ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠠᠢ᠌ᠯᠤᠮᠵᠢ ③ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠨᠠᠢ᠌ᠳᠠᠪᠤᠷᠢᠵᠢᠭᠤᠯᠤᠯᠲᠠ ᠵᠢ ᠪᠠᠲᠤᠯᠠᠨ᠎ᠠ
ᠨᠡᠶ᠋ᠢᠲᠡᠯᠡᠭᠰᠡᠨ ᠴᠠᠭ᠄ 2022-11-21

   4 ᠰᠠᠷ᠎ᠠ ᠵᠢᠨ 29᠎ᠤ ᠡᠳᠦᠷ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ   ᠬᠠᠤᠯᠢ》 (ᠳᠣᠷᠣᠭᠰᠢ 《ᠠᠬᠢᠭᠤᠯᠬᠤ   ᠬᠠᠤᠯᠢ》 ᠭᠡᠵᠦ ᠲᠣᠪᠴᠢᠯᠠᠨ᠎ᠠ) ᠵᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢᠨ ᠨᠠᠢ᠍ᠮᠠᠳᠤᠭ᠋ᠠᠷ ᠬᠤᠷᠠᠯᠳᠤᠭ᠋ᠠᠨ ᠎ᠠᠴᠠ ᠬᠢᠨᠠᠨ ᠶᠠᠷᠢᠯᠴᠠᠵᠤ ᠪᠠᠲᠤᠯᠠᠭ᠋ᠠᠳ᠂ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠨᠡ᠎ᠨᠢ ᠰᠢᠨ᠎ᠡ ᠬᠥᠭᠵᠢᠯᠲᠡ ᠵᠢᠨ ᠱᠠᠲᠤᠨ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠠᠬᠢᠭᠤᠯᠬᠤ ᠪᠠ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠨ ᠪᠡᠶᠡᠯᠡᠭᠦᠯᠬᠦ᠎ᠳᠤ ᠬᠦᠴᠦᠲᠡᠢ ᠳᠦᠷᠢᠮ᠎ᠤᠨ ᠪᠠᠲᠤᠯᠠᠭ᠎ᠠ ᠪᠠ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠬᠠᠩᠭ᠋ᠠᠵᠠᠢ᠃ 《ᠠᠬᠢᠭᠤᠯᠬᠤ   ᠬᠠᠤᠯᠢ》 ᠵᠢ ᠨᠡᠢ᠌ᠲᠡᠯᠡᠭᠰᠡᠨ᠎ᠨᠢ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠬᠤ᠎ᠳᠤ ᠴᠠᠭ ᠦᠶ᠎ᠡ ᠵᠢ ᠵᠠᠭ᠋ᠠᠭᠯᠠᠭᠰᠠᠨ ᠠᠴᠢ ᠬᠣᠯᠪᠣᠭᠳᠠᠯ᠎ᠲᠠᠢ ᠶᠤᠮ᠃

   《ᠠᠬᠢᠭᠤᠯᠬᠤ   ᠬᠠᠤᠯᠢ》᠎ᠨᠢ ᠲᠤᠰᠬᠠᠢ᠌ᠯᠠᠨ ᠭᠤᠷᠪᠠᠳᠤᠭ᠋ᠠᠷ ᠬᠡᠰᠡᠭ᠎ᠲᠤ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠬᠦ ᠠᠰᠠᠭᠤᠳᠠᠯ᠎ᠤᠨ ᠲᠤᠬᠠᠢ   ᠬᠠᠤᠯᠢ ᠴᠠᠭ᠋ᠠᠵᠠ ᠵᠢᠨ ᠵᠢᠷᠤᠮᠵᠢᠯ ᠭᠠᠷᠭ᠋ᠠᠵᠠᠢ᠃ ᠲᠡᠷᠡ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠵᠠᠩᠭᠢᠯᠠᠭ᠎ᠠ᠎ᠨᠢ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠪᠤᠢ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ᠎ᠳᠤ ᠡᠷᠬᠡᠪᠰᠢ ᠠᠵᠤ ᠦᠢ᠍ᠯᠡᠰ᠎ᠤᠨ ᠬᠥᠭᠵᠢᠯᠲᠡ ᠵᠢᠨ ᠵᠢᠮ᠎ᠡ ᠶᠣᠰᠣᠨ᠎ᠳᠤ ᠨᠡᠢ᠌ᠴᠡᠭᠦᠯᠬᠦ ᠵᠢᠴᠢ ᠲᠤᠬᠠᠢ ᠵᠢᠨ ᠭᠠᠵᠠᠷ᠎ᠤᠨ ᠣᠨᠴᠠᠯᠢᠭᠲᠤ ᠡᠬᠢ ᠪᠠᠶᠠᠯᠢᠭ᠎ᠲᠤ ᠰᠠᠭᠤᠷᠢᠯᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠬᠤ ᠦᠵᠡᠯ ᠰᠠᠨᠠᠭ᠎ᠠ ᠵᠢ ᠭᠦᠢ᠍ᠴᠡᠳ ᠬᠠᠷᠠᠭᠤᠯᠵᠠᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠵᠠᠩᠭᠢᠯᠠᠭ᠎ᠠ ᠪᠣᠯᠤᠭᠰᠠᠨ᠎ᠤ ᠬᠤᠪᠢ᠎ᠳᠤ᠂ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠣᠯ ᠨᠢᠭᠡᠨ ᠤᠷᠳᠤ ᠬᠤᠭᠤᠴᠠᠭ᠋ᠠᠨ᠎ᠤ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠵᠤ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠵᠤ᠂ ᠭᠣᠣᠯᠳᠠᠯᠭ᠎ᠠ᠎ᠲᠠᠢ᠎ᠪᠠᠷ ᠬᠥᠳᠡᠯᠦᠩᠭᠦᠢ᠎ᠪᠠᠷ ᠠᠬᠢᠭᠤᠯᠬᠤ ᠬᠡᠷᠡᠭᠲᠡᠢ᠃ ᠠᠵᠤ ᠦᠢ᠍ᠯᠡᠰ᠎ᠤᠨ ᠣᠨᠴᠠᠯᠢᠭ ᠎ᠠᠴᠠ ᠠᠪᠴᠤ ᠦᠵᠡᠪᠡᠯ᠂ ᠲᠠᠷᠢᠶᠠᠯᠠᠩ ᠵᠡᠷᠭᠡ ᠬᠥᠳᠡᠭᠡ ᠲᠣᠰᠬᠣᠨ᠎ᠤ ᠲᠠᠷᠢᠶᠠᠯᠠᠩ᠎ᠳᠤ ᠬᠣᠯᠪᠣᠭᠳᠠᠬᠤ ᠠᠵᠤ ᠦᠢ᠍ᠯᠡᠰ ᠪᠣᠯ ᠪᠠᠢ᠌ᠭ᠋ᠠᠯᠢ ᠪᠠ ᠵᠠᠬ᠎ᠠ ᠳᠡᠯᠭᠡᠭᠦᠷ᠎ᠤᠨ ᠲᠦᠭᠰᠢᠭᠦᠷᠢ ᠶᠡᠬᠡᠲᠡᠢ ᠪᠠᠭᠤᠷᠠᠢ ᠠᠵᠤ ᠦᠢ᠍ᠯᠡᠰ ᠮᠥᠨ᠃ ᠵᠠᠬ᠎ᠠ ᠳᠡᠯᠭᠡᠭᠦᠷᠴᠢᠯᠡᠬᠦ ᠪᠠ ᠳᠡᠯᠡᠬᠡᠢ᠌ᠴᠢᠯᠡᠬᠦ ᠠᠬᠢᠴᠠ ᠵᠢᠨ ᠲᠦᠷᠭᠡᠳᠬᠦ ᠵᠢ ᠳᠠᠭ᠋ᠠᠯᠳᠤᠨ᠂ ᠲᠠᠷᠢᠶᠠᠯᠠᠩ ᠵᠡᠷᠭᠡ ᠬᠥᠳᠡᠭᠡ ᠲᠣᠰᠬᠣᠨ᠎ᠤ ᠲᠠᠷᠢᠶᠠᠯᠠᠩ᠎ᠳᠤ ᠬᠣᠯᠪᠣᠭᠳᠠᠬᠤ ᠠᠵᠤ ᠦᠢ᠍ᠯᠡᠰ᠎ᠤᠨ ᠦᠢ᠍ᠯᠡᠳᠪᠦᠷᠢᠯᠡᠯ ᠪᠠ ᠡᠵᠡᠩᠨᠡᠯᠲᠡ ᠵᠢᠨ ᠶᠠᠪᠤᠴᠠ᠎ᠳᠤ ᠲᠤᠯᠭ᠋ᠠᠷᠠᠬᠤ ᠠᠶᠤᠯ ᠲᠦᠭᠰᠢᠭᠦᠷᠢ ᠤᠯᠠᠮ᠎ᠠᠴᠠ ᠤᠯᠠᠮ ᠣᠯᠠᠰᠢᠷᠠᠵᠤ᠂ ᠤᠯᠠᠮ᠎ᠠᠴᠠ ᠤᠯᠠᠮ ᠪᠤᠳᠤᠯᠢᠶᠠᠨᠲᠠᠢ ᠪᠣᠯᠵᠤ ᠪᠠᠢ᠌ᠨ᠎ᠠ᠃ ᠡᠢ᠌ᠮᠦ᠎ᠠᠴᠠ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠦᠨᠳᠦᠰᠦ ᠰᠠᠭᠤᠷᠢ᠎ᠲᠠᠢ ᠪᠠᠢ᠌ᠬᠤ ᠵᠢ ᠪᠠᠲᠤᠯᠠᠬᠤ ᠵᠢᠨ ᠬᠠᠮᠲᠤ ᠦᠰᠦᠨ ᠪᠤᠵᠠᠭ᠋ᠠᠢ᠌ᠷᠠᠬᠤ᠎ᠳᠤ ᠡᠷᠬᠡᠪᠰᠢ ᠠᠶᠤᠯ ᠲᠦᠭᠰᠢᠭᠦᠷᠢ ᠵᠢᠨ ᠤᠳᠤᠷᠢᠳᠤᠮᠵᠢ ᠵᠢ ᠴᠢᠩᠭ᠋ᠠᠳᠬᠠᠬᠤ ᠬᠡᠷᠡᠭᠲᠡᠢ᠃ 《ᠠᠬᠢᠭᠤᠯᠬᠤ ᠬᠠᠤᠯᠢ》᠎ᠳᠠᠬᠢ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠤᠬᠠᠢ ᠱᠠᠭ᠋ᠠᠷᠳᠠᠯᠭ᠎ᠠ ᠵᠢ ᠰᠠᠢ᠌ᠲᠤᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠪᠠᠢ᠌ᠯᠳᠤᠬᠤ ᠪᠣᠳᠣᠯᠭ᠎ᠠ ᠵᠢᠨ ᠥᠨᠳᠥᠷᠴᠡ᠎ᠠᠴᠠ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠤᠳᠤ ᠵᠢᠨ ᠣᠷᠣᠰᠢᠵᠤ ᠪᠠᠢ᠌ᠭ᠎ᠠ ᠪᠠ ᠳᠠᠯᠳᠠ ᠠᠶᠤᠯ ᠲᠦᠭᠰᠢᠭᠦᠷᠢ ᠵᠢ ᠬᠢᠨᠠᠨ ᠦᠵᠡᠵᠦ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠤᠷᠳᠤ ᠬᠤᠭᠤᠴᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠠᠶᠤᠯ ᠲᠦᠭᠰᠢᠭᠦᠷᠢ ᠵᠢ ᠦᠨᠡᠯᠡᠬᠦ᠂ ᠣᠬᠣᠷ ᠬᠤᠭᠤᠴᠠᠭ᠋ᠠᠨ᠎ᠤ ᠪᠣᠳᠠᠲᠤ ᠠᠶᠤᠯ ᠲᠦᠭᠰᠢᠭᠦᠷᠢ ᠵᠢ ᠰᠡᠷᠭᠡᠢ᠌ᠯᠡᠬᠦ ᠪᠠ ᠬᠢᠵᠠᠭ᠋ᠠᠷᠯᠠᠬᠤ ᠵᠢ ᠪᠣᠳᠣᠯᠬᠢᠯᠠᠵᠤ᠂ ᠵᠣᠬᠢᠴᠠᠩᠭᠤᠢ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠠᠨᠳᠤᠯᠭ᠋ᠠᠲᠤ ᠴᠢᠨᠠᠷᠲᠠᠢ᠎ᠪᠠᠷ ᠪᠠᠢ᠌ᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃

    ᠪᠠᠢ᠌ᠭ᠋ᠠᠯᠢ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠠᠵᠤ ᠦᠢ᠍ᠯᠡᠰ᠎ᠤᠨ ᠪᠣᠬᠢᠷᠳᠤᠯ ᠦᠭᠡᠢ ᠬᠥᠭᠵᠢᠯᠲᠡ ᠵᠢᠨ ᠰᠠᠭᠤᠷᠢ ᠥᠩᠭᠡ ᠵᠢ ᠪᠠᠲᠤᠳᠬᠠᠨ᠎ᠠ

    ᠪᠠᠢ᠌ᠭ᠋ᠠᠯᠢ ᠵᠢᠨ ᠠᠶᠤᠯ ᠲᠦᠭᠰᠢᠭᠦᠷᠢ ᠵᠢᠨ ᠪᠦᠷᠢᠯᠳᠦᠯ᠎ᠨᠢ ᠡᠵᠡᠮᠳᠡᠵᠦ ᠳᠡᠶ᠋ᠢᠯᠬᠦ ᠦᠭᠡᠢ ᠪᠠᠢ᠌ᠬᠤ ᠵᠢᠨ ᠳᠡᠭᠡᠷ᠎ᠡ ᠲᠠᠷᠢᠶᠠᠯᠠᠩ᠎ᠤᠨ ᠲᠤᠰ ᠪᠡᠶ᠎ᠡ ᠵᠢᠨ ᠪᠠᠢ᠌ᠭ᠋ᠠᠯᠢ ᠵᠢᠨ ᠰᠢᠨᠵᠢ ᠴᠢᠨᠠᠷ᠎ᠠᠴᠠ ᠪᠣᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠬᠦ᠎ᠨᠢ ᠠᠵᠤ ᠠᠬᠤᠢ ᠵᠢᠨ ᠨᠥᠬᠥᠨ ᠦᠢ᠍ᠯᠡᠳᠪᠦᠷᠢᠯᠡᠯ᠎ᠤᠨ ᠶᠠᠪᠤᠴᠠ ᠪᠣᠯᠬᠤ ᠮᠥᠷᠲᠡᠭᠡᠨ ᠪᠠᠰᠠ ᠪᠠᠢ᠌ᠭ᠋ᠠᠯᠢ ᠵᠢᠨ ᠨᠥᠬᠥᠨ ᠦᠢ᠍ᠯᠡᠳᠪᠦᠷᠢᠯᠡᠯ᠎ᠤᠨ ᠶᠠᠪᠤᠴᠠ ᠪᠣᠯᠬᠤ ᠤᠴᠢᠷ᠎ᠠᠴᠠ ᠪᠠᠢ᠌ᠭ᠋ᠠᠯᠢ ᠵᠢᠨ ᠠᠶᠤᠯ ᠲᠦᠭᠰᠢᠭᠦᠷᠢ ᠵᠢᠨ ᠤᠯᠠᠮᠵᠢᠯᠠᠯᠲᠤ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠤᠴᠠᠷᠠᠭᠤᠯᠬᠤ ᠳᠠᠭ᠋ᠠᠷᠢᠯᠲᠠ ᠵᠢ ᠭᠦᠢ᠍ᠴᠡᠳ ᠪᠣᠳᠣᠯᠬᠢᠯᠠᠬᠤ ᠬᠡᠷᠡᠭᠲᠡᠢ ᠭᠡᠳᠡᠭ᠎ᠢ ᠲᠣᠭᠲᠠᠭ᠋ᠠᠵᠠᠢ᠃ ᠰᠢᠨ᠎ᠡ ᠬᠥᠭᠵᠢᠯᠲᠡ ᠵᠢᠨ ᠱᠠᠲᠤᠨ᠎ᠳᠤ᠂ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ ᠵᠶ᠋ᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠬᠥᠳᠡᠭᠡ ᠲᠣᠰᠬᠣᠨ᠎ᠤ ᠠᠵᠤ ᠦᠢ᠍ᠯᠡᠰ ᠪᠣᠯᠣᠨ ᠠᠮᠢ ᠠᠬᠤᠢ ᠵᠢᠨ ᠰᠢᠰᠲ᠋ᠧᠮ᠎ᠤᠨ ᠲᠡᠩᠴᠡᠭᠦᠷᠢ ᠵᠢ ᠠᠬᠢᠭᠤᠯᠬᠤ ᠬᠡᠷᠡᠭᠲᠡᠢ᠃

    ᠡᠩ ᠲᠡᠷᠢᠭᠦᠨ᠎ᠳᠤ᠂ ᠬᠥᠳᠡᠭᠡ ᠲᠣᠰᠬᠣᠨ᠎ᠤ ᠠᠵᠤ ᠦᠢ᠍ᠯᠡᠰ᠎ᠨᠢ ᠠᠮᠢ ᠠᠬᠤᠢ ᠵᠢᠨ ᠰᠢᠰᠲ᠋ᠧᠮ᠎ᠤᠨ ᠲᠡᠩᠴᠡᠭᠦᠷᠢ ᠵᠢ ᠬᠠᠮᠠᠭ᠋ᠠᠯᠠᠬᠤ ᠵᠢ ᠴᠢᠬᠤᠯᠠᠴᠢᠯᠠᠬᠤ ᠬᠡᠷᠡᠭᠲᠡᠢ᠃ ᠮᠠᠨ᠎ᠤ ᠤᠯᠤᠰ᠎ᠤᠨ ᠠᠮᠢ ᠠᠬᠤᠢ ᠵᠢᠨ ᠰᠢᠰᠲ᠋ᠧᠮ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠲᠠᠷᠢᠶᠠᠯᠠᠩ᠎ᠤᠨ ᠠᠮᠢ ᠠᠬᠤᠢ ᠵᠢᠨ ᠰᠢᠰᠲ᠋ᠧᠮ᠎ᠨᠢ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠩᠭ᠋ᠠᠬᠤ ᠪᠠ ᠲᠠᠷᠢᠶᠠᠯᠠᠩ᠎ᠤᠨ ᠠᠮᠢ ᠠᠬᠤᠢ ᠵᠢᠨ ᠣᠷᠴᠢᠨ ᠨᠥᠬᠥᠴᠡᠯ᠎ᠢ ᠰᠠᠢ᠌ᠵᠢᠷᠠᠭᠤᠯᠬᠤ ᠳᠠᠪᠬᠤᠷ ᠦᠢ᠍ᠯᠡᠳᠦᠯ᠎ᠢ ᠬᠠᠮᠲᠤ᠎ᠳᠤᠨᠢ ᠬᠠᠷᠠᠭ᠋ᠠᠯᠵᠠᠵᠤ᠂ ᠲᠠᠷᠢᠶᠠᠯᠠᠩ᠎ᠤᠨ ᠠᠮᠢ ᠠᠬᠤᠢ ᠵᠢᠨ ᠰᠢᠰᠲ᠋ᠧᠮ᠎ᠤᠨ ᠡᠬᠢ ᠪᠠᠶᠠᠯᠢᠭ ᠬᠢᠭᠡᠳ ᠣᠷᠴᠢᠨ ᠠᠬᠤᠢ ᠵᠢᠨ ᠳᠠᠭ᠋ᠠᠭ᠋ᠠᠴᠠ ᠵᠢᠨ ᠬᠡᠪᠴᠢᠶᠡᠨ᠎ᠳᠤ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠱᠠᠭ᠋ᠠᠷᠳᠠᠭᠳᠠᠬᠤ ᠡᠬᠢ ᠪᠠᠶᠠᠯᠢᠭ ᠣᠷᠴᠢᠨ ᠠᠬᠤᠢ ᠵᠢᠨ ᠰᠠᠭᠤᠷᠢ ᠵᠢ ᠪᠡᠬᠢᠵᠢᠭᠦᠯᠬᠦ ᠬᠡᠷᠡᠭᠲᠡᠢ᠃ 《ᠠᠬᠢᠭᠤᠯᠬᠤ ᠬᠠᠤᠯᠢ》᠎ᠳᠤ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠳᠦᠷᠢᠮ᠎ᠢ ᠬᠡᠷᠡᠭᠵᠢᠭᠦᠯᠬᠦ ᠬᠡᠷᠡᠭᠲᠡᠢ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠥᠳᠡᠭᠡ ᠲᠣᠰᠬᠣᠨ᠎ᠤ ᠭᠠᠵᠠᠷ ᠰᠢᠷᠣᠢ ᠵᠢ ᠡᠮᠬᠢᠯᠡᠨ ᠴᠡᠭᠴᠡᠯᠡᠬᠦ ᠪᠠ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠰᠢᠨᠵᠢᠯᠡᠬᠦ ᠤᠬᠠᠭ᠋ᠠᠨᠴᠢ᠎ᠪᠠᠷ ᠠᠶᠤᠯᠭᠦᠢ᠎ᠪᠠᠷ ᠠᠰᠢᠭᠯᠠᠬᠤ ᠵᠢ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃ ᠡᠢ᠌ᠮᠦ᠎ᠠᠴᠠ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠵᠠᠰᠠᠬᠤ ᠴᠢᠳᠠᠪᠤᠷᠢ ᠵᠢ ᠴᠢᠩᠭ᠋ᠠᠳᠬᠠᠬᠤ ᠪᠠ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠤᠳᠤ ᠦᠶ᠎ᠡ ᠵᠢᠨ ᠥᠨᠳᠥᠷ ᠪᠦᠲᠦᠮᠵᠢᠲᠡᠶ ᠠᠮᠢ ᠠᠬᠤᠢ ᠵᠢᠨ ᠲᠠᠷᠢᠶᠠᠯᠠᠩ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠡᠭᠦᠨ᠎ᠤ ᠵᠡᠷᠭᠡᠴᠡᠭᠡᠪᠡᠷ᠂ ᠬᠡᠷᠡᠭᠯᠡᠭᠴᠢᠳ᠎ᠤᠨ ᠤᠯᠠᠨ ᠡᠰᠢᠵᠢᠬᠦ᠂ ᠥᠪᠡᠷᠮᠢᠴᠡᠵᠢᠬᠦ᠂ ᠠᠮᠢᠳᠤᠷᠠᠬᠤ ᠵᠢᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠬᠦ ᠵᠢ ᠳᠠᠭ᠋ᠠᠯᠳᠤᠨ᠂ ᠬᠥᠮᠥᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠴᠢᠨᠠᠷ ᠰᠠᠢ᠌ᠲᠠᠢ᠂ ᠰᠢᠮ᠎ᠡ ᠲᠡᠵᠢᠭᠡᠯ᠂ ᠪᠣᠬᠢᠷᠳᠤᠯ ᠦᠭᠡᠢ᠂ ᠠᠮᠢ ᠠᠬᠤᠢ ᠵᠢᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ ᠪᠠᠢ᠌ᠨ᠎ᠠ᠃ ᠭᠡᠲᠡᠯ᠎ᠡ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠥᠷᠥᠯᠬᠢ ᠳᠠᠪᠠᠭᠤᠯᠢᠭ᠂ ᠵᠠᠬ᠎ᠠ ᠳᠡᠯᠭᠡᠭᠦᠷ᠂ ᠮᠡᠷᠭᠡᠵᠢᠯ ᠵᠡᠷᠭᠡ ᠨᠥᠬᠥᠴᠡᠯ᠎ᠤᠨ ᠬᠢᠵᠠᠭ᠋ᠠᠷᠯᠠᠯ᠎ᠠᠴᠠ ᠪᠣᠯᠵᠤ᠂ ᠲᠠᠷᠢᠶᠠᠯᠠᠩ᠎ᠤᠨ ᠤᠯᠠᠨ ᠴᠢᠳᠠᠮᠵᠢᠲᠤ ᠴᠢᠨᠠᠷ᠂ ᠦᠷᠭᠦᠯᠵᠢᠯᠡᠬᠦ ᠴᠢᠨᠠᠷ ᠪᠠ ᠨᠡᠮᠡᠯᠲᠡ ᠦᠷᠳᠡᠭ᠎ᠢ ᠠᠭᠤᠳᠠᠯᠤᠭᠰᠠᠨ ᠵᠶ᠋ᠠᠷ ᠬᠦᠷᠦᠯᠴᠡᠬᠦ ᠦᠭᠡᠢ ᠪᠠᠢ᠌ᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠬᠥᠳᠡᠭᠡ ᠠᠵᠤ ᠠᠬᠤᠢ ᠵᠢᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠬᠠᠮᠤᠭ᠎ᠤᠨ ᠶᠡᠬᠡ ᠥᠷᠢᠰᠦᠯᠳᠦᠭᠡᠨ ᠪᠣᠯ ᠳᠠᠷᠤᠢ ᠬᠥᠳᠡᠭᠡ ᠠᠵᠤ ᠠᠬᠤᠢ ᠬᠢᠭᠡᠳ ᠣᠷᠴᠢᠨ ᠲᠣᠭᠣᠷᠢᠨ᠎ᠢ ᠵᠣᠬᠢᠴᠠᠭᠤᠯᠬᠤ ᠠᠰᠠᠭᠤᠳᠠᠯ᠂ ᠬᠥᠳᠡᠭᠡ ᠠᠵᠤ ᠠᠬᠤᠢ ᠵᠢᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠠ ᠬᠥᠳᠡᠭᠡ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠵᠡᠷᠭᠡᠪᠡᠷ ᠠᠬᠢᠭᠤᠯᠬᠤ ᠠᠰᠠᠭᠤᠳᠠᠯ ᠪᠣᠯᠣᠨ᠎ᠠ᠃ ᠲᠡᠭᠦᠨ᠎ᠤ ᠦᠨᠳᠦᠰᠦᠨ ᠭᠠᠷᠬᠤ ᠵᠠᠮ᠎ᠨᠢ ᠲᠠᠷᠢᠶᠠᠯᠠᠩ᠎ᠤᠨ ᠠᠮᠢ ᠠᠬᠤᠢ᠌ᠴᠢᠯᠠᠭᠰᠠᠨ ᠦᠢ᠍ᠯᠡᠳᠪᠦᠷᠢᠯᠡᠯ᠎ᠢ ᠴᠢᠩᠭ᠋ᠠᠷᠠᠭᠤᠯᠬᠤ ᠪᠠ ᠣᠷᠭ᠋ᠠᠨᠢᠭ ᠠᠮᠢ ᠠᠬᠤᠢ ᠵᠢᠨ ᠲᠠᠷᠢᠶᠠᠯᠠᠩ᠎ᠢ ᠡᠷᠡᠭᠦᠯ ᠵᠶ᠋ᠡᠷ ᠬᠥᠭᠵᠢᠭᠦᠯᠬᠦ᠎ᠳᠤ ᠪᠠᠢ᠌ᠨ᠎ᠠ᠃ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ ᠵᠶ᠋ᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠤᠯᠠᠮᠵᠢᠯᠠᠯᠲᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠦᠬᠦ ᠲᠠᠯ᠎ᠠ᠎ᠪᠠᠷ ᠠᠮᠢ ᠠᠬᠤᠢ᠌ᠵᠢᠬᠤ ᠲᠡᠰᠢ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠬᠤ ᠬᠡᠷᠡᠭᠲᠡᠢ᠃ ᠨᠡᠩ ᠴᠤ᠌ ᠪᠠᠢ᠌ᠭ᠋ᠠᠯᠢ ᠵᠢᠨ ᠠᠮᠢ ᠠᠬᠤᠢ ᠵᠢᠨ ᠰᠢᠰᠲ᠋ᠧᠮ᠎ᠤᠨ ᠰᠠᠢ᠌ᠨ ᠣᠷᠴᠢᠯ᠎ᠢ ᠪᠠᠲᠤᠯᠠᠬᠤ᠎ᠪᠠᠷ ᠬᠦᠴᠦᠯᠡᠨ ᠴᠢᠷᠮᠠᠢ᠌ᠵᠤ᠂ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ᠎ᠪᠠᠷ ᠠᠰᠢᠭᠯᠠᠬᠤ ᠤᠷᠢᠲᠠᠯ ᠳᠣᠣᠷ᠎ᠠ᠂ ᠬᠠᠮᠤᠭ᠎ᠤᠨ ᠶᠡᠬᠡ ᠦᠢ᠍ᠯᠡᠳᠪᠦᠷᠢᠯᠡᠯ᠎ᠤᠨ ᠲᠠᠯᠳᠠ ᠬᠦᠴᠦᠨ᠎ᠢ ᠪᠠᠳᠠᠷᠠᠭᠤᠯᠵᠤ᠂ ᠠᠮᠢ ᠠᠬᠤᠢ ᠵᠢᠨ ᠰᠢᠰᠲ᠋ᠧᠮ᠎ᠤᠨ ᠳᠣᠲᠣᠭ᠋ᠠᠳᠤ ᠵᠢᠨ ᠲᠡᠩᠴᠡᠭᠦᠷᠢ ᠵᠢ ᠬᠠᠮᠠᠭ᠋ᠠᠯᠠᠵᠤ᠂ ᠠᠮᠢ ᠠᠬᠤᠢ ᠵᠢᠨ ᠠᠵᠤ ᠠᠬᠤᠢ ᠵᠢᠨ ᠵᠣᠬᠢᠴᠠᠩᠭᠤᠢ ᠬᠥᠭᠵᠢᠯᠲᠡ᠎ᠳᠤ ᠬᠦᠷᠭᠡᠬᠦ ᠬᠡᠷᠡᠭᠲᠡᠢ᠃

