ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2022-06-16

     ᠵᠡᠭᠦᠨ ᠬᠣᠢ᠌ᠲᠤ ᠣᠷᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠠᠵᠢᠯᠯᠠᠭ᠎ᠠ ᠵᠢᠨ ᠲᠥᠯᠥᠪᠯᠡᠭᠡ ᠵᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 5 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠵᠡᠭᠦᠨ ᠬᠡᠰᠡᠭ᠎ᠤᠨ ᠳᠥᠷᠪᠡᠨ ᠠᠢ᠌ᠮᠠᠭ ᠬᠤᠲᠠ᠂ ᠬᠡᠷᠡᠭᠵᠢᠭᠦᠯᠬᠦ ᠬᠣᠰᠢᠭᠤ ᠰᠢᠶᠠᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠣᠢ᠌ᠯᠠᠭ᠋ᠠᠬᠤ᠎ᠳᠤ ᠳᠥᠭᠦᠮ ᠦᠵᠡᠭᠦᠯᠵᠦ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠡᠮᠬᠢ ᠵᠢᠷᠤᠮ᠎ᠲᠠᠢ ᠥᠷᠨᠢᠭᠦᠯᠬᠦ ᠵᠢ ᠵᠢᠯᠤᠭᠣᠳᠬᠤ ᠵᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠢ᠌ᠯᠪᠤᠷᠢᠯᠠᠪᠠ᠄

     ᠨᠢᠭᠡ᠂ ᠨᠣᠣᠷᠠᠭᠯᠠᠭᠰᠠᠨ ᠠᠬᠤᠢ ᠪᠠᠢ᠌ᠳᠠᠯ

     《ᠵᠡᠭᠦᠨ ᠬᠣᠢ᠌ᠲᠤ ᠵᠢᠨ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠠᠵᠢᠯᠯᠠᠭ᠎ᠠ ᠵᠢᠨ ᠲᠥᠯᠥᠪᠯᠡᠭᠡ (2020 — 2025 ᠣᠨ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠎ᠠ ᠵᠢᠨ ᠲᠥᠰᠥᠯ (2020 — 2025 ᠣᠨ)》 《ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠠᠷᠢᠶᠠᠯᠠᠩ᠎ᠤᠨ ᠮᠠᠰᠢᠨᠴᠢᠯᠠᠯᠲᠠ ᠵᠢᠨ ᠬᠠᠮᠢᠶᠠᠷᠤᠯᠲᠠ ᠵᠢᠨ ᠵᠤᠷᠭ᠋ᠠᠨ ᠲᠥᠯᠥᠪᠯᠡᠭᠡ ᠡᠳ᠋᠎ᠤᠨ ᠶᠠᠪᠤᠳᠠᠯ᠎ᠤᠨ ᠵᠤᠷᠭ᠋ᠠᠨ ᠡᠳ᠋᠎ᠤᠨ ᠵᠠᠰᠠᠭ᠎ᠤᠨ ᠶᠠᠮᠤᠨ᠎ᠤ ᠲᠠᠷᠢᠶᠠᠯᠠᠩ ᠬᠥᠳᠡᠭᠡ ᠲᠣᠰᠬᠤᠨ᠎ᠤ ᠵᠤᠷᠭ᠋ᠠᠨ᠎ᠤ 2022 ᠣᠨ᠎ᠤ ᠵᠡᠭᠦᠨ ᠬᠣᠢ᠌ᠲᠤ ᠵᠢᠨ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠠᠵᠢᠯᠯᠠᠭ᠎ᠠ ᠵᠢᠨ ᠲᠥᠯᠥᠪᠯᠡᠭᠡ ᠵᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ 《ᠬᠡᠷᠡᠭᠵᠢᠭᠦᠯᠬᠦ ᠲᠥᠰᠥᠯ》᠎ᠢ ᠲᠤᠭᠤᠷᠪᠢᠬᠤ ᠠᠵᠢᠯ᠎ᠢ ᠥᠷᠨᠢᠭᠦᠯᠪᠡ᠃ 《ᠬᠡᠷᠡᠭᠵᠢᠭᠦᠯᠬᠦ ᠲᠥᠰᠥᠯ》᠎ᠢ ᠣᠢ᠌ᠷ᠎ᠠ ᠵᠢᠨ ᠵᠢᠯ᠎ᠤᠨ ᠲᠤᠷᠰᠢᠬᠢ ᠠᠵᠢᠯ ᠵᠶ᠋ᠠᠨ ᠥᠷᠨᠢᠭᠦᠯᠦᠭᠰᠡᠨ ᠪᠣᠳᠠᠲᠠᠢ᠎ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠵᠶ᠋ᠠᠷ ᠨᠤᠲᠠᠯᠠᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠣᠯᠪᠤᠭ᠋ᠠᠯᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠎ᠡ᠃

     ᠬᠣᠶᠠᠷ᠂ ᠭᠣᠣᠯ ᠪᠣᠯᠬᠤ ᠪᠣᠷᠣ ᠲᠥᠰᠥᠪ

     《ᠬᠡᠷᠡᠭᠵᠢᠭᠦᠯᠬᠦ ᠲᠥᠰᠥᠯ》᠎ᠳᠤ 《ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠵᠦ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ》 ᠵᠠᠷᠴᠢᠮ᠎ᠢ ᠪᠠᠷᠢᠮᠲᠠᠯᠠᠨ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 《ᠢᠯᠡᠭᠦᠦ ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠭᠦ》 ᠭᠣᠣᠯᠯᠠᠬᠤ ᠮᠡᠷᠭᠡᠵᠢᠯ᠎ᠤᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ 《ᠨᠢᠭᠡ ᠡᠭᠦᠷᠭᠡ ᠬᠠᠷᠠᠯᠲᠠ》 《ᠭᠤᠷᠪᠠᠨ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ》 ᠵᠢ ᠴᠢᠬᠤᠯᠠᠴᠢᠯᠠᠪᠠ᠃ ᠪᠣᠳᠠᠲᠠᠢ᠎ᠪᠠᠷ ᠬᠡᠯᠡᠪᠡᠯ ᠶᠡᠷᠦᠩᠬᠡᠢ ᠱᠠᠭ᠋ᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ᠎ᠤᠨ ᠵᠠᠭᠪᠤᠷ ᠵᠢᠴᠢ ᠤᠷ᠎ᠠ ᠮᠡᠷᠭᠡᠰᠢᠯ᠎ᠢ ᠰᠢᠢ᠍ᠳᠪᠦᠷᠢᠯᠡᠬᠦ ᠱᠠᠭ᠋ᠠᠷᠳᠠᠯᠭ᠎ᠠ᠂ ᠨᠥᠬᠥᠪᠦᠷᠢ ᠪᠡᠯᠡ ᠮᠥᠩᠭᠥ ᠵᠢᠨ ᠬᠡᠷᠡᠭᠴᠡᠭᠡ᠂ ᠨᠥᠬᠥᠪᠦᠷᠢ ᠣᠯᠭᠣᠬᠤ ᠪᠠᠷᠢᠮᠵᠢᠶ᠎ᠠ ᠵᠢᠴᠢ ᠨᠥᠬᠥᠪᠦᠷᠢ ᠣᠯᠭᠣᠬᠤ ᠡᠲᠡᠭᠡᠳ᠂ ᠠᠵᠢᠯ᠎ᠤᠨ ᠲᠠᠰ ᠳᠠᠷᠠᠭ᠋ᠠᠯᠠᠯ᠂ ᠠᠬᠢᠴᠠ ᠵᠢᠨ ᠱᠠᠭ᠋ᠠᠷᠳᠠᠯᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ 8 ᠠᠭᠤᠯᠭ᠎ᠠ ᠵᠢ ᠨᠠᠷᠢᠯᠢᠭᠵᠢᠭᠤᠯᠤᠨ ᠲᠣᠬᠢᠷᠠᠭᠤᠯᠪᠠ᠃

