ ᠪᠡᠯᠡ ᠮᠥᠩᠭᠥ ᠵᠢ ᠵᠠᠳᠠᠯᠤᠨ ᠪᠠᠭᠤᠯᠭ᠋ᠠᠵᠤ ᠲᠥᠷᠥᠯ ᠵᠦᠢ᠍ᠯ᠎ᠢ ᠪᠣᠳᠠᠲᠠᠢ ᠬᠡᠷᠡᠭᠵᠢᠭᠦᠯᠬᠦ ᠰᠠᠯᠠᠭ᠎ᠠ ᠮᠥᠴᠢᠷ (  ᠨᠢᠭᠡᠴᠡ ) ᠪᠣᠯᠣᠨ ᠰᠤᠮᠤ ᠰᠢᠶᠠᠩ ᠪᠠᠯᠭ᠋ᠠᠰᠤ᠎ᠳᠤ ᠬᠦᠷᠦᠭᠦᠯᠬᠦ ᠬᠡᠷᠡᠭᠲᠡᠢ ᠃
      (  ᠳᠥᠷᠪᠡ ) ᠲᠥᠷᠥᠯ ᠵᠦᠢ᠍ᠯ᠎ᠤᠨ ᠪᠡᠯᠡ ᠮᠥᠩᠭᠥ ᠵᠢ ᠰᠢᠯᠵᠢᠭᠦᠯᠦᠨ ᠥᠭᠬᠦ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠎ᠡ ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ᠎ᠤᠨ ᠪᠡᠯᠡ ᠮᠥᠩᠭᠥ ᠵᠢ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ᠂ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ ᠪᠣᠯᠣᠨ ᠤᠯᠤᠰ᠎ᠤᠨ ᠬᠥᠮᠥᠷᠭᠡ᠎ᠠᠴᠠ ᠲᠥᠪᠯᠡᠷᠡᠭᠦᠯᠦᠨ ᠥᠭᠬᠦ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠲᠥᠷᠥᠯ ᠵᠦᠢ᠍ᠯ ᠂ ᠠᠬᠢᠴᠠ ᠬᠤᠪᠢᠶᠠᠨ ᠵᠣᠭᠣᠰ ᠰᠠᠯᠭ᠋ᠠᠨ ᠥᠭᠬᠦ ᠂ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠂ ᠪᠠᠷᠢᠯᠭ᠎ᠠ ᠳᠠᠭᠤᠰᠤᠭᠰᠠᠨ ᠲᠥᠰᠥᠪ᠎ᠤᠨ ᠭᠦᠢ᠍ᠴᠡᠳᠬᠡᠯ᠎ᠢ ᠬᠢᠭᠰᠡᠨ᠎ᠤ ᠳᠠᠷᠠᠭ᠎ᠠ ᠂ ᠤᠷᠢᠳᠴᠢᠯᠠᠨ ᠦᠯᠡᠳᠡᠭᠡᠭᠰᠡᠨ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ᠎ᠠᠴᠠ ᠭᠠᠳᠠᠨ᠎ᠠ ᠂ ᠪᠤᠰᠤᠳ ᠪᠡᠯᠡ ᠮᠥᠩᠭᠥ ᠵᠢ ᠪᠦᠬᠦᠨ᠎ᠢ ᠰᠠᠯᠭ᠋ᠠᠨ ᠥᠭᠬᠦ ᠬᠡᠷᠡᠭᠲᠡᠢ ᠂ ᠲᠥᠷᠥᠯ ᠵᠦᠢ᠍ᠯ᠎ᠤᠨ ᠪᠠᠷᠢᠯᠭ᠎ᠠ ᠵᠢᠨ ᠵᠣᠭᠣᠰ ᠪᠠ ᠬᠥᠯᠥᠰᠦᠨ ᠠᠵᠢᠯᠴᠢᠨ᠎ᠤ ᠴᠠᠯᠢᠩ᠎ᠢ ᠤᠳᠠᠭ᠋ᠠᠰᠢᠷᠠᠭᠤᠯᠵᠤ ᠪᠣᠯᠬᠤ ᠦᠭᠡᠢ ᠃ ᠬᠠᠮᠢᠶ᠎ᠠ ᠪᠦᠬᠦᠢ ᠠᠷᠭ᠎ᠠ ᠵᠢ ᠲᠣᠭᠲᠠᠭ᠋ᠠᠨ ᠲᠡᠭᠦᠯᠳᠡᠷᠵᠢᠭᠦᠯᠵᠦ ᠂ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠤᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠴᠤᠪᠤᠷᠠᠯ ᠵᠢᠴᠢ ᠭᠠᠷᠳᠠᠮ᠎ᠢ ᠳᠥᠭᠥᠮᠴᠢᠯᠡᠨ ᠪᠡᠬᠢᠵᠢᠭᠦᠯᠵᠦ ᠂ 《  ᠣᠯᠠᠨ ᠦᠨᠡᠯᠡᠬᠦ (  ᠬᠢᠨᠠᠬᠤ ᠂ ᠲᠣᠭᠲᠠᠭ᠋ᠠᠬᠤ ) ᠵᠢ ᠨᠢᠭᠡᠳᠬᠡᠬᠦ 》 《  ᠣᠯᠠᠨ ᠵᠢᠷᠤᠭ᠎ᠢ ᠬᠠᠮᠲᠤᠷᠠᠨ ᠬᠢᠨᠠᠬᠤ 》 ᠥᠭᠡᠷᠡᠴᠢᠯᠡᠯᠲᠡ ᠵᠢ ᠠᠬᠢᠭᠤᠯᠵᠤ ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ 《  ᠳᠠᠷᠤᠢ᠌ᠬᠠᠨ ᠭᠦᠢ᠍ᠴᠡᠳᠬᠡᠬᠦ ᠂ ᠣᠢ᠌ᠷ᠎ᠠ ᠬᠠᠪᠢ᠎ᠳᠠᠭᠠᠨ ᠭᠦᠢ᠍ᠴᠡᠳᠬᠡᠬᠦ ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ 》 ᠵᠢ ᠬᠡᠷᠡᠭᠵᠢᠭᠦᠯᠦᠨ᠎ᠡ ᠃ 《  ᠡᠳ᠋᠎ᠤᠨ ᠵᠠᠰᠠᠭ ᠎ᠠᠴᠠ ᠶᠠᠳᠠᠭᠤ ᠬᠦᠴᠢᠷᠳᠡᠯᠲᠡᠢ ᠲᠣᠰᠬᠣᠨ᠎ᠢ ᠳᠡᠮᠵᠢᠬᠦ ᠪᠢᠴᠢᠯ ᠵᠢᠵᠢᠭ ᠬᠡᠯᠪᠡᠷᠢ ᠵᠢᠨ ᠲᠥᠷᠥᠯ ᠵᠦᠢ᠍ᠯ᠎ᠢ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠎ᠠᠴᠠ ᠥᠪᠡᠰᠦᠪᠡᠨ ᠪᠠᠢ᠌ᠭᠤᠯᠵᠤ ᠥᠪᠡᠰᠦᠪᠡᠨ ᠡᠵᠡᠩᠨᠡᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠲᠤᠬᠠᠢ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ 》 (  ᠡᠳ᠋᠎ᠤᠨ ᠵᠠᠰᠠᠭ ᠠᠯᠪᠠᠨ ᠬᠥᠮᠥᠷᠭᠡ [2019] 75 ᠳ᠋ᠤᠭ᠋ᠠᠷ ᠲᠣᠭ᠋ᠠᠲᠤ )᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ ᠶᠠᠳᠠᠭᠤ ᠎ᠠᠴᠠ ᠠᠩᠭᠢᠵᠢᠷᠠᠭᠤᠯᠬᠤ ᠭᠠᠴᠠᠭ᠎ᠠ ᠲᠣᠰᠬᠣᠨ᠎ᠳᠤ ᠬᠣᠯᠪᠣᠭᠳᠠᠬᠤ ᠪᠢᠴᠢᠯ ᠵᠢᠵᠢᠭ ᠬᠡᠯᠪᠡᠷᠢ ᠵᠢᠨ ᠲᠥᠷᠥᠯ ᠵᠦᠢ᠍ᠯ᠎ᠢ ᠲᠣᠰᠬᠣᠨ᠎ᠤ ᠠᠷᠠᠳ᠎ᠤᠨ ᠠᠷᠠᠳᠴᠢᠯᠠᠯ ᠵᠶ᠋ᠠᠷ ᠬᠡᠷᠡᠭ ᠵᠥᠪᠯᠡᠬᠦ ᠠᠷᠭ᠎ᠠ ᠮᠠᠶᠢᠭ ᠵᠶ᠋ᠠᠷ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ᠎ᠳᠤ ᠰᠢᠭᠤᠳ ᠨᠠᠢ᠌ᠳᠠᠵᠤ ᠥᠪᠡᠰᠦᠪᠡᠨ ᠪᠠᠢ᠌ᠭᠤᠯᠵᠤ ᠥᠪᠡᠰᠦᠪᠡᠨ ᠡᠵᠡᠩᠨᠡᠭᠦᠯᠵᠦ ᠪᠣᠯᠣᠨ᠎ᠠ ᠃
      ᠲᠠᠪᠤ ᠂ ᠵᠣᠯᠭ᠋ᠠᠭᠤᠯᠤᠭᠰᠠᠨ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠰᠠᠭᠤᠷᠢ ᠵᠢ ᠪᠡᠬᠢᠵᠢᠭᠦᠯᠦᠨ᠎ᠡ
      (  ᠨᠢᠭᠡ ) ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠨ᠎ᠠ ᠃ 《  ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠰᠢᠶᠠᠨ᠎ᠤ ᠱᠠᠲᠤᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠰᠠᠢ᠌ᠲᠤᠷ ᠬᠢᠬᠦ ᠲᠤᠬᠠᠢ ᠮᠡᠳᠡᠭᠳᠡᠯ 》 (  ᠤᠯᠤᠰ ᠰᠢᠶᠠᠩ ᠵᠧᠨ ᠲᠠᠷᠬᠠᠭ᠋ᠠᠭᠰᠠᠨ [2021] 3 ᠳ᠋ᠤᠭ᠋ᠠᠷ ᠲᠣᠭ᠋ᠠᠲᠤ )᠎ᠤᠨ ᠱᠠᠭ᠋ᠠᠷᠳᠠᠯᠭ᠎ᠠ ᠶᠣᠰᠣᠭ᠋ᠠᠷ ᠂ ᠰᠢᠯᠵᠢᠯᠲᠡ ᠵᠢᠨ ᠬᠤᠭᠤᠴᠠᠭ᠋ᠠᠨ᠎ᠳᠠᠬᠢ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠵᠠᠷᠴᠢᠮ ᠳᠡᠭᠡᠷ᠎ᠡ᠎ᠪᠠᠨ ᠣ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠠᠷᠭ᠎ᠠ》 ᠵᠢ ᠬᠡᠪᠯᠡᠨ ᠲᠠᠷᠬᠠᠭ᠋ᠠᠪᠠ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ
《ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠠᠬᠢ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠦᠯᠡᠳᠡᠪᠦᠷᠢ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ 》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠮᠡᠳᠡᠭᠳᠡᠯ
《ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠬᠦ ᠲᠥᠰᠥᠯ (2021 — 2025 ᠣᠨ ) 》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            