    ᠳᠠᠷᠠᠭ᠋ᠠᠯᠠᠪᠠᠯ᠂ ᠬᠥᠳᠡᠭᠡ ᠲᠣᠰᠬᠣᠨ᠎ᠤ ᠠᠵᠤ ᠦᠢ᠍ᠯᠡᠰ᠎ᠨᠢ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠤᠨ ᠬᠤᠪᠢᠷᠠᠭᠤᠯᠤᠯᠲᠠ ᠵᠢ ᠴᠢᠬᠤᠯᠠᠴᠢᠯᠠᠬᠤ ᠬᠡᠷᠡᠭᠲᠡᠢ᠂ ᠲᠤᠬᠠᠢ᠌ᠯᠠᠪᠠᠯ ᠠᠮᠢ ᠠᠬᠤᠢ᠂ ᠪᠣᠬᠢᠷᠳᠤᠯ ᠦᠭᠡᠢ᠎ᠨᠢ ᠡᠳᠦᠷ ᠢᠷᠡᠬᠦᠶ᠎ᠡ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠭᠧᠨ ᠪᠠ ᠠᠮᠢᠨ ᠰᠦᠨᠡᠰᠦ ᠪᠣᠯᠵᠤ ᠪᠠᠢ᠌ᠨ᠎ᠠ᠃ 《ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠢ᠍ᠨ᠎ᠢ ᠰᠠᠢ᠌ᠲᠤᠷ ᠬᠢᠬᠦ ᠲᠤᠬᠠᠢ ᠲᠠᠷᠢᠶᠠᠯᠠᠩ᠎ᠤᠨ ᠶᠠᠮᠤᠨ᠎ᠤ ᠬᠡᠷᠡᠭᠵᠢᠭᠦᠯᠬᠦ ᠰᠠᠨᠠᠯ》᠎ᠳᠤ 《ᠨᠢᠭᠡ ᠵᠢ ᠬᠢᠵᠠᠭ᠋ᠠᠷᠯᠠᠵᠤ ᠬᠣᠶᠠᠷ᠎ᠢ ᠪᠠᠭ᠋ᠠᠰᠬᠠᠵᠤ ᠭᠤᠷᠪᠠ ᠵᠢ ᠦᠨᠳᠦᠰᠦᠨ᠎ᠳᠤᠨᠢ ᠰᠢᠢ᠍ᠳᠪᠦᠷᠢᠯᠡᠬᠦ》 ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠢ᠍ᠨ᠎ᠤ ᠬᠠᠷᠠᠯᠲᠠ ᠵᠢᠨ ᠱᠠᠭ᠋ᠠᠷᠳᠠᠯᠭ᠎ᠠ ᠵᠢ ᠳᠤᠷᠠᠳᠤᠭᠰᠠᠨ᠎ᠠᠴᠠ ᠨᠠᠭ᠋ᠠᠰᠢ᠂ ᠮᠠᠨ᠎ᠤ ᠤᠯᠤᠰ᠎ᠤᠨ ᠲᠠᠷᠢᠶᠠᠨ ᠡᠮ ᠬᠢᠮᠢ ᠵᠢᠨ ᠪᠣᠷᠳᠣᠭᠤᠷ᠎ᠤᠨ ᠬᠡᠷᠡᠭᠯᠡᠯᠲᠡ ᠵᠢᠨ ᠬᠡᠮᠵᠢᠶ᠎ᠡ ᠤᠷᠬᠢᠯ᠎ᠤᠨ ᠬᠡᠮᠵᠢᠭᠳᠡᠯ᠎ᠠᠴᠠ᠎ᠪᠠᠨ ᠠᠭ᠋ᠠᠵᠢᠮ ᠵᠶ᠋ᠠᠷ ᠪᠠᠭᠤᠷᠠᠵᠤ᠂ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠡᠷᠡᠭᠯᠡᠬᠦ ᠬᠦᠴᠦᠯᠡᠴᠡ ᠵᠢᠨ 《ᠬᠣᠣᠰ ᠪᠠᠭᠤᠷᠠᠯᠲᠠ》 ᠵᠢ ᠪᠡᠶᠡᠯᠡᠭᠦᠯᠵᠡᠢ᠃ ᠭᠡᠪᠡᠴᠦ ᠳᠡᠯᠡᠬᠡᠢ ᠵᠢᠨ ᠳᠤᠮᠳᠠᠴᠢ ᠬᠢᠷᠢ ᠲᠦᠪᠰᠢᠨ ᠪᠠ ᠬᠥᠭᠵᠢᠭᠰᠡᠨ ᠤᠯᠤᠰ᠎ᠤᠨ ᠬᠢᠷᠢ ᠲᠦᠪᠰᠢᠨ᠎ᠲᠠᠢ ᠬᠠᠷᠢᠴᠠᠭᠤᠯᠪᠠᠯ᠂ ᠮᠠᠨ᠎ᠤ ᠤᠯᠤᠰ᠎ᠤᠨ ᠲᠠᠷᠢᠶᠠᠨ ᠡᠮ ᠬᠢᠮᠢ ᠵᠢᠨ ᠪᠣᠷᠳᠣᠭᠤᠷ᠎ᠤᠨ ᠬᠡᠷᠡᠭᠯᠡᠯᠲᠡ ᠵᠢᠨ ᠪᠠᠢ᠌ᠳᠠᠯ ᠲᠡᠶ᠋ᠢᠮᠦ ᠰᠠᠢ᠌ᠨ ᠪᠢᠰᠢ ᠪᠠᠢ᠌ᠵᠤ᠂ ᠮᠥᠨ ᠯᠡ ᠰᠡᠷᠭᠡᠢ᠌ᠯᠡᠯᠲᠡ ᠵᠢᠨ ᠱᠤᠭᠤᠮ᠎ᠤᠨ ᠬᠢᠷᠢ ᠲᠦᠪᠰᠢᠨ᠎ᠠᠴᠠ ᠥᠨᠳᠥᠷ ᠪᠠᠢ᠌ᠨ᠎ᠠ᠃ ᠡᠢ᠌ᠮᠦᠷᠬᠦ 《ᠣᠷᠣᠭᠤᠯᠤᠯᠲᠠ ᠶᠡᠬᠡ᠂ ᠡᠨᠧᠷᠭᠢ ᠵᠢᠨ ᠬᠣᠷᠣᠭᠳᠠᠯ ᠶᠡᠬᠡ᠂ ᠭᠠᠳᠠᠭᠰᠢᠯᠠᠭᠤᠯᠤᠯᠲᠠ ᠶᠡᠬᠡ᠂ ᠣᠷᠴᠢᠯ ᠪᠠᠭ᠎ᠠ᠂ ᠠᠰᠢᠭᠯᠠᠯᠲᠠ ᠪᠠᠭ᠎ᠠ》 ᠦᠢ᠍ᠯᠡᠳᠪᠦᠷᠢᠯᠡᠯ᠎ᠤᠨ ᠵᠠᠭᠪᠤᠷ᠎ᠨᠢ ᠰᠢᠨ᠎ᠡ ᠴᠠᠭ ᠦᠶ᠎ᠡ ᠵᠢᠨ ᠲᠠᠷᠢᠶᠠᠯᠠᠩ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠬᠤ ᠦᠭᠡᠢ ᠪᠠᠢ᠌ᠨ᠎ᠠ᠃ ᠢᠯᠠᠩᠭᠤᠶ᠎ᠠ 《ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠵᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ》ᠬᠠᠷᠠᠯᠲᠠ ᠵᠢ ᠪᠡᠶᠡᠯᠡᠭᠦᠯᠬᠦ ᠵᠢ ᠠᠬᠢᠭᠤᠯᠬᠤ ᠰᠢᠨ᠎ᠡ ᠪᠠᠢ᠌ᠳᠠᠯ ᠳᠣᠣᠷ᠎ᠠ᠂ ᠬᠥᠳᠡᠭᠡ ᠠᠵᠤ ᠠᠬᠤᠢ ᠵᠢᠴᠢ ᠬᠥᠳᠡᠭᠡ ᠠᠵᠤ ᠠᠬᠤᠢ ᠵᠢᠨ ᠬᠠᠮᠢᠶ᠎ᠠ ᠪᠦᠬᠦᠢ ᠠᠵᠤ ᠦᠢ᠍ᠯᠡᠰ᠎ᠨᠢ ᠡᠨᠧᠷᠭᠢ ᠠᠷᠪᠢᠯᠠᠵᠤ ᠬᠣᠷᠣᠭᠳᠠᠯ᠎ᠢ ᠪᠠᠭ᠋ᠠᠰᠬᠠᠬᠤ᠂ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ᠎ᠳᠤ ᠬᠥᠳᠡᠭᠡ ᠠᠵᠤ ᠠᠬᠤᠢ ᠵᠢᠨ ᠤᠶᠤᠨ ᠤᠬᠠᠭ᠋ᠠᠨ᠎ᠢ ᠨᠡᠮᠡᠷᠢᠯᠡᠬᠦ ᠬᠡᠷᠡᠭᠲᠡᠢ᠃ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠬᠦ᠎ᠳᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠭᠡᠬᠦ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠦᠢ᠍ᠯᠡᠳᠪᠦᠷᠢᠯᠡᠯ ᠠᠮᠢᠳᠤᠷᠠᠯ ᠠᠮᠢ ᠠᠬᠤᠢ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠲᠠᠷᠢᠶᠠᠨ ᠡᠮ ᠬᠢᠮᠢ ᠵᠢᠨ ᠪᠣᠷᠳᠣᠭᠤᠷ᠎ᠤᠨ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠲᠠᠷᠢᠮᠠᠯ᠎ᠤᠨ ᠦᠢ᠍ᠯᠡᠰ᠂ ᠮᠠᠯ ᠠᠵᠤ ᠠᠬᠤᠢ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ ᠵᠡᠷᠭᠡ ᠬᠥᠳᠡᠭᠡ ᠲᠣᠰᠬᠣᠨ᠎ᠤ ᠠᠵᠤ ᠦᠢ᠍ᠯᠡᠰ᠎ᠢ ᠤᠶᠠᠯᠳᠤᠭᠤᠯᠤᠭᠰᠠᠨ ᠠᠮᠢ ᠠᠬᠤᠢ ᠵᠢᠨ ᠣᠷᠴᠢᠯ ᠲᠠᠷᠢᠶᠠᠯᠠᠩ᠎ᠤᠨ ᠬᠥᠭᠵᠢᠯᠲᠡ ᠵᠢ ᠠᠬᠢᠭᠤᠯᠤᠨ᠎ᠠ᠃ ᠡᠭᠦᠨ᠎ᠤ ᠵᠡᠷᠭᠡᠴᠡᠭᠡᠪᠡᠷ᠂ 《ᠠᠬᠢᠭᠤᠯᠬᠤ ᠬᠠᠤᠯᠢ》᠎ᠳᠤ ᠤᠯᠤᠰ᠎ᠠᠴᠠ ᠠᠷᠭ᠎ᠠ ᠬᠡᠮᠵᠢᠶ᠎ᠡ ᠠᠪᠴᠤ ᠪᠠᠢ᠌ᠭ᠋ᠠᠳ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠪᠡᠶᠡᠴᠢ ᠴᠣᠭᠴᠠ ᠵᠢ ᠪᠣᠢ᠌ᠵᠢᠭᠤᠯᠤᠨ᠂ ᠠᠵᠤ ᠠᠬᠤᠢ᠌ᠯᠠᠯ ᠵᠶ᠋ᠠᠷ ᠪᠡᠶᠡᠴᠢ ᠴᠣᠭᠴᠠ ᠪᠣᠯᠭ᠋ᠠᠭᠰᠠᠨ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢ ᠬᠠᠮᠵᠢᠯᠴᠠᠭᠤᠯᠤᠭᠰᠠᠨ ᠰᠢᠨ᠎ᠡ ᠵᠢ ᠡᠭᠦᠳᠬᠦ ᠲᠣᠭᠲᠠᠴᠠ ᠵᠢ ᠪᠠᠢ᠌ᠭᠤᠯᠤᠨ᠎ᠠ ᠭᠡᠵᠦ ᠵᠢᠭ᠋ᠠᠵᠤ ᠭᠠᠷᠭ᠋ᠠᠪᠠ᠃ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠩ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠳᠡᠯᠭᠡᠷᠡᠭᠦᠯᠬᠦ᠎ᠳᠤ ᠠᠰᠢᠭᠲᠠᠢ ᠤᠷᠮᠠᠰᠢᠭᠤᠯᠬᠤ ᠲᠣᠭᠲᠠᠴᠠ ᠪᠠ ᠠᠰᠢᠭ ᠲᠤᠰᠠ ᠵᠢ ᠬᠤᠪᠢᠶᠠᠨ ᠡᠳ᠋ᠯᠡᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠪᠣᠬᠢᠷᠳᠤᠯ ᠦᠭᠡᠢ ᠮᠡᠷᠭᠡᠵᠢᠯ᠎ᠢ ᠬᠡᠷᠡᠭᠯᠡᠵᠦ ᠳᠡᠯᠭᠡᠷᠡᠭᠦᠯᠬᠦ ᠡᠷᠴᠢᠮ᠎ᠢ ᠲᠦᠷᠭᠡᠳᠬᠡᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠪᠠᠷᠢᠮᠲᠠᠯᠠᠵᠤ᠂ ᠠᠵᠤ ᠦᠢ᠍ᠯᠡᠰ᠎ᠤᠨ ᠬᠥᠭᠵᠢᠯᠲᠡ᠂ ᠪᠣᠬᠢᠷᠳᠤᠯ ᠦᠭᠡᠢ ᠰᠡᠷᠭᠡᠢ᠌ᠯᠡᠨ ᠡᠵᠡᠮᠳᠡᠬᠦ᠂ ᠲᠠᠷᠢᠮᠠᠯ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠢ ᠨᠢᠭᠡᠳᠦᠯᠲᠡᠢ ᠰᠡᠷᠭᠡᠢ᠌ᠯᠡᠨ ᠵᠠᠰᠠᠬᠤ ᠵᠡᠷᠭᠡ ᠭᠣᠭᠴᠣᠭ᠎ᠠ ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠦᠢ᠍ᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠰᠢᠯᠵᠢᠮᠡᠯ ᠢᠨᠲ᠋ᠧᠷ ᠰᠦᠯᠵᠢᠶ᠎ᠡ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠲᠣᠮᠣ ᠳ᠋ᠠᠢ᠌ᠲ᠋ᠠ ᠵᠡᠷᠭᠡ ᠰᠢᠨ᠎ᠡ᠎ᠪᠠᠷ ᠬᠥᠭᠵᠢᠭᠰᠡᠨ ᠮᠡᠳᠡᠭᠡ ᠵᠠᠩᠭᠢ ᠵᠢᠨ ᠮᠡᠷᠭᠡᠵᠢᠯ᠎ᠢ ᠥᠷᠭᠡᠨ ᠵᠶ᠋ᠡᠷ ᠬᠡᠷᠡᠭᠯᠡᠪᠡᠯ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠪᠠ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠤᠨ ᠰᠢᠨ᠎ᠡ ᠵᠢ ᠡᠭᠦᠳᠦᠨ ᠲᠡᠰ ᠳᠡᠪᠰᠢᠬᠦ ᠵᠢ ᠲᠦᠯᠬᠢᠨ ᠠᠬᠢᠭᠤᠯᠵᠤ ᠴᠢᠳᠠᠨ᠎ᠠ᠃