     ᠭᠤᠷᠪᠠ᠂ ᠭᠣᠣᠯᠳᠠᠯᠭ᠎ᠠ᠎ᠲᠠᠢ ᠠᠭᠤᠯᠭ᠎ᠠ ᠵᠢᠨ ᠲᠠᠢ᠌ᠯᠤᠮᠵᠢ      

     (ᠨᠢᠭᠡ) ᠡᠭᠦᠷᠭᠡ ᠬᠠᠷᠠᠯᠲᠠ᠃ 2022 ᠣᠨ᠎ᠳᠤ ᠮᠠᠨ᠎ᠤ ᠣᠷᠣᠨ ᠬᠥᠯᠥᠨ ᠪᠤᠶ᠋ᠢᠷ ᠬᠤᠲᠠ᠂ ᠬᠢᠩᠭ᠋ᠠᠨ ᠠᠢ᠌ᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠎ᠳᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 1350 ᠲᠦᠮᠡᠨ ᠮᠦ᠍ ᠬᠡᠷᠡᠭᠵᠢᠭᠦᠯᠵᠦ᠂ 9 ᠰᠢᠶᠠᠨ᠎ᠤ ᠪᠦᠲᠦᠭᠡᠨ ᠪᠠᠢ᠌ᠭᠤᠯᠤᠯᠲᠠ ᠵᠢ ᠪᠦᠬᠦᠯᠢ ᠴᠣᠭᠴᠠ᠎ᠪᠠᠷ ᠠᠬᠢᠭᠤᠯᠵᠤ᠂ 31 ᠰᠢᠶᠠᠨ᠎ᠤ ᠱᠠᠲᠤ᠂ 87 ᠰᠢᠶᠠᠩ᠎ᠤᠨ ᠱᠠᠲᠤ ᠪᠠ 18 ᠲᠣᠰᠬᠤᠨ᠎ᠤ ᠱᠠᠲᠤ ᠵᠢᠨ ᠥᠨᠳᠥᠷ ᠪᠠᠷᠢᠮᠵᠢᠶᠠᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠬᠢᠨᠠᠨ ᠰᠢᠨᠵᠢᠯᠡᠬᠦ 20 ᠴᠡᠭ᠎ᠢ ᠪᠡᠬᠢᠵᠢᠭᠦᠯᠦᠨ ᠳᠡᠭᠡᠭᠰᠢᠯᠡᠭᠦᠯᠦᠨ᠎ᠡ᠃

     (ᠬᠣᠶᠠᠷ) ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ᠃ ᠨᠢᠭᠡ᠎ᠳᠤ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠵᠤ ᠰᠢᠶᠠᠨ᠎ᠤ ᠪᠦᠲᠦᠭᠡᠨ ᠪᠠᠢ᠌ᠭᠤᠯᠤᠯᠲᠠ ᠵᠢ ᠪᠦᠬᠦᠯᠢ ᠴᠣᠭᠴᠠ᠎ᠪᠠᠷ ᠠᠬᠢᠭᠤᠯᠵᠤ᠂ ᠭᠤᠷᠪᠠᠨ ᠵᠢᠯ ᠳᠠᠷᠠᠭ᠋ᠠᠯᠠᠨ ᠬᠡᠷᠡᠭᠵᠢᠭᠦᠯᠬᠦ᠎ᠪᠠᠷ ᠳᠠᠮᠵᠢᠨ᠂ ᠰᠢᠶᠠᠨ᠎ᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠬᠦ ᠲᠠᠯᠠᠪᠠᠢ ᠵᠢ ᠪᠦᠬᠦᠯᠢ ᠴᠣᠭᠴᠠ᠎ᠪᠠᠷ ᠠᠬᠢᠭᠤᠯᠬᠤ᠎ᠳᠤ ᠵᠠᠷᠴᠢᠮ ᠳᠡᠭᠡᠷ᠎ᠡ᠎ᠪᠠᠨ ᠲᠤᠰ ᠰᠢᠶᠠᠨ᠎ᠤ ᠲᠠᠷᠢᠶᠠᠯᠠᠬᠤ᠎ᠳᠤ ᠲᠣᠬᠢᠷᠠᠮᠵᠢᠲᠠᠢ ᠲᠠᠯᠠᠪᠠᠢ ᠵᠢᠨ 50%᠎ᠠᠴᠠ ᠳᠠᠪᠠᠭᠤᠯᠵᠤ᠂ ᠮᠡᠷᠭᠡᠵᠢᠯ᠎ᠢ ᠪᠣᠳᠠᠲᠠᠢ᠌ᠵᠢᠭᠤᠯᠬᠤ᠂ ᠠᠵᠢᠯᠯᠠᠭ᠋ᠠᠨ᠎ᠢ ᠦᠷᠭᠦᠯᠵᠢᠯᠡᠭᠦᠯᠬᠦ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠴᠢᠷᠮᠠᠢ᠌ᠨ ᠪᠤᠢ ᠪᠣᠯᠭ᠋ᠠᠨ᠎ᠠ᠃ ᠬᠣᠶᠠᠷ᠎ᠲᠤ᠂ ᠥᠨᠳᠥᠷ ᠪᠠᠷᠢᠮᠵᠢᠶᠠᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ᠂ ᠮᠡᠷᠭᠡᠵᠢᠯ᠎ᠤᠨ ᠬᠦᠴᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠥᠨᠳᠥᠷ ᠪᠠᠷᠢᠮᠵᠢᠶᠠᠲᠤ ᠬᠡᠷᠡᠭᠯᠡᠭᠡᠨ᠎ᠤ ᠰᠠᠭᠤᠷᠢᠨ ᠭᠠᠵᠠᠷ ᠲᠡᠢ᠌ᠰᠢ ᠬᠡᠯᠪᠡᠢ᠌ᠯᠭᠡᠵᠦ᠂ ᠮᠡᠷᠭᠡᠵᠢᠯ᠎ᠤᠨ ᠬᠡᠷᠡᠭᠯᠡᠭᠡᠨ᠎ᠤ ᠪᠠᠷᠢᠮᠵᠢᠶ᠎ᠠ ᠵᠢ ᠴᠢᠩᠳᠠᠯᠠᠵᠤ᠂ ᠭᠣᠣᠯᠳᠠᠯᠭ᠎ᠠ᠎ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ᠎ᠢ ᠲᠠᠷᠢᠶᠠᠯᠠᠩ᠎ᠤᠨ ᠮᠠᠰᠢᠨ ᠪᠠ ᠲᠠᠷᠢᠶᠠᠯᠠᠩ᠎ᠤᠨ ᠤᠷ᠎ᠠ ᠮᠡᠷᠭᠡᠰᠢᠯ᠎ᠢ ᠭᠦᠨᠵᠡᠭᠡᠢ ᠠᠭᠤᠰᠤᠯᠴᠠᠭᠤᠯᠤᠭᠰᠠᠨ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢᠨ ᠢᠵᠢ ᠪᠦᠷᠢᠳᠦᠭᠦᠯᠬᠦ ᠮᠡᠷᠭᠡᠵᠢᠯ᠎ᠢ ᠪᠠᠷᠢᠮᠵᠢᠶᠠᠵᠢᠭᠤᠯᠤᠨ᠂ ᠵᠢᠷᠤᠮᠵᠢᠭᠤᠯᠤᠭᠰᠠᠨ᠂ ᠣᠷᠣᠨ ᠪᠦᠰᠡ ᠵᠢᠨ ᠣᠨᠴᠠᠯᠢᠭ ᠵᠶ᠋ᠠᠷ ᠢᠯᠡ ᠲᠣᠳᠣ᠂ ᠳᠠᠢ᠌ᠴᠢᠯᠠᠬᠤ ᠬᠦᠴᠦᠨ ᠵᠶ᠋ᠠᠷ ᠴᠢᠩᠭ᠎ᠠ ᠳᠠᠭᠤᠷᠢᠶᠠᠯ ᠪᠣᠯᠭ᠋ᠠᠨ᠎ᠠ᠃ ᠭᠤᠷᠪᠠ᠎ᠳᠤ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠨ ᠬᠢᠨᠠᠨ ᠰᠢᠨᠵᠢᠯᠡᠯᠲᠡ ᠵᠢ ᠥᠷᠨᠢᠭᠦᠯᠦᠨ᠎ᠡ᠃ ᠠᠳᠠᠯᠢ ᠪᠤᠰᠤ ᠲᠠᠷᠢᠮᠠᠯ᠂ ᠠᠳᠠᠯᠢ ᠪᠤᠰᠤ ᠮᠡᠷᠭᠡᠵᠢᠯ᠎ᠤᠨ ᠵᠠᠭᠪᠤᠷ ᠵᠢᠴᠢ ᠣᠷᠣᠨ ᠪᠦᠰᠡ ᠵᠢᠨ ᠣᠨᠴᠠᠯᠢᠭ᠎ᠢ ᠦᠨᠳᠦᠰᠦᠯᠡᠨ᠂ 20 ᠣᠷᠳᠣ ᠬᠤᠭᠤᠴᠠᠭ᠋ᠠᠨ᠎ᠤ ᠬᠢᠨᠠᠨ ᠰᠢᠨᠵᠢᠯᠡᠬᠦ ᠴᠡᠭ᠎ᠲᠤ ᠲᠠᠷᠢᠶᠠᠨ ᠭᠠᠵᠠᠷ᠎ᠤᠨ ᠬᠥᠷᠥᠰᠥ ᠰᠢᠷᠣᠢ ᠵᠢᠨ ᠹᠢᠽᠢᠺ ᠬᠢᠮᠢ ᠵᠢᠨ ᠣᠨᠴᠠᠯᠢᠭ᠂ ᠠᠮᠢᠳᠤ ᠪᠣᠳᠠᠰ᠎ᠤᠨ ᠰᠤᠳᠤᠯᠤᠯ᠎ᠤᠨ ᠰᠢᠨᠵᠢ ᠪᠠᠢ᠌ᠳᠠᠯ᠂ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠂ ᠲᠠᠷᠢᠮᠠᠯ᠎ᠤᠨ ᠤᠨᠠᠯᠲᠠ ᠵᠢᠨ ᠬᠤᠪᠢᠷᠠᠯᠲᠠ᠂ ᠡᠪᠡᠰᠦ ᠬᠣᠷᠣᠬᠠᠢ ᠵᠢᠨ ᠬᠥᠨᠥᠭᠡᠯ᠎ᠤᠨ ᠬᠤᠪᠢᠷᠠᠯᠲᠠ ᠪᠠ ᠮᠠᠰᠢᠨ ᠪᠠᠭ᠋ᠠᠵᠢ ᠲᠣᠨᠣᠭᠯᠠᠯ᠎ᠤᠨ ᠬᠡᠷᠡᠭᠯᠡᠭᠡᠨ᠎ᠤ ᠴᠢᠨᠠᠷ ᠵᠡᠷᠭᠡ ᠪᠠᠢ᠌ᠳᠠᠯ᠎ᠢ ᠬᠢᠨᠠᠨ ᠰᠢᠨᠵᠢᠯᠡᠬᠦ ᠵᠢ ᠭᠣᠣᠯᠳᠠᠯᠭ᠎ᠠ᠎ᠲᠠᠢ ᠥᠷᠨᠢᠭᠦᠯᠦᠨ᠎ᠡ᠃

