ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠴᠧᠨ ᠰᠢ ᠸᠸᠨ᠄ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠢᠳᠡᠪᠬᠢᠲᠡᠢ᠎ᠪᠠᠷ ᠲᠦᠯᠬᠢᠨ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2022-02-23

    2021 ᠣᠨ᠎ᠳᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠬᠥᠳᠡᠭᠡ ᠲᠣᠰᠬᠣᠨ᠎ᠤ ᠵᠥᠪᠯᠡᠯ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠬᠦᠷᠢᠶᠡᠨ᠎ᠳᠠᠬᠢ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠷᠮᠠᠢ᠌ᠨ ᠠᠬᠢᠭᠤᠯᠪᠠ᠃ ᠬᠠᠤᠯᠢ ᠲᠣᠭᠲᠠᠭ᠋ᠠᠬᠤ ᠠᠵᠢᠯ᠎ᠤᠨ ᠢᠯᠡᠷᠬᠡᠢ ᠣᠨᠴᠠᠯᠢᠭ ᠪᠣᠯ᠄ ᠰᠢ ᠵᠢᠨ ᠫᠢᠩ ᠎ᠤ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ᠎ᠪᠠᠷ ᠭᠦᠢ᠍ᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠨ ᠠᠵᠢᠯ ᠦᠢ᠍ᠯᠡᠰ ᠪᠦᠲᠦᠭᠡᠨ᠎ᠡ᠃
    ᠨᠢᠭᠡ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠬᠡᠷᠡᠭᠵᠢᠭᠦᠯᠬᠦ᠎ᠪᠠᠷ ᠳᠠᠮᠵᠢᠭᠤᠯᠤᠨ ᠬᠡᠷᠡᠭᠵᠢᠭᠦᠯᠬᠦ ᠵᠢ ᠢᠳᠡᠪᠬᠢᠲᠡᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ᠎ᠳᠤ ᠬᠦᠴᠦᠲᠡᠢ ᠬᠠᠤᠯᠢ ᠴᠠᠭ᠋ᠠᠵᠠ ᠵᠢᠨ ᠲᠤᠯᠭ᠋ᠠᠭᠤᠷᠢᠯᠠᠯ ᠬᠠᠩᠭ᠋ᠠᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠳᠤᠷᠠᠳᠴᠤ᠂ ᠰᠢᠨ᠎ᠡ ᠴᠠᠭ ᠦᠶ᠎ᠡ ᠵᠢᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠎ᠤ ᠠᠵᠢᠯ᠎ᠤᠨ ᠶᠡᠷᠦᠩᠬᠡᠢ ᠭᠠᠷᠳᠠᠴᠠ ᠪᠣᠯᠭ᠋ᠠᠵᠤ᠂ 2035 ᠣᠨ ᠪᠣᠯᠬᠤ᠎ᠳᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ 2050 ᠣᠨ ᠪᠣᠯᠬᠤ᠎ᠳᠤ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠣᠨ ᠭᠤᠶᠤ ᠰᠠᠢ᠌ᠬᠠᠨ᠂ ᠲᠠᠷᠢᠶᠠᠴᠢᠨ ᠪᠠᠶᠠᠨ ᠴᠢᠨᠡᠭᠡᠯᠢᠭ ᠪᠣᠯᠬᠤ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ ᠭᠡᠵᠦ ᠳᠤᠷᠠᠳᠴᠠᠢ᠃ ᠪᠦᠬᠦ ᠨᠠᠮ᠂ ᠪᠦᠬᠦ ᠨᠡᠢ᠌ᠭᠡᠮ᠂ ᠪᠦᠬᠦ ᠤᠯᠤᠰ᠎ᠤᠨ ᠠᠷᠠᠳ ᠲᠦᠮᠡᠨ᠎ᠤ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ᠎ᠪᠠᠷ ᠳᠠᠮᠵᠢᠨ᠂ ᠪᠢᠳᠡ 2020 ᠣᠨ᠎ᠤ ᠰᠡᠭᠦᠯᠴᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠲᠤᠢ᠌ᠯ᠎ᠤᠨ ᠶᠠᠳᠠᠭᠤ ᠬᠦᠴᠢᠷᠳᠡᠯ᠎ᠢ ᠠᠷᠢᠯᠭ᠋ᠠᠬᠤ ᠬᠠᠲᠠᠭᠤ ᠪᠡᠷᠬᠡ ᠡᠭᠦᠷᠭᠡ ᠵᠢ ᠪᠡᠶᠡᠯᠡᠭᠦᠯᠵᠦ᠂ ᠳᠡᠯᠡᠬᠡᠢ ᠳ᠋ᠠᠬᠢᠨ᠎ᠳᠤ ᠮᠡᠳᠡᠷᠡᠭᠳᠡᠭᠰᠡᠨ ᠲᠡᠦᠬᠡᠲᠦ ᠴᠢᠨᠠᠷᠲᠠᠢ ᠠᠮᠵᠢᠯᠲᠠ ᠵᠢ ᠣᠯᠵᠠᠢ᠃ ᠡᠭᠦᠨ᠎ᠤ ᠵᠡᠷᠭᠡᠴᠡᠭᠡᠪᠡᠷ᠂ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ᠂ ᠬᠤᠳᠠ ᠬᠥᠳᠡᠭᠡ ᠵᠢᠨ ᠵᠥᠷᠢᠶ᠎ᠡ ᠨᠡᠯᠢᠶᠡᠳ ᠶᠡᠬᠡ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠠᠨᠠᠢ ᠪᠠᠢ᠌ᠬᠤ ᠵᠡᠷᠭᠡ ᠠᠰᠠᠭᠤᠳᠠᠯ ᠮᠥᠨ ᠯᠡ ᠨᠡᠯᠢᠶᠡᠳ ᠲᠣᠪᠣᠢ᠌ᠮ᠎ᠠ ᠪᠠᠢ᠌ᠨ᠎ᠠ᠃ 2020 ᠣᠨ᠎ᠤ 3 ᠰᠠᠷ᠎ᠠ᠎ᠳᠤ ᠰᠢ ᠵᠢᠨ ᠫᠢᠩ ᠶᠡᠷᠦᠩᠬᠡᠢ ᠱᠦᠵᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠢᠯᠠᠯᠲᠠ ᠵᠢ ᠣᠯᠬᠤ ᠶᠠᠷᠢᠯᠴᠠᠬᠤ ᠬᠤᠷᠠᠯ ᠳᠡᠭᠡᠷ᠎ᠡ᠂《ᠪᠦᠬᠦ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ》᠂《ᠤᠷᠳᠤ ᠣᠬᠣᠷ᠎ᠢ ᠤᠶᠠᠯᠳᠤᠭᠤᠯᠤᠭᠰᠠᠨ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠪᠠᠢ᠌ᠭᠤᠯᠤᠮᠵᠢ ᠲᠣᠭᠲᠠᠴᠠ ᠵᠢ ᠪᠠᠶ᠋ᠢᠭᠤᠯᠬᠤ ᠬᠡᠷᠡᠭᠲᠡᠢ》ᠭᠡᠵᠦ ᠴᠢᠬᠤᠯᠠᠴᠢᠯᠠᠪᠠ᠃ ᠨᠠᠮ᠎ᠤᠨ ᠲᠥᠪ ᠬᠣᠷᠢᠶ᠎ᠠ᠎ᠠᠴᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠦᠭᠰᠡᠨ᠎ᠤ ᠳᠠᠷᠠᠭ᠎ᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠴᠢᠨᠠᠭᠰᠢᠳᠠ ᠪᠡᠬᠢᠵᠢᠭᠦᠯᠦᠨ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭᠵᠢᠯᠲᠡ ᠪᠣᠯᠣᠨ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃
    ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠦᠨᠡᠨ ᠬᠦ᠌ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠬᠥᠳᠡᠭᠡ ᠲᠣᠰᠬᠣᠨ᠎ᠤ ᠵᠥᠪᠯᠡᠯ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠥᠰᠥᠯ᠎ᠢ ᠲᠦᠷᠦᠭᠦᠯᠡᠨ ᠲᠤᠭᠤᠷᠪᠢᠬᠤ ᠨᠢᠭᠡᠴᠡ ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠥᠰᠥᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠ 2021 ᠣᠨ᠎ᠤ 4 ᠰᠠᠷ᠎ᠠ᠎ᠳᠤ ᠪᠠᠲᠤᠯᠠᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢᠨ ᠲᠠᠪᠢ ᠶᠢᠰᠦᠳᠦᠭᠡᠷ ᠵᠦᠢ᠍ᠯ᠎ᠳᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠳᠣᠲᠣᠭ᠋ᠠᠳᠤ ᠵᠢᠨ ᠬᠥᠭᠵᠢᠯᠲᠡ ᠵᠢᠨ ᠴᠢᠳᠠᠪᠤᠷᠢ ᠵᠢ ᠨᠡᠮᠡᠭᠳᠡᠭᠦᠯᠵᠦ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ᠂ ᠬᠥᠭᠵᠢᠭᠡᠳᠦᠢ ᠭᠠᠵᠠᠷ ᠣᠷᠣᠨ᠎ᠢ ᠬᠠᠪᠰᠤᠷᠤᠨ ᠲᠡᠳᠬᠦᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠭᠵᠢᠯᠲᠡ ᠵᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ; ᠲᠠᠬᠢᠨ ᠶᠠᠳᠠᠭᠤᠷᠠᠬᠤ᠎ᠠᠴᠠ ᠪᠣᠯᠵᠤ ᠶᠠᠳᠠᠭᠤᠷᠠᠬᠤ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠦᠨ᠎ᠡ᠃ ᠡᠨᠡᠬᠦ ᠲᠣᠭᠲᠠᠭ᠋ᠠᠯ᠎ᠨᠢ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠪᠡᠶᠡᠯᠡᠭᠦᠯᠬᠦ ᠵᠢ ᠠᠬᠢᠭᠤᠯᠬᠤ ᠵᠣᠷᠢᠭ᠎ᠢ ᠬᠠᠷᠠᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠵᠢ ᠰᠡᠷᠭᠡᠢ᠌ᠯᠡᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠴᠢᠨᠠᠭᠰᠢᠳᠠ ᠪᠡᠶᠡᠯᠡᠭᠦᠯᠬᠦ ᠵᠢ ᠪᠠᠲᠤᠯᠠᠬᠤ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠬᠤ ᠵᠢᠨ ᠬᠠᠮᠲᠤ ᠬᠣᠯᠪᠣᠭᠳᠠᠯ ᠪᠦᠬᠦᠢ ᠳᠦᠷᠢᠮ᠎ᠤᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠵᠢ ᠳᠤᠷᠠᠳᠤᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠵᠢ ᠨᠠᠷᠢᠨ ᠬᠢᠨᠠᠮᠠᠭ᠋ᠠᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠨᠡᠨᠬᠦ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠣᠰᠬᠠᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠣᠶᠠᠷ᠎ᠲᠤ 《ᠠᠮᠤ ᠪᠤᠳᠠᠭ᠎ᠠ ᠵᠢ ᠭᠠᠵᠠᠷ ᠰᠢᠷᠣᠢ᠎ᠳᠤ ᠬᠠᠳᠠᠭ᠋ᠠᠯᠠᠬᠤ》 ᠪᠠᠢ᠌ᠯᠳᠤᠬᠤ ᠪᠣᠳᠣᠯᠭ᠎ᠠ ᠪᠠ ᠰᠢ ᠵᠢᠨ ᠫᠢᠩ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠬᠠᠷ᠎ᠠ ᠬᠥᠷᠥᠰᠥ ᠵᠢ ᠬᠠᠮᠠᠭ᠋ᠠᠯᠠᠬᠤ ᠬᠠᠤᠯᠢ ᠵᠢ ᠱᠠᠯᠠᠪᠳᠠᠨ ᠲᠤᠭᠤᠷᠪᠢᠨ᠎ᠠ᠃ ᠬᠠᠷ᠎ᠠ ᠬᠥᠷᠥᠰᠥᠨ᠎ᠤ ᠬᠥᠷᠥᠰᠥ ᠰᠢᠷᠣᠢ ᠵᠢᠨ ᠰᠢᠨᠵᠢ ᠪᠠᠢ᠌ᠳᠠᠯ᠎ᠨᠢ ᠰᠠᠢ᠌ᠨ᠂ ᠬᠦᠴᠦ ᠰᠢᠮ᠎ᠡ᠎ᠨᠢ ᠥᠨᠳᠥᠷ᠂ ᠠᠮᠤ ᠪᠤᠳᠠᠭ᠋ᠠᠨ᠎ᠤ ᠤᠨᠠᠯᠲᠠ᠎ᠨᠢ ᠥᠨᠳᠥᠷ ᠮᠥᠷᠲᠡᠭᠡᠨ ᠶᠠᠰᠤ ᠴᠢᠨᠠᠷ᠎ᠨᠢ ᠰᠠᠢ᠌ᠨ ᠪᠠᠢ᠌ᠳᠠᠭ᠃ ᠵᠡᠭᠦᠨ ᠬᠣᠢ᠌ᠲᠤ ᠵᠢᠨ ᠬᠠᠷ᠎ᠠ ᠰᠢᠷᠣᠢ᠌ᠲᠤ ᠣᠷᠣᠨ ᠪᠣᠯ ᠮᠠᠨ᠎ᠤ ᠤᠯᠤᠰ᠎ᠤᠨ ᠴᠢᠬᠤᠯᠠ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠮᠥᠨ᠂ ᠲᠠᠷᠢᠶᠠᠨ ᠭᠠᠵᠠᠷ᠎ᠤᠨ ᠲᠠᠯᠠᠪᠠᠶ᠎ᠨᠢ ᠶᠡᠬᠡ ᠪᠢᠰᠢ ᠪᠣᠯᠪᠠᠴᠤ ᠠᠮᠤ ᠪᠤᠳᠠᠭ᠋ᠠᠨ᠎ᠤ ᠤᠨᠠᠯᠲᠠ᠎ᠨᠢ ᠪᠠᠷᠤᠭ ᠪᠦᠬᠦ ᠤᠯᠤᠰ᠎ᠤᠨ 1/4 ᠵᠢ ᠡᠵᠡᠯᠡᠵᠦ᠂ ᠰᠢᠯᠵᠢᠭᠦᠯᠦᠨ ᠭᠠᠷᠭ᠋ᠠᠭᠰᠠᠨ ᠠᠮᠤ ᠪᠤᠳᠠᠭ᠎ᠠ᠎ᠨᠢ ᠪᠠᠷᠤᠭ ᠪᠦᠬᠦ ᠤᠯᠤᠰ᠎ᠤᠨ 1/3 ᠵᠢ ᠡᠵᠡᠯᠡᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠰᠠᠭᠤᠷᠢ ᠴᠢᠯᠠᠭᠤ ᠪᠣᠯᠣᠨ᠎ᠠ᠃ ᠤᠷᠳᠤ ᠬᠤᠭᠤᠴᠠᠭ᠋ᠠᠨ᠎ᠤ ᠲᠤᠷᠰᠢ ᠨᠡᠭᠡᠭᠡᠨ ᠠᠰᠢᠭᠯᠠᠭᠰᠠᠨ᠎ᠤ ᠳᠡᠭᠡᠷ᠎ᠡ ᠰᠠᠯᠬᠢᠨ᠎ᠳᠤ ᠢᠳᠡᠭᠳᠡᠬᠦ᠂ ᠤᠰᠤᠨ᠎ᠳᠤ ᠢᠳᠡᠭᠳᠡᠬᠦ ᠵᠢᠨ ᠬᠥᠨᠥᠭᠡᠯ᠎ᠠᠴᠠ ᠪᠣᠯᠵᠤ ᠬᠥᠷᠥᠰᠥ ᠰᠢᠷᠣᠢ ᠵᠢᠨ ᠢᠳᠡᠭᠳᠡᠯ ᠵᠡᠷᠭᠡ ᠠᠮᠢ ᠠᠬᠤᠢ ᠵᠢᠨ ᠣᠷᠴᠢᠨ ᠨᠥᠬᠥᠴᠡᠯ᠎ᠤᠨ ᠠᠰᠠᠭᠤᠳᠠᠯ᠎ᠨᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠳᠤ ᠠᠰᠢᠭ ᠦᠭᠡᠢ ᠨᠥᠯᠥᠭᠡ ᠦᠵᠡᠭᠦᠯᠦᠭᠰᠡᠨ ᠪᠠᠢ᠌ᠨ᠎ᠠ᠃ ᠰᠢ ᠵᠢᠨ ᠫᠢᠩ ᠶᠡᠷᠦᠩᠬᠡᠢ ᠱᠦᠵᠢ 2020 ᠣᠨ᠎ᠤ 7 ᠰᠠᠷ᠎ᠠ᠎ᠳᠤ ᠭᠢᠷᠢᠨ᠎ᠳᠤ ᠠᠵᠢᠯ ᠪᠠᠢ᠌ᠴᠠᠭ᠋ᠠᠬᠤ᠎ᠳᠠᠭᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ 《ᠲᠠᠷᠢᠶᠠᠨ ᠭᠠᠵᠠᠷ᠎ᠤᠨ ᠲᠣᠮᠣ ᠮᠠᠯᠤᠷ ᠥᠲᠡᠭᠡ》 ᠵᠢ ᠦᠨᠡᠨ ᠬᠦ᠌ ᠰᠠᠢ᠌ᠲᠤᠷ ᠬᠠᠮᠠᠭ᠋ᠠᠯᠠᠵᠤ᠂ ᠰᠠᠢ᠌ᠲᠤᠷ ᠠᠰᠢᠭᠯᠠᠬᠤ ᠬᠡᠷᠡᠭᠲᠡᠢ; ᠲᠤᠰ ᠵᠢᠯ᠎ᠤᠨ 12 ᠰᠠᠷ᠎ᠠ᠎ᠳᠤ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠳᠡᠭᠡᠷ᠎ᠡ᠂ ᠬᠠᠷ᠎ᠠ ᠬᠥᠷᠥᠰᠥ ᠵᠢ ᠬᠠᠮᠠᠭ᠋ᠠᠯᠠᠬᠤ ᠵᠢ ᠶᠡᠬᠡ ᠶᠠᠪᠤᠳᠠᠯ ᠪᠣᠯᠭ᠋ᠠᠨ ᠠᠳᠬᠤᠵᠤ᠂ ᠬᠠᠷ᠎ᠠ ᠬᠥᠷᠥᠰᠥ ᠵᠢ ᠰᠠᠢ᠌ᠲᠤᠷ ᠬᠡᠷᠡᠭᠯᠡᠵᠦ ᠰᠠᠢ᠌ᠲᠤᠷ ᠲᠡᠵᠢᠭᠡᠬᠦ ᠬᠡᠷᠡᠭᠲᠡᠢ ᠭᠡᠵᠦ ᠱᠠᠭ᠋ᠠᠷᠳᠠᠪᠠ᠃ 2021 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠬᠠᠷ᠎ᠠ ᠬᠥᠷᠥᠰᠥ ᠵᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠬᠠᠷ᠎ᠠ ᠬᠥᠷᠥᠰᠥ ᠵᠢ ᠬᠠᠮᠠᠭ᠋ᠠᠯᠠᠬᠤ ᠵᠢ ᠤᠯᠤᠰ᠎ᠤᠨ ᠪᠠᠢ᠌ᠯᠳᠤᠬᠤ ᠪᠣᠳᠣᠯᠭ᠎ᠠ ᠪᠣᠯᠭ᠋ᠠᠨ ᠳᠡᠭᠡᠭᠰᠢᠯᠡᠭᠦᠯᠦᠨ᠎ᠡ ᠭᠡᠵᠦ ᠳᠤᠷᠠᠳᠪᠠ᠃ 2021 ᠣᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ ᠳᠡᠭᠡᠷ᠎ᠡ᠂ ᠵᠠᠷᠢᠮ ᠲᠥᠯᠥᠭᠡᠯᠡᠭᠴᠢ ᠬᠠᠷ᠎ᠠ ᠭᠠᠵᠠᠷ ᠰᠢᠷᠣᠢ ᠵᠢ ᠬᠠᠮᠠᠭ᠋ᠠᠯᠠᠬᠤ ᠬᠠᠤᠯᠢ ᠵᠢ ᠲᠣᠭᠲᠠᠭ᠋ᠠᠬᠤ ᠵᠥᠪᠯᠡᠯᠭᠡ ᠳᠤᠷᠠᠳᠪᠠ᠃
    ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠬᠥᠳᠡᠭᠡ ᠲᠣᠰᠬᠣᠨ᠎ᠤ ᠠᠵᠢᠯ᠎ᠤᠨ ᠵᠥᠪᠯᠡᠯ ᠰᠢ ᠵᠢᠨ ᠫᠢᠩ ᠶᠡᠷᠦᠩᠬᠡᠢ ᠱᠦᠵᠢ ᠵᠢᠨ ᠬᠠᠷ᠎ᠠ ᠬᠥᠷᠥᠰᠥ ᠵᠢ ᠬᠠᠮᠠᠭ᠋ᠠᠯᠠᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ᠎ᠨᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠳᠤ ᠬᠣᠯᠪᠣᠭᠳᠠᠬᠤ ᠵᠢ ᠭᠦᠨᠵᠡᠭᠡᠢ ᠲᠠᠨᠢᠵᠤ᠂ 《ᠠᠮᠤ ᠪᠤᠳᠠᠭ᠎ᠠ ᠵᠢ ᠭᠠᠵᠠᠷ ᠰᠢᠷᠣᠢ᠎ᠳᠤ ᠬᠠᠳᠠᠭ᠋ᠠᠯᠠᠬᠤ》 ᠪᠠᠢ᠌ᠯᠳᠤᠬᠤ ᠪᠣᠳᠣᠯᠭ᠎ᠠ ᠪᠠ ᠰᠢ ᠵᠢᠨ ᠫᠢᠩ ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠢ᠌ᠳᠠᠪᠤᠷᠢᠵᠢᠭᠤᠯᠬᠤ ᠴᠢᠬᠤᠯᠠ ᠠᠭᠤᠯᠭ᠎ᠠ ᠮᠥᠨ᠂ ᠢᠳᠡᠪᠬᠢᠲᠡᠢ᠎ᠪᠠᠷ ᠰᠤᠳᠤᠯᠤᠨ ᠨᠤᠲᠠᠯᠠᠵᠤ᠂ ᠬᠠᠷ᠎ᠠ ᠬᠥᠷᠥᠰᠥ ᠵᠢ ᠬᠠᠮᠠᠭ᠋ᠠᠯᠠᠬᠤ ᠬᠠᠤᠯᠢ ᠲᠣᠭᠲᠠᠭ᠋ᠠᠬᠤ ᠵᠢ ᠰᠠᠨᠠᠭᠤᠯᠵᠤ᠂ 2021 ᠣᠨ᠎ᠤ 4 ᠰᠠᠷ᠎ᠠ᠎ᠳᠤ ᠲᠤᠭᠤᠷᠪᠢᠨ ᠪᠢᠴᠢᠬᠦ ᠠᠵᠢᠯ᠎ᠢ ᠱᠠᠯᠠᠪᠳᠠᠨ ᠥᠷᠨᠢᠭᠦᠯᠵᠦ᠂ ᠪᠡᠭᠡᠵᠢᠩ᠎ᠳᠤ ᠬᠤᠷᠠᠯ ᠬᠤᠷᠠᠯᠳᠤᠭᠤᠯᠵᠤ ᠰᠠᠨᠠᠯ ᠰᠣᠨᠣᠰᠴᠤ᠂ ᠵᠡᠭᠦᠨ ᠬᠣᠢ᠌ᠲᠤ ᠵᠢᠨ ᠬᠠᠷ᠎ᠠ ᠬᠥᠷᠥᠰᠥᠲᠦ ᠣᠷᠣᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ᠂ ᠤᠯᠠᠨ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠴᠤ᠂ ᠭᠦᠨᠵᠡᠭᠡᠢ ᠰᠤᠳᠤᠯᠵᠤ᠂ ᠲᠠᠬᠢᠨ ᠳᠠᠪᠲᠠᠨ ᠵᠠᠰᠠᠪᠤᠷᠢ ᠣᠷᠣᠭᠤᠯᠵᠤ᠂ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠬᠤ ᠬᠠᠤᠯᠢ ᠵᠢᠨ ᠲᠥᠰᠥᠯ᠎ᠢ ᠪᠤᠢ ᠪᠣᠯᠭ᠋ᠠᠭᠰᠠᠨ ᠪᠥᠭᠡᠳ ᠲᠤᠰ ᠵᠢᠯ᠎ᠤᠨ 12 ᠰᠠᠷ᠎ᠠ᠎ᠳᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠦᠨ ᠬᠢᠨᠠᠨ ᠶᠠᠷᠢᠯᠴᠠᠭᠤᠯᠵᠤ᠂ ᠨᠡᠢ᠌ᠳᠡᠮ᠎ᠤᠨ ᠰᠠᠢ᠌ᠨ ᠦᠨᠡᠯᠡᠯᠲᠡ ᠵᠢ ᠣᠯᠪᠠ᠃ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠬᠤ ᠬᠠᠤᠯᠢ ᠪᠣᠯ ᠨᠢᠭᠡ ᠵᠦᠢ᠍ᠯ᠎ᠤᠨ 《ᠵᠢᠵᠢᠭ ᠬᠡᠷᠴᠢᠶᠡᠰᠦ》 《ᠵᠢᠵᠢᠭ ᠬᠤᠷᠳᠤᠨ》 ᠬᠠᠤᠯᠢ ᠲᠣᠭᠲᠠᠭ᠋ᠠᠯᠲᠠ ᠮᠥᠨ᠂ ᠡᠨᠡ᠎ᠨᠢ ᠲᠥᠯᠥᠭᠡᠯᠡᠭᠴᠢᠳ᠎ᠤᠨ ᠲᠤᠬᠠᠢ ᠵᠢᠨ ᠵᠢᠯ᠎ᠳᠤ ᠳᠤᠷᠠᠳᠤᠭᠰᠠᠨ ᠰᠠᠨᠠᠯ ᠵᠥᠪᠯᠡᠯᠭᠡ᠂ ᠲᠤᠬᠠᠢ ᠵᠢᠨ ᠵᠢᠯ᠎ᠳᠤ ᠰᠤᠳᠤᠯᠤᠨ ᠨᠤᠲᠠᠯᠠᠵᠤ᠂ ᠲᠤᠬᠠᠢ ᠵᠢᠨ ᠵᠢᠯ᠎ᠳᠤ ᠲᠤᠭᠤᠷᠪᠢᠵᠤ ᠳᠠᠭᠤᠰᠬᠠᠭᠰᠠᠨ ᠪᠥᠭᠡᠳ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠦᠭᠰᠡᠨ ᠶᠠᠪᠤᠳᠠᠯ᠎ᠢ ᠪᠡᠶᠡᠯᠡᠭᠦᠯᠵᠡᠢ᠃
    ᠭᠤᠷᠪᠠ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠵᠢᠨ ᠲᠣᠭᠣᠷᠢᠨ᠎ᠳᠤ᠂ ᠦᠷ᠎ᠡ ᠵᠢᠨ ᠦᠢ᠍ᠯᠡᠰ᠎ᠤᠨ ᠡᠷᠬᠡ ᠴᠢᠯᠦᠭᠡ᠎ᠪᠠᠨ ᠣᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠬᠦᠴᠦ ᠨᠡᠮᠡᠷᠢᠯᠡᠵᠦ᠂ ᠦᠷ᠎ᠡ ᠵᠢᠨ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠢ ᠴᠠᠭ ᠲᠤᠬᠠᠢ᠎ᠳᠤᠨᠢ ᠠᠩᠬᠠᠨ᠎ᠤ ᠰᠢᠨ᠎ᠡ ᠡᠭᠦᠳᠦᠯᠲᠡ ᠵᠢ ᠵᠣᠷᠢᠭᠵᠢᠭᠤᠯᠤᠨ ᠬᠠᠮᠠᠭ᠋ᠠᠯᠠᠬᠤ ᠦᠷ᠎ᠡ ᠵᠢᠨ ᠦᠢ᠍ᠯᠡᠰ᠎ᠤᠨ ᠬᠠᠤᠯᠢ ᠴᠠᠭ᠋ᠠᠵᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠪᠣᠯ ᠦᠷ᠎ᠡ ᠵᠢᠨ ᠦᠢ᠍ᠯᠡᠰ᠎ᠤᠨ ᠡᠷᠬᠡ ᠴᠢᠯᠦᠭᠡ᠎ᠪᠠᠨ ᠣᠯᠬᠤ ᠲᠠᠢ᠍ᠢ᠍ᠨ᠎ᠢ ᠰᠠᠢ᠌ᠲᠤᠷ ᠬᠢᠬᠦ ᠵᠢᠨ ᠵᠠᠩᠭᠢᠯᠠᠭ᠎ᠠ ᠮᠥᠨ᠃ ᠮᠠᠨ᠎ᠤ ᠤᠯᠤᠰ᠎ᠤᠨ ᠲᠠᠷᠢᠮᠠᠯ᠎ᠤᠨ ᠡᠭᠦᠯᠳᠡᠷ᠎ᠤᠨ ᠪᠣᠢ᠌ᠵᠢᠭᠤᠯᠤᠯᠲᠠ ᠵᠢᠨ ᠰᠢᠪᠲᠤᠯᠤᠯᠲᠠ ᠵᠢᠨ ᠴᠢᠨᠠᠷᠲᠠᠢ ᠡᠭᠦᠯᠳᠡᠷ ᠴᠥᠭᠡᠨ᠂ ᠢᠵᠢᠯᠰᠢᠭᠦᠯᠬᠦ ᠠᠰᠠᠭᠤᠳᠠᠯ ᠲᠣᠪᠣᠢ᠌ᠮ᠎ᠠ ᠪᠠᠢ᠌ᠬᠤ ᠵᠢᠨ ᠨᠢᠭᠡᠨ ᠴᠢᠬᠤᠯᠠ ᠰᠢᠯᠲᠠᠭ᠋ᠠᠨ ᠪᠣᠯ ᠳᠠᠷᠤᠢ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠠᠮᠠᠭ᠋ᠠᠯᠠᠭᠰᠠᠨ ᠵᠶ᠋ᠠᠷ ᠬᠦᠷᠦᠯᠴᠡᠬᠦ ᠦᠭᠡᠢ᠎ᠠᠴᠠ ᠪᠣᠯᠵᠤ᠂ ᠠᠩᠬᠠᠨ᠎ᠤ ᠰᠢᠨ᠎ᠡ ᠵᠢ ᠡᠭᠦᠳᠬᠦ ᠬᠥᠳᠡᠯᠭᠡᠭᠦ ᠬᠦᠴᠦᠨ ᠬᠦᠷᠦᠯᠴᠡᠬᠦ ᠦᠭᠡᠢ ᠪᠣᠯᠵᠤ᠂ ᠢᠵᠢ ᠫᠠᠢ᠌ᠰᠠ᠂ ᠴᠢᠮᠡᠭᠯᠡᠯ᠎ᠤᠨ ᠴᠢᠨᠠᠷᠲᠠᠢ ᠡᠭᠦᠯᠳᠡᠷ ᠤᠯᠠᠨ᠂ ᠳᠣᠣᠷ᠎ᠠ ᠲᠦᠪᠰᠢᠨ᠎ᠳᠤ ᠳᠠᠪᠬᠤᠷᠳᠠᠵᠤ ᠪᠠᠢ᠌ᠬᠤ᠎ᠳᠤ ᠣᠷᠣᠰᠢᠨ᠎ᠠ᠃ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠂ ᠵᠣᠷᠢᠭ ᠰᠢᠭᠤᠳᠤᠨ ᠮᠠᠨ᠎ᠤ ᠤᠯᠤᠰ᠎ᠤᠨ ᠦᠷ᠎ᠡ ᠵᠢᠨ ᠦᠢ᠍ᠯᠡᠰ᠎ᠢ ᠬᠥᠭᠵᠢᠭᠦᠯᠵᠦ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠰᠢᠯᠢᠳᠡᠭ ᠡᠭᠦᠯᠳᠡᠷ᠎ᠢ ᠱᠠᠯᠠᠪᠳᠠᠨ ᠪᠣᠢ᠌ᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠡᠬᠢ ᠡᠭᠦᠰᠦᠯ᠎ᠠᠴᠠ᠎ᠨᠢ ᠪᠠᠲᠤᠯᠠᠬᠤ ᠬᠡᠷᠡᠭᠲᠡᠢ ᠭᠡᠵᠡᠢ᠃
ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠪᠠ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠬᠥᠳᠡᠭᠡ ᠲᠣᠰᠬᠣᠨ᠎ᠤ ᠠᠵᠢᠯ᠎ᠤᠨ ᠬᠣᠷᠢᠶ᠎ᠠ᠎ᠠᠴᠠ ᠦᠷ᠎ᠡ ᠵᠢᠨ ᠬᠠᠤᠯᠢ᠎ᠳᠤ ᠱᠠᠯᠠᠪᠳᠠᠨ ᠵᠠᠰᠠᠪᠤᠷᠢ ᠣᠷᠣᠭᠤᠯᠵᠤ᠂ ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠳᠦᠷᠢᠮ᠎ᠢ ᠭᠣᠣᠯᠳᠠᠯᠭ᠎ᠠ᠎ᠲᠠᠢ᠎ᠪᠠᠷ ᠲᠡᠭᠦᠯᠳᠡᠷᠵᠢᠭᠦᠯᠵᠦ᠂ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠷ᠎ᠡ ᠪᠣᠢ᠌ᠵᠢᠭᠤᠯᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ ᠭᠡᠵᠦ ᠰᠤᠳᠤᠯᠤᠨ ᠳᠤᠷᠠᠳᠪᠠ᠃ ᠭᠦᠨᠵᠡᠭᠡᠢ ᠰᠤᠳᠤᠯᠤᠨ ᠨᠤᠲᠠᠯᠠᠬᠤ᠎ᠪᠠᠷ ᠳᠠᠮᠵᠢᠭᠤᠯᠤᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠠ ᠦᠷ᠎ᠡ ᠪᠣᠢ᠌ᠵᠢᠭᠤᠯᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠳ᠎ᠤᠨ ᠰᠠᠨᠠᠯ᠎ᠢ ᠥᠷᠭᠡᠨ ᠵᠶ᠋ᠡᠷ ᠰᠣᠨᠣᠰᠴᠤ᠂ ᠲᠠᠬᠢᠨ ᠳᠠᠪᠲᠠᠨ ᠵᠠᠰᠠᠵᠤ ᠲᠡᠭᠦᠯᠳᠡᠷᠵᠢᠭᠦᠯᠦᠭᠡᠳ᠂ ᠦᠷ᠎ᠡ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠳᠤᠷᠠᠳᠤᠨ ᠭᠠᠷᠭ᠋ᠠᠵᠤ᠂ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠠᠮᠠᠭ᠋ᠠᠯᠠᠬᠤ ᠬᠡᠪᠴᠢᠶ᠎ᠡ ᠵᠢ ᠥᠷᠭᠡᠳᠬᠡᠵᠦ᠂ ᠮᠥᠨ ᠴᠢᠨᠠᠷ᠎ᠤᠨ ᠡᠭᠦᠰᠦᠮᠡᠯ ᠡᠭᠦᠯᠳᠡᠷ᠎ᠤᠨ ᠳᠦᠷᠢᠮ᠎ᠢ ᠪᠠᠢ᠌ᠭᠤᠯᠵᠤ ᠪᠠᠢ᠌ᠭ᠋ᠠᠳ ᠠᠩᠬᠠᠨ᠎ᠤ ᠡᠭᠦᠳᠦᠯᠲᠡ ᠵᠢ ᠤᠷᠮᠠᠰᠢᠭᠤᠯᠤᠨ ᠵᠣᠷᠢᠭᠵᠢᠭᠤᠯᠵᠤ᠂ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠎ᠳᠤ ᠬᠠᠯᠳᠠᠭᠰᠠᠨ ᠲᠥᠯᠥᠪᠦᠷᠢ ᠵᠢᠨ ᠳᠦᠷᠢᠮ᠎ᠢ ᠲᠡᠭᠦᠯᠳᠡᠷᠵᠢᠭᠦᠯᠪᠡ᠃ ᠵᠠᠰᠠᠪᠤᠷᠢ ᠣᠷᠣᠭᠤᠯᠬᠤ ᠲᠥᠰᠥᠯ᠎ᠤᠨ ᠡᠬᠡ ᠨᠣᠣᠷᠠᠭ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠨᠢᠭᠡᠨᠲᠡ ᠬᠢᠨᠠᠨ ᠶᠠᠷᠢᠯᠴᠠᠵᠤ ᠪᠠᠲᠤᠯᠠᠭ᠋ᠠᠳ᠂ ᠲᠤᠬᠠᠢ ᠵᠢᠨ ᠵᠢᠯ᠎ᠳᠤ ᠲᠤᠭᠤᠷᠪᠢᠵᠤ᠂ ᠲᠤᠬᠠᠢ ᠵᠢᠨ ᠵᠢᠯ᠎ᠳᠤ ᠬᠢᠨᠠᠨ ᠶᠠᠷᠢᠯᠴᠠᠭᠤᠯᠬᠤ᠎ᠪᠠᠷ
(ᠵᠣᠬᠢᠶᠠᠭᠴᠢ ᠪᠣᠯ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠪᠠ ᠬᠥᠳᠡᠭᠡ ᠲᠣᠰᠬᠣᠨ᠎ᠤ ᠺᠣᠮᠢᠰ᠎ᠤᠨ ᠡᠷᠬᠢᠯᠡᠭᠴᠢ ᠭᠡᠰᠢᠭᠦᠨ ᠮᠥᠨ)  

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠵᠢᠷᠤᠭ ᠵᠶ᠋ᠠᠷ ᠲᠠᠢ᠌ᠯᠪᠤᠷᠢᠯᠠᠬᠤᠢ᠄ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠳᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》
ᠰᠢ ᠵᠢᠨ ᠫᠢᠩ ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠴᠢᠨᠠᠷ᠎ᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡᠢ
ᠵᠢᠷᠤᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠬᠢᠯᠢ ᠵᠢᠨ ᠪᠣᠭᠣᠮᠲᠠ ᠵᠢᠨ ᠬᠥᠭᠵᠢᠯᠲᠡ ᠵᠢᠨ ᠲᠥᠯᠦᠪᠵᠢᠭᠦᠯᠭᠡ》
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ ᠵᠢᠨ ᠠᠮᠢᠳᠤᠷᠠᠯ᠎ᠤᠨ ᠬᠣᠭ ᠨᠣᠪᠰᠢ ᠵᠢᠨ ᠬᠠᠮᠢᠶᠠᠷᠤᠯᠲᠠ ᠵᠢᠨ ᠳᠦᠷᠢᠮ》
 
            