    ᠡᠭᠦᠨ᠎ᠠᠴᠠ ᠭᠠᠳᠠᠨ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ᠎ᠳᠤ ᠪᠠᠰᠠ ᠣᠨᠴᠠᠯᠢᠬ᠍ᠵᠢᠭᠤᠯᠬᠤ᠂ ᠲᠦᠷᠦᠯ ᠲᠡᠮᠳᠡᠭᠵᠢᠭᠦᠯᠬᠦ᠂ ᠪᠣᠬᠢᠷᠳᠤᠯ ᠦᠭᠡᠢ ᠪᠣᠯᠭ᠋ᠠᠬᠤ ᠲᠡᠰᠢ ᠬᠡᠯᠪᠡᠷᠢ᠎ᠪᠠᠨ ᠬᠤᠪᠢᠷᠠᠭᠤᠯᠬᠤ ᠬᠡᠷᠡᠭᠲᠡᠢ᠃ 《ᠠᠬᠢᠭᠤᠯᠬᠤ   ᠬᠠᠤᠯᠢ》᠎ᠳᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭ᠋ᠠᠪᠠ᠃ ᠲᠥᠷᠥᠯ ᠵᠦᠢ᠍ᠯ᠎ᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠪᠠ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠵᠢ ᠠᠬᠢᠭᠤᠯᠤᠨ᠎ᠠ᠃ ᠣᠳᠣᠬᠠᠨ᠎ᠳᠤ ᠮᠠᠨ᠎ᠤ ᠤᠯᠤᠰ᠎ᠤᠨ ᠵᠢᠵᠢᠭ ᠲᠠᠷᠢᠶᠠᠴᠢᠨ᠎ᠤ ᠡᠵᠡᠩᠨᠡᠯᠲᠡ ᠮᠥᠨ ᠯᠡ ᠴᠢᠬᠤᠯᠠ ᠪᠠᠢ᠌ᠷᠢ ᠵᠢ ᠡᠵᠡᠯᠡᠵᠦ᠂ ᠬᠡᠪᠴᠢᠶᠡᠲᠦ ᠦᠢ᠍ᠯᠡᠳᠪᠦᠷᠢᠯᠡᠯ᠎ᠢ ᠪᠦᠷᠢᠯᠳᠦᠭᠦᠯᠵᠦ ᠳᠡᠶ᠋ᠢᠯᠬᠦ ᠦᠭᠡᠢ᠂ ᠨᠡᠷᠡᠳᠤ ᠲᠡᠮᠳᠡᠭ᠎ᠤᠨ ᠤᠬᠠᠮᠰᠠᠷ ᠳᠣᠣᠷ᠎ᠠ ᠪᠠᠢ᠌ᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭ᠎ᠠ ᠬᠡᠮᠵᠢᠶ᠎ᠡ ᠵᠢ ᠦᠨᠡᠨ ᠬᠦ᠌ ᠪᠠᠲᠤᠯᠠᠬᠤ᠎ᠳᠤ ᠪᠡᠷᠬᠡᠲᠡᠢ ᠮᠥᠷᠲᠡᠭᠡᠨ ᠨᠡᠩ ᠴᠤ᠌ ᠶᠠᠰᠤ ᠴᠢᠨᠠᠷ᠎ᠤᠨ ᠳᠠᠪᠠᠭᠤᠯᠢᠭ᠎ᠢ ᠪᠦᠷᠢᠯᠳᠦᠭᠦᠯᠬᠦ᠎ᠳᠤ ᠪᠡᠷᠬᠡᠲᠡᠢ ᠶᠤᠮ᠃ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠬᠥᠭᠵᠢᠯᠲᠡ ᠵᠢᠨ ᠠᠯᠤᠰ ᠬᠡᠳᠦ ᠵᠢᠨ ᠪᠣᠳᠣᠯᠬᠢᠯᠠᠯ᠎ᠠᠴᠠ ᠪᠣᠳᠣᠯᠬᠢᠯᠠᠨ᠂ ᠰᠢᠨ᠎ᠡ ᠬᠡᠯᠪᠡᠷᠢ ᠵᠢᠨ ᠬᠥᠳᠡᠭᠡ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠶᠡᠬᠡᠪᠡᠷ ᠳᠡᠮᠵᠢᠵᠦ᠂ ᠬᠡᠪᠴᠢᠶᠡᠵᠢᠭᠰᠡᠨ ᠤᠳᠤ ᠦᠶ᠎ᠡ ᠵᠢᠨ ᠬᠥᠳᠡᠭᠡ ᠠᠵᠤ ᠠᠬᠤᠢ ᠵᠢ ᠬᠥᠭᠵᠢᠭᠦᠯᠬᠦ ᠵᠢ ᠵᠣᠷᠢᠭᠵᠢᠭᠤᠯᠵᠤ᠂ ᠣᠷᠣᠨ ᠪᠦᠰᠡ ᠵᠢᠨ ᠴᠢᠨᠠᠷ ᠴᠢᠨᠰᠠᠭ᠎ᠠ ᠪᠠ ᠣᠨᠴᠠᠯᠢᠭ᠎ᠲᠠᠢ ᠠᠵᠤ ᠦᠢ᠍ᠯᠡᠰ᠎ᠢ ᠡᠭᠦᠳᠴᠦ᠂ ᠵᠢᠷᠤᠮᠵᠢᠯ᠎ᠤᠨ ᠴᠢᠨᠠᠷᠲᠠᠢ ᠪᠠ ᠥᠷᠢᠰᠦᠯᠳᠦᠬᠦ ᠬᠦᠴᠦᠨ᠎ᠲᠠᠢ ᠲᠦᠷᠦᠯ ᠲᠡᠮᠳᠡᠭ᠎ᠢ ᠪᠣᠢ᠌ᠵᠢᠭᠤᠯᠬᠤ ᠬᠡᠷᠡᠭᠲᠡᠢ᠃ ᠭᠠᠭᠴᠠ ᠬᠦ᠌ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠨᠠᠷᠠᠲᠤ ᠲᠥᠷᠥᠯ ᠲᠡᠮᠳᠡᠭᠲᠦ ᠵᠢ ᠰᠢᠯᠢᠳᠡᠭᠵᠢᠭᠦᠯᠦᠨ ᠬᠦᠴᠦᠷᠬᠡᠭᠵᠢᠭᠦᠯᠪᠡᠯ ᠰᠠᠶᠢ ᠪᠦᠲᠦᠭᠡᠭᠳᠡᠬᠦᠨ᠎ᠤ ᠲᠣᠰ ᠪᠡᠶ᠎ᠡ ᠵᠢᠨ ᠥᠷᠲᠡᠭ᠎ᠢ ᠳᠡᠭᠡᠭᠰᠢᠯᠡᠭᠦᠯᠵᠦ᠂ ᠨᠡᠢ᠌ᠭᠡᠮ᠎ᠤᠨ ᠬᠡᠷᠡᠭᠴᠡᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭ᠋ᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠪᠠ ᠲᠠᠷᠢᠶᠠᠯᠠᠩ᠎ᠤᠨ ᠬᠠᠮᠢᠶ᠎ᠠ ᠪᠦᠬᠦᠢ ᠪᠦᠲᠦᠭᠡᠭᠳᠡᠬᠦᠨ᠎ᠤ ᠴᠢᠨᠠᠷ ᠰᠠᠢ᠌ᠲᠠᠢ ᠪᠥᠭᠡᠳ ᠥᠨᠳᠥᠷ ᠦᠨ᠎ᠡ᠎ᠲᠠᠢ ᠪᠠᠢ᠌ᠬᠤ ᠵᠢ ᠪᠠᠲᠤᠯᠠᠵᠤ ᠴᠢᠳᠠᠨ᠎ᠠ᠃

    ᠠᠵᠤ ᠦᠢ᠍ᠯᠡᠰ᠎ᠤᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠤᠨ᠎ᠠ

    ᠬᠥᠳᠡᠭᠡ ᠲᠣᠰᠬᠣᠨ᠎ᠤ ᠠᠵᠤ ᠦᠢ᠍ᠯᠡᠰ ᠪᠣᠯ ᠣᠳᠣᠬᠢᠴᠢᠯᠠᠭᠰᠠᠨ ᠠᠵᠤ ᠠᠬᠤᠢ ᠵᠢᠨ   ᠰᠢᠰᠲ᠋ᠧᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠠᠵᠤ ᠦᠢ᠍ᠯᠡᠰ᠎ᠤᠨ ᠬᠥᠭᠵᠢᠯᠲᠡ ᠵᠢᠨ ᠡᠩ᠎ᠤᠨ ᠵᠢᠮ᠎ᠡ ᠶᠣᠰᠣ ᠪᠣᠯᠣᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠥᠪᠡᠷᠮᠢᠴᠡ ᠣᠨᠴᠠᠯᠢᠭ᠎ᠢ ᠤᠶᠠᠯᠳᠤᠭᠤᠯᠵᠤ᠂ ᠳᠤᠮᠳᠠᠳᠤ ᠤᠯᠤᠰ᠎ᠤᠨ ᠬᠥᠳᠡᠭᠡ ᠲᠣᠰᠬᠣᠨ᠎ᠤ ᠣᠨᠴᠠᠯᠢᠭ᠎ᠲᠠᠢ ᠠᠵᠤ ᠦᠢ᠍ᠯᠡᠰ᠎ᠤᠨ   ᠰᠢᠰᠲ᠋ᠧᠮ᠎ᠢ ᠪᠠᠢ᠌ᠭᠤᠯᠵᠤ᠂ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠰᠢᠨ᠎ᠡ ᠵᠢ ᠡᠭᠦᠳᠬᠦ ᠪᠠ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ᠃ 《ᠠᠬᠢᠭᠤᠯᠬᠤ ᠬᠠᠤᠯᠢ》᠎ᠳᠤ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠰᠢᠰᠲ᠋ᠧᠮ᠂ ᠦᠢ᠍ᠯᠡᠳᠪᠦᠷᠢᠯᠡᠯ᠎ᠤᠨ ᠰᠢᠰᠲ᠋ᠧᠮ ᠪᠠ ᠡᠵᠡᠩᠨᠡᠯᠲᠡ ᠵᠢᠨ ᠰᠢᠰᠲ᠋ᠧᠮ᠎ᠢ ᠪᠠᠶ᠋ᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃ ᠤᠳᠤ ᠵᠢᠨ ᠨᠡᠢ᠌ᠭᠡᠮ᠎ᠤᠨ ᠬᠡᠯᠪᠡᠷᠢ ᠵᠢ ᠬᠤᠪᠢᠷᠠᠭᠤᠯᠬᠤ ᠪᠠ ᠥᠭᠡᠷᠡᠴᠢᠯᠡᠯᠲᠡ ᠬᠢᠬᠦ᠎ᠨᠢ ᠴᠠᠭ ᠦᠶ᠎ᠡ ᠵᠢᠨ ᠭᠣᠣᠯ ᠰᠡᠳᠦᠪ ᠪᠣᠯᠵᠤ᠂ ᠨᠡᠢ᠌ᠭᠡᠮ᠎ᠤᠨ ᠰᠢᠨ᠎ᠡ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠬᠥᠳᠡᠭᠡ ᠠᠵᠤ ᠠᠬᠤᠢ ᠵᠢᠨ ᠬᠥᠭᠵᠢᠯᠲᠡ ᠵᠢᠨ ᠬᠦᠴᠢᠷᠳᠡᠯ᠎ᠢ ᠳᠠᠪᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠵᠤ᠂ ᠬᠥᠳᠡᠭᠡ ᠠᠵᠤ ᠠᠬᠤᠢ ᠵᠢᠴᠢ ᠤᠳᠤ ᠦᠶ᠎ᠡ ᠵᠢᠨ ᠠᠵᠤ ᠦᠢ᠍ᠯᠡᠰ᠎ᠤᠨ ᠡᠯᠧᠮᠧᠨ᠋ᠲ᠎ᠢ ᠵᠠᠭ᠋ᠠᠭ ᠠᠯᠤᠰᠯᠠᠨ ᠲᠣᠬᠢᠷᠠᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠭᠦᠨᠵᠡᠭᠡᠢ ᠰᠣᠯᠪᠢᠴᠠᠨ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃

    ᠡᠩ ᠲᠡᠷᠢᠭᠦᠨ᠎ᠳᠤ᠂ ᠠᠵᠤ ᠦᠢ᠍ᠯᠡᠰ᠎ᠤᠨ ᠬᠥᠭᠵᠢᠯᠲᠡ ᠵᠢᠨ ᠵᠢᠮ᠎ᠡ ᠶᠣᠰᠣ ᠵᠢ ᠭᠦᠢ᠍ᠴᠡᠳ ᠲᠠᠨᠢᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠡᠩ ᠲᠡᠷᠢᠭᠦᠨ᠎ᠳᠤ ᠵᠢᠮ᠎ᠡ ᠶᠣᠰᠣ᠎ᠪᠠᠷ ᠠᠵᠢᠯᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠬᠥᠳᠡᠭᠡ ᠲᠣᠰᠬᠣᠨ᠎ᠤ ᠠᠵᠤ ᠦᠢ᠍ᠯᠡᠰ᠎ᠨᠢ ᠦᠢ ᠣᠯᠠᠨ ᠠᠵᠤ ᠦᠢ᠍ᠯᠡᠰ᠎ᠤᠨ ᠨᠢᠭᠡ ᠭᠣᠭᠴᠣᠭ᠎ᠠ ᠪᠣᠯᠤᠭᠰᠠᠨ᠎ᠤ ᠬᠤᠪᠢ᠎ᠳᠤ᠂ ᠬᠡᠳᠦᠢ᠌ᠪᠡᠷ ᠲᠥᠷᠥᠯ ᠵᠦᠢ᠍ᠯ᠎ᠨᠢ ᠣᠯᠠᠨ ᠶᠠᠩᠵᠤ ᠵᠢᠨ᠂ ᠬᠥᠭᠵᠢᠯᠲᠡ ᠵᠢᠨ ᠠᠷᠭ᠎ᠠ ᠮᠠᠶᠢᠭ᠎ᠨᠢ ᠲᠣᠰ ᠲᠣᠰ᠎ᠲᠠᠭᠠᠨ ᠠᠳᠠᠯᠢ ᠪᠤᠰᠤ ᠪᠠᠢ᠌ᠳᠠᠭ ᠪᠣᠯᠪᠠᠴᠤ ᠴᠥᠮ ᠨᠡᠢ᠌ᠲᠡᠯᠢᠭ ᠴᠢᠨᠠᠷᠲᠠᠢ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠬᠤ ᠪᠣᠯᠣᠨ᠎ᠠ᠃ ᠠᠵᠤ ᠦᠢ᠍ᠯᠡᠰ᠎ᠤᠨ ᠬᠥᠭᠵᠢᠯᠲᠡ ᠵᠢᠨ ᠨᠡᠢ᠌ᠲᠡᠯᠢᠭ ᠣᠨᠴᠠᠯᠢᠭ᠎ᠢ ᠢᠯᠡᠷᠡᠭᠦᠯᠬᠦ᠎ᠪᠠᠷ ᠪᠠᠷᠠᠬᠤ ᠦᠭᠡᠢ ᠪᠠᠰᠠ ᠬᠥᠳᠡᠭᠡ ᠲᠣᠰᠬᠣᠨ᠎ᠤ ᠣᠨᠴᠠᠯᠢᠭ᠎ᠲᠠᠢ ᠪᠠᠢ᠌ᠬᠤ ᠬᠡᠷᠡᠭᠲᠡᠢ᠃ ᠠᠵᠢᠯ ᠲᠦᠷᠦᠯ᠎ᠤᠨ ᠲᠤᠰ ᠪᠡᠶ᠎ᠡ ᠵᠢᠨ ᠬᠥᠭᠵᠢᠯᠲᠡ ᠵᠢᠨ ᠵᠢᠮ᠎ᠡ ᠶᠣᠰᠣ ᠵᠢ ᠭᠦᠢ᠍ᠴᠡᠳ ᠬᠦᠨᠳᠦᠳᠬᠡᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠪᠤᠰᠤᠳᠴᠢ ᠪᠣᠳᠠᠲᠤ ᠬᠡᠷᠡᠭ᠎ᠠᠴᠠ ᠡᠭᠦᠰᠴᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠵᠢᠮ᠎ᠡ ᠶᠣᠰᠣ ᠵᠢ ᠪᠣᠯᠪᠠᠰᠤᠷᠠᠭᠤᠯᠤᠨ ᠳᠡᠭᠡᠭᠰᠢᠯᠡᠭᠦᠯᠬᠦ ᠪᠣᠯ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠴᠢᠨᠠᠷ ᠰᠠᠢ᠌ᠲᠠᠢ ᠠᠬᠢᠭᠤᠯᠬᠤ ᠵᠢᠨ ᠤᠷᠢᠲᠠᠯ ᠮᠥᠨ᠃ ᠭᠡᠪᠡᠴᠦ ᠣᠷᠳᠣ ᠬᠤᠭᠤᠴᠠᠭ᠋ᠠᠨ᠎ᠤ ᠲᠤᠷᠰᠢ ᠮᠠᠨ᠎ᠤ ᠤᠯᠤᠰ ᠬᠣᠲᠠ ᠬᠥᠳᠡᠭᠡ ᠵᠢᠨ ᠬᠣᠶᠠᠷ ᠡᠰᠢᠲᠦ ᠪᠦᠲᠦᠴᠡ ᠵᠢᠨ ᠨᠥᠯᠥᠭᠡ ᠵᠢ ᠭᠥᠷᠳᠡᠭᠰᠡᠨ᠎ᠠᠴᠠ ᠬᠣᠲᠠ ᠬᠥᠳᠡᠭᠡ ᠵᠢᠨ ᠬᠥᠭᠵᠢᠯᠲᠡ ᠲᠡᠩᠴᠡᠭᠦᠷᠢ ᠦᠭᠡᠢ ᠪᠣᠯᠵᠤ᠂ ᠴᠢᠬᠤᠯᠠ ᠡᠯᠧᠮᠧᠨ᠋ᠲ᠎ᠤᠨ ᠲᠣᠬᠢᠷᠠᠭᠤᠯᠤᠯᠲᠠ ᠪᠠ ᠡᠬᠢ ᠪᠠᠶᠠᠯᠢᠭ᠎ᠤᠨ ᠲᠥᠷᠥᠯᠬᠢ ᠴᠢᠨᠠᠷ᠎ᠤᠨ ᠠᠯᠢ ᠴᠤ᠌ ᠲᠠᠯ᠎ᠠ᠎ᠪᠠᠷ ᠴᠥᠮ ᠪᠡᠯᠡ ᠮᠥᠩᠭᠥ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ᠎ᠪᠠᠷ ᠡᠬᠢ ᠪᠠᠶᠠᠯᠢᠭ ᠲᠤᠲᠠᠭᠳᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠬᠦᠨᠳᠦ ᠨᠣᠴᠢᠲᠠᠢ ᠬᠢᠵᠠᠭ᠋ᠠᠷᠯᠠᠵᠤ ᠪᠠᠢ᠌ᠨ᠎ᠠ᠃ ᠰᠢᠨ᠎ᠡ ᠬᠥᠭᠵᠢᠯᠲᠡ ᠵᠢᠨ ᠱᠠᠲᠤ ᠦᠶ᠎ᠡ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠶᠡᠷᠦᠩᠬᠡᠢ ᠬᠡᠮᠵᠢᠶᠡᠨ᠎ᠤ ᠬᠤᠷᠠᠮᠳᠤᠭᠤᠯᠤᠯ᠎ᠲᠠᠢ ᠪᠠᠢ᠌ᠬᠤ᠎ᠪᠠᠷ ᠪᠠᠷᠠᠬᠤ ᠦᠭᠡᠢ᠂ ᠨᠠᠩ ᠴᠢᠬᠤᠯᠠ᠎ᠨᠢ ᠶᠠᠰᠤ ᠴᠢᠨᠠᠷ᠎ᠤᠨ ᠳᠡᠭᠡᠭᠰᠢᠯᠡᠯᠲᠡ ᠪᠣᠯᠣᠨ᠎ᠠ᠂ ᠪᠦᠲᠦᠴᠡ ᠵᠢ ᠰᠢᠯᠢᠳᠡᠭᠵᠢᠭᠦᠯᠬᠦ ᠪᠠ ᠠᠵᠤ ᠦᠢ᠍ᠯᠡᠰ᠎ᠢ ᠳᠠᠪᠬᠤᠴᠠᠭᠤᠯᠤᠨ ᠲᠠᠰ ᠳᠡᠪᠰᠢᠭᠦᠯᠬᠦ ᠵᠢ ᠴᠢᠬᠤᠯᠠᠴᠢᠯᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠦᠶᠡᠯᠡᠯ᠎ᠤᠨ ᠬᠤᠭᠤᠴᠠᠭ᠎ᠠ᠂ ᠨᠥᠯᠥᠭᠡᠯᠡᠬᠦ ᠬᠦᠴᠦᠨ ᠵᠦᠢ᠍ᠯ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠡᠷᠭᠡ ᠵᠠᠩᠭᠢᠯᠠᠭ᠎ᠠ ᠵᠢᠨ ᠠᠰᠠᠭᠤᠳᠠᠯ᠎ᠢ ᠠᠩᠬᠠᠷᠴᠤ᠂ ᠲᠡᠭᠦᠨ᠎ᠤ ᠪᠣᠶ ᠪᠣᠯᠬᠤ᠂ ᠪᠣᠢ᠌ᠵᠢᠬᠤ᠂ ᠥᠷᠭᠡᠳᠬᠦ᠂ ᠮᠠᠭᠤᠳᠠᠬᠤ ᠪᠠ ᠰᠢᠭᠰᠢᠭᠳᠡᠬᠦ ᠵᠡᠷᠭᠡ ᠡᠯ᠎ᠡ ᠬᠥᠭᠵᠢᠯᠲᠡ ᠵᠢᠨ ᠱᠠᠲᠤᠨ᠎ᠤ ᠣᠷᠴᠢᠨ ᠲᠣᠭᠣᠷᠢᠨ᠎ᠢ ᠰᠤᠳᠤᠯᠪᠠᠯ ᠰᠠᠶᠢ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ ᠴᠢᠳᠠᠨ᠎ᠠ᠃

    ᠳᠠᠷᠠᠭ᠋ᠠᠯᠠᠪᠠᠯ᠂ ᠪᠥᠬᠥ ᠬᠡᠯᠬᠢᠶᠡᠲᠦ ᠠᠵᠤ ᠦᠢ᠍ᠯᠡᠰ᠎ᠤᠨ ᠪᠥᠭᠡᠮᠨᠡᠷᠡᠯ᠎ᠢ ᠪᠣᠶ ᠪᠣᠯᠭ᠋ᠠᠵᠤ᠂ ᠲᠠᠷᠢᠶᠠᠯᠠᠩ ᠬᠢᠭᠡᠳ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠢ ᠶᠡᠬᠡ᠎ᠪᠠᠷ ᠠᠬᠢᠭᠤᠯᠤᠨ᠎ᠠ᠃ ᠰᠢ ᠵᠢᠨ ᠫᠢᠩ ᠶᠡᠷᠦᠩᠬᠡᠢ ᠱᠦᠵᠢ ᠵᠢᠭ᠋ᠠᠵᠤ ᠭᠠᠷᠭ᠋ᠠᠭᠰᠠᠨ᠎ᠨᠢ᠂ ᠣᠲᠣ ᠦᠶ᠎ᠡ ᠵᠢᠨ ᠲᠠᠷᠢᠶᠠᠯᠠᠩ᠎ᠢ ᠬᠥᠭᠵᠢᠭᠦᠯᠬᠦ ᠵᠢᠨ ᠲᠣᠭᠣᠷᠢᠨ᠎ᠳᠤ᠂ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢᠨ ᠲᠣᠭᠣᠷᠢᠨ᠎ᠳᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ 《ᠠᠬᠢᠭᠤᠯᠬᠤ   ᠬᠠᠤᠯᠢ》᠎ᠳᠤ ᠪᠠᠰᠠ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠳᠡᠮᠵᠢᠨ ᠠᠬᠢᠭᠤᠯᠵᠤ᠂ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠰᠢᠰᠲ᠋ᠧᠮ᠂ ᠦᠢ᠍ᠯᠡᠳᠪᠦᠷᠢᠯᠡᠯ᠎ᠤᠨ ᠰᠢᠰᠲ᠋ᠧᠮ ᠪᠠ ᠡᠵᠡᠩᠨᠡᠯᠲᠡ ᠵᠢᠨ ᠰᠢᠰᠲ᠋ᠧᠮ᠎ᠢ ᠪᠠᠶ᠋ᠢᠭᠤᠯᠬᠤ ᠵᠢ ᠲᠦᠯᠬᠢᠨ ᠠᠬᠢᠭᠤᠯᠤᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠦᠢ᠍ᠯᠡᠳᠪᠦᠷᠢᠯᠡᠯ᠎ᠤᠨ ᠡᠯᠧᠮᠧᠨ᠋ᠲ᠎ᠢ ᠵᠣᠬᠢᠰᠲᠠᠢ ᠲᠣᠬᠢᠷᠠᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠵᠢᠨ ᠱᠠᠲᠤᠨ᠎ᠳᠤ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠬᠤ ᠪᠣᠯ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠢᠷᠡᠭᠡᠳᠦᠢ ᠵᠢᠨ ᠬᠠᠨᠳᠤᠰᠢ ᠪᠣᠯᠣᠨ᠎ᠠ᠂ ᠮᠥᠨᠴᠦ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠶᠠᠮᠠᠷᠪᠠ ᠠᠵᠤ ᠦᠢ᠍ᠯᠡᠰ᠎ᠤᠨ ᠬᠥᠭᠵᠢᠯᠲᠡ᠎ᠨᠢ ᠵᠠᠢ᠌ᠯᠠᠰᠢ ᠦᠭᠡᠢ ᠶᠡᠷᠦᠩᠬᠡᠶ᠋ᠢᠴᠢᠯᠡᠬᠦ᠂ ᠲᠤᠰᠬᠠᠢ᠌ᠵᠢᠬᠤ ᠪᠠ ᠰᠢᠰᠲ᠋ᠧᠮᠵᠢᠬᠦ ᠵᠠᠮ ᠵᠶ᠋ᠠᠷ ᠵᠠᠮᠨᠠᠬᠤ ᠶᠤᠮ᠂ ᠲᠤᠰᠠᠭ᠋ᠠᠷ ᠬᠥᠭᠵᠢᠯᠲᠡ᠎ᠨᠢ ᠴᠤᠭᠯᠠᠷᠠᠯ᠎ᠤᠨ ᠦᠢ᠍ᠯᠡᠳᠦᠯ ᠭᠠᠷᠭ᠋ᠠᠵᠤ ᠴᠢᠳᠠᠬᠤ ᠦᠭᠡᠢ ᠶᠤᠮ᠃ ᠮᠠᠨ᠎ᠤ ᠤᠯᠤᠰ ᠪᠣᠯ ᠬᠥᠮᠥᠨ ᠠᠮᠠ ᠵᠢᠨ ᠲᠣᠮᠣ ᠤᠯᠤᠰ ᠮᠥᠨ᠂ ᠡᠨᠡ᠎ᠨᠢ ᠲᠠᠷᠢᠶᠠᠯᠠᠩ᠎ᠤᠨ ᠳᠤᠮᠳᠠᠳᠤ ᠤᠯᠤᠰ᠎ᠲᠠᠬᠢ ᠬᠠᠮᠤᠭ᠎ᠤᠨ ᠴᠢᠬᠤᠯᠠ ᠦᠢ᠍ᠯᠡᠳᠦᠯ ᠪᠣᠯ ᠭᠣᠣᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠶ ᠬᠠᠩᠭ᠋ᠠᠯᠭ᠎ᠠ ᠵᠢ ᠪᠠᠲᠤᠯᠠᠬᠤ ᠶᠠᠪᠤᠳᠠᠯ ᠪᠣᠯᠬᠤ ᠵᠢ ᠲᠣᠭᠲᠠᠭ᠋ᠠᠭᠰᠠᠨ ᠶᠤᠮ᠃ ᠬᠡᠳᠦᠢ᠌ᠪᠡᠷ ᠬᠥᠳᠡᠭᠡ ᠠᠵᠤ ᠠᠬᠤᠢ ᠵᠢᠨ ᠠᠵᠤ ᠠᠬᠤᠢ ᠵᠢᠨ ᠪᠠᠢ᠌ᠷᠢ ᠰᠠᠭᠤᠷᠢ ᠪᠠᠭᠤᠷᠠᠵᠤ ᠪᠠᠢ᠌ᠭ᠎ᠠ ᠪᠣᠯᠪᠠᠴᠤ ᠰᠠᠭᠤᠷᠢ ᠴᠢᠨᠠᠷᠲᠠᠢ ᠠᠵᠤ ᠦᠢ᠍ᠯᠡᠰ ᠪᠣᠯᠬᠤ ᠬᠥᠳᠡᠭᠡ ᠠᠵᠤ ᠠᠬᠤᠢ ᠵᠢᠨ ᠪᠠᠢ᠌ᠷᠢ ᠰᠠᠭᠤᠷᠢ ᠬᠤᠪᠢᠷᠠᠬᠤ ᠦᠭᠡᠢ ᠶᠤᠮ᠂ ᠬᠥᠳᠡᠭᠡ ᠠᠵᠤ ᠠᠬᠤᠢ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ᠎ᠳᠤ ᠬᠥᠳᠡᠭᠡ ᠠᠵᠤ ᠠᠬᠤᠢ ᠪᠣᠯᠣᠨ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠤᠨ ᠬᠡᠮᠵᠢᠶ᠎ᠡ ᠵᠢ ᠨᠡᠮᠡᠭᠳᠡᠭᠦᠯᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ᠃ ᠣᠳᠣᠬᠠᠨ᠎ᠤ ᠪᠠᠢ᠌ᠳᠠᠯ᠎ᠠᠴᠠ ᠦᠵᠡᠪᠡᠯ᠂ ᠮᠠᠨ᠎ᠤ ᠤᠯᠤᠰ᠎ᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠡᠯᠬᠢᠶ᠎ᠡ ᠨᠡᠯᠢᠶᠡᠳ ᠣᠬᠣᠷ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠦᠷᠳᠡᠭ᠎ᠤᠨ ᠨᠡᠮᠡᠭᠳᠡᠯ᠎ᠤᠨ ᠨᠤᠷᠮ᠎ᠠ ᠥᠨᠳᠥᠷ ᠪᠢᠰᠢ᠂ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ᠎ᠲᠠᠢ ᠠᠵᠤ ᠦᠢ᠍ᠯᠡᠰ᠎ᠤᠨ ᠪᠦᠯᠦᠭᠵᠢᠯ᠎ᠢ ᠪᠦᠷᠢᠯᠳᠦᠭᠦᠯᠦᠭᠡᠳᠦᠢ ᠪᠠᠢ᠌ᠨ᠎ᠠ᠃ ᠬᠡᠰᠡᠭ ᠭᠠᠵᠠᠷ ᠣᠷᠣᠨ᠎ᠤ ᠬᠥᠳᠡᠭᠡ ᠲᠣᠰᠬᠣᠨ᠎ᠤ ᠠᠵᠤ ᠦᠢ᠍ᠯᠡᠰ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠢ ᠠᠩᠬ᠎ᠠ ᠪᠣᠯᠪᠠᠰᠤᠷᠠᠭᠤᠯᠬᠤ᠂ ᠳᠣᠣᠷ᠎ᠠ ᠲᠡᠰ ᠳᠠᠪᠬᠤᠷᠭ᠎ᠠ ᠵᠢᠨ ᠬᠥᠳᠡᠭᠡ ᠲᠣᠰᠬᠣᠨ᠎ᠤ ᠵᠢᠭᠤᠯᠴᠢᠯᠠᠯ᠂ ᠦᠢ᠍ᠯᠡᠳᠬᠦᠨ᠎ᠤ ᠦᠷᠳᠡᠭ ᠵᠶ᠋ᠡᠷ ᠳᠣᠣᠷ᠎ᠠ ᠲᠠᠷᠢᠶᠠᠯᠠᠩ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠯ᠎ᠠ᠎ᠳᠤ ᠲᠥᠪᠯᠡᠷᠡᠵᠦ᠂ ᠰᠢᠨ᠎ᠡ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠬᠤ᠎ᠳᠤ ᠪᠡᠷᠬᠡᠲᠡᠢ ᠪᠠᠢ᠌ᠨ᠎ᠠ᠃ ᠭᠤᠷᠪᠠᠨ ᠠᠵᠤ ᠦᠢ᠍ᠯᠡᠰ᠎ᠢ ᠠᠭᠤᠰᠤᠯᠴᠠᠭᠤᠯᠬᠤ᠎ᠨᠢ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠭᠣᠣᠯ ᠭᠠᠷᠳᠠᠴᠠ ᠪᠣᠯᠤᠭᠰᠠᠨ᠎ᠤ ᠬᠤᠪᠢ᠎ᠳᠤ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠬᠡᠪ ᠵᠠᠭᠪᠤᠷ᠎ᠢ ᠪᠤᠢ ᠪᠣᠯᠭ᠋ᠠᠬᠤ᠎ᠪᠠᠷ ᠳᠠᠮᠵᠢᠭᠤᠯᠤᠨ᠂ ᠲᠠᠷᠢᠶᠠᠯᠠᠩ᠎ᠤᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠡᠭᠦᠨ᠎ᠤ ᠤᠯᠠᠮ᠎ᠠᠴᠠ ᠲᠠᠷᠢᠶᠠᠯᠠᠩ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠂ ᠬᠥᠳᠡᠭᠡ ᠲᠣᠰᠬᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠣᠭᠣᠷᠣᠨᠳᠣᠬᠢ ᠭᠦᠨᠵᠡᠭᠡᠢ ᠠᠭᠤᠰᠤᠯᠴᠠᠯ᠎ᠢ ᠪᠡᠶᠡᠯᠡᠭᠦᠯᠵᠦ᠂ ᠲᠠᠷᠢᠶᠠᠯᠠᠩ ᠬᠢᠭᠡᠳ ᠰᠣᠶᠣᠯ᠂ ᠵᠢᠭᠤᠯᠴᠢᠯᠠᠯ᠂ ᠡᠷᠡᠭᠦᠯ ᠮᠡᠨᠳᠤ᠂ ᠨᠠᠰᠤᠵᠢᠯ᠎ᠤᠨ ᠠᠰᠠᠷᠠᠮᠵᠢ ᠵᠡᠷᠭᠡ ᠠᠵᠤ ᠦᠢ᠍ᠯᠡᠰ᠎ᠤᠨ ᠤᠶᠠᠯᠳᠤᠯ᠎ᠢ ᠭᠣᠣᠯᠳᠠᠯᠭ᠎ᠠ᠎ᠲᠠᠢ᠎ᠪᠠᠷ ᠲᠦᠯᠬᠢᠨ ᠠᠬᠢᠭᠤᠯᠵᠤ᠂ ᠲᠠᠷᠢᠶᠠᠯᠠᠩ᠎ᠤᠨ ᠨᠡᠮᠡᠯᠲᠡ ᠴᠢᠳᠠᠮᠵᠢ ᠵᠢ ᠠᠭᠤᠳᠠᠯᠤᠨ ᠠᠰᠢᠭᠯᠠᠵᠤ᠂ ᠤᠯᠠᠮᠵᠢᠯᠠᠯᠲᠤ ᠲᠠᠷᠢᠶᠠᠯᠠᠩ᠎ᠤᠨ ᠣᠷᠣᠯᠭ᠎ᠠ ᠵᠢ ᠨᠡᠮᠡᠭᠳᠡᠭᠦᠯᠬᠦ ᠣᠷᠣᠨ ᠵᠠᠢ ᠵᠢ ᠥᠷᠭᠡᠳᠬᠡᠨ᠎ᠡ᠃ ᠲᠡᠷᠡᠴᠢᠯᠡᠨ ᠲᠤᠰᠬᠠᠢ᠌ᠵᠢᠭᠰᠠᠨ ᠰᠠᠭᠤᠷᠢᠨ ᠳᠡᠭᠡᠷ᠎ᠡ᠂ ᠠᠭᠤᠰᠤᠯᠴᠠᠯ᠎ᠢ ᠠᠬᠢᠭᠤᠯᠵᠤ ᠴᠢᠳᠠᠨ᠎ᠠ᠃ ᠡᠢ᠌ᠮᠦᠷᠬᠦ ᠬᠥᠭᠵᠢᠯᠲᠡ ᠵᠢᠨ ᠣᠢ᠌ᠯᠠᠭ᠋ᠠᠭᠳᠠᠬᠤᠨ ᠳᠣᠣᠷ᠎ᠠ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠲᠤᠰᠬᠠᠢ᠌ᠵᠢᠯᠲᠠ᠎ᠨᠢ ᠠᠵᠤ ᠦᠢ᠍ᠯᠡᠰ᠎ᠤᠨ ᠬᠡᠯᠬᠢᠶ᠎ᠡ ᠵᠢᠨ ᠠᠰᠢᠭ ᠲᠤᠰᠠ ᠵᠢ ᠪᠡᠶᠡᠯᠡᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠠᠭᠤᠰᠤᠯᠴᠠᠯ᠎ᠨᠢ ᠬᠠᠷᠢᠨ ᠣᠨᠳᠣᠣ ᠠᠵᠤ ᠦᠢ᠍ᠯᠡᠰ᠎ᠤᠨ ᠬᠡᠯᠬᠢᠶ᠎ᠡ ᠵᠢᠨ ᠠᠰᠢᠭ ᠲᠤᠰᠠ ᠵᠢ ᠬᠥᠭᠡᠭᠡᠴᠡᠯᠳᠦᠵᠡᠢ᠃

    ᠭᠤᠷᠪᠠᠳᠤᠭ᠋ᠠᠷ᠎ᠲᠤ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠪᠣᠢ᠌ᠵᠢᠭᠤᠯᠵᠤ᠂ ᠬᠤᠪᠢᠷᠠᠯᠲᠠ ᠶᠡᠬᠡᠲᠡᠢ ᠪᠤᠳᠤᠯᠢᠶᠠᠨᠲᠠᠢ ᠠᠶᠤᠯ ᠲᠦᠭᠰᠢᠭᠦᠷᠢ ᠵᠢᠨ ᠥᠷᠢᠰᠦᠯᠳᠦᠭᠡᠨ᠎ᠢ ᠠᠷᠭ᠋ᠠᠴᠠᠨ᠎ᠠ᠃ ᠣᠳᠣᠬᠠᠨ᠎ᠳᠤ ᠮᠠᠨ᠎ᠤ ᠤᠯᠤᠰ᠎ᠤᠨ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢᠨ ᠳᠤᠲᠠᠭᠤᠳᠠᠯ᠎ᠨᠢ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠭᠣᠣᠯ ᠴᠣᠭᠴᠠ ᠴᠢᠩᠭ᠎ᠠ ᠪᠢᠰᠢ᠂ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠶᠠᠰᠤ ᠴᠢᠨᠠᠷ ᠦᠷ᠎ᠡ ᠠᠰᠢᠭ᠎ᠤᠨ ᠲᠦᠪᠰᠢᠨ ᠨᠡᠯᠢᠶᠡᠳ ᠳᠣᠣᠷ᠎ᠠ᠂ ᠳᠡᠯᠡᠬᠡᠢ᠎ᠳᠠᠬᠢ ᠥᠷᠢᠰᠦᠯᠳᠦᠬᠦ ᠬᠦᠴᠦᠨ ᠪᠠᠭᠤᠷᠠᠢ ᠪᠠᠢ᠌ᠭ᠎ᠠ ᠠᠵᠤ ᠦᠢ᠍ᠯᠡᠰ᠎ᠤᠨ ᠣᠨᠴᠠᠯᠢᠭ᠎ᠲᠤ ᠪᠤᠢ᠃ ᠮᠠᠨ᠎ᠤ ᠤᠯᠤᠰ᠎ᠤᠨ ᠬᠥᠳᠡᠭᠡ ᠠᠵᠤ ᠠᠬᠤᠢ ᠳᠤᠮᠳᠠᠳᠤ ᠤᠯᠤᠰ᠎ᠤᠨ ᠣᠨᠴᠠᠯᠢᠭ ᠪᠦᠬᠦᠢ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠬᠤ᠎ᠳᠤ᠂ ᠦᠨᠳᠦᠰᠦᠨ ᠳᠡᠭᠡᠷ᠎ᠡ᠎ᠪᠠᠨ ᠠᠮᠢ ᠠᠬᠤᠢ ᠵᠢᠨ ᠤᠬᠠᠮᠰᠠᠷᠲᠤ ᠤᠬᠠᠮᠰᠠᠷ ᠎ᠲᠠᠢ ᠪᠣᠯᠵᠤ ᠴᠢᠳᠠᠬᠤ ᠡᠰᠡᠬᠦ᠎ᠪᠠᠷ ᠲᠣᠭᠲᠠᠭ᠋ᠠᠭᠳᠠᠨ᠎ᠠ᠂ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠪᠠ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠦᠷᠢᠳᠦᠭᠦᠯᠵᠦ᠂ ᠲᠠᠰᠤᠷᠠᠯᠲᠠ ᠦᠭᠡᠢ ᠬᠤᠪᠢᠷᠠᠵᠤ ᠪᠠᠢ᠌ᠭ᠎ᠠ ᠵᠠᠬ᠎ᠠ ᠳᠡᠯᠭᠡᠭᠦᠷ᠎ᠲᠤ ᠦᠳᠲᠡᠷ ᠲᠦᠷᠭᠡᠨ ᠵᠶ᠋ᠡᠷ  ᠲᠣᠬᠢᠷᠠᠭᠤᠯᠤᠯᠲᠠ ᠬᠢᠵᠦ ᠴᠢᠳᠠᠬᠤ᠂ ᠠᠶᠤᠯ ᠲᠦᠭᠰᠢᠭᠦᠷᠢ ᠵᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠎ᠪᠠᠷ ᠴᠢᠩᠭ᠎ᠠ᠂ ᠭᠣᠣᠯᠳᠠᠭᠤ ᠲᠤᠰ ᠪᠡᠶ᠎ᠡ ᠵᠢᠨ ᠬᠦᠴᠦᠨ᠎ᠳᠡᠭᠡᠨ ᠲᠦᠰᠢᠭᠯᠡᠬᠦ᠎ᠠᠴᠠ ᠪᠢᠰᠢ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠳᠤ ᠲᠦᠰᠢᠭᠯᠡᠬᠦ ᠦᠭᠡᠢ᠂ ᠤᠯᠠᠮᠵᠢᠯᠠᠯᠲᠤ ᠵᠢᠵᠢᠭ ᠲᠠᠷᠢᠶᠠᠴᠢᠨ ᠡᠷᠦᠬᠡ᠎ᠠᠴᠠ ᠢᠯᠭ᠋ᠠᠭᠳᠠᠬᠤ ᠪᠣᠯᠪᠠᠴᠤ ᠪᠡᠶ᠎ᠡ᠎ᠪᠠᠨ ᠳᠠᠭ᠋ᠠᠭ᠋ᠠᠬᠤ ᠴᠢᠳᠠᠪᠤᠷᠢ ᠎ᠪᠠᠷ ᠴᠢᠩᠭ᠎ᠠ᠂ ᠢᠷᠡᠭᠡᠳᠦᠢ ᠵᠢᠨ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠯᠲᠡ ᠵᠢᠨ ᠪᠦᠬᠦᠯᠢ ᠴᠣᠭᠴᠠ ᠵᠢᠨ ᠬᠠᠷᠠᠯᠲᠠ᠎ᠳᠤ ᠨᠡᠶ᠋ᠢᠴᠡᠬᠦ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠪᠣᠯᠣᠨ᠎ᠠ᠃ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠵᠢ ᠪᠠᠭᠲᠠᠭ᠋ᠠᠭᠰᠠᠨ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢ ᠪᠣᠢ᠌ᠵᠢᠭᠤᠯᠬᠤ᠎ᠨᠢ ᠠᠵᠤ ᠦᠢ᠍ᠯᠡᠰ᠎ᠤᠨ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠨᠡᠮᠡᠭᠳᠡᠭᠦᠯᠵᠦ ᠴᠢᠳᠠᠬᠤ ᠮᠥᠷᠲᠡᠭᠡᠨ ᠪᠠᠰᠠ ᠲᠠᠷᠢᠶᠠᠯᠠᠩ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠣᠳᠣᠬᠢᠴᠢᠯᠠᠯᠲᠠ ᠵᠢ ᠠᠬᠢᠭᠤᠯᠵᠤ ᠴᠢᠳᠠᠬᠤ ᠪᠣᠯᠬᠣᠷ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠪᠴᠢᠯᠡᠨ ᠪᠡᠶᠡᠯᠡᠭᠦᠯᠬᠦ᠎ᠳᠤ ᠴᠢᠬᠤᠯᠠ ᠦᠢ᠍ᠯᠡᠳᠦᠯ᠎ᠲᠠᠢ ᠶᠤᠮ᠃ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠪᠣᠯ ᠤᠳᠤ ᠦᠶ᠎ᠡ ᠵᠢᠨ ᠲᠠᠷᠢᠶᠠᠯᠠᠩ᠎ᠤᠨ ᠡᠵᠡᠩᠨᠡᠯᠲᠡ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠷᠡ᠎ᠨᠢ ᠣᠳᠣᠬᠢ ᠱᠠᠲᠤᠨ᠎ᠤ ᠲᠠᠷᠢᠶᠠᠯᠠᠩ᠎ᠤᠨ ᠲᠣᠭ᠎ᠠ ᠬᠡᠮᠵᠢᠶᠡᠨ᠎ᠤ ᠨᠡᠮᠡᠭᠳᠡᠯ᠎ᠠᠴᠠ ᠶᠠᠰᠤ ᠴᠢᠨᠠᠷ᠎ᠤᠨ ᠨᠡᠮᠡᠭᠳᠡᠯ ᠲᠡᠢ᠌ᠰᠢ ᠬᠤᠪᠢᠷᠠᠬᠤ ᠵᠢ ᠪᠡᠶᠡᠯᠡᠭᠦᠯᠬᠦ᠂ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ᠂ ᠲᠠᠷᠢᠶᠠᠯᠠᠩ᠎ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠠ ᠲᠠᠷᠢᠶᠠᠯᠠᠩ᠎ᠤᠨ ᠦᠢ᠍ᠯᠡᠳᠪᠦᠷᠢᠯᠡᠭᠴᠢᠳ᠎ᠤᠨ ᠣᠷᠣᠯᠭ᠎ᠠ ᠵᠢ ᠳᠡᠭᠡᠭᠰᠢᠯᠡᠭᠦᠯᠬᠦ᠎ᠳᠤ ᠠᠰᠢᠭᠲᠠᠢ ᠶᠤᠮ᠃

    ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠪᠣᠶ ᠪᠣᠯᠭ᠋ᠠᠵᠤ᠂ ᠠᠵᠤ ᠦᠢ᠍ᠯᠡᠰ᠎ᠤᠨ ᠠᠶᠤᠯ ᠲᠦᠭᠰᠢᠭᠦᠷᠢ ᠪᠠᠭ᠋ᠠᠲᠠᠢ ᠠᠵᠢᠯᠯᠠᠭ᠋ᠠᠨ᠎ᠢ ᠤᠳᠤᠷᠢᠳᠤᠨ᠎ᠠ

    ᠲᠠᠷᠢᠶᠠᠯᠠᠩ ᠪᠣᠯ ᠤᠯᠤᠰ ᠠᠷᠠᠳ᠎ᠤᠨ ᠠᠵᠤ ᠠᠬᠤᠢ ᠵᠢᠨ ᠰᠠᠭᠤᠷᠢ ᠮᠥᠨ᠂ ᠲᠠᠷᠢᠶᠠᠯᠠᠩ ᠲᠣᠭᠲᠠᠭᠤᠨ ᠪᠠᠢ᠌ᠪᠠᠯ ᠳᠡᠯᠡᠬᠡᠢ ᠳ᠋ᠠᠬᠢᠨ ᠠᠮᠤᠷ ᠲᠦᠪᠰᠢᠨ ᠪᠠᠢ᠌ᠵᠤ ᠴᠢᠳᠠᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠲᠦᠷᠦ ᠵᠢᠨ ᠪᠣᠳᠣᠯᠭ᠎ᠠ ᠵᠢᠨ《ᠲᠦᠷᠪᠡᠨ ᠨᠢᠷᠤᠭᠤ ᠨᠠᠢ᠍ᠮᠠᠨ ᠲᠤᠯᠭ᠋ᠠᠭᠤᠷᠢ》ᠵᠢ ᠨᠢᠭᠡᠨᠲᠡ ᠦᠨᠳᠦᠰᠦᠨ᠎ᠳᠡᠭᠡᠨ ᠪᠠᠢ᠌ᠭᠤᠯᠵᠤ᠂ ᠬᠥᠳᠡᠭᠡ ᠠᠵᠤ ᠠᠬᠤᠢ ᠪᠣᠯᠣᠨ ᠬᠥᠳᠡᠭᠡ ᠲᠣᠰᠬᠣᠨ᠎ᠤ ᠠᠵᠤ ᠠᠬᠤᠢ ᠵᠢᠨ ᠬᠥᠭᠵᠢᠯᠲᠡ ᠵᠢ ᠪᠦᠲᠦᠮᠵᠢᠲᠡᠢ ᠪᠠᠲᠤᠯᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠦᠨᠳᠦᠰᠦ ᠰᠠᠭᠤᠷᠢ᠎ᠲᠠᠢ ᠪᠣᠯᠬᠤ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠠᠷᠭ᠋ᠠᠴᠠᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠴᠡᠢ᠃ ᠭᠡᠪᠡᠴᠦ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ 《ᠰᠢᠨ᠎ᠡ ᠬᠡᠪ ᠪᠠᠢ᠌ᠳᠠᠯ》᠎ᠳᠤ ᠣᠷᠣᠭᠰᠠᠨ᠎ᠠᠴᠠ ᠨᠠᠭ᠋ᠠᠰᠢ᠂ ᠲᠠᠷᠢᠶᠠᠯᠠᠩ᠎ᠨᠢ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠤᠳᠠᠭ᠋ᠠᠰᠢᠷᠠᠭᠰᠠᠨ ᠪᠠ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠥᠷᠢᠰᠦᠯᠳᠦᠭᠡᠨ ᠬᠤᠷᠴᠠᠳᠤᠭᠰᠠᠨ ᠳᠠᠪᠬᠤᠷ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ᠃ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠪᠠᠲᠤᠯᠠᠬᠤ ᠵᠢᠨ ᠲᠥᠯᠥᠭᠡ᠂ ᠤᠯᠤᠰ᠎ᠤᠨ ᠳᠣᠲᠣᠭ᠋ᠠᠳᠤ᠎ᠳᠠᠭᠠᠨ ᠰᠠᠭᠤᠷᠢᠯᠠᠵᠤ᠂ ᠳᠡᠯᠡᠬᠡᠢ ᠵᠢᠨ ᠪᠠᠢ᠌ᠳᠠᠯ᠎ᠢ ᠬᠠᠷᠠᠵᠤ᠂ 《ᠬᠣᠣᠰ ᠡᠷᠭᠢᠯᠲᠡ》ᠵᠢ ᠪᠦᠬᠦ ᠬᠦᠴᠦᠨ ᠵᠶ᠋ᠡᠷ ᠵᠶ᠋ᠡᠨ ᠰᠢᠯᠤᠭᠤᠳᠬᠠᠬᠤ ᠬᠡᠷᠡᠭᠲᠡᠢ᠃