     (ᠭᠤᠷᠪᠠ) ᠭᠣᠣᠯᠴᠢᠯᠠᠨ ᠠᠬᠢᠭᠤᠯᠬᠤ ᠮᠡᠷᠭᠡᠵᠢᠯ᠎ᠤᠨ ᠵᠠᠭᠪᠤᠷ᠃ 2022 ᠣᠨ᠎ᠳᠤ᠂ ᠡᠰᠢ ᠰᠦᠷᠡᠯ᠎ᠤᠨ ᠭᠠᠵᠠᠷ᠎ᠤᠨ ᠭᠠᠳᠠᠷᠭᠤ ᠵᠢ ᠪᠦᠷᠬᠦᠭᠰᠡᠨ ᠬᠡᠮᠵᠢᠶ᠎ᠡ᠎ᠪᠠᠷ 3 ᠵᠦᠢ᠍ᠯ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠬᠤ ᠮᠡᠷᠭᠡᠵᠢᠯ᠎ᠤᠨ ᠵᠠᠭᠪᠤᠷ᠎ᠢ ᠬᠡᠷᠡᠭᠵᠢᠭᠦᠯᠦᠨ᠎ᠡ᠃ ᠨᠢᠭᠡ᠎ᠳᠤ᠂ ᠲᠠᠷᠢᠮᠠᠯ᠎ᠢ ᠬᠤᠷᠢᠶᠠᠭᠰᠠᠨ᠎ᠤ ᠳᠠᠷᠠᠭ᠎ᠠ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠡᠪᠦᠯᠵᠢᠭᠦᠯᠬᠦ + ᠬᠠᠪᠤᠷ᠎ᠲᠤ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠵᠤ ᠲᠠᠷᠢᠨ᠎ᠠ᠃ ᠬᠣᠶᠠᠷ᠎ᠲᠤ᠂ ᠲᠠᠷᠢᠮᠠᠯ᠎ᠢ ᠬᠤᠷᠢᠶᠠᠭᠰᠠᠨ᠎ᠤ ᠳᠠᠷᠠᠭ᠎ᠠ ᠡᠰᠢ ᠰᠦᠷᠡᠯ᠎ᠤᠨ ᠨᠢᠭᠡ ᠬᠡᠰᠡᠭ ᠵᠶ᠋ᠠᠷ ᠪᠦᠷᠬᠦᠭᠦᠯᠵᠦ ᠡᠪᠦᠯᠵᠢᠭᠦᠯᠬᠦ + ᠬᠠᠪᠤᠷ᠎ᠲᠤ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠵᠤ ᠲᠠᠷᠢᠨ᠎ᠠ᠃ ᠭᠤᠷᠪᠠ᠎ᠳᠤ᠂ ᠲᠠᠷᠢᠮᠠᠯ᠎ᠢ ᠬᠤᠷᠢᠶᠠᠭᠰᠠᠨ᠎ᠤ ᠳᠠᠷᠠᠭ᠎ᠠ ᠡᠰᠢ ᠰᠦᠷᠡᠯ᠎ᠢ ᠪᠠᠭ᠎ᠠ ᠬᠡᠮᠵᠢᠶ᠎ᠡ᠎ᠪᠠᠷ ᠪᠦᠷᠬᠦᠭᠦᠯᠵᠦ ᠡᠪᠦᠯᠵᠢᠭᠦᠯᠬᠦ + ᠬᠠᠪᠤᠷ᠎ᠲᠤ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠵᠤ ᠲᠠᠷᠢᠨ᠎ᠠ᠃

