ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠠᠢ᠌ᠯᠤᠮᠵᠢ ② ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠲᠤᠭᠤᠰᠢᠯᠠᠭᠤᠯᠵᠤ᠂ ᠲᠠᠷᠢᠶᠠᠴᠢᠳ᠎ᠤᠨ ᠬᠥᠳᠡᠭᠡ ᠲᠣᠰᠬᠣᠨ᠎ᠢ ᠬᠠᠮᠲᠤ᠎ᠪᠠᠷ ᠪᠠᠶᠠᠵᠢᠬᠤ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2022-11-21

   《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠃ ᠲᠣᠰ ᠬᠠᠤᠯᠢ᠎ᠨᠢ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠬᠠᠤᠯᠢ᠎ᠪᠠᠷ ᠵᠠᠰᠠᠬᠤ ᠦᠢ᠍ᠯᠡᠳᠦᠯᠭᠡ ᠵᠢ ᠭᠦᠢ᠍ᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠬᠠᠤᠯᠢ ᠴᠠᠭ᠋ᠠᠵᠠ ᠵᠢᠨ ᠰᠢᠰᠲ᠋ᠧᠮ᠎ᠤᠨ ᠲᠡᠭᠦᠯᠳᠡᠷᠵᠢᠯᠲᠡ ᠪᠠ ᠬᠥᠭᠵᠢᠯᠲᠡ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠵᠤ᠂ ᠲᠠᠷᠢᠶᠠᠯᠠᠩ ᠬᠥᠳᠡᠭᠡ ᠲᠣᠰᠬᠣᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠢ᠌ᠳᠠᠯ᠎ᠢ ᠠᠬᠢᠭᠤᠯᠬᠤ᠂ ᠲᠠᠷᠢᠶᠠᠴᠢᠨ ᠲᠦᠮᠡᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠵᠦ᠂ ᠲᠠᠷᠢᠶᠠᠴᠢᠳ᠎ᠢ ᠬᠥᠲᠥᠯᠥᠨ ᠳᠠᠭ᠋ᠠᠭᠤᠯᠵᠤ ᠠᠯᠬᠤᠮ ᠠᠯᠬᠤᠮ ᠵᠶ᠋ᠠᠷ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ ᠪᠣᠯ ᠪᠠᠰᠠ ᠴᠤ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠳᠠᠪᠠᠭᠤᠯᠢᠭ᠎ᠤᠨ ᠪᠣᠳᠠᠲᠠᠢ ᠢᠯᠡᠷᠡᠯ ᠪᠣᠯᠣᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠯ ᠨᠢᠭᠡᠨ ᠲᠣᠮᠣ ᠶᠠᠪᠤᠳᠠᠯ ᠮᠥᠨ᠂ ᠡᠷᠬᠡᠪᠰᠢ ᠥᠷᠭᠡᠨ ᠤᠯᠠᠨ ᠲᠠᠷᠢᠶᠠᠴᠢᠨ᠎ᠤ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠲᠡᠳᠡᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠳᠠᠢ᠌ᠴᠢᠯᠠᠬᠤ ᠬᠡᠷᠡᠭᠲᠡᠢ᠃ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢᠨ ᠬᠠᠮᠤᠭ᠎ᠤᠨ ᠲᠣᠪᠣᠢ᠌ᠮ᠎ᠠ ᠣᠨᠴᠠᠯᠢᠭ ᠪᠣᠯ ᠳᠠᠷᠤᠢ ᠲᠠᠷᠢᠶᠠᠯᠠᠩ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠪᠠ ᠲᠠᠷᠢᠶᠠᠴᠢᠳ᠎ᠤᠨ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ᠂ ᠥᠷᠭᠡᠨ ᠣᠯᠠᠨ ᠲᠠᠷᠢᠶᠠᠴᠢᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ᠂ ᠥᠷᠭᠡᠨ ᠣᠯᠠᠨ ᠲᠠᠷᠢᠶᠠᠴᠢᠳ᠎ᠤᠨ ᠬᠠᠮᠲᠤ᠎ᠪᠠᠷ ᠪᠠᠶᠠᠵᠢᠬᠤ ᠵᠢ ᠠᠬᠢᠭᠤᠯᠬᠤ᠎ᠪᠠᠷ ᠡᠭᠦᠰᠬᠡᠯ ᠪᠠ ᠲᠡᠭᠦᠰᠬᠡᠯ ᠪᠣᠯᠭ᠋ᠠᠬᠤ ᠵᠢᠨ ᠬᠠᠮᠲᠤ ᠪᠥᠬᠥ ᠬᠠᠤᠯᠢ ᠴᠠᠭ᠋ᠠᠵᠠ ᠵᠢ ᠢᠮᠠᠭᠲᠠ ᠲᠤᠭᠤᠰᠢᠯᠠᠭᠤᠯᠬᠤ ᠶᠠᠪᠤᠳᠠᠯ ᠪᠣᠯᠣᠨ᠎ᠠ᠃

   《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢᠨ ᠠᠷᠪᠠᠨ ᠬᠣᠶᠠᠳᠤᠭ᠋ᠠᠷ ᠵᠦᠢ᠍ᠯ᠎ᠳᠤ᠂ 《ᠤᠯᠤᠰ ᠎ᠠᠴᠠ ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠠᠵᠤ ᠠᠬᠤᠢ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠨ᠂ ᠬᠠᠮᠲᠤ ᠵᠢᠨ ᠡᠳ᠋ ᠬᠥᠷᠥᠩᠭᠡ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠠᠬᠢᠭᠤᠯᠵᠤ᠂ ᠲᠠᠷᠢᠶᠠᠴᠢᠳ᠎ᠤᠨ ᠠᠰᠢᠭ ᠭᠥᠷᠳᠡᠬᠦ ᠵᠢ ᠮᠠᠨ᠎ᠤ ᠤᠯᠤᠰ᠎ᠤᠨ ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠳᠦᠷᠢᠮ᠎ᠤᠨ ᠲᠣᠬᠢᠷᠠᠭᠤᠯᠤᠯᠲᠠ ᠮᠥᠨ᠂ ᠬᠠᠮᠲᠤ ᠵᠢᠨ ᠥᠮᠴᠢᠯᠡᠯ᠎ᠤᠨ ᠠᠵᠤ ᠠᠬᠤᠢ ᠪᠣᠯ ᠳᠤᠮᠳᠠᠳᠤ ᠤᠯᠤᠰ᠎ᠲᠤ ᠣᠨᠴᠠ ᠪᠠᠢ᠌ᠳᠠᠭ ᠠᠵᠤ ᠠᠬᠤᠢ ᠵᠢᠨ ᠬᠡᠯᠪᠡᠷᠢ ᠮᠥᠨ᠃ ᠬᠥᠳᠡᠭᠡ ᠲᠣᠰᠬᠣᠨ᠎ᠤ ᠳᠠᠭ᠋ᠠᠭ᠋ᠠᠴᠢᠯᠠᠯᠲᠠ ᠵᠢᠨ ᠭᠠᠵᠠᠷ᠂ ᠣᠷᠣᠨ ᠰᠠᠭᠤᠴᠠ ᠵᠢᠨ ᠭᠠᠵᠠᠷ ᠵᠡᠷᠭᠡ ᠭᠠᠵᠠᠷ ᠰᠢᠷᠣᠢ ᠵᠢᠨ ᠡᠬᠢ ᠪᠠᠶᠠᠯᠢᠭ ᠪᠠ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ ᠵᠢᠴᠢ ᠤᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠬᠡᠷᠡᠭᠯᠡᠬᠦ ᠬᠠᠮᠲᠤ ᠵᠢᠨ ᠡᠵᠡᠩᠨᠡᠯᠲᠡ ᠵᠢᠨ ᠪᠤᠰᠤ ᠴᠢᠨᠠᠷᠲᠠᠢ ᠡᠳ᠋ ᠬᠥᠷᠥᠩᠭᠡ ᠪᠣᠯ ᠴᠥᠮ ᠬᠠᠮᠲᠤ ᠵᠢᠨ ᠥᠮᠴᠢᠯᠡᠯ᠎ᠳᠤ ᠬᠠᠷᠢᠶᠠᠯᠠᠭᠳᠠᠵᠤ᠂ ᠲᠠᠷᠢᠶᠠᠴᠢᠳ᠎ᠤᠨ ᠬᠥᠳᠡᠭᠡ ᠲᠣᠰᠬᠣᠨ᠎ᠤ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠳᠦᠷᠢᠮ᠎ᠤᠨ ᠰᠠᠭᠤᠷᠢ ᠮᠥᠨ᠃ ᠬᠠᠷᠢᠶᠠᠯᠠᠯ᠎ᠨᠢ ᠲᠣᠳᠣᠷᠬᠠᠢ᠂ ᠡᠷᠬᠡ ᠴᠢᠳᠠᠮᠵᠢ᠎ᠨᠢ ᠪᠦᠷᠢᠨ ᠪᠦᠲᠦᠨ᠂ ᠡᠷᠭᠢᠯᠲᠡ᠎ᠨᠢ ᠢᠯᠭᠤᠮ ᠰᠢᠯᠤᠭᠤᠨ᠂ ᠬᠠᠮᠠᠭ᠋ᠠᠯᠠᠯᠲᠠ᠎ᠨᠢ ᠴᠢᠩᠭ᠎ᠠ ᠪᠦᠬᠦᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠢ ᠪᠠᠶ᠋ᠢᠭᠤᠯᠬᠤ ᠵᠢᠨ ᠲᠣᠭᠣᠷᠢᠨ᠎ᠳᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠬᠠᠮᠲᠤ ᠵᠢᠨ ᠠᠵᠤ ᠠᠬᠤᠢ ᠵᠢᠨ ᠠᠵᠢᠯᠯᠠᠭ᠋ᠠᠨ᠎ᠤ ᠰᠢᠨ᠎ᠡ ᠲᠣᠭᠲᠠᠴᠠ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ ᠬᠥᠭᠵᠢᠭᠦᠯᠬᠦ ᠬᠠᠷᠠᠯᠲᠠ ᠵᠢᠨ ᠱᠠᠭ᠋ᠠᠷᠳᠠᠯᠭ᠎ᠠ᠎ᠪᠠᠷ᠂ 2016 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ 《ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 3 ᠵᠢᠯ ᠣᠷᠴᠢᠮ᠎ᠤᠨ ᠴᠠᠭ᠎ᠢ ᠬᠡᠷᠡᠭᠯᠡᠵᠦ ᠪᠠᠢ᠌ᠭ᠋ᠠᠳ ᠬᠥᠳᠡᠭᠡ ᠲᠣᠰᠬᠣᠨ᠎ᠤ ᠬᠠᠮᠲᠤ ᠵᠢᠨ ᠡᠳ᠋ ᠬᠥᠷᠥᠩᠭᠡ ᠵᠢᠨ ᠡᠳ᠋ ᠬᠥᠷᠥᠩᠭᠡ ᠵᠢ ᠴᠡᠪᠡᠷᠯᠡᠨ ᠬᠠᠷᠭᠤᠭᠤᠯᠬᠤ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ 5 ᠵᠢᠯ ᠣᠷᠴᠢᠮ᠎ᠤᠨ ᠴᠠᠭ᠎ᠢ ᠬᠡᠷᠡᠭᠯᠡᠵᠦ ᠪᠠᠢ᠌ᠭ᠋ᠠᠳ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ ᠵᠢᠨ ᠬᠤᠪᠢ ᠣᠷᠣᠭᠤᠯᠵᠤ ᠬᠤᠷᠰᠢᠬᠤ ᠳᠦᠷᠢᠮ᠎ᠤᠨ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠵᠠᠢ᠃ ᠥᠭᠡᠷᠡᠴᠢᠯᠡᠯᠲᠡ ᠵᠢ ᠡᠬᠢᠯᠡᠭᠦᠯᠦᠨ ᠬᠡᠷᠡᠭᠵᠢᠭᠦᠯᠦᠭᠰᠡᠨ᠎ᠠᠴᠠ ᠨᠠᠰᠢ᠂ ᠪᠥᠬᠥ ᠤᠯᠤᠰ᠎ᠲᠤ ᠤᠷᠢᠳ ᠬᠣᠵᠢᠳ 5 ᠪᠦᠯᠦᠭ ᠲᠤᠷᠰᠢᠯᠲᠠ ᠵᠢᠨ ᠴᠢᠭ᠋᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠬᠤ ᠪᠣᠶ ᠪᠦᠬᠦᠢ ᠰᠢᠶᠠᠨ (ᠬᠣᠲᠠ᠂ ᠲᠣᠭᠣᠷᠢᠭ)᠎ᠢ ᠬᠠᠮᠤᠷᠤᠭᠰᠠᠨ ᠪᠠᠢ᠌ᠨ᠎ᠠ᠃ ᠣᠳᠣᠬᠠᠨ᠎ᠳᠤ᠂ ᠨᠢᠭᠡᠨᠲᠡ 18 ᠮᠤᠵᠢ ᠣᠷᠣᠨ ᠲᠤᠷᠰᠢᠯᠲᠠ ᠵᠢᠨ ᠡᠭᠦᠷᠭᠡ᠎ᠪᠠᠨ ᠪᠡᠶᠡᠯᠡᠭᠦᠯᠵᠦ᠂ ᠪᠤᠰᠤᠳ 13 ᠮᠤᠵᠢ ᠣᠷᠣᠨ ᠴᠤ᠌ ᠡᠨᠡ ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠬᠦ ᠪᠣᠯᠣᠨ᠎ᠠ᠂ ᠡᠢ᠌ᠮᠦ᠎ᠠᠴᠠ ᠥᠭᠡᠷᠡᠴᠢᠯᠡᠯᠲᠡ ᠵᠢᠨ ᠠᠵᠢᠯ ᠤᠷᠤᠭᠰᠢᠲᠠᠢ ᠶᠠᠪᠤᠭᠳᠠᠵᠤ᠂ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠬᠤ ᠪᠣᠯᠣᠨ᠎ᠠ᠃ ᠬᠥᠳᠡᠭᠡ ᠲᠣᠰᠬᠣᠨ᠎ᠤ ᠬᠠᠮᠲᠤ ᠵᠢᠨ ᠡᠳ᠋ ᠬᠥᠷᠥᠩᠭᠡ ᠵᠢ ᠪᠦᠬᠦ ᠲᠠᠯ᠎ᠠ᠎ᠪᠠᠷ ᠡᠯ᠎ᠡ ᠭᠠᠵᠠᠷ᠎ᠤᠨ᠎ᠬᠢᠨ ᠡᠳ᠋ ᠬᠥᠷᠥᠩᠭᠡ ᠵᠢ ᠢᠯᠭ᠋ᠠᠷᠠᠭᠤᠯᠤᠨ ᠪᠠᠢ᠌ᠴᠠᠭ᠋ᠠᠬᠤ᠂ ᠡᠷᠬᠡ ᠵᠢ ᠨᠤᠲᠠᠯᠠᠨ ᠲᠣᠭᠲᠠᠭ᠋ᠠᠬᠤ ᠪᠠ ᠬᠠᠮᠢᠶᠠᠷᠬᠤ ᠵᠡᠷᠭᠡ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ 2020 ᠣᠨ᠎ᠤ ᠡᠴᠦᠰ᠎ᠲᠤ᠂ ᠪᠥᠬᠥ ᠤᠯᠤᠰ᠎ᠲᠤ ᠰᠢᠶᠠᠩ᠂ ᠲᠣᠰᠬᠣᠨ᠂ ᠳᠤᠭᠤᠢ᠌ᠯᠠᠩ ᠭᠤᠷᠪᠠᠨ ᠱᠠᠲᠤᠨ᠎ᠤ ᠬᠠᠮᠲᠤ ᠵᠢᠨ ᠡᠳ᠋ ᠬᠥᠷᠥᠩᠭᠡ ᠵᠢ ᠨᠡᠶ᠋ᠢᠲᠡ 6.5 ᠲᠦᠮᠡᠨ ᠳ᠋ᠦᠩᠰᠢᠭᠤᠷ ᠲᠥᠭᠥᠷᠢᠭ ᠢᠯᠭ᠋ᠠᠷᠠᠭᠤᠯᠤᠨ ᠪᠠᠢ᠌ᠴᠠᠭ᠋ᠠᠵᠤ ᠬᠢᠨᠠᠨ ᠬᠠᠷᠭᠤᠭᠤᠯᠪᠠ᠂ ᠡᠭᠦᠨ᠎ᠳᠤ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ 3.1 ᠲᠦᠮᠡᠨ ᠳ᠋ᠦᠩᠰᠢᠭᠤᠷ ᠲᠥᠭᠥᠷᠢᠭ᠂ ᠬᠠᠮᠲᠤ ᠵᠢᠨ ᠭᠠᠵᠠᠷ ᠰᠢᠷᠣᠢ ᠵᠡᠷᠭᠡ ᠡᠬᠢ ᠪᠠᠶᠠᠯᠢᠭ 65.5 ᠳ᠋ᠦᠩᠰᠢᠭᠤᠷ ᠮᠦ᠍ ᠪᠠᠢ᠌ᠨ᠎ᠠ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠡᠯ᠎ᠡ ᠭᠠᠵᠠᠷ᠎ᠤᠨ᠎ᠬᠢᠨ  ᠲᠡᠦᠬᠡ ᠵᠢ ᠬᠦᠨᠳᠦᠳᠬᠡᠬᠦ᠂ ᠪᠣᠳᠠᠲᠤ ᠠᠬᠤᠢ ᠵᠢ ᠬᠠᠮᠲᠤ᠎ᠳᠤᠨᠢ ᠬᠠᠷᠠᠭ᠋ᠠᠯᠵᠠᠬᠤ᠂ ᠲᠠᠰ ᠳᠠᠷᠠᠭ᠋ᠠᠯᠠᠯ᠎ᠢ ᠵᠢᠷᠤᠮᠵᠢᠭᠤᠯᠬᠤ᠂ ᠣᠯᠠᠨ ᠲᠦᠮᠡᠨ᠎ᠳᠤ ᠮᠡᠳᠡᠷᠡᠭᠦᠯᠬᠦ ᠵᠠᠷᠴᠢᠮ ᠶᠣᠰᠣᠭ᠋ᠠᠷ᠂ ᠡᠷᠦᠬᠡ ᠠᠮᠠ ᠵᠢᠨ ᠲᠠᠩᠰᠠ ᠵᠢᠨ ᠬᠠᠷᠢᠴᠠᠭ᠎ᠠ᠂ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ᠂ ᠬᠠᠮᠲᠤ ᠵᠢᠨ ᠬᠤᠷᠠᠮᠳᠤᠭᠤᠯᠤᠯ᠎ᠳᠤ ᠦᠵᠡᠭᠦᠯᠦᠭᠰᠡᠨ ᠬᠤᠪᠢ ᠨᠡᠮᠡᠷᠢ ᠵᠡᠷᠭᠡ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠦᠷᠢᠯᠳᠦᠭᠦᠨ᠎ᠤ ᠪᠡᠶ᠎ᠡ ᠬᠡᠮ᠎ᠢ ᠨᠤᠲᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠣᠳᠣᠬᠠᠨ᠎ᠳᠤ᠂ ᠪᠦᠬᠦ ᠤᠯᠤᠰ᠎ᠲᠤ ᠨᠡᠢ᠍ᠢ᠍ᠳᠡ 9 ᠳ᠋ᠦᠩᠰᠢᠭᠤᠷ ᠰᠢᠬᠠᠮ ᠬᠠᠮᠲᠤ ᠵᠢᠨ ᠪᠦᠷᠢᠯᠳᠦᠭᠦᠨ᠎ᠲᠠᠢ ᠪᠠᠢ᠌ᠬᠤ ᠵᠢ ᠨᠤᠲᠠᠯᠠᠪᠠ᠃ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ ᠵᠢᠨ ᠬᠤᠪᠢ ᠣᠷᠣᠭᠤᠯᠵᠤ ᠬᠤᠷᠰᠢᠬᠤ ᠳᠦᠷᠢᠮ᠎ᠤᠨ ᠥᠭᠡᠷᠡᠴᠢᠯᠡᠯᠲᠡ ᠵᠢ ᠡᠮᠬᠢ ᠵᠢᠷᠤᠮ᠎ᠲᠠᠢ ᠲᠦᠯᠬᠢᠨ ᠠᠬᠢᠭᠤᠯᠪᠠ᠃ ᠡᠯ᠎ᠡ ᠭᠠᠵᠠᠷ᠎ᠤᠨ᠎ᠬᠢᠨ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ ᠵᠢᠨ ᠬᠤᠪᠢ ᠣᠷᠣᠭᠤᠯᠵᠤ ᠬᠤᠷᠰᠢᠬᠤ ᠳᠦᠷᠢᠮ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠰᠲ᠋ᠣᠺ᠎ᠤᠨ ᠡᠷᠬᠡ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠡᠳ᠋ ᠬᠥᠷᠥᠩᠭᠡ ᠵᠢᠨ ᠠᠰᠢᠭ ᠣᠯᠬᠤ ᠡᠷᠬᠡ ᠵᠢ ᠬᠡᠮᠵᠢᠶᠡᠵᠢᠭᠦᠯᠵᠦ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢ 2020 ᠣᠨ᠎ᠤ ᠰᠡᠭᠦᠯᠴᠢ ᠪᠣᠯᠲᠠᠯ᠎ᠠ᠂ ᠪᠦᠬᠦ ᠤᠯᠤᠰ᠎ᠤᠨ 53 ᠲᠦᠮᠡᠨ ᠲᠣᠰᠬᠣᠨ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ ᠵᠢᠨ ᠬᠤᠪᠢ ᠣᠷᠣᠭᠤᠯᠤᠨ ᠬᠤᠷᠰᠢᠬᠤ ᠳᠦᠷᠢᠮ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ 50 ᠲᠦᠮᠡ ᠭᠠᠷᠤᠢ ᠲᠣᠰᠬᠣᠨ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠭᠤᠯᠤᠭᠰᠠᠨ ᠦᠨᠡᠮᠯᠡᠯ᠎ᠢ ᠣᠯᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠠᠵᠢᠯᠯᠠᠭ᠎ᠠ᠎ᠳᠤ ᠡᠷᠬᠡ ᠲᠡᠭᠰᠢ᠎ᠪᠠᠷ ᠣᠷᠣᠯᠴᠠᠵᠠᠢ᠃ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠲᠠᠰᠤᠷᠠᠯᠲᠠ ᠡᠯ᠎ᠡ ᠭᠠᠵᠠᠷ᠎ᠤᠨ᠎ᠬᠢᠨ ᠡᠬᠢ ᠪᠠᠶᠠᠯᠢᠭ᠎ᠤᠨ ᠲᠥᠷᠥᠯᠬᠢ ᠠᠪᠢᠶᠠᠰ᠂ ᠣᠷᠣᠨ ᠪᠠᠢ᠌ᠷᠢ ᠵᠢᠨ ᠳᠠᠪᠠᠭᠤᠯᠢᠭ᠎ᠲᠠᠭᠠᠨ ᠰᠠᠭᠤᠷᠢᠯᠠᠨ᠂ ᠬᠥᠳᠡᠭᠡ ᠲᠣᠰᠬᠣᠨ᠎ᠤ ᠡᠬᠢ ᠪᠠᠶᠠᠯᠢᠭ ᠡᠳ᠋ ᠬᠥᠷᠥᠩᠭᠡ ᠵᠢ ᠠᠮᠢᠳᠤᠯᠢᠭ ᠵᠶ᠋ᠠᠷ ᠠᠰᠢᠭᠯᠠᠵᠤ᠂ ᠥᠪᠡᠷ ᠵᠶ᠋ᠡᠨ ᠡᠵᠡᠩᠨᠡᠬᠦ᠂ ᠲᠦᠷᠢᠶᠡᠰᠦᠯᠡᠭᠦᠯᠬᠦ᠂ ᠬᠤᠪᠢ ᠣᠷᠣᠭᠤᠯᠤᠨ ᠬᠤᠷᠰᠢᠬᠤ ᠵᠡᠷᠭᠡ ᠠᠷᠭ᠎ᠠ ᠮᠠᠶᠢᠭ᠎ᠢ ᠠᠪᠴᠤ᠂ ᠣᠷᠣᠨ ᠨᠤᠲᠤᠭ᠎ᠤᠨ ᠲᠥᠯᠦᠪᠵᠢᠭᠦᠯᠭᠡ ᠪᠠ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠭᠰᠡᠨ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠵᠦ᠂ ᠬᠠᠮᠲᠤ ᠨᠡᠶ᠋ᠢᠲᠡ ᠪᠠ ᠪᠦᠷᠢᠯᠳᠦᠭᠦᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠪᠠ᠃ 2019 ᠣᠨ᠎ᠳᠤ᠂ ᠪᠦᠬᠦ ᠤᠯᠤᠰ᠎ᠤᠨ ᠲᠣᠰᠬᠣᠨ᠎ᠤ ᠬᠠᠮᠲᠤ ᠵᠢᠨ ᠶᠡᠷᠦᠩᠬᠡᠢ ᠠᠰᠢᠭ ᠣᠷᠣᠯᠭ᠎ᠠ 2020.5 ᠳ᠋ᠦᠩᠰᠢᠭᠤᠷ ᠲᠥᠭᠥᠷᠢᠭ᠎ᠲᠤ ᠬᠦᠷᠴᠦ᠂ 42.3%᠎ᠢ ᠳᠠᠪᠠᠭᠰᠠᠨ ᠲᠣᠰᠬᠣᠨ᠎ᠤ ᠬᠠᠮᠲᠤ ᠵᠢᠨ ᠠᠰᠢᠭ ᠣᠷᠣᠯᠭ᠎ᠠ 5 ᠲᠦᠮᠡᠨ ᠲᠥᠭᠥᠷᠢᠭ᠎ᠠᠴᠠ ᠳᠡᠭᠡᠭᠰᠢ᠎ᠳᠤ ᠬᠦᠷᠴᠦ᠂ ᠪᠦᠷᠢᠯᠳᠦᠭᠦᠨ᠎ᠤ ᠬᠥᠮᠥᠨ ᠳᠤᠮᠳᠠᠴᠢ ᠵᠢᠨ ᠠᠰᠢᠭ ᠣᠷᠣᠯᠭ᠎ᠠ 94 ᠲᠥᠭᠥᠷᠢᠭ᠎ᠲᠤ ᠬᠦᠷᠴᠦ᠂ ᠲᠤᠬᠠᠢ ᠵᠢᠨ ᠵᠢᠯ᠎ᠤᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢᠨ 24.9%᠎ᠢ ᠡᠵᠡᠯᠡᠪᠡ᠃

   《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢᠨ ᠳᠥᠴᠢᠨ ᠬᠣᠶᠠᠳᠤᠭ᠋ᠠᠷ ᠵᠦᠢ᠍ᠯ᠂ ᠳᠥᠴᠢᠨ ᠵᠢᠷᠭᠤᠳᠤᠭ᠋ᠠᠷ ᠵᠦᠢ᠍ᠯ᠎ᠳᠤ ᠲᠣᠳᠣᠷᠬᠠᠢ ᠵᠢᠭ᠋ᠠᠵᠤ ᠭᠠᠷᠭ᠋ᠠᠭᠰᠠᠨ᠎ᠨᠢ᠂ 《ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠡᠷᠭᠡ᠎ᠨᠢ ᠰᠢᠶᠠᠩ ᠪᠠᠯᠭ᠋ᠠᠰᠤᠨ᠎ᠤ ᠨᠠᠮ᠎ᠤᠨ ᠬᠣᠷᠢᠶ᠎ᠠ ᠪᠠ ᠭᠠᠴᠠᠭ᠋ᠠᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠳᠣᠣᠷ᠎ᠠ᠂ ᠭᠠᠴᠠᠭ᠋ᠠᠨ᠎ᠤ ᠠᠷᠠᠳ᠎ᠤᠨ ᠥᠪᠡᠷᠲᠡᠭᠡᠨ ᠵᠠᠰᠠᠬᠤ ᠵᠢ ᠬᠡᠷᠡᠭᠵᠢᠭᠦᠯᠦᠨ᠂ ᠬᠠᠮᠲᠤ ᠵᠢᠨ ᠥᠮᠴᠢᠯᠡᠯ᠎ᠤᠨ ᠠᠵᠤ ᠠᠬᠤᠢ ᠵᠢ ᠬᠥᠭᠵᠢᠭᠦᠯᠵᠦ᠂ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ》《ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠮᠲᠤ ᠵᠢᠨ ᠡᠳ᠋ ᠬᠥᠷᠥᠩᠭᠡ ᠵᠢ ᠬᠠᠤᠯᠢ ᠶᠣᠰᠣᠭ᠋ᠠᠷ ᠬᠠᠮᠢᠶᠠᠷᠬᠤ᠂ ᠬᠠᠮᠲᠤ ᠵᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠨ ᠠᠰᠢᠭᠯᠠᠬᠤ᠂ ᠬᠠᠮᠲᠤ ᠵᠢᠨ ᠪᠦᠷᠢᠯᠳᠦᠭᠦᠨ᠎ᠳᠤ ᠦᠢ᠍ᠯᠡᠴᠢᠯᠡᠬᠦ ᠵᠡᠷᠭᠡ ᠲᠠᠯ᠎ᠠ ᠵᠢᠨ ᠦᠢ᠍ᠯᠡᠳᠦᠯ ᠵᠶ᠋ᠡᠨ ᠪᠠᠳᠠᠷᠠᠭᠤᠯᠬᠤ ᠵᠢ ᠬᠥᠲᠥᠯᠥᠨ ᠵᠢᠯᠤᠭᠣᠳᠴᠤ ᠳᠡᠮᠵᠢᠬᠦ ᠬᠡᠷᠡᠭᠲᠡᠢ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠶᠠᠭ ᠡᠨᠡ ᠬᠦ᠌ ᠲᠥᠷᠥ ᠵᠢᠨ ᠪᠣᠳᠣᠯᠭ᠎ᠠ ᠵᠢᠨ ᠡᠭᠦᠳᠦᠯᠲᠡ᠎ᠪᠠᠷ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠪᠠ ᠦᠢ᠍ᠯᠡᠳᠦᠯ᠎ᠨᠢ ᠭᠦᠢ᠍ᠴᠡᠳ ᠢᠯᠡᠷᠡᠭᠰᠡᠨ ᠪᠠᠢ᠌ᠨ᠎ᠠ᠃ ᠭᠣᠣᠯ ᠢᠯᠡᠷᠡᠯ᠎ᠨᠢ᠄ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠡᠬᠢ ᠪᠠᠶᠠᠯᠢᠭ᠎ᠤᠨ ᠬᠠᠩᠭ᠋ᠠᠯᠭ᠎ᠠ ᠬᠠᠩᠭ᠋ᠠᠨ᠎ᠠ᠃ ᠬᠥᠳᠡᠭᠡ ᠲᠣᠰᠬᠣᠨ᠎ᠤ ᠠᠵᠤ ᠠᠬᠤᠢ ᠵᠢᠨ ᠲᠣᠰᠬᠣᠨ᠎ᠤ ᠬᠠᠮᠲᠤ ᠵᠢᠨ ᠶᠡᠬᠡ ᠬᠡᠮᠵᠢᠶᠡᠨ᠎ᠤ ᠳᠠᠯᠳᠠ ᠡᠬᠢ ᠪᠠᠶᠠᠯᠢᠭ᠎ᠢ ᠡᠬᠢᠯᠡᠨ ᠠᠮᠢᠳᠤᠯᠢᠭ ᠪᠣᠯᠭ᠋ᠠᠵᠤ᠂ ᠡᠬᠢ ᠪᠠᠶᠠᠯᠢᠭ᠎ᠤᠨ ᠡᠯᠧᠮᠧᠨ᠋ᠲ᠎ᠢ ᠰᠢᠯᠢᠳᠡᠭᠵᠢᠭᠦᠯᠦᠨ ᠲᠣᠬᠢᠷᠠᠭᠤᠯᠵᠤ᠂ ᠬᠠᠮᠲᠤ ᠵᠢᠨ ᠡᠵᠡᠩᠨᠡᠯᠲᠡ ᠵᠢᠨ ᠬᠦᠷᠢᠶ᠎ᠡ ᠵᠢ ᠤᠯᠠᠮᠵᠢᠯᠠᠯᠲᠤ ᠭᠠᠵᠠᠷ ᠰᠢᠷᠣᠢ ᠵᠡᠷᠭᠡ ᠡᠬᠢ ᠪᠠᠶᠠᠯᠢᠭ᠎ᠢ ᠲᠦᠷᠢᠶᠡᠰᠦᠯᠡᠭᠦᠯᠬᠦ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠪᠠ ᠭᠡᠷ ᠬᠥᠷᠥᠩᠭᠡ ᠵᠢᠨ ᠲᠥᠬᠦᠭᠡᠷᠦᠮᠵᠢ ᠵᠡᠷᠭᠡ ᠠᠳᠠᠯ ᠠᠬᠤᠢ ᠵᠢ ᠲᠦᠷᠢᠶᠡᠰᠦᠯᠡᠭᠦᠯᠬᠦ᠎ᠠᠴᠠ ᠬᠠᠮᠲᠤ ᠵᠢᠨ ᠬᠤᠷᠠᠮᠳᠤᠭᠤᠯᠤᠭᠰᠠᠨ ᠪᠡᠯᠡ ᠮᠥᠩᠭᠥ᠂ ᠵᠠᠰᠠᠭ᠎ᠤᠨ ᠣᠷᠳᠣᠨ᠎ᠤ ᠬᠠᠪᠰᠤᠷᠤᠨ ᠲᠡᠳᠬᠦᠬᠦ ᠪᠡᠯᠡ ᠮᠥᠩᠭᠥ ᠵᠢ ᠡᠮᠬᠢᠯᠡᠨ ᠨᠡᠢ᠌ᠯᠡᠭᠦᠯᠵᠦ ᠠᠰᠢᠭᠯᠠᠨ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ᠂ ᠬᠥᠳᠡᠭᠡ ᠲᠣᠰᠬᠣᠨ᠎ᠤ ᠵᠢᠭᠤᠯᠴᠢᠯᠠᠯ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡ ᠵᠡᠷᠭᠡ ᠬᠦᠷᠢᠶ᠎ᠡ ᠲᠡᠢ᠌ᠰᠢ ᠥᠷᠭᠡᠳᠬᠡᠨ᠎ᠡ᠃ ᠵᠠᠷᠢᠮ ᠭᠠᠵᠠᠷ ᠣᠷᠣᠨ᠎ᠤ᠎ᠬᠢᠨ ᠡᠬᠢ ᠪᠠᠶᠠᠯᠢᠭ ᠎ᠢ ᠡᠳ᠋ ᠬᠥᠷᠥᠩᠭᠡ ᠪᠣᠯᠭ᠋ᠠᠨ ᠬᠤᠪᠢᠷᠠᠭᠤᠯᠬᠤ᠂ ᠪᠡᠯᠡ ᠮᠥᠩᠭᠥ ᠵᠢ ᠬᠤᠪᠢ ᠣᠷᠣᠭᠤᠯᠤᠭᠰᠠᠨ ᠮᠥᠩᠭᠥ ᠪᠣᠯᠭ᠋ᠠᠨ ᠬᠤᠪᠢᠷᠠᠭᠤᠯᠬᠤ᠂ ᠲᠠᠷᠢᠶᠠᠴᠢᠳ ᠎ᠢ ᠬᠤᠪᠢ ᠣᠷᠣᠭᠤᠯᠤᠭᠴᠢ ᠪᠣᠯᠭ᠋ᠠᠨ ᠬᠤᠪᠢᠷᠠᠭᠤᠯᠬᠤ ᠥᠭᠡᠷᠡᠴᠢᠯᠡᠯᠲᠡ ᠵᠢ ᠬᠠᠢ᠌ᠨ ᠰᠦᠪᠡᠭᠴᠢᠯᠡᠵᠦ᠂ ᠦᠢ᠍ᠯᠡᠳᠪᠦᠷᠢ ᠬᠤᠳᠠᠯᠳᠤᠭ᠋ᠠᠨ᠎ᠤ ᠬᠥᠷᠥᠩᠭᠡ ᠵᠢ ᠬᠥᠳᠡᠭᠡ ᠲᠣᠰᠬᠣᠨ᠎ᠳᠤ ᠲᠠᠰᠤᠷᠠᠯᠲᠠ ᠦᠭᠡᠢ ᠲᠡᠳᠡᠨ ᠣᠷᠣᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠥᠷᠨᠢᠩᠭᠦᠢ ᠬᠥᠭᠵᠢᠯᠲᠡ ᠵᠢ ᠠᠬᠢᠭᠤᠯᠵᠤ᠂ ᠲᠠᠷᠢᠶᠠᠴᠢᠳ᠎ᠲᠤ ᠨᠡᠩ ᠣᠯᠠᠨ ᠠᠵᠤ ᠦᠢ᠍ᠯᠡᠰ᠎ᠤᠨ ᠥᠷᠲᠡᠭ ᠨᠡᠮᠡᠭᠳᠡᠯ᠎ᠤᠨ ᠠᠰᠢᠭ ᠣᠷᠣᠯᠭ᠎ᠠ ᠵᠢ ᠡᠳ᠋ᠯᠡᠭᠦᠯᠦᠭᠰᠡᠨ ᠪᠠᠢ᠌ᠨ᠎ᠠ᠃ ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠠᠵᠤ ᠠᠬᠤᠢ ᠵᠢᠨ ᠲᠦᠰᠢᠭ ᠲᠤᠯᠭ᠋ᠠᠭᠤᠷᠢ ᠬᠠᠩᠭ᠋ᠠᠨ᠎ᠠ᠃ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠠᠰᠢᠭ ᠬᠣᠨᠵᠢᠪᠤᠷᠢ ᠣᠯᠬᠤ ᠴᠢᠨᠠᠷ ᠪᠣᠯᠣᠨ ᠨᠡᠶ᠋ᠢᠲᠡ ᠵᠢᠨ ᠠᠰᠠᠷᠠᠮᠵᠢ ᠵᠢᠨ ᠴᠢᠨᠠᠷ ᠵᠡᠷᠭᠡᠪᠡᠷ ᠣᠷᠣᠰᠢᠵᠤ ᠪᠠᠢ᠌ᠳᠠᠭ᠂ ᠨᠢᠭᠡ ᠲᠠᠯ᠎ᠠ᠎ᠪᠠᠷ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠨᠢ ᠨᠡᠯᠢᠶᠡᠳ ᠴᠢᠩᠭ᠎ᠠ ᠠᠰᠢᠭ ᠬᠣᠨᠵᠢᠪᠤᠷᠢ ᠣᠯᠬᠤ ᠴᠢᠨᠠᠷ᠎ᠲᠠᠢ ᠪᠠᠢ᠌ᠵᠤ᠂ ᠬᠠᠮᠲᠤ ᠵᠢᠨ ᠡᠳ᠋ ᠪᠠᠶᠠᠯᠢᠭ᠎ᠢ ᠨᠡᠮᠡᠭᠳᠡᠭᠦᠯᠵᠦ ᠪᠣᠯᠣᠨ᠎ᠠ; ᠨᠦᠭᠦᠭᠡ ᠲᠠᠯ᠎ᠠ᠎ᠪᠠᠷ ᠪᠠᠰᠠ ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠦᠢ᠍ᠯᠡᠰ᠎ᠲᠤ ᠪᠠ ᠠᠵᠤ ᠠᠬᠤᠢ ᠵᠢᠨ ᠲᠦᠰᠢᠭ ᠲᠤᠯᠭ᠋ᠠᠭᠤᠷᠢ ᠬᠠᠩᠭ᠋ᠠᠬᠤ ᠬᠦᠨᠳᠦ ᠡᠭᠦᠷᠭᠡ ᠵᠢ ᠡᠭᠦᠷᠭᠡᠯᠡᠵᠦ ᠪᠠᠢ᠌ᠳᠠᠭ᠃ 2019 ᠣᠨ᠎ᠳᠤ ᠪᠥᠬᠥ ᠤᠯᠤᠰ᠎ᠤᠨ ᠬᠥᠳᠡᠭᠡ ᠲᠣᠰᠬᠣᠨ᠎ᠤ ᠬᠠᠮᠲᠤ ᠵᠢᠨ ᠠᠰᠢᠭ ᠣᠷᠣᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠰᠡᠨ ᠣᠷᠣᠭᠤᠯᠤᠯᠲᠠ 1424.4 ᠳ᠋ᠦᠩᠰᠢᠭᠤᠷ ᠲᠥᠭᠥᠷᠢᠭ᠎ᠲᠤ ᠬᠦᠷᠴᠦ᠂ ᠭᠠᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠵᠠᠷᠤᠴᠠᠭᠤᠯᠤᠭᠰᠠᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠠᠷᠤᠳᠠᠯ 216.8 ᠳ᠋ᠦᠩᠰᠢᠭᠤᠷ ᠲᠥᠭᠥᠷᠢᠭ᠎ᠲᠤ ᠬᠦᠷᠴᠦ᠂ ᠥᠭᠬᠦ ᠶᠣᠰᠣᠲᠠᠢ ᠠᠰᠠᠷᠠᠮᠵᠢ ᠵᠢᠨ ᠵᠠᠷᠤᠳᠠᠯ 119.7 ᠳ᠋ᠦᠩᠰᠢᠭᠤᠷ ᠲᠥᠭᠥᠷᠢᠭ᠎ᠲᠤ ᠬᠦᠷᠴᠡᠢ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ᠎ᠳᠡᠭᠡᠨ ᠤᠯᠠᠨ ᠨᠡᠶ᠋ᠢᠲᠡ ᠵᠢᠨ ᠰᠠᠭᠤᠷᠢ ᠲᠥᠬᠦᠭᠡᠷᠦᠮᠵᠢ᠂ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠪᠠ ᠶᠠᠳᠠᠭᠤ ᠵᠢ ᠲᠡᠳᠬᠦᠵᠦ ᠵᠦᠳᠡᠭᠦᠦ ᠵᠢ ᠲᠤᠰᠠᠯᠠᠬᠤ ᠲᠠᠯ᠎ᠠ᠎ᠪᠠᠷ᠎ᠬᠢ ᠦᠢ᠍ᠯᠡᠳᠦᠯ᠎ᠨᠢ ᠤᠯᠠᠮ᠎ᠠᠴᠠ ᠤᠯᠠᠮ ᠴᠢᠬᠤᠯᠠ ᠪᠣᠯᠵᠤ ᠪᠠᠢ᠌ᠨ᠎ᠠ᠃ ᠨᠠᠮ᠎ᠤᠨ ᠨᠢᠭᠲᠠᠷᠠᠯ᠎ᠤᠨ ᠬᠦᠴᠦᠨ᠎ᠢ ᠳᠡᠭᠡᠭᠰᠢᠯᠡᠭᠦᠯᠬᠦ᠎ᠳᠤ ᠪᠣᠳᠠᠰ᠎ᠤᠨ ᠪᠠᠲᠤᠯᠠᠭ᠎ᠠ ᠬᠠᠩᠭ᠋ᠠᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠰᠢᠨ᠎ᠡ ᠬᠡᠯᠪᠡᠷᠢ ᠵᠢᠨ ᠬᠠᠮᠲᠤ ᠵᠢᠨ ᠠᠵᠤ ᠠᠬᠤᠢ ᠵᠢᠨ ᠬᠥᠭᠵᠢᠯᠲᠡ ᠵᠢ ᠬᠥᠲᠥᠯᠥᠨ ᠵᠢᠯᠤᠭᠣᠳᠬᠤ᠎ᠪᠠᠷ ᠴᠢᠬᠤᠯᠠ ᠭᠠᠷᠳᠠᠴᠠ ᠪᠣᠯᠭ᠋ᠠᠵᠤ᠂ ᠨᠠᠮ ᠪᠠ ᠤᠯᠠᠨ ᠲᠦᠮᠡᠨ᠎ᠢ ᠪᠦᠲᠦᠮᠵᠢᠲᠡᠶ᠎ᠪᠠᠷ ᠵᠣᠬᠢᠶᠠᠨ ᠪᠠᠢ᠌ᠭᠤᠯᠵᠤ᠂ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ ᠶᠠᠪᠤᠴᠠ ᠵᠢ ᠲᠣᠰᠬᠣᠨ᠎ᠢ ᠬᠦᠴᠦᠷᠬᠡᠭᠵᠢᠭᠦᠯᠦᠨ ᠠᠷᠠᠳ᠎ᠢ ᠪᠠᠶᠠᠵᠢᠭᠤᠯᠬᠤ ᠪᠠ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠵᠣᠬᠢᠶᠠᠨ ᠪᠠᠶ᠋ᠢᠭᠤᠯᠬᠤ ᠬᠦᠴᠦᠨ᠎ᠢ ᠳᠡᠭᠡᠭᠰᠢᠯᠡᠭᠦᠯᠬᠦ ᠶᠠᠪᠤᠴᠠ ᠪᠣᠯᠭ᠋ᠠᠪᠠ᠃ ᠡᠯ᠎ᠡ ᠭᠠᠵᠠᠷ᠎ᠤᠨ᠎ᠬᠢᠨ ᠭᠠᠴᠠᠭ᠋ᠠᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠬᠠᠤᠯᠢ᠎ᠳᠤ ᠲᠣᠭᠲᠠᠭ᠋ᠠᠭᠰᠠᠨ ᠵᠢᠷᠤᠮ ᠵᠶ᠋ᠠᠷ ᠭᠠᠴᠠᠭ᠋ᠠᠨ᠎ᠤ ᠱᠠᠲᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ 2020 ᠣᠨ᠎ᠤ ᠰᠡᠭᠦᠯᠴᠢ᠎ᠪᠠᠷ᠂ ᠪᠦᠬᠦ ᠤᠯᠤᠰ᠎ᠤᠨ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠲᠤᠰᠢᠶᠠᠯ᠎ᠢ ᠬᠠᠪᠰᠤᠷᠭ᠋ᠠᠨ ᠡᠭᠦᠨ᠎ᠤ ᠵᠡᠷᠭᠡᠴᠡᠭᠡᠪᠡᠷ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠨᠢ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠣᠷᠤᠯᠴᠠᠬᠤ ᠶᠠᠪᠤᠴᠠ᠎ᠳᠠᠭᠠᠨ ᠨᠠᠮ᠎ᠤᠨ ᠬᠥᠳᠡᠭᠡ ᠲᠣᠰᠬᠣᠨ᠎ᠳᠠᠬᠢ ᠲᠦᠷᠦ ᠪᠠᠷᠢᠬᠤ ᠰᠠᠭᠤᠷᠢ ᠵᠢ ᠪᠡᠬᠢᠵᠢᠭᠦᠯᠬᠦ᠎ᠪᠠᠷ ᠭᠣᠣᠯᠯᠠᠭᠤᠯᠤᠨ ᠬᠠᠮᠲᠤ ᠵᠢᠨ ᠠᠵᠤ ᠠᠬᠤᠢ ᠵᠢ ᠬᠥᠭᠵᠢᠭᠦᠯᠬᠦ ᠵᠢ ᠰᠦᠪᠡᠭᠴᠢᠯᠡᠵᠦ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠯ ᠶᠣᠰᠣᠭ᠋ᠠᠷ ᠠᠵᠢᠯᠯᠠᠬᠤ ᠵᠢ ᠦᠨᠡᠨ ᠬᠦ᠌ ᠪᠠᠲᠤᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠷᠢᠶᠠᠴᠢᠨ ᠲᠦᠮᠡᠨ᠎ᠤ ᠰᠡᠳᠬᠢᠯ᠎ᠳᠠᠬᠢ ᠢᠲᠡᠭᠡᠯ ᠬᠦᠨᠳᠦ ᠵᠢ ᠳᠡᠭᠡᠭᠰᠢᠯᠡᠭᠦᠯᠦᠭᠰᠡᠨ ᠪᠠᠢ᠌ᠨ᠎ᠠ᠃ ᠬᠥᠳᠡᠭᠡ ᠲᠣᠰᠬᠣᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃ ᠥᠭᠡᠷᠡᠴᠢᠯᠡᠯᠲᠡ᠎ᠪᠠᠷ ᠳᠠᠮᠵᠢᠭᠤᠯᠤᠨ᠂ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠂ ᠲᠣᠰᠬᠣᠨ᠎ᠤ ᠠᠷᠠᠳ᠎ᠤᠨ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠡᠷᠬᠡ ᠬᠠᠷᠢᠭᠤᠴᠠᠯᠭ᠎ᠠ ᠵᠢᠨ ᠵᠠᠭ᠋ᠠᠭ᠎ᠢ ᠲᠣᠳᠣᠷᠬᠠᠢ᠌ᠯᠠᠵᠤ᠂ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠭ᠋ᠠᠭᠤᠯᠭ᠎ᠠ ᠳᠣᠣᠷ᠎ᠠ᠂ ᠲᠣᠰᠬᠣᠨ᠎ᠤ ᠠᠷᠠᠳ᠎ᠤᠨ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠲᠣᠰᠬᠣᠨ᠎ᠤ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠬᠠᠮᠲᠤ ᠵᠢᠨ ᠡᠳ᠋ ᠬᠥᠷᠥᠩᠭᠡ ᠵᠢᠨ ᠡᠵᠡᠩᠨᠡᠯᠲᠡ ᠵᠢ ᠬᠠᠷᠢᠭᠤᠴᠠᠬᠤ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠵᠠᠰᠠᠯᠲᠠ ᠵᠢᠨ ᠵᠠᠭᠪᠤᠷ᠎ᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠲᠣᠰᠬᠣᠨ᠎ᠤ ᠱᠠᠲᠤᠨ᠎ᠤ ᠵᠠᠰᠠᠯᠲᠠ ᠵᠢᠨ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢ ᠨᠡᠩ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠪᠣᠯᠭ᠋ᠠᠵᠤ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠡᠶᠡᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠬᠦᠴᠦᠷᠬᠡᠭ ᠶᠡᠬᠡ ᠳᠣᠲᠣᠭ᠋ᠠᠳᠤ ᠬᠥᠳᠡᠯᠭᠡᠭᠦ ᠬᠦᠴᠦᠨ᠎ᠢ ᠪᠦᠷᠢᠯᠳᠦᠭᠦᠯᠵᠡᠢ᠃

