ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠯᠠᠭ᠋ᠠᠨᠬᠠᠳᠠ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2022-08-19

      8 ᠰᠠᠷ᠎ᠠ ᠵᠢᠨ 12᠎ᠤᠨ ᠡᠳᠦᠷ᠂ ᠤᠯᠠᠭ᠋ᠠᠨᠬᠠᠳᠠ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠦᠬᠦ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠠᠵᠢᠯ᠎ᠢ ᠪᠠᠢ᠌ᠷᠢᠯᠠᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠪᠡᠭᠡᠵᠢᠩ᠎ᠤᠨ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭ᠋ᠠᠨᠬᠠᠳᠠ ᠬᠣᠲᠠ ᠬᠢᠭᠡᠳ ᠪᠡᠭᠡᠵᠢᠩ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ᠎ᠤᠨ ᠵᠣᠷᠢᠭ ᠰᠠᠨᠠᠭ᠎ᠠ ᠪᠠ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠨ ᠂ 2022 ᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠠᠵᠢᠯ᠎ᠤᠨ ᠦᠷ᠎ᠡ ᠪᠦᠲᠦᠮᠵᠢ ᠵᠢ ᠳ᠋ᠦᠩᠨᠡᠵᠦ ᠂ ᠲᠤᠯᠭ᠋ᠠᠷᠠᠵᠤ ᠪᠠᠢ᠌ᠭ᠎ᠠ ᠪᠠᠢ᠌ᠳᠠᠯ ᠡᠭᠦᠷᠭᠡ᠎ᠳᠤ ᠵᠠᠳᠠᠯᠤᠯᠲᠠ ᠬᠢᠵᠦ ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠤᠨ᠎ᠠ ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ ᠂ ᠡᠯ᠎ᠡ ᠬᠣᠰᠢᠭᠤ ᠰᠢᠶᠠᠨ ᠲᠣᠭᠣᠷᠢᠭ ᠂ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ᠎ᠤᠨ᠎ᠬᠢᠨ ᠰᠢᠨ᠎ᠡ ᠴᠠᠭ ᠦᠶ᠎ᠡ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠠᠪᠴᠠᠩ᠎ᠢ ᠭᠦᠢ᠍ᠴᠡᠳ ᠰᠠᠢ᠌ᠲᠤᠷ ᠲᠠᠨᠢᠵᠤ ᠂ ᠬᠠᠮᠲᠤᠪᠠᠷ ᠰᠠᠢ᠌ᠲᠤᠷ ᠪᠠᠢ᠌ᠭᠤᠯᠵᠤ ᠂ ᠨᠠᠨᠳᠢᠩᠨᠠᠨ ᠠᠰᠢᠭᠯᠠᠵᠤ ᠂ ᠥᠪᠥᠷ ᠮᠣᠩᠭᠣᠯ ᠬᠢᠭᠡᠳ ᠪᠡᠭᠡᠵᠢᠩ ᠬᠣᠲᠠ ᠵᠢᠨ ᠳᠡᠭᠡᠳᠦ ᠳᠠᠪᠬᠤᠷᠭ᠎ᠠ ᠵᠢᠨ ᠬᠠᠮᠲᠤᠷᠠᠭᠰᠠᠨ ᠬᠤᠷᠠᠯ ᠂ ᠤᠯᠠᠭ᠋ᠠᠨᠬᠠᠳᠠ ᠬᠣᠲᠠ ᠬᠢᠭᠡᠳ ᠪᠡᠭᠡᠵᠢᠩ᠎ᠤᠨ ᠡᠯ᠎ᠡ ᠬᠠᠪᠰᠤᠷᠤᠨ ᠲᠡᠳᠬᠦᠬᠦ ᠲᠣᠭᠣᠷᠢᠭ᠎ᠤᠨ ᠠᠵᠢᠯ᠎ᠢ ᠵᠣᠯᠭ᠋ᠠᠭᠤᠯᠬᠤ ᠬᠤᠷᠠᠯ᠎ᠠᠴᠠ ᠳᠤᠷᠠᠳᠤᠭᠰᠠᠨ ᠠᠵᠢᠯ᠎ᠤᠨ ᠡᠭᠦᠷᠭᠡ ᠵᠢᠨ ᠲᠣᠭᠣᠷᠢᠨ᠎ᠳᠤ ᠂ 《  ᠲᠠᠪᠤᠨ ᠨᠢᠭᠡ 》 ᠵᠢᠨ ᠰᠢᠷᠢᠰ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂ 《  ᠭᠤᠷᠪᠠᠨ ᠲᠠᠪᠴᠠᠩ 》᠎ᠤᠨ ᠪᠦᠲᠦᠭᠡᠨ ᠪᠠᠢ᠌ᠭᠤᠯᠤᠯᠲᠠ ᠵᠢ ᠨᠠᠢ᠌ᠳᠠᠪᠤᠷᠢᠵᠢᠭᠤᠯᠤᠨ ᠂ ᠪᠡᠭᠡᠵᠢᠩ᠎ᠤᠨ ᠳᠡᠮᠵᠢᠨ ᠲᠡᠳᠬᠦᠬᠦ ᠵᠢ ᠤᠯᠠᠭ᠋ᠠᠨᠬᠠᠳᠠ ᠬᠣᠲᠠ ᠵᠢᠨ ᠲᠣᠰ ᠪᠡᠶ᠎ᠡ ᠵᠢᠨ ᠬᠥᠭᠵᠢᠯᠲᠡ᠎ᠲᠠᠢ ᠨᠢᠭᠲᠠ ᠤᠶᠠᠯᠳᠤᠭᠤᠯᠵᠤ ᠂ ᠬᠣᠶᠠᠷ ᠭᠠᠵᠠᠷ᠎ᠤᠨ ᠬᠠᠮᠵᠢᠯᠴᠠᠭ᠎ᠠ ᠵᠢᠨ ᠲᠠᠰ ᠳᠠᠪᠬᠤᠷᠭ᠎ᠠ ᠂ ᠴᠢᠳᠠᠪᠤᠷᠢ ᠵᠢᠨ ᠲᠠᠰ ᠪᠠ ᠬᠡᠮᠵᠢᠶ᠎ᠡ ᠵᠢᠨ ᠲᠠᠰ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠨᠠᠩ ᠥᠨᠳᠥᠷ ᠲᠠᠰ ᠳᠠᠪᠬᠤᠷᠭ᠎ᠠ ᠵᠢᠨ ᠬᠠᠮᠵᠢᠯᠴᠠᠨ ᠬᠥᠭᠵᠢᠬᠦ ᠵᠢ ᠪᠡᠶᠡᠯᠡᠭᠦᠯᠦᠨ᠎ᠡ ᠃
      ᠬᠤᠷᠠᠯ᠎ᠠᠴᠠ᠂ 《ᠭᠤᠷᠪᠠ ᠵᠢ ᠬᠤᠪᠢᠷᠠᠭᠤᠯᠬᠤ》《ᠳᠥᠷᠪᠡ ᠵᠢ ᠲᠥᠪᠯᠡᠷᠡᠭᠦᠯᠬᠦ》ᠱᠠᠭ᠋ᠠᠷᠳᠠᠯᠭ᠎ᠠ ᠶᠣᠰᠣᠭ᠋ᠠᠷ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠭᠠᠷᠳᠠᠴᠠ ᠪᠣᠯᠭ᠋ᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠭᠣᠣᠯᠯᠠᠬᠤ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠬᠡᠯᠬᠢᠶ᠎ᠡ ᠵᠢ ᠨᠥᠬᠥᠪᠦᠷᠢᠯᠡᠬᠦ᠂ ᠬᠡᠯᠬᠢᠶ᠎ᠡ ᠵᠢ ᠴᠢᠩᠭ᠋ᠠᠳᠬᠠᠬᠤ ᠵᠢ ᠲᠦᠷᠭᠡᠳᠬᠡᠨ ᠠᠬᠢᠭᠤᠯᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠦᠷᠦᠯ ᠵᠦᠢ᠍ᠯ᠎ᠢ ᠡᠷᠲᠡ ᠪᠠᠢ᠌ᠭᠤᠯᠤᠨ ᠪᠦᠲᠦᠭᠡᠵᠦ᠂ ᠡᠷᠲᠡ ᠠᠰᠢᠭᠯᠠᠯᠲᠠ᠎ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠠᠮᠵᠢᠯᠴᠠᠬᠤ ᠪᠡᠯᠡ ᠮᠥᠩᠭᠥ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠵᠢᠷᠤᠮᠵᠢᠯ᠎ᠲᠠᠢ ᠬᠡᠷᠡᠭᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠪᠦᠲᠦᠭᠡᠨ ᠪᠠᠢ᠌ᠭᠤᠯᠤᠯᠲᠠ᠂ ᠬᠥᠳᠡᠯᠮᠦᠷᠢ ᠦᠢ᠍ᠯᠡᠴᠢᠯᠡᠭᠡᠨ᠎ᠤ ᠠᠵᠢᠯ ᠣᠯᠭᠣᠯᠲᠠ᠂ ᠴᠢᠳᠠᠪᠤᠷᠢᠲᠠᠨ᠎ᠤ ᠰᠣᠯᠢᠯᠴᠠᠭ᠎ᠠ ᠵᠡᠷᠭᠡ ᠭᠣᠣᠯᠳᠠᠯᠭ᠎ᠠ᠎ᠲᠠᠢ ᠠᠵᠢᠯ᠎ᠢ ᠦᠷᠭᠦᠯᠵᠢᠯᠡᠨ ᠠᠬᠢᠭᠤᠯᠬᠤ ᠬᠡᠷᠡᠭᠲᠡᠢ᠃
      ᠬᠤᠷᠠᠯ᠎ᠠᠴᠠ᠂ ᠣᠨ᠎ᠤ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢᠨ ᠲᠣᠭᠣᠷᠢᠨ᠎ᠳᠤ ᠪᠣᠳᠠᠲᠠᠢ ᠡᠭᠦᠷᠭᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠲᠥᠷᠥᠯ ᠵᠦᠢ᠍ᠯ᠎ᠤᠨ ᠪᠡᠯᠡ ᠮᠥᠩᠭᠥ ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠂ ᠬᠡᠷᠡᠭᠯᠡᠭᠡᠨ᠎ᠤ ᠬᠠᠪᠰᠤᠷᠤᠨ ᠲᠡᠳᠬᠦᠬᠦ ᠂ ᠣᠷᠣᠨ ᠪᠦᠰᠡ ᠵᠢᠨ ᠬᠠᠮᠵᠢᠯᠴᠠᠭ᠎ᠠ ᠵᠡᠷᠭᠡ ᠲᠠᠯ᠎ᠠ᠎ᠪᠠᠷ ᠠᠵᠢᠯ᠎ᠤᠨ ᠰᠡᠳᠬᠢᠴᠡ ᠪᠠ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠴᠦ ᠂ ᠠᠵᠢᠯ᠎ᠤᠨ ᠰᠣᠯᠢᠯᠴᠠᠭ᠎ᠠ ᠵᠢ ᠴᠢᠩᠭ᠋ᠠᠷᠠᠭᠤᠯᠤᠨ ᠂ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠵᠦ ᠂ ᠣᠨ᠎ᠤ ᠡᠭᠦᠷᠭᠡ᠎ᠪᠠᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ᠎ᠪᠠᠷ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠃

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠌ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤᠨ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤᠨ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
 
            