     (ᠳᠥᠷᠪᠡ) ᠤᠷ᠎ᠠ ᠮᠡᠷᠭᠡᠰᠢᠯ᠎ᠢ ᠰᠢᠢ᠍ᠳᠪᠦᠷᠢᠯᠡᠬᠦ ᠱᠠᠭ᠋ᠠᠷᠳᠠᠯᠭ᠎ᠠ᠃ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠲᠤ ᠡᠷᠳᠡᠨᠢ ᠰᠢᠰᠢ ᠵᠢ ᠨᠠᠮᠤᠷ ᠬᠤᠷᠢᠶᠠᠬᠤ ᠦᠶᠡᠰ ᠡᠰᠢ ᠰᠦᠷᠡᠯ᠎ᠢ ᠪᠦᠬᠦᠯᠢ᠎ᠪᠠᠷ᠎ᠨᠢ ᠭᠠᠵᠠᠷ᠎ᠤᠨ ᠭᠠᠳᠠᠷᠭᠤ᠎ᠳᠤ ᠦᠯᠡᠳᠡᠭᠡᠵᠦ ᠡᠪᠦᠯᠵᠢᠭᠦᠯᠬᠦ ᠪᠤᠶᠤ ᠬᠤᠷᠢᠶᠠᠬᠤ᠎ᠳᠤ᠎ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠳᠦ ᠬᠡᠰᠡᠭ᠎ᠤᠨ ᠡᠰᠢ ᠰᠦᠷᠡᠯ᠎ᠢ ᠬᠡᠷᠴᠢᠵᠦ ᠭᠠᠵᠠᠷ᠎ᠤᠨ ᠭᠠᠳᠠᠷᠭᠤ᠎ᠳᠤ ᠡᠪᠦᠯᠵᠢᠭᠦᠯᠵᠦ᠂ ᠳᠠᠷᠢᠬᠤ᠎ᠠᠴᠠ ᠡᠮᠦᠨᠡᠬᠢ ᠡᠰᠢ ᠰᠦᠷᠡᠯ᠎ᠤᠨ ᠪᠦᠷᠬᠦᠴᠡ ᠵᠢᠨ ᠨᠣᠷᠮ᠎ᠠ ᠵᠢ 60%᠎ᠠᠴᠠ ᠳᠡᠭᠡᠭᠰᠢ ᠪᠠᠢ᠌ᠯᠭ᠋ᠠᠬᠤ᠎ᠪᠠᠷ ᠱᠠᠭ᠋ᠠᠷᠳᠠᠨ᠎ᠠ; ᠡᠰᠢ ᠰᠦᠷᠡᠯ᠎ᠤᠨ ᠨᠢᠭᠡ ᠬᠡᠰᠡᠭ ᠵᠶ᠋ᠠᠷ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠲᠤ ᠵᠠᠷᠴᠢᠮ ᠳᠡᠭᠡᠷ᠎ᠡ᠎ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ᠎ᠳᠤ᠎ᠪᠠᠨ 25cm ᠣᠷᠴᠢᠮ ᠥᠨᠳᠥᠷ ᠭᠤᠤᠷᠰᠤ ᠦᠯᠡᠳᠡᠭᠡᠬᠦ ᠵᠢᠨ ᠬᠠᠮᠲᠤ ᠬᠡᠰᠡᠭ ᠡᠰᠢ ᠰᠦᠷᠡᠯ᠎ᠢ ᠭᠠᠵᠠᠷ᠎ᠤᠨ ᠭᠠᠳᠠᠷᠭᠤ᠎ᠳᠤ ᠦᠯᠡᠳᠡᠭᠡᠨ ᠡᠪᠦᠯᠵᠢᠭᠦᠯᠵᠦ᠂ ᠳᠠᠷᠢᠬᠤ᠎ᠠᠴᠠ ᠡᠮᠦᠨᠡᠬᠢ ᠡᠰᠢ ᠰᠦᠷᠡᠯ᠎ᠤᠨ ᠪᠦᠷᠬᠦᠴᠡ ᠵᠢᠨ ᠨᠣᠷᠮ᠎ᠠ ᠵᠢ 30% — 60%᠎ᠳᠤ ᠬᠦᠷᠦᠭᠦᠯᠬᠦ ᠵᠢ ᠱᠠᠭ᠋ᠠᠷᠳᠠᠨ᠎ᠠ; ᠡᠰᠢ ᠰᠦᠷᠡᠯ᠎ᠢ ᠪᠠᠭ᠎ᠠ ᠬᠡᠮᠵᠢᠶ᠎ᠡ᠎ᠪᠠᠷ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠲᠤ ᠵᠠᠷᠴᠢᠮ ᠳᠡᠭᠡᠷ᠎ᠡ᠎ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ᠎ᠳᠤ᠎ᠪᠠᠨ 10cm᠎ᠠᠴᠠ ᠳᠡᠭᠡᠭᠰᠢ ᠭᠤᠤᠷᠰᠤ ᠦᠯᠡᠳᠡᠭᠡᠬᠦ ᠵᠢᠨ ᠬᠠᠮᠲᠤ ᠬᠡᠰᠡᠭ ᠡᠰᠢ ᠰᠦᠷᠡᠯ᠎ᠢ ᠭᠠᠵᠠᠷ᠎ᠤᠨ ᠭᠠᠳᠠᠷᠭᠤ᠎ᠳᠤ ᠦᠯᠡᠳᠡᠭᠡᠨ ᠡᠪᠦᠯᠵᠢᠭᠦᠯᠵᠦ᠂ ᠳᠠᠷᠢᠬᠤ᠎ᠠᠴᠠ ᠡᠮᠦᠨᠡᠬᠢ ᠡᠰᠢ ᠰᠦᠷᠡᠯ᠎ᠤᠨ ᠪᠦᠷᠬᠦᠴᠡ ᠵᠢᠨ ᠨᠣᠷᠮ᠎ᠠ ᠵᠢ 15% — 30%᠎ᠳᠤ ᠬᠦᠷᠦᠭᠦᠯᠬᠦ ᠵᠢ ᠱᠠᠭ᠋ᠠᠷᠳᠠᠨ᠎ᠠ᠃ ᠪᠤᠰᠤᠳ ᠲᠠᠷᠢᠮᠠᠯ᠎ᠤᠨ ᠡᠰᠢ  ᠰᠦᠷᠡᠯ᠎ᠢ ᠵᠠᠷᠴᠢᠮ ᠳᠡᠭᠡᠷ᠎ᠡ᠎ᠪᠠᠨ ᠴᠥᠮ ᠭᠠᠵᠠᠷ᠎ᠤᠨ ᠭᠠᠳᠠᠷᠭᠤ᠎ᠳᠤ ᠦᠯᠡᠳᠡᠭᠡᠨ᠎ᠡ᠃

     (ᠲᠠᠪᠤ) ᠨᠥᠬᠥᠪᠦᠷᠢ ᠣᠯᠭᠣᠬᠤ ᠡᠲᠡᠭᠡᠳ᠃ 《ᠬᠡᠨ ᠭᠠᠵᠠᠷ ᠰᠢᠷᠣᠢ ᠵᠢ ᠡᠵᠡᠩᠨᠡᠪᠡᠯ᠂ ᠲᠡᠷᠡ᠎ᠨᠢ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠪᠣᠳᠠᠲᠠᠢ᠎ᠪᠠᠷ ᠬᠡᠷᠡᠭᠵᠢᠭᠦᠯᠵᠦ᠂ ᠲᠡᠷᠡ᠎ᠨᠢ ᠨᠥᠬᠥᠪᠦᠷᠢ ᠬᠦᠷᠳᠡᠬᠦ》 ᠵᠠᠷᠴᠢᠮ᠎ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠵᠢᠨ ᠳᠣᠲᠣᠷ᠎ᠠ ᠭᠠᠵᠠᠷ ᠰᠢᠷᠣᠢ ᠵᠢ ᠪᠣᠳᠠᠲᠠᠢ᠎ᠪᠠᠷ ᠡᠵᠡᠩᠨᠡᠬᠦ ᠵᠢᠨ ᠬᠠᠮᠲᠤ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠰᠠᠢ᠌ᠨ ᠳᠤᠷ᠎ᠠ᠎ᠠᠴᠠ᠎ᠪᠠᠨ ᠬᠡᠷᠡᠭᠵᠢᠭᠦᠯᠦᠭᠰᠡᠨ ᠬᠤᠪᠢ ᠬᠥᠮᠥᠨ ᠪᠠ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠢ᠌ᠭᠤᠯᠤᠯᠲᠠ᠎ᠪᠠᠷ ᠨᠥᠬᠥᠪᠦᠷᠢ ᠣᠯᠭᠣᠬᠤ ᠡᠲᠡᠭᠡᠳ ᠪᠣᠯᠭ᠋ᠠᠨ᠎ᠠ᠃ ᠤᠯᠤᠰ ᠪᠠ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠠᠴᠠ ᠠᠰᠠᠷᠠᠨ ᠲᠡᠵᠢᠭᠡᠵᠦ ᠪᠠᠢ᠌ᠭ᠎ᠠ ᠠᠵᠢᠯᠲᠠᠨ᠂ ᠲᠤᠬᠠᠢ᠌ᠯᠠᠪᠠᠯ ᠤᠯᠤᠰ᠎ᠤᠨ ᠠᠯᠪᠠᠲᠠᠨ᠂ ᠠᠯᠪᠠᠲᠠᠨ᠎ᠤ ᠬᠠᠤᠯᠢ᠎ᠪᠠᠷ ᠯᠠᠪᠯᠠᠨ ᠬᠠᠮᠢᠶᠠᠷᠴᠤ ᠪᠠᠢ᠌ᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ (ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ)᠎ᠢ ᠨᠥᠬᠥᠪᠦᠷᠢ ᠣᠯᠭᠣᠬᠤ ᠡᠲᠡᠭᠡᠳ᠎ᠤᠨ ᠬᠡᠪᠴᠢᠶᠡᠨ᠎ᠳᠤ ᠣᠷᠣᠭᠤᠯᠬᠤ ᠦᠭᠡᠢ᠃

     (ᠵᠢᠷᠭᠤᠭ᠎ᠠ) ᠨᠥᠬᠥᠪᠦᠷᠢ ᠣᠯᠭᠣᠬᠤ ᠪᠠᠷᠢᠮᠵᠢᠶ᠎ᠠ᠃ ᠡᠷᠳᠡᠨᠢ ᠰᠢᠰᠢ ᠵᠢᠨ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠪᠠᠭ᠎ᠠ ᠬᠠᠭ᠋ᠠᠯᠪᠤᠷᠢᠯᠠᠬᠤ ᠵᠠᠭᠪᠤᠷ᠎ᠤᠨ ᠨᠥᠬᠥᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 65 ᠲᠥᠭᠥᠷᠢᠭ᠎ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠵᠢᠨ ᠡᠰᠢ ᠰᠦᠷᠡᠯ᠎ᠤᠨ ᠨᠢᠭᠡ ᠬᠡᠰᠡᠭ ᠵᠶ᠋ᠠᠷ ᠪᠦᠷᠬᠦᠭᠦᠯᠬᠦ ᠵᠢᠴᠢ ᠪᠤᠰᠤᠳ ᠲᠠᠷᠢᠮᠠᠯ᠎ᠤᠨ ᠡᠰᠢ ᠰᠦᠷᠡᠯ᠎ᠢ ᠪᠦᠬᠦᠯᠢ᠎ᠪᠠᠷ᠎ᠨᠢ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠳᠤᠲᠠᠭᠤ ᠬᠠᠭ᠋ᠠᠯᠪᠤᠷᠢᠯᠠᠬᠤ ᠵᠠᠭᠪᠤᠷ᠎ᠤᠨ ᠨᠥᠬᠥᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 34 ᠲᠥᠭᠥᠷᠢᠭ᠎ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠵᠢᠨ ᠡᠰᠢ ᠰᠦᠷᠡᠯ᠎ᠢ ᠪᠠᠭ᠎ᠠ ᠬᠡᠮᠵᠢᠶ᠎ᠡ᠎ᠪᠠᠷ ᠪᠦᠷᠬᠦᠭᠦᠯᠵᠦ ᠬᠠᠭ᠋ᠠᠯᠪᠤᠷᠢᠯᠠᠬᠤ ᠦᠭᠡᠢ ᠪᠤᠶᠤ ᠳᠤᠲᠠᠭᠤ ᠬᠠᠭ᠋ᠠᠯᠪᠤᠷᠢᠯᠠᠬᠤ ᠵᠠᠭᠪᠤᠷ᠎ᠤᠨ ᠨᠥᠬᠥᠪᠦᠷᠢ ᠵᠢᠨ ᠪᠠᠷᠢᠮᠵᠢᠶ᠎ᠠ ᠵᠢ ᠮᠦ᠍ ᠪᠦᠷᠢ᠎ᠳᠤ 19 ᠲᠥᠭᠥᠷᠢᠭ᠎ᠠᠴᠠ ᠬᠡᠲᠦᠷᠡᠭᠦᠯᠬᠦ ᠦᠭᠡᠢ᠃

 

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠲᠤᠨ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠌ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤᠨ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
 
            