    ᠠᠩᠬᠠᠷᠤᠭᠤᠰᠢᠲᠠᠢ᠎ᠨᠢ᠂ ᠬᠠᠮᠲᠤ ᠵᠢᠨ ᠠᠵᠤ ᠠᠬᠤᠢ ᠬᠡᠳᠦᠢ᠌ᠪᠡᠷ ᠲᠦᠷᠭᠡᠨ ᠬᠥᠭᠵᠢᠭᠰᠡᠨ ᠪᠣᠯᠪᠠᠴᠤ ᠶᠡᠷᠦᠩᠬᠡᠢ᠎ᠳᠡᠭᠡᠨ ᠪᠠᠰᠠ ᠡᠬᠢᠯᠡᠯᠲᠡ ᠵᠢᠨ ᠱᠠᠲᠤᠨ᠎ᠳᠠᠭᠠᠨ ᠪᠠᠢ᠌ᠭᠰᠠᠭ᠋ᠠᠷ᠃ ᠪᠥᠬᠥ ᠤᠯᠤᠰ᠎ᠤᠨ ᠪᠠᠢ᠌ᠳᠠᠯ ᠎ᠠᠴᠠ ᠦᠵᠡᠪᠡᠯ᠂ ᠬᠥᠳᠡᠭᠡ ᠲᠣᠰᠬᠣᠨ᠎ᠤ ᠬᠠᠮᠲᠤ ᠵᠢᠨ ᠡᠳ᠋ ᠬᠥᠷᠥᠩᠭᠡ ᠵᠢᠨ ᠭᠠᠴᠠᠭ᠎ᠠ ᠪᠦᠷᠢ ᠳᠤᠮᠳᠠᠴᠢ᠎ᠪᠠᠷ 816 ᠲᠦᠮᠡᠨ ᠲᠥᠭᠥᠷᠢᠭ᠂ ᠭᠡᠪᠡᠴᠦ ᠭᠣᠣᠯᠳᠠᠭᠤ ᠡᠵᠡᠩᠨᠡᠯᠲᠡ ᠵᠢᠨ ᠪᠤᠰᠤ ᠴᠢᠨᠠᠷᠲᠠᠢ ᠡᠳ᠋ ᠬᠥᠷᠥᠩᠭᠡ᠎ᠪᠠᠷ ᠭᠣᠣᠯ ᠪᠣᠯᠭ᠋ᠠᠭᠰᠠᠨ ᠮᠥᠷᠲᠡᠭᠡᠨ ᠭᠠᠵᠠᠷ ᠣᠷᠣᠨ᠎ᠤ ᠬᠣᠭᠣᠷᠣᠨᠳᠣᠬᠢ᠂ ᠠᠢ᠌ᠯ ᠲᠣᠰᠬᠣᠨ᠎ᠤ ᠬᠣᠭᠣᠷᠣᠨᠳᠣᠬᠢ ᠵᠥᠷᠢᠶ᠎ᠡ ᠨᠡᠯᠢᠶᠡᠳ ᠶᠡᠬᠡ ᠪᠠᠢ᠌ᠵᠤ᠂ ᠵᠡᠭᠦᠨ ᠬᠡᠰᠡᠭ᠎ᠤᠨ ᠭᠠᠵᠠᠷ ᠣᠷᠣᠨ᠎ᠤ ᠬᠠᠮᠲᠤ ᠵᠢᠨ ᠡᠳ᠋ ᠬᠥᠷᠥᠩᠭᠡ᠎ᠨᠢ ᠪᠥᠬᠥ ᠤᠯᠤᠰ᠎ᠤᠨ ᠬᠠᠮᠲᠤ ᠵᠢᠨ ᠡᠳ᠋ ᠬᠥᠷᠥᠩᠭᠡ ᠵᠢᠨ 65% ᠵᠢ ᠡᠵᠡᠯᠡᠵᠦ᠂ 14% ᠵᠢᠨ ᠭᠠᠴᠠᠭ᠎ᠠ᠎ᠨᠢ ᠪᠥᠬᠥ ᠤᠯᠤᠰ᠎ᠤᠨ 75% ᠵᠢᠨ ᠬᠠᠮᠲᠤ ᠵᠢᠨ ᠡᠳ᠋ ᠬᠥᠷᠥᠩᠭᠡ ᠵᠢ ᠡᠵᠡᠯᠡᠵᠦ ᠪᠠᠢ᠌ᠨ᠎ᠠ᠃ ᠡᠯ᠎ᠡ ᠭᠠᠵᠠᠷ᠎ᠤᠨ ᠦᠢ᠍ᠯᠡᠳᠦᠯᠭᠡ᠎ᠠᠴᠠ ᠦᠵᠡᠪᠡᠯ᠂ ᠬᠠᠮᠲᠤ ᠵᠢᠨ ᠠᠵᠤ ᠠᠬᠤᠢ ᠵᠢᠨ ᠬᠥᠭᠵᠢᠯᠲᠡ᠎ᠪᠠᠷ ᠨᠡᠯᠢᠶᠡᠳ ᠰᠠᠢ᠌ᠨ ᠪᠠᠢ᠌ᠳᠠᠭ᠎ᠨᠢ ᠭᠣᠣᠯᠳᠠᠭᠤ ᠡᠬᠢ ᠪᠠᠶᠠᠯᠢᠭ᠎ᠢ ᠲᠦᠷᠢᠶᠡᠰᠦᠯᠡᠭᠦᠯᠬᠦ᠂ ᠠᠳᠠᠯ ᠠᠬᠤᠢ ᠵᠢᠨ ᠠᠵᠤ ᠠᠬᠤᠢ ᠪᠠ ᠡᠳ᠋ ᠬᠥᠷᠥᠩᠭᠡ ᠵᠢ ᠬᠡᠷᠡᠭᠯᠡᠬᠦ ᠡᠷᠬᠡ᠎ᠪᠠᠷ ᠵᠶ᠋ᠡᠨ ᠬᠤᠪᠢ ᠣᠷᠣᠭᠤᠯᠬᠤ ᠶᠠᠪᠤᠳᠠᠯ ᠪᠣᠯᠣᠨ᠎ᠠ᠂ ᠭᠡᠲᠡᠯ᠎ᠡ ᠦᠢ᠍ᠯᠡᠳᠪᠦᠷᠢ ᠬᠤᠳᠠᠯᠳᠤᠭ᠎ᠠ ᠵᠡᠷᠭᠡ ᠥᠷᠢᠰᠦᠯᠳᠦᠭᠡᠨ᠎ᠤ ᠴᠢᠨᠠᠷᠲᠠᠢ ᠠᠵᠢᠯ ᠲᠦᠷᠦᠯ᠎ᠳᠤ ᠥᠷᠢᠰᠦᠯᠳᠦᠬᠦ ᠬᠦᠴᠦᠨ᠎ᠨᠢ ᠢᠯᠡᠳᠲᠡ ᠬᠦᠷᠦᠯᠴᠡᠬᠦ ᠦᠭᠡᠢ ᠪᠠᠢ᠌ᠨ᠎ᠠ᠃ 《ᠢᠷᠭᠡᠨ᠎ᠤ ᠬᠠᠤᠯᠢ ᠵᠢᠨ ᠪᠢᠴᠢᠭ》᠎ᠲᠤ ᠬᠡᠳᠦᠢ᠌ᠪᠡᠷ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠣᠨᠴᠠᠭ᠋ᠠᠶ ᠬᠠᠤᠯᠢ ᠵᠢᠨ ᠬᠥᠮᠥᠨ᠎ᠤ ᠪᠠᠢ᠌ᠷᠢ ᠰᠠᠭᠤᠷᠢ ᠵᠢ ᠲᠣᠳᠣᠷᠬᠠᠢ᠌ᠯᠠᠭᠰᠠᠨ ᠪᠣᠯᠪᠠᠴᠤ ᠤᠯᠤᠰ᠎ᠤᠨ ᠲᠠᠯ᠎ᠠ᠎ᠠᠴᠠ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠲᠤᠰᠬᠠᠢ ᠬᠠᠤᠯᠢ ᠭᠡᠵᠦ ᠨᠢᠭᠡ ᠴᠦ᠍ ᠪᠠᠢ᠌ᠬᠤ ᠦᠭᠡᠢ ᠶᠤᠮ᠃ ᠬᠠᠮᠲᠤ ᠵᠢᠨ ᠠᠵᠤ ᠠᠬᠤᠢ ᠵᠢᠨ ᠠᠵᠢᠯᠯᠠᠭ᠋ᠠᠨ᠎ᠤ ᠶᠠᠪᠤᠴᠠ᠎ᠳᠤ ᠪᠠᠰᠠ ᠮᠠᠰᠢ ᠤᠯᠠᠨ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠢ ᠪᠠᠢ᠌ᠵᠤ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠬᠤ ᠠᠵᠢᠯ᠎ᠢ ᠲᠦᠷᠭᠡᠪᠴᠢᠯᠡᠨ ᠠᠬᠢᠭᠤᠯᠵᠤ᠂ ᠬᠠᠮᠲᠤ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ᠂ ᠬᠠᠮᠲᠤ ᠵᠢᠨ ᠪᠦᠷᠢᠯᠳᠦᠭᠦᠨ᠎ᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠬᠤ ᠶᠠᠪᠤᠳᠠᠯ ᠲᠤᠯᠭ᠋ᠠᠮ ᠱᠠᠭ᠋ᠠᠷᠳᠠᠭᠳᠠᠵᠤ ᠪᠠᠢ᠌ᠨ᠎ᠠ᠃

   2017 — 2019 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠴᠥᠮ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠬᠤ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ 2018 ᠣᠨ᠎ᠤ 9 ᠰᠠᠷ᠎ᠠ᠎ᠳᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢ ᠲᠣᠭᠲᠠᠭ᠋ᠠᠬᠤ ᠲᠥᠯᠦᠪᠵᠢᠭᠦᠯᠭᠡ᠎ᠳᠤ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠣᠢ᠌ᠷ᠎ᠠ ᠵᠢᠨ ᠬᠡᠳᠦᠨ ᠵᠢᠯ᠎ᠳᠤ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠬᠠᠤᠯᠢ ᠲᠣᠭᠲᠠᠭ᠋ᠠᠬᠤ ᠰᠤᠳᠤᠯᠭ᠋ᠠᠨ᠎ᠤ ᠠᠵᠢᠯ᠎ᠢ ᠪᠠᠴᠢᠮ ᠶᠠᠭ᠋ᠠᠷᠠᠯᠲᠠᠢ ᠥᠷᠨᠢᠭᠦᠯᠵᠦ᠂ 《ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠳᠦᠷᠢᠮ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠨ ᠨᠡᠢ᠌ᠲᠡᠯᠡᠵᠦ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠦᠨ᠂ ᠬᠠᠤᠯᠢ ᠲᠣᠭᠲᠠᠭ᠋ᠠᠬᠤ ᠲᠤᠯᠭ᠋ᠠᠮ᠎ᠠ ᠴᠢᠨᠠᠷ᠂ ᠬᠠᠤᠯᠢ ᠲᠣᠭᠲᠠᠭ᠋ᠠᠬᠤ ᠲᠣᠬᠢᠷᠠᠭᠤᠯᠤᠯᠲᠠ ᠵᠢᠨ ᠬᠡᠪᠴᠢᠶ᠎ᠡ ᠵᠢᠴᠢ ᠪᠣᠷᠣ ᠲᠥᠯᠥᠪ ᠵᠡᠷᠭᠡ ᠠᠰᠠᠭᠤᠳᠠᠯ᠎ᠤᠳ᠎ᠤᠨ ᠮᠡᠳᠡᠭᠦᠯᠦᠯᠲᠡ ᠵᠢ ᠲᠤᠭᠤᠷᠪᠢᠵᠤ ᠪᠣᠶ ᠪᠣᠯᠭ᠋ᠠᠪᠠ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠨᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠ ᠠᠰᠢᠭ ᠬᠣᠨᠵᠢᠪᠤᠷᠢ ᠵᠢᠨ ᠴᠢᠨᠠᠷᠲᠠᠢ ᠪᠠᠢ᠌ᠬᠤ ᠵᠢ ᠪᠣᠳᠣᠯᠬᠢᠯᠠᠵᠤ᠂ ᠳᠠᠮᠫᠤᠷᠠᠯ᠎ᠢ ᠳᠠᠭᠤᠰᠬᠠᠬᠤ᠎ᠳᠤ ᠲᠣᠬᠢᠷᠠᠬᠤ ᠦᠭᠡᠢ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ᠎ᠨᠢ ᠨᠡᠢ᠌ᠭᠡᠮ ᠲᠣᠭᠣᠷᠢᠭ᠎ᠤᠨ ᠪᠢᠲᠡᠭᠦᠮᠵᠢᠯᠡᠯ᠎ᠤᠨ ᠴᠢᠨᠠᠷᠲᠠᠢ ᠪᠠᠢ᠌ᠵᠤ᠂ ᠳᠤᠷ᠎ᠠ ᠎ᠪᠠᠷ ᠵᠶ᠋ᠠᠨ ᠬᠥᠳᠡᠭᠡ ᠲᠣᠰᠬᠣᠨ᠎ᠤ ᠬᠠᠮᠲᠤ ᠵᠢᠨ ᠡᠳ᠋ ᠬᠥᠷᠥᠩᠭᠡ᠎ᠨᠢ ᠬᠡᠳᠦᠢ᠌ᠪᠡᠷ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠠᠵᠢᠯᠯᠠᠭ᠎ᠠ᠎ᠳᠤ ᠣᠷᠣᠯᠴᠠᠵᠤ ᠪᠣᠯᠬᠤ ᠪᠣᠯᠪᠠᠴᠤ ᠭᠠᠵᠠᠷ ᠰᠢᠷᠣᠢ ᠵᠡᠷᠭᠡ ᠡᠬᠢ ᠪᠠᠶᠠᠯᠢᠭ᠎ᠤᠨ ᠴᠢᠨᠠᠷᠲᠠᠢ ᠡᠳ᠋ ᠬᠥᠷᠥᠩᠭᠡ᠎ᠨᠢ ᠭᠠᠳᠠᠭᠰᠢ᠎ᠪᠠᠨ ᠬᠠᠷᠢᠭᠤᠴᠠᠯᠭ᠎ᠠ ᠡᠭᠦᠷᠭᠡᠯᠡᠵᠦ ᠪᠣᠯᠬᠤ ᠦᠭᠡᠢ ᠭᠡᠬᠦ ᠮᠡᠲᠦ᠃ ᠣᠳᠣᠬᠢ ᠱᠠᠲᠤᠨ᠎ᠳᠤ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠯᠲᠠ ᠵᠢ ᠥᠷᠨᠢᠭᠦᠯᠬᠦ᠎ᠳᠤ ᠪᠠᠰᠠ ᠦᠢ᠍ᠯᠡᠳᠦᠯᠭᠡ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢᠨ ᠬᠥᠮᠥᠨ᠎ᠤ ᠰᠢᠨᠵᠢ ᠴᠢᠨᠠᠷ᠂ ᠴᠢᠳᠠᠮᠵᠢ ᠦᠢ᠍ᠯᠡᠳᠦᠯ᠂ ᠳᠣᠲᠣᠭ᠋ᠠᠳᠤ ᠲᠣᠭᠲᠠᠴᠠ᠂ ᠪᠦᠷᠢᠯᠳᠦᠭᠦᠨ᠎ᠤ ᠡᠷᠬᠡ ᠪᠠ ᠲᠡᠳᠬᠦᠨ ᠳᠡᠮᠵᠢᠬᠦ ᠲᠦᠷᠦ ᠵᠢᠨ ᠪᠣᠳᠣᠯᠭ᠎ᠠ ᠵᠡᠷᠭᠡ ᠲᠠᠯ᠎ᠠ ᠵᠢ ᠬᠠᠨᠳᠤᠯᠭ᠋ᠠᠲᠤ ᠴᠢᠨᠠᠷᠲᠠᠢ᠎ᠪᠠᠷ ᠵᠢᠷᠤᠮᠵᠢᠭᠤᠯᠵᠤ᠂ ᠲᠡᠭᠦᠨ᠎ᠤ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠵᠢ ᠪᠠᠲᠤᠯᠠᠬᠤ ᠬᠡᠷᠡᠭᠲᠡᠢ᠃

    ᠶᠡᠷᠦᠩᠬᠡᠢ᠌ᠯᠡᠪᠡᠯ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ᠎ᠨᠢ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠲᠤᠰ ᠬᠠᠮᠲᠤ ᠨᠡᠢ᠍ᠢ᠍ᠳᠡ ᠵᠢᠴᠢ ᠲᠡᠭᠦᠨ᠎ᠤ ᠪᠦᠷᠢᠯᠳᠦᠭᠦᠨ᠎ᠳᠤ ᠨᠡᠩ ᠰᠠᠢ᠌ᠲᠤᠷ ᠦᠢ᠍ᠯᠡᠴᠢᠯᠡᠬᠦ᠂ ᠲᠠᠷᠢᠶᠠᠴᠢᠳ᠎ᠢ ᠳᠠᠭ᠋ᠠᠭᠤᠯᠤᠨ ᠬᠠᠮᠲᠤ᠎ᠪᠠᠷ ᠴᠢᠨᠡᠭᠡᠯᠢᠭᠵᠢᠬᠦ ᠵᠠᠮ ᠵᠶ᠋ᠠᠷ ᠵᠠᠮᠨᠠᠬᠤ ᠵᠢ ᠠᠬᠢᠭᠤᠯᠬᠤ᠎ᠳᠤ ᠠᠰᠢᠭᠲᠠᠢ ᠶᠤᠮ᠃ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢ ᠨᠡᠢ᠌ᠲᠡᠯᠡᠭᠰᠡᠨ᠎ᠨᠢ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠬᠤ᠎ᠳᠤ ᠵᠢᠯᠣᠭᠣᠳᠤᠯᠭ᠎ᠠ ᠪᠠ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠠᠢ᠌ᠯᠤᠮᠵᠢ᠄ 《2022 ᠣᠨ᠎ᠤ ᠪᠥᠬᠦ ᠣᠷᠣᠨ᠎ᠤ ᠨᠡᠢ᠌ᠭᠡᠮ᠎ᠤᠨ ᠠᠪᠤᠷᠠᠨ ᠲ᠋ᠤᠰᠠᠯᠠᠬᠤ ᠪᠠᠷᠢᠮᠵᠢᠶ᠎ᠠ ᠵᠢᠨ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠢ᠌ᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠤᠨ ᠲᠠᠢ᠌ᠯᠤᠮᠵᠢ
ᠤᠯᠠᠭ᠋ᠠᠨᠬᠠᠳᠠ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ
ᠵᠢᠷᠤᠭᠲᠤ ᠲᠠᠢ᠌ᠯᠤᠮᠵᠢ᠄ 《ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢᠨ ᠠᠵᠢᠯ᠎ᠤᠨ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ ᠵᠢᠨ ᠬᠡᠷᠡᠭᠵᠢᠭᠦᠯᠬᠦ ᠲᠥᠯᠥᠪᠯᠡᠭᠡ (2021-2025 ᠣᠨ)
 
            