    ᠡᠩ ᠲᠡᠷᠢᠭᠦᠨ᠎ᠳᠤ᠂ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠢᠳᠡᠪᠬᠢᠲᠡᠢ ᠠᠷᠭ᠋ᠠᠴᠠᠵᠤ᠂ ᠵᠠᠬ᠎ᠠ ᠳᠡᠯᠭᠡᠭᠦᠷ᠎ᠤᠨ ᠴᠢᠳᠠᠮᠵᠢ ᠵᠢ ᠴᠢᠩᠭ᠋ᠠᠳᠬᠠᠨ᠎ᠠ᠃ ᠮᠠᠨ᠎ᠤ ᠤᠯᠤᠰ᠎ᠤᠨ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠯ᠎ᠤᠨ ᠠᠭ᠋ᠠᠵᠢᠮ ᠵᠶ᠋ᠠᠷ ᠪᠤᠢ ᠪᠣᠯᠬᠤ ᠵᠢ ᠳᠠᠭ᠋ᠠᠯᠳᠤᠨ᠂ ᠬᠥᠳᠡᠭᠡ ᠲᠣᠰᠬᠣᠨ᠎ᠤ ᠠᠵᠤ ᠦᠢ᠍ᠯᠡᠰ ᠶᠠᠭᠤ ᠦᠢ᠍ᠯᠡᠳᠪᠦᠷᠢᠯᠡᠬᠦ᠂ ᠬᠡᠳᠦᠢ ᠦᠢ᠍ᠯᠡᠳᠪᠦᠷᠢᠯᠡᠬᠦ᠂ ᠶᠠᠭ᠋ᠠᠬᠢᠵᠤ ᠦᠢ᠍ᠯᠡᠳᠪᠦᠷᠢᠯᠡᠬᠦ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡᠨ᠎ᠤ ᠬᠠᠷᠢᠴᠠᠭ᠎ᠠ᠎ᠪᠠᠷ ᠲᠣᠭᠲᠠᠭ᠋ᠠᠬᠤ ᠬᠡᠷᠡᠭᠲᠡᠢ᠂ ᠬᠠᠷᠢᠨ ᠵᠠᠰᠠᠭ᠎ᠤᠨ ᠣᠷᠳᠣᠨ᠎ᠠᠴᠠ ᠲᠠᠬᠢᠵᠤ ᠲᠥᠯᠥᠪᠯᠡᠵᠦ ᠪᠣᠯᠬᠤ ᠦᠭᠡᠢ᠃ ᠡᠨᠡ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠳᠤᠷᠠᠳᠤᠨ ᠭᠠᠷᠭ᠋ᠠᠭᠰᠠᠨ ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠤ ᠵᠠᠬ᠎ᠠ ᠳᠡᠯᠭᠡᠭᠦᠷ ᠵᠶ᠋ᠡᠷ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ ᠭᠠᠷᠭ᠋ᠠᠭᠤᠯᠬᠤ᠎ᠲᠠᠢ ᠨᠢᠭᠲᠠ ᠤᠶᠠᠯᠳᠤᠭᠤᠯᠤᠨ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠨ ᠪᠣᠳᠠᠲᠠᠢ ᠢᠯᠡᠷᠡᠯ ᠮᠥᠨ ᠪᠥᠭᠡᠳ ᠨᠡᠩ ᠴᠤ᠌ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠡᠷᠡᠭᠦᠯ ᠪᠥᠭᠡᠳ ᠡᠮᠬᠢ ᠵᠢᠷᠤᠮ᠎ᠲᠠᠢ᠎ᠪᠠᠷ ᠬᠥᠭᠵᠢᠬᠦ ᠵᠢ ᠠᠬᠢᠭᠤᠯᠬᠤ ᠵᠢᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠃ ᠣᠳᠣᠬᠠᠨ᠎ᠤ ᠪᠠᠢ᠌ᠳᠠᠯ᠎ᠠᠴᠠ ᠦᠵᠡᠪᠡᠯ᠂ ᠲᠠᠷᠢᠶᠠᠯᠠᠩ᠎ᠨᠢ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠳᠤᠲᠠᠭᠤᠳᠠᠯ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ ᠦᠨᠳᠦᠰᠦᠨ ᠤᠯᠤᠰ᠎ᠤᠨ ᠪᠠᠢ᠌ᠳᠠᠯ᠎ᠲᠠᠢ ᠨᠢᠭᠲᠠ ᠬᠣᠯᠪᠣᠭ᠎ᠠ᠎ᠲᠠᠢ᠂ ᠬᠥᠮᠥᠨ ᠠᠮᠠ ᠵᠢᠨ ᠲᠣᠭ᠋ᠠᠨ᠎ᠤ ᠰᠠᠭᠤᠷᠢ ᠲᠣᠭ᠎ᠠ ᠶᠡᠬᠡ᠂ ᠠᠵᠤ ᠦᠢ᠍ᠯᠡᠰ᠎ᠤᠨ ᠬᠥᠭᠵᠢᠯᠲᠡ᠎ᠳᠤ ᠬᠡᠷᠡᠭᠰᠡᠬᠦ ᠡᠬᠢ ᠪᠠᠶᠠᠯᠢᠭ᠎ᠢ ᠪᠤᠷᠤᠭᠤ ᠲᠣᠬᠢᠷᠠᠭᠤᠯᠤᠭᠰᠠᠨ ᠵᠡᠷᠭᠡ ᠪᠣᠳᠠᠲᠤ ᠪᠠᠢ᠌ᠳᠠᠯ᠎ᠨᠢ ᠮᠠᠨ᠎ᠤ ᠤᠯᠤᠰ᠎ᠤᠨ ᠨᠡᠢ᠌ᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠰᠢᠵᠤ ᠪᠠᠢ᠌ᠬᠤ ᠪᠥᠭᠡᠳ ᠤᠷᠳᠤ ᠬᠤᠭᠤᠴᠠᠭ᠎ᠠ᠎ᠪᠠᠷ ᠣᠷᠣᠰᠢᠬᠤ ᠪᠣᠯᠣᠨ᠎ᠠ ᠭᠡᠳᠡᠭ᠎ᠢ ᠲᠣᠭᠲᠠᠭ᠋ᠠᠭᠰᠠᠨ ᠪᠠᠢ᠌ᠨ᠎ᠠ᠃ ᠡᠭᠦᠨ᠎ᠠᠴᠠ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠬᠦ᠎ᠳᠤ ᠡᠷᠬᠡᠪᠰᠢ ᠨᠡᠩ ᠤᠯᠠᠨ ᠨᠥᠬᠥᠴᠡᠯ᠎ᠢ ᠪᠤᠢ ᠪᠣᠯᠭ᠋ᠠᠵᠤ᠂ ᠡᠬᠢ ᠪᠠᠶᠠᠯᠢᠭ ᠪᠣᠯᠣᠨ ᠡᠯᠧᠮᠧᠨ᠋ᠲ᠎ᠢ ᠬᠤᠳᠠ ᠬᠥᠳᠡᠭᠡ ᠵᠢᠨ ᠬᠣᠭᠣᠷᠣᠨᠳᠤ ᠰᠢᠯᠵᠢᠭᠦᠯᠬᠦ ᠬᠡᠷᠡᠭᠲᠡᠢ ᠭᠡᠳᠡᠭ᠎ᠢ ᠲᠣᠭᠲᠠᠭ᠋ᠠᠵᠠᠢ᠃ ᠡᠨᠡ᠎ᠨᠢ ᠭᠣᠣᠯᠳᠠᠭᠤ ᠡᠬᠢ ᠪᠠᠶᠠᠯᠢᠭ ᠪᠠ ᠡᠯᠧᠮᠧᠨ᠋ᠲ᠎ᠤᠨ ᠡᠷᠭᠢᠯᠲᠡ ᠵᠢᠨ ᠬᠡᠪᠴᠢᠶ᠎ᠡ᠎ᠨᠢ ᠵᠣᠬᠢᠬᠤ ᠬᠡᠮᠵᠢᠶᠡᠨ ᠳᠡᠭᠡᠷ᠎ᠡ ᠲᠡᠭᠦᠨ᠎ᠤ ᠦᠷᠳᠡᠭ᠎ᠤᠨ ᠶᠡᠬᠡ ᠪᠠᠭ᠎ᠠ ᠵᠢ ᠲᠣᠭᠲᠠᠭ᠋ᠠᠵᠤ᠂ ᠨᠡᠩ ᠴᠤ᠌ ᠲᠡᠭᠦᠨ᠎ᠤ ᠦᠢ᠍ᠯᠡᠴᠢᠯᠡᠬᠦ ᠠᠵᠤ ᠦᠢ᠍ᠯᠡᠰ᠎ᠤᠨ ᠥᠷᠭᠡᠵᠢᠬᠦ ᠴᠢᠳᠠᠪᠤᠷᠢ ᠵᠢᠨ ᠶᠡᠬᠡ ᠪᠠᠭ᠎ᠠ ᠵᠢ ᠲᠣᠭᠲᠠᠭ᠋ᠠᠭᠰᠠᠨ᠎ᠠᠴᠠ ᠪᠣᠯᠤᠭᠰᠠᠨ ᠶᠤᠮ᠃ ᠬᠥᠳᠡᠭᠡ ᠲᠣᠰᠬᠣᠨ᠎ᠳᠤ ᠡᠯᠪᠡᠭ ᠳᠡᠯᠪᠡᠭ ᠡᠬᠢ ᠪᠠᠶᠠᠯᠢᠭ᠎ᠤᠨ ᠨᠥᠬᠥᠴᠡᠯ᠎ᠲᠠᠢ ᠪᠠᠢ᠌ᠳᠠᠭ ᠪᠣᠯᠪᠠᠴᠤ ᠨᠠᠮ ᠲᠣᠭᠲᠠᠭᠤᠨ᠂ ᠨᠣᠢ᠌ᠷᠮᠣᠭᠯᠠᠬᠤ ᠬᠡᠯᠪᠡᠷᠢ᠎ᠪᠠᠷ ᠣᠷᠣᠰᠢᠵᠤ ᠪᠠᠢ᠌ᠳᠠᠭ ᠪᠣᠯᠬᠣᠷ ᠥᠷᠲᠡᠭ ᠡᠭᠦᠰᠬᠦ᠎ᠳᠤ ᠪᠡᠷᠬᠡ ᠪᠠᠢ᠌ᠳᠠᠭ᠃ ᠭᠠᠭᠴᠠ ᠬᠦ᠌ ᠲᠡᠭᠦᠨ᠎ᠢ ᠠᠵᠤ ᠦᠢ᠍ᠯᠡᠰᠵᠢᠭᠦᠯᠪᠡᠯ ᠰᠠᠶᠢ ᠲᠡᠭᠦᠨ᠎ᠤ ᠲᠤᠰ ᠪᠡᠶ᠎ᠡ ᠵᠢᠨ ᠡᠭᠦᠷᠭᠡᠯᠡᠵᠦ ᠪᠠᠢ᠌ᠭ᠎ᠠ ᠲᠠᠯᠳᠠ ᠦᠷᠳᠡᠭ᠎ᠢ ᠪᠣᠳᠠᠲᠠᠢ᠌ᠵᠢᠭᠤᠯᠵᠤ ᠪᠣᠳᠠᠲᠤ ᠴᠣᠭᠴᠠ ᠪᠣᠯᠭ᠋ᠠᠵᠤ ᠴᠢᠳᠠᠨ᠎ᠠ᠃ 《ᠠᠬᠢᠭᠤᠯᠬᠤ ᠬᠠᠤᠯᠢ》᠎ᠳᠤ ᠨᠢᠭᠡᠨᠲᠡ ᠤᠯᠤᠰ᠎ᠠᠴᠠ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠢ᠌ᠭᠤᠯᠤᠯ ᠲᠣᠭᠲᠠᠴᠠ ᠪᠠ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠡᠯᠧᠮᠧᠨ᠋ᠲ᠎ᠤᠨ ᠡᠮᠬᠢ ᠵᠢᠷᠤᠮ᠎ᠲᠠᠢ᠎ᠪᠠᠷ ᠰᠢᠯᠵᠢᠬᠦ᠂ ᠡᠷᠬᠡ ᠲᠡᠭᠰᠢ᠎ᠪᠠᠷ ᠰᠣᠯᠢᠯᠴᠠᠬᠤ ᠪᠠ ᠤᠯᠠᠨ ᠨᠡᠶ᠋ᠢᠲᠡ ᠵᠢᠨ ᠡᠬᠢ ᠪᠠᠶᠠᠯᠢᠭ᠎ᠢ ᠲᠡᠩᠴᠡᠭᠦᠷᠢᠲᠡᠢ ᠲᠣᠬᠢᠷᠠᠭᠤᠯᠬᠤ ᠵᠢ ᠲᠦᠯᠬᠢᠨ ᠠᠬᠢᠭᠤᠯᠵᠤ᠂ ᠠᠵᠤ ᠦᠢ᠍ᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠬᠤ᠂ ᠬᠤᠳᠠ ᠬᠥᠳᠡᠭᠡ ᠬᠠᠷᠢᠯᠴᠠᠨ ᠨᠥᠬᠥᠪᠦᠷᠢᠯᠡᠬᠦ᠂ ᠵᠣᠬᠢᠴᠠᠩᠭᠤᠢ᠎ᠪᠠᠷ ᠬᠥᠭᠵᠢᠬᠦ᠂ ᠬᠠᠮᠲᠤ᠎ᠪᠠᠷ ᠴᠡᠴᠡᠭᠯᠡᠨ ᠬᠥᠭᠵᠢᠬᠦ ᠰᠢᠨ᠎ᠡ ᠮᠠᠶᠢᠭ᠎ᠤᠨ ᠠᠵᠤ ᠦᠢ᠍ᠯᠡᠳᠪᠦᠷᠢ ᠲᠠᠷᠢᠶᠠᠯᠠᠩ ᠬᠤᠳᠠ ᠬᠥᠳᠡᠭᠡ ᠵᠢᠨ ᠬᠠᠷᠢᠴᠠᠭ᠎ᠠ ᠵᠢ ᠪᠤᠢ ᠪᠣᠯᠭ᠋ᠠᠬᠤ ᠵᠢ ᠲᠦᠯᠬᠢᠨ ᠠᠬᠢᠭᠤᠯᠤᠨ᠎ᠠ ᠭᠡᠵᠦ ᠲᠣᠳᠣᠷᠬᠠᠢ᠌ᠯᠠᠪᠠ᠃ ᠳᠠᠷᠤᠢ ᠬᠤᠳᠠ ᠪᠣᠯᠣᠨ ᠬᠥᠳᠡᠭᠡ ᠲᠣᠰᠬᠣᠨ᠎ᠤ ᠬᠣᠭᠣᠷᠣᠨᠳᠣᠬᠢ ᠴᠢᠬᠤᠯᠠ ᠡᠯᠧᠮᠧᠨ᠋ᠲ᠎ᠤᠨ ᠭᠦᠢ᠍ᠯᠭᠡᠭᠡᠨ᠎ᠤ ᠲᠦᠭᠵᠢᠷᠡᠯ᠎ᠢ ᠨᠠᠪᠲᠠᠷᠡᠭᠦᠯᠵᠦ᠂ ᠴᠢᠬᠤᠯᠠ ᠡᠯᠧᠮᠧᠨ᠋ᠲ᠎ᠤᠨ ᠬᠣᠭᠣᠷᠣᠨᠳᠣᠬᠢ ᠰᠣᠯᠢᠭᠳᠠᠯ ᠵᠢᠴᠢ ᠠᠵᠤ ᠦᠢ᠍ᠯᠡᠰ᠎ᠤᠨ ᠬᠣᠭᠣᠷᠣᠨᠳᠣᠬᠢ ᠰᠢᠯᠵᠢᠯᠲᠡ ᠵᠢ ᠪᠡᠶᠡᠯᠡᠭᠦᠯᠵᠦ᠂ ᠭᠦᠢ᠍ᠯᠭᠡᠭᠡᠨ᠎ᠤ ᠵᠠᠩᠭᠢᠯᠠᠭ᠎ᠠ᠂ ᠲᠡᠭᠡᠭᠡᠪᠦᠷᠢ ᠵᠢᠨ ᠵᠠᠩᠭᠢᠯᠠᠭ᠎ᠠ᠂ ᠬᠡᠷᠡᠭᠯᠡᠭᠡᠨ᠎ᠤ ᠵᠠᠩᠭᠢᠯᠠᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠨᠡᠩ ᠶᠡᠬᠡ ᠦᠢ᠍ᠯᠡᠳᠪᠦᠷᠢᠯᠡᠯ ᠪᠠ ᠬᠡᠷᠡᠭᠯᠡᠭᠡᠨ᠎ᠤ ᠲᠠᠪᠴᠠᠩ᠎ᠢ ᠬᠠᠩᠭ᠋ᠠᠬᠤ ᠶᠠᠪᠤᠳᠠᠯ ᠪᠣᠯᠣᠨ᠎ᠠ᠃ ᠡᠭᠦᠨ᠎ᠤ ᠤᠯᠠᠮ᠎ᠠᠴᠠ ᠦᠨ᠎ᠡ ᠬᠠᠩᠰᠢ ᠵᠢ ᠪᠦᠷᠢᠯᠳᠦᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠪᠦᠷᠢᠯᠳᠦᠭᠦᠯᠬᠦ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠠᠷᠢᠶᠠᠴᠢᠳ᠎ᠤᠨ ᠡᠷᠬᠡ ᠠᠰᠢᠭ᠎ᠢ ᠬᠠᠮᠠᠭ᠋ᠠᠯᠠᠬᠤ᠎ᠪᠠᠷ ᠭᠣᠣᠯ ᠪᠣᠯᠭ᠋ᠠᠭᠰᠠᠨ᠂ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ ᠵᠶ᠋ᠡᠷ ᠭᠣᠣᠯ ᠪᠣᠯᠭ᠋ᠠᠭᠰᠠᠨ᠂ ᠠᠶᠤᠯ ᠲᠦᠭᠰᠢᠭᠦᠷᠢ ᠵᠢ ᠬᠣᠷᠢᠭ᠎ᠠ ᠱᠤᠭᠤᠮ ᠳᠡᠭᠡᠷ᠎ᠡ ᠬᠢᠵᠠᠭ᠋ᠠᠷᠯᠠᠭᠰᠠᠨ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠠᠷᠭ᠋ᠠᠴᠠᠬᠤ ᠲᠥᠰᠥᠯ᠎ᠢ ᠦᠨᠡᠨ ᠬᠦ᠌ ᠪᠡᠶᠡᠯᠡᠭᠦᠯᠦᠨ᠎ᠡ᠃

    ᠳᠠᠷᠠᠭ᠋ᠠᠯᠠᠪᠠᠯ᠂ ᠣᠯᠠᠨ ᠤᠯᠤᠰ᠎ᠤᠨ ᠵᠠᠬ᠎ᠠ ᠳᠡᠯᠭᠡᠭᠦᠷ᠎ᠲᠠᠢ ᠰᠠᠨᠠᠭ᠋ᠠᠴᠢᠯᠠᠭ᠎ᠠ ᠎ᠠᠴᠠ᠎ᠪᠠᠨ ᠵᠣᠯᠭ᠋ᠠᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ    ᠬᠣᠣᠰ ᠡᠷᠭᠢᠯᠲᠡ ᠵᠢᠨ ᠪᠠᠢ᠌ᠷᠢᠰᠢᠯ᠎ᠢ ᠪᠣᠶ ᠪᠣᠯᠭ᠋ᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠤᠯᠤᠰ᠎ᠤᠨ ᠣᠳᠣᠬᠢ ᠱᠠᠲᠤᠨ᠎ᠳᠤ᠂ ᠣᠯᠠᠨ ᠤᠯᠤᠰ᠎ᠤᠨ ᠥᠷᠢᠰᠦᠯᠳᠦᠭᠡᠨ᠎ᠤ ᠪᠠᠢ᠌ᠳᠠᠯ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ᠂ ᠡᠭᠦᠨ᠎ᠤ ᠳᠡᠭᠡᠷ᠎ᠡ ᠳᠤᠮᠳᠠᠳᠤ ᠠᠮᠧᠷᠢᠺᠠ ᠵᠢᠨ ᠠᠷᠠᠯᠵᠢᠶᠠᠨ᠎ᠤ ᠥᠷᠢᠰᠦᠯᠳᠦᠭᠡᠨ ᠰᠢᠷᠦᠭᠦᠰᠴᠦ᠂ ᠢᠷᠡᠭᠡᠳᠦᠢ ᠵᠢᠨ ᠬᠡᠰᠡᠭ ᠬᠤᠭᠤᠴᠠᠭ᠋ᠠᠨ᠎ᠳᠤ ᠠᠷᠠᠯᠵᠢᠶᠠᠨ᠎ᠤ ᠦᠷᠦᠯᠳᠦᠭᠡᠨ᠎ᠤ ᠶᠡᠬᠡ ᠲᠣᠬᠢᠶᠠᠯᠳᠤᠮᠵᠢ᠎ᠨᠢ ᠨᠢᠭᠡ ᠵᠦᠢ᠍ᠯ᠎ᠤᠨ《ᠰᠢᠨ᠎ᠡ ᠬᠡᠪ ᠪᠠᠢ᠌ᠳᠠᠯ》ᠪᠣᠯᠣᠨ᠎ᠠ᠂ ᠡᠳᠡᠭᠡᠷ ᠡᠯᠧᠮᠧᠨ᠋ᠲ᠎ᠨᠢ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠣᠯᠣᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠬᠦᠴᠢᠷᠳᠡᠯ᠎ᠢ ᠮᠠᠰᠢ ᠶᠡᠬᠡ ᠬᠡᠮᠵᠢᠶ᠎ᠡ᠎ᠪᠠᠷ ᠨᠡᠮᠡᠭᠳᠡᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠲᠤ ᠲᠤᠯᠭ᠋ᠠᠷᠠᠬᠤ ᠤᠯᠠᠨ ᠤᠯᠤᠰ᠎ᠤᠨ ᠥᠷᠢᠰᠦᠯᠳᠦᠭᠡᠨ ᠪᠣᠯᠬᠤ ᠵᠢ ᠤᠷᠢᠳᠴᠢᠯᠠᠨ ᠮᠡᠳᠡᠵᠦ ᠪᠣᠯᠣᠨ᠎ᠠ᠃ ᠣᠳᠣᠬᠠᠨ᠎ᠳᠤ ᠮᠠᠨ᠎ᠤ ᠤᠯᠤᠰ᠎ᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠢᠵᠢᠯᠰᠢᠬᠦ ᠴᠢᠨᠠᠷ ᠬᠦᠨᠳᠦ ᠨᠣᠴᠢᠲᠠᠢ ᠪᠠᠢ᠌ᠵᠤ᠂ ᠪᠦᠳᠦᠭᠦᠯᠢᠭ ᠮᠠᠶᠢᠭ᠎ᠤᠨ ᠬᠥᠭᠵᠢᠯᠲᠡ ᠨᠡᠯᠢᠶᠡᠳ ᠲᠦᠭᠡᠮᠡᠯ ᠪᠠᠢ᠌ᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ ᠴᠢᠬᠤᠯᠠᠲᠠᠢ ᠪᠠᠢ᠌ᠵᠤ᠂ ᠠᠵᠤ ᠦᠢ᠍ᠯᠡᠰ᠎ᠤᠨ ᠵᠦᠷᠢᠶᠡᠴᠢᠯᠡᠭᠰᠡᠨ ᠬᠠᠮᠵᠢᠯᠴᠠᠬᠤ ᠬᠡᠮᠵᠢᠶ᠎ᠡ ᠳᠣᠣᠷ᠎ᠠ ᠪᠠᠢ᠌ᠬᠤ᠎ᠨᠢ ᠴᠥᠮ ᠳᠤᠮᠳᠠᠳᠤ ᠤᠯᠤᠰ᠎ᠤᠨ ᠣᠨᠴᠠᠯᠢᠭ᠎ᠲᠠᠢ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠢ ᠪᠦᠷᠢᠯᠳᠦᠭᠦᠯᠬᠦ᠎ᠳᠤ ᠠᠰᠢᠭ ᠦᠭᠡᠢ ᠶᠤᠮ᠃ ᠤᠯᠤᠰ᠎ᠤᠨ ᠳᠣᠲᠣᠭ᠋ᠠᠳᠤ ᠵᠢᠨ ᠬᠡᠷᠡᠭᠯᠡᠭᠴᠢᠳ᠎ᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠦᠢ᠍ᠯᠡᠳᠬᠦᠨ ᠪᠠ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠣᠨᠴᠠᠯᠢᠭ᠎ᠢ ᠬᠤᠪᠢᠷᠠᠭᠤᠯᠬᠤ᠎ᠳᠤ ᠵᠣᠬᠢᠴᠠᠭᠤᠯᠤᠨ᠂ ᠬᠥᠳᠡᠭᠡ ᠲᠣᠰᠬᠣᠨ᠎ᠤ ᠦᠢ᠍ᠯᠡᠳᠬᠦᠨ᠎ᠢ ᠪᠣᠷᠣᠯᠠᠭᠤᠯᠬᠤ ᠪᠠ ᠦᠢ᠍ᠯᠡᠴᠢᠯᠡᠭᠡ ᠵᠢ ᠡᠲᠡᠭᠡᠷ ᠦᠢ᠍ᠯᠡᠳᠬᠦᠨ ᠪᠠ ᠦᠢ᠍ᠯᠡᠴᠢᠯᠡᠭᠡᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠮᠡᠳᠡᠭᠡ ᠵᠠᠩᠭᠢ᠎ᠲᠠᠢ ᠨᠢᠭᠲᠠ ᠤᠶᠠᠯᠳᠤᠭᠤᠯᠬᠤ ᠬᠡᠷᠡᠭᠲᠡᠢ᠃ 《ᠠᠬᠢᠭᠤᠯᠬᠤ ᠬᠠᠤᠯᠢ》᠎ᠳᠤ ᠠᠵᠤ ᠠᠬᠤᠢ᠌ᠯᠠᠯ᠎ᠤᠨ ᠳᠡᠯᠡᠬᠡᠢ ᠳᠡᠭᠡᠷ᠎ᠡ ᠨᠡᠢ᠌ᠳᠡᠮ ᠬᠡᠷᠡᠭᠯᠡᠵᠦ ᠪᠠᠢ᠌ᠭ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠯ ᠣᠯᠬᠤ ᠵᠢ ᠵᠣᠷᠢᠭᠵᠢᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠥᠷᠢᠰᠦᠯᠳᠦᠬᠦ ᠬᠦᠴᠦᠨ᠎ᠢ ᠴᠢᠩᠭ᠋ᠠᠷᠠᠭᠤᠯᠤᠨ᠎ᠠ ᠭᠡᠵᠦ ᠳᠤᠷᠠᠳᠤᠨ ᠭᠠᠷᠭ᠋ᠠᠵᠠᠢ᠃ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ᠂ ᠦᠨᠳᠦᠰᠦᠲᠡᠨ᠎ᠤ ᠣᠨᠴᠠᠯᠢᠭ᠎ᠲᠠᠢ ᠬᠥᠳᠡᠭᠡ ᠲᠣᠰᠬᠣᠨ᠎ᠤ ᠵᠠᠩ ᠦᠢ᠍ᠯᠡ᠂ ᠬᠥᠳᠡᠭᠡ ᠲᠣᠰᠬᠣᠨ᠎ᠤ ᠣᠨᠴᠠᠯᠢᠭ᠎ᠢ ᠳᠡᠯᠡᠬᠡᠢ ᠵᠢᠨ ᠵᠠᠬ᠎ᠠ ᠳᠡᠯᠭᠡᠭᠦᠷ᠎ᠲᠤ ᠢᠯᠡᠷᠡᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠭᠣᠣᠯᠯᠠᠭᠴᠢ ᠥᠷᠢᠰᠦᠯᠳᠦᠭᠡᠨ᠎ᠤ ᠲᠦᠪᠰᠢᠨ᠎ᠢ ᠦᠨᠳᠦᠰᠦᠨ᠎ᠠᠴᠠ᠎ᠨᠢ ᠳᠡᠭᠡᠭᠰᠢᠯᠡᠭᠦᠯᠵᠦ᠂ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠬᠡᠷᠡᠭᠯᠡᠭᠴᠢᠳ᠎ᠤᠨ ᠨᠠᠭ᠋ᠠᠯᠳᠤᠩᠬᠠᠢ ᠴᠢᠨᠠᠷ᠎ᠢ ᠨᠡᠮᠡᠭᠳᠡᠭᠦᠯᠵᠦ᠂ ᠵᠠᠬ᠎ᠠ ᠳᠡᠯᠭᠡᠭᠦᠷ᠎ᠤᠨ ᠦᠭᠡ ᠬᠡᠯᠡᠬᠦ ᠡᠷᠬᠡ ᠵᠢ ᠳᠡᠭᠡᠭᠰᠢᠯᠡᠭᠦᠯᠬᠦ ᠬᠡᠷᠡᠭᠲᠡᠢ᠃ ᠡᠢ᠌ᠮᠦ᠎ᠠᠴᠠ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠎ᠨᠢ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠤᠨ ᠨᠡᠭᠡᠭᠡᠯᠲᠡ ᠵᠢ ᠠᠩᠬᠠᠷᠬᠤ ᠬᠡᠷᠡᠭᠲᠡᠢ ᠮᠥᠷᠲᠡᠭᠡᠨ ᠨᠠᠩ ᠴᠤ᠌ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ ᠵᠶ᠋ᠡᠷ ᠭᠣᠣᠯ ᠪᠣᠯᠭ᠋ᠠᠭᠰᠠᠨ ᠣᠷᠴᠢᠯ ᠪᠠᠢ᠌ᠷᠢᠰᠢᠯ᠎ᠢ ᠪᠣᠶ ᠪᠣᠯᠭ᠋ᠠᠬᠤ ᠬᠡᠷᠡᠭᠲᠡᠢ᠃ 《ᠭᠠᠷᠴᠤ ᠶᠠᠪᠤᠬᠤ》 ᠪᠠᠢ᠌ᠯᠳᠤᠬᠤ ᠪᠣᠳᠣᠯᠭ᠎ᠠ ᠵᠢ ᠰᠠᠢ᠌ᠲᠤᠷ ᠬᠡᠷᠡᠭᠵᠢᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ    ᠬᠣᠣᠰ ᠡᠷᠭᠢᠯᠲᠡ ᠵᠢᠨ ᠪᠠᠢ᠌ᠷᠢᠰᠢᠯ᠎ᠢ ᠰᠠᠢ᠌ᠲᠤᠷ ᠪᠠᠶ᠋ᠢᠭᠤᠯᠬᠤ ᠪᠣᠯ ᠲᠠᠷᠢᠶᠠᠯᠠᠩ ᠬᠥᠳᠡᠭᠡ ᠲᠣᠰᠬᠣᠨ᠎ᠤ ᠦᠷᠭᠦᠯᠵᠢᠯᠡᠬᠦ ᠬᠥᠭᠵᠢᠯᠲᠡ ᠵᠢ ᠴᠢᠩᠭ᠋ᠠᠳᠬᠠᠬᠤ ᠵᠢᠨ ᠬᠡᠷᠡᠭᠴᠡᠭᠡ ᠮᠥᠨ᠂ ᠨᠠᠩ ᠴᠤ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠢᠨ ᠴᠢᠬᠤᠯᠠ ᠪᠦᠷᠢᠯᠳᠦᠭᠦᠨ ᠬᠡᠰᠡᠭ ᠮᠥᠨ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠠᠢ᠌ᠯᠤᠮᠵᠢ ② ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠲᠤᠭᠤᠰᠢᠯᠠᠭᠤᠯᠵᠤ᠂ ᠲᠠᠷᠢᠶᠠᠴᠢᠳ᠎ᠤᠨ ᠬᠥᠳᠡᠭᠡ ᠲᠣᠰᠬᠣᠨ᠎ᠢ ᠬᠠᠮᠲᠤ᠎ᠪᠠᠷ ᠪᠠᠶᠠᠵᠢᠬᠤ ᠵᠢ ᠠᠬᠢᠭᠤᠯᠤᠨ᠎ᠠ
ᠦᠰᠦᠭ ᠪᠢᠴᠢᠭ᠎ᠤᠨ ᠲᠠᠢ᠌ᠯᠤᠮᠵᠢ᠄ 《2022 ᠣᠨ᠎ᠤ ᠪᠥᠬᠦ ᠣᠷᠣᠨ᠎ᠤ ᠨᠡᠢ᠌ᠭᠡᠮ᠎ᠤᠨ ᠠᠪᠤᠷᠠᠨ ᠲ᠋ᠤᠰᠠᠯᠠᠬᠤ ᠪᠠᠷᠢᠮᠵᠢᠶ᠎ᠠ ᠵᠢᠨ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠢ᠌ᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠤᠨ ᠲᠠᠢ᠌ᠯᠤᠮᠵᠢ
ᠤᠯᠠᠭ᠋ᠠᠨᠬᠠᠳᠠ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ
ᠵᠢᠷᠤᠭᠲᠤ ᠲᠠᠢ᠌ᠯᠤᠮᠵᠢ᠄ 《ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢᠨ ᠠᠵᠢᠯ᠎ᠤᠨ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